ᠪᠥᠭᠦ ᠬᠤᠰᠢᠭᠤᠨ ᠤ ᠠᠶᠦᠯᠭᠦᠢ ᠥᠢᠯᠡᠳᠪᠤᠷᠢᠯᠠᠯ ᠤᠨ ᠠᠵᠢᠯ ᠤᠨ ᠲᠤᠭᠢᠷᠠᠭᠤᠯᠤᠯᠳᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-11-23
     11 ᠰᠠᠷ᠎ᠠ ᠶᠢᠨ 19 ᠤ ᠡᠳᠦᠷ᠂ ᠪᠥᠭᠦ ᠬᠤᠰᠢᠭᠤᠨ ᠤ ᠠᠶᠦᠯᠭᠦᠢ ᠥᠢᠯᠡᠳᠪᠤᠷᠢᠯᠠᠯ ᠤᠨ ᠠᠵᠢᠯ ᠤᠨ ᠲᠤᠭᠢᠷᠠᠭᠤᠯᠤᠯᠳᠠ ᠶᠢᠨ ᠬᠤᠷᠠᠯ ᠬᠤᠰᠢᠭᠤ ᠵᠠᠰᠠᠭ ᠵᠠᠭᠢᠷᠭᠠᠨ ᠤ ᠥᠯᠡᠴᠢᠯᠡᠭᠡᠨ ᠤ ᠲᠥᠪ ᠲᠤ ᠬᠤᠷᠠᠯᠳᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠲᠡᠳ᠋ ᠲᠠᠷᠤᠭ᠎ᠠ ᠴᠢᠶᠤᠤ ᠠᠢ ᠫᠢᠩ᠂ ᠬᠤᠰᠢᠭᠤ ᠨᠠᠮ ᠤᠨ ᠬᠤᠷᠶ᠋ᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠭᠡᠯᠳᠡᠰ ᠤᠨ ᠲᠠᠷᠤᠭ᠎ᠠ ᠹᠧᠩ ᡁᠢ ᠮᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠭᠢᠯᠡᠭᠴᠢ ᠵᠤᠤ ᠶᠥᠩ ᠹᠧᠩ᠂ ᠬᠤᠰᠢᠭᠤ ᠤᠳᠤᠷᠢᠳᠤᠯᠭ᠎ᠠ ᠭᠤᠤ ᠬᠤ᠋᠂ ᠵᠸᠤ ᠱᠤᠸᠠᠢ᠂ ᠪᠠᠶᠠᠠᠴᠡᠩᠭᠡᠯ᠂ ᠯᠢ ᠬᠤᠩ ᠯᠢᠶᠠᠩ ᠪᠤᠯᠤᠨ ᠰᠤᠪᠤᠷᠭ᠎ᠠ ᠠᠵᠤ ᠠᠬᠤᠢ ᠶᠢᠨ ᠨᠡᠭᠡᠭᠡᠯᠳᠠ  ᠶᠢᠨ ᠤᠷᠤᠨ᠂ ᠨᠠᠷᠢᠠᠭᠤᠤᠯ ᠠᠵᠤ ᠥᠢᠯᠡᠳᠪᠤᠷᠢ ᠶᠢᠨ ᠭᠥᠷᠢᠶᠠᠯᠠᠩ ᠲᠤᠭᠤᠷᠢᠭ ᠤᠨ ᠭᠤᠤᠯ ᠬᠠᠷᠢᠭᠤᠴᠠᠯᠭᠠᠳᠠᠨ ᠵᠢᠴᠢ ᠡᠯ᠎ᠠ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠡᠯ᠎ᠠ ᠬᠤᠯᠪᠤᠭᠳᠠᠯ ᠪᠥᠭᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃      ᠬᠤᠷᠠᠯ ᠳᠡᠭᠡᠷ᠎ᠡ᠂ ᠬᠤᠰᠢᠭᠤ ᠠᠶᠤᠯᠭᠦᠢ ᠥᠢᠯᠡᠳᠪᠤᠷᠢᠯᠠᠯ ᠤᠨ ᠭᠢᠨᠠᠨ ᠬᠠᠮᠢᠶᠠᠷᠤᠯᠳᠠ ᠶᠢᠨ ᠲᠤᠪᠴᠢᠶᠠᠨ ᠤ ᠬᠤᠯᠪᠤᠭᠳᠠᠯ ᠪᠥᠭᠦᠢ ᠬᠠᠷᠢᠭᠤᠴᠠᠯᠭᠠᠳᠠᠨ ᠠᠴᠠ 1 ᠠᠴᠠ 10 ᠳ᠋ᠤᠭᠠᠷ ᠰᠠᠷ᠎ᠠ ᠶᠢᠨ ᠪᠥᠭᠦ ᠬᠤᠰᠢᠭᠤᠨ ᠤ ᠠᠶᠤᠯᠭᠦᠢ ᠥᠢᠯᠡᠳᠪᠤᠷᠢᠯᠠᠯ ᠤᠨ ᠠᠵᠢᠯ ᠳᠤ ᠬᠠᠷᠢᠭᠤ ᠮᠡᠳᠡᠭᠦᠯᠥᠯᠳᠠ ᠭᠢᠪᠠ᠃      ᠡᠷᠳᠡᠨᠢᠪᠢᠯᠢᠭ ᠵᠢᠭᠠᠵᠤ ᠭᠠᠷᠭᠠᠬᠤ ᠳᠤ ᠪᠠᠨ᠂ ᠪᠥᠭᠦ ᠬᠤᠰᠢᠭᠤᠨ ᠤ ᠠᠶᠤᠯᠭᠦᠢ ᠦᠢᠯᠡᠳᠪᠤᠷᠢᠯᠡᠯ ᠤᠨ ᠪᠠᠶᠢᠳᠠᠯ ᠶᠠᠷᠤᠩᠭᠡᠢ ᠳᠤ ᠪᠠᠨ ᠲᠤᠭᠳᠠᠭᠤᠨ᠂ ᠭᠡᠳᠡᠯ᠎ᠠ ᠠᠶᠤᠯᠭᠦᠢ ᠥᠢᠯᠡᠳᠪᠤᠷᠢᠯᠠᠯ ᠤᠨ ᠠᠶᠤᠯ ᠲᠥᠭᠰᠢᠭᠦᠷᠢ᠂ ᠠᠶᠤᠯᠭᠦᠢ ᠶᠢᠨ ᠭᠢᠨᠠᠨ ᠬᠠᠮᠢᠶᠠᠷᠤᠯᠳᠠ ᠵᠡᠷᠭᠡ ᠲᠠᠯ᠎ᠠ ᠪᠠᠷ ᠪᠠᠰᠠ ᠨᠢᠭᠡ ᠪᠥᠯᠥᠭ ᠠᠰᠠᠭᠤᠳᠠᠯ ᠤᠷᠤᠰᠢᠵᠤ ᠪᠠᠶᠢᠨ᠎ᠠ᠃ ᠡᠯ᠎ᠠ ᠭᠠᠵᠠᠷ ᠤᠷᠤᠨ᠂ ᠡᠯ᠎ᠠ ᠰᠠᠯᠠᠭ᠎ᠠ ᠮᠥᠴᠢᠷ᠂ ᠡᠯ᠎ᠠ ᠠᠵᠤ ᠠᠬᠤᠶᠢᠯᠠᠯ ᠲᠡᠭᠡᠳᠤ ᠭᠡᠮᠵᠢᠶ᠎ᠠ ᠪᠠᠷ ᠴᠢᠬᠤᠯᠠᠴᠢᠯᠠᠨ ᠥᠵᠠᠵᠤ ᠴᠡᠭᠴᠡᠯᠠᠨ ᠰᠠᠶᠢᠵᠢᠷᠠᠭᠤᠯᠬᠤ ᠴᠢᠬᠤᠯᠠᠲᠠᠢ ᠪᠠᠶᠢᠨ᠎ᠠ ᠭᠡᠵᠡᠢ᠃
     ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠠᠶᠤᠯᠭᠦᠢ ᠥᠢᠯᠡᠳᠪᠤᠷᠢᠯᠠᠯ ᠨᠢ ᠠᠷᠠᠳ ᠲᠥᠮᠡᠨ ᠤ ᠵᠤᠯ ᠵᠢᠷᠭᠠᠯ  ᠲᠠᠢ ᠬᠤᠯᠪᠤᠭᠳᠠᠵᠤ ᠠᠵᠤ ᠠᠬᠤᠢ ᠨᠡᠶᠢᠭᠡᠮ ᠤᠨ ᠭᠥᠭᠵᠢᠯᠳᠠ ᠶᠢᠨ ᠶᠡᠭᠡ ᠪᠠᠶᠢᠳᠠᠯ ᠲᠠᠢ ᠬᠤᠯᠪᠤᠭᠳᠠᠵᠤ ᠪᠠᠶᠢᠭ᠎ᠠ ᠪᠤᠯᠬᠤᠷ ᠠᠶᠤᠯᠭᠦᠢ ᠥᠢᠯᠡᠳᠪᠤᠷᠢᠯᠠᠯ ᠤᠨ ᠡᠭᠦᠷᠭᠡ ᠭᠥᠨᠳᠤ ᠬᠠᠷᠢᠭᠤᠴᠠᠯᠭ᠎ᠠ ᠶᠡᠭᠡ ᠪᠠᠶᠢᠭ᠎ᠠ ᠶᠤᠮ᠃ ᠡᠯ᠎ᠠ ᠱᠠᠳᠤᠨ  ᠤ ᠡᠯ᠎ᠠ ᠰᠠᠯᠠᠭ᠎ᠠ ᠮᠥᠴᠢᠷ ᠤᠳᠤᠬᠠᠨ ᠤ ᠠᠶᠤᠯᠭᠦᠢ ᠥᠢᠯᠡᠳᠪᠤᠷᠢᠯᠠᠯ ᠤᠨ ᠤᠨᠴᠠᠭᠠᠢ ᠴᠢᠨᠠᠷ ᠪᠤᠯᠤᠨ ᠬᠠᠳᠠᠭᠤ ᠪᠡᠷᠭᠡ ᠴᠢᠨᠠᠷ ᠢ ᠭᠥᠨᠵᠡᠭᠡᠢ ᠲᠠᠨᠢᠵᠤ ᠨᠡᠩ ᠥᠨᠳᠤᠷ ᠤᠯᠤᠰ ᠲᠥᠷᠥ ᠶᠢᠨ ᠵᠤᠭᠰᠤᠴᠠ᠂ ᠨᠡᠩ ᠭᠥᠴᠥᠷᠭᠡᠭ ᠶᠡᠭᠡ ᠪᠠᠶᠢᠳᠠᠯ  ᠤᠨ ᠤᠬᠠᠮᠠᠰᠠᠷ᠂ ᠨᠡᠩ ᠴᠢᠩᠭ᠎ᠠ ᠠᠵᠢᠯ ᠤᠨ ᠰᠤᠷᠳᠠᠯ ᠢᠶᠠᠷ ᠬᠠᠷᠢᠭᠤᠴᠠᠯᠭ᠎ᠠ ᠪᠠᠨ ᠪᠤᠳᠠᠳᠠᠶᠢᠵᠢᠭᠤᠯᠵᠤ ᠬᠠᠨᠳᠤᠯᠭᠠᠲᠤ ᠴᠢᠨᠠᠷ ᠲᠠᠢ ᠠᠷᠭ᠎ᠠ ᠭᠡᠮᠵᠢᠶ᠎ᠠ ᠠᠪᠴᠤ ᠠᠵᠢᠯ ᠤᠨ ᠭᠥᠴᠥᠯᠠᠴᠠ ᠪᠠᠨ ᠨᠡᠮᠡᠭᠳᠡᠭᠦᠯᠤᠨ ᠡᠯ᠎ᠠ ᠲᠥᠷᠥᠯ ᠤᠨ ᠠᠶᠤᠯᠭᠦᠢ ᠥᠢᠯᠠᠳᠪᠤᠷᠢᠯᠠᠯ ᠤᠨ ᠲᠠᠯᠳᠠ ᠭᠡᠮ ᠢ ᠪᠠᠶᠢᠴᠠᠭᠠᠨ ᠴᠡᠭᠴᠡᠯᠠᠵᠤ ᠭᠥᠨᠳᠤ ᠶᠡᠭᠡ ᠠᠶᠤᠯᠭᠦᠢ ᠥᠢᠯᠡᠳᠪᠤᠷᠢᠯᠠᠯ ᠤᠨ ᠭᠡᠨᠡᠳᠠᠯ ᠭᠠᠷᠬᠤ ᠶᠢ ᠡᠷᠡᠰ ᠰᠡᠷᠬᠡᠶᠢᠯᠡᠨ ᠬᠤᠷᠢᠭᠯᠠᠬᠤ ᠭᠡᠷᠡᠭᠳᠠᠢ᠃ ᠬᠤᠰᠢᠭᠤ ᠲᠥᠷᠪᠠᠨ ᠶᠡᠭᠡ ᠤᠳᠤᠷᠢᠳᠬᠤ ᠪᠠᠭ  ᠤᠨ ᠤᠳᠤᠷᠢᠳᠤᠯᠭ᠎ᠠ ᠰᠠᠯᠠᠭ᠎ᠠ ᠮᠥᠴᠢᠷ ᠤᠨ ᠭᠢᠨᠠᠨ ᠬᠠᠮᠢᠶᠠᠷᠤᠯᠳᠠ ᠶᠢᠨ ᠬᠠᠷᠢᠭᠤᠴᠠᠯᠭ᠎ᠠ ᠶᠢ ᠲᠥᠷᠥᠭᠦᠯᠠᠨ ᠨᠠᠶᠢᠳᠠᠪᠤᠷᠢᠵᠢᠭᠤᠯᠵᠤ ᠨᠢᠭᠡᠳᠤᠭᠡᠷ ᠹᠷᠤᠨᠲ ᠲᠤ ᠭᠥᠨᠵᠡᠭᠡᠶᠢᠷᠠᠨ ᠱᠠᠭᠠᠷᠳᠠᠨ ᠪᠠᠶᠢᠴᠠᠭᠠᠯᠳᠠ ᠭᠢᠵᠤ ᠡᠯ᠎ᠠ ᠲᠥᠷᠥᠯ ᠤᠨ ᠠᠵᠢᠯ ᠤᠨ ᠬᠠᠷᠢᠭᠤᠴᠠᠯᠭ᠎ᠠ ᠠᠷᠭ᠎ᠠ ᠭᠡᠮᠵᠢᠶ᠎ᠠ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠭᠡᠷᠡᠭᠳᠠᠢ᠃ ᠡᠯ᠎ᠠ ᠭᠠᠵᠠᠷ ᠣᠷᠣᠨ ᠡᠯ᠎ᠠ ᠰᠠᠯᠠᠭ᠎ᠠ ᠮᠥᠴᠢᠷ ᠱᠠᠭᠠᠷᠳᠠᠨ ᠪᠠᠶᠢᠴᠠᠭᠠᠯᠳᠠ ᠪᠠᠨ ᠴᠢᠩᠭᠠᠳᠬᠠᠨ ᠬᠠᠷᠢᠭᠤᠴᠠᠯᠭ᠎ᠠ ᠪᠠᠨ ᠨᠠᠷᠢᠯᠢᠭᠵᠢᠭᠤᠯᠵᠤ ᠠᠵᠤ ᠠᠬᠤᠶᠢᠯᠠᠯ ᠤᠨ ᠠᠶᠤᠯᠭᠦᠢ ᠥᠢᠯᠡᠳᠪᠤᠷᠢᠯᠠᠯ ᠤᠨ ᠭᠤᠤᠯ ᠴᠤᠭᠴᠠ ᠶᠢᠨ ᠬᠠᠷᠢᠭᠤᠴᠠᠯᠭ᠎ᠠ  ᠶᠢ ᠨᠠᠶᠢᠳᠠᠪᠤᠷᠢᠵᠢᠭᠤᠯᠬᠤ ᠶᠢ ᠱᠠᠭᠠᠷᠳᠠᠨ ᠠᠶᠤᠯᠭᠦᠢ ᠥᠯᠡᠳᠪᠤᠷᠢᠯᠠᠯ ᠤᠨ ᠲᠥᠷᠢᠮ ᠲᠤᠭᠳᠠᠭᠠᠯ ᠪᠤᠯᠤᠨ ᠠᠵᠢᠯᠯᠠᠬᠤ ᠶᠠᠪᠤᠴᠠ ᠶᠢ ᠲᠥᠷᠢᠮᠵᠢᠭᠦᠯᠵᠤ ᠠᠶᠤᠯᠭᠦᠢ ᠥᠯᠡᠳᠪᠤᠷᠢᠯᠠᠯ ᠤᠨ ᠭᠥᠮᠤᠨ ᠤ ᠭᠥᠴᠤᠨ᠂ ᠪᠤᠳᠠᠰ ᠤᠨ ᠭᠥᠴᠤᠨ᠂ ᠪᠡᠯᠡ ᠮᠥᠩᠭᠦᠨ ᠤ ᠤᠷᠤᠭᠤᠯᠤᠯᠳᠠ ᠶᠢ ᠨᠡᠮᠡᠭᠳᠡᠭᠦᠯᠤᠨ ᠪᠥᠭᠦ ᠬᠤᠰᠢᠭᠤᠨ ᠤ ᠠᠶᠤᠯᠭᠦᠢ ᠥᠢᠯᠡᠳᠪᠤᠷᠢᠯᠠᠯ ᠤᠨ ᠪᠠᠶᠢᠳᠠᠯ ᠤᠨ ᠥᠷᠭᠦᠯᠵᠢᠯᠠᠨ ᠲᠤᠭᠳᠠᠭᠤᠨ ᠪᠠᠶᠢᠬᠤ ᠶᠢ ᠪᠠᠳᠤᠯᠠᠬᠤ ᠭᠡᠷᠡᠭᠳᠠᠢ ᠭᠡᠵᠡᠢ᠃      ᠡᠷᠳᠡᠨᠢᠪᠢᠯᠢᠭ ᠱᠠᠭᠠᠷᠳᠠᠬᠤ ᠳᠤ ᠪᠠᠨ᠂ ᠲᠤᠰᠬᠠᠢ ᠮᠡᠷᠭᠡᠵᠢᠯᠳᠠᠨ ᠲᠠᠯᠳᠠ ᠭᠡᠮ ᠢ ᠪᠠᠶᠢᠴᠠᠭᠠᠬᠤ ᠲᠤᠭᠳᠠᠯᠴᠠᠭ᠎ᠠ  ᠶᠢ ᠲᠠᠭᠦᠯᠳᠡᠷᠵᠢᠭᠦᠯᠵᠤ ᠠᠶᠤᠯᠳᠠᠢ ᠭᠢᠮᠢ ᠶᠢᠨ ᠪᠤᠳᠠᠰ ᠵᠡᠷᠭᠡ ᠮᠠᠷᠭᠡᠵᠢᠯ ᠤᠨ ᠠᠭᠤᠯᠤᠭᠳᠠᠴᠠ ᠨᠡᠯᠢᠶᠡᠳ ᠥᠨᠳᠤᠷ᠂ ᠳᠠᠯᠳᠠ ᠬᠡᠮ ᠨᠡᠯᠢᠶᠡᠳ ᠶᠡᠭᠡ ᠠᠵᠢᠯ ᠲᠥᠷᠥᠯ ᠪᠠ ᠠᠬᠤ ᠠᠬᠤᠶᠢᠯᠠᠯ ᠳᠤ ᠬᠠᠮᠢᠶ᠎ᠠ ᠪᠦᠬᠦᠢ ᠠᠵᠢᠯ ᠲᠥᠷᠥᠯ ᠤᠨ ᠲᠤᠰᠬᠠᠢ ᠮᠠᠷᠭᠡᠵᠢᠯᠳᠠᠨ ᠢ ᠤᠷᠢᠨ ᠠᠪᠴᠢᠷᠠᠵᠤ ᠵᠢᠯᠤᠭᠤᠳᠤᠭᠤᠯᠤᠨ ᠳᠠᠷᠠᠭᠠᠴᠢ ᠶᠢᠨ ᠠᠯᠬᠤᠮ ᠤᠨ ᠴᠡᠭᠴᠡᠯᠠᠨ ᠰᠠᠶᠢᠵᠢᠷᠠᠭᠤᠯᠤᠯᠲᠠ ᠳᠤ ᠰᠠᠨᠠᠯ ᠰᠠᠨᠠᠭᠤᠯᠭ᠎ᠠ ᠲᠤᠷᠠᠳᠤᠭᠤᠯᠬᠤ ᠭᠡᠷᠡᠭᠳᠠᠢ᠃ ᠡᠯ᠎ᠠ ᠨᠠᠭᠡᠭᠡᠯᠳᠠ ᠶᠢᠨ ᠤᠷᠤᠨ ︵ᠭᠥᠷᠢᠶᠠᠯᠠᠩ ᠲᠤᠭᠤᠷᠢᠭ︶᠂ ᠡᠯ᠎ᠠ ᠰᠤᠮᠤ ᠪᠠᠯᠭᠠᠰᠤ᠂ ᠡᠯ᠎ᠠ ᠰᠠᠯᠠᠭ᠎ᠠ ᠮᠥᠴᠢᠷ ᠤᠷᠢᠳᠴᠢᠯᠠᠨ ᠰᠠᠷᠭᠡᠶᠢᠯᠠᠭᠦ ᠠᠵᠢᠯ ᠢ ᠠᠶᠤᠯᠭᠦᠢ ᠥᠢᠯᠡᠳᠪᠤᠷᠢᠯᠠᠯ ᠤᠨ ᠭᠤᠤᠯᠳᠠᠯᠭ᠎ᠠ ᠲᠠᠢ ᠠᠵᠢᠯ ᠪᠤᠯᠭᠠᠨ ᠴᠢᠩᠭ᠎ᠠ ᠠᠳᠬᠤᠬᠤ ᠭᠡᠷᠡᠭᠳᠠᠢ᠃ ᠡᠯ᠎ᠠ ᠭᠠᠵᠠᠷ ᠣᠷᠤᠨ ᠡᠯ᠎ᠠ ᠰᠠᠯᠠᠭ᠎ᠠ ᠮᠥᠴᠢᠷ᠂ ᠡᠯ᠎ᠡ ᠲᠦᠷᠦᠯ ᠤᠨ ᠭᠡᠨᠡᠳᠠᠯ ᠤᠨ ᠪᠠᠴᠢᠮ ᠪᠠᠶᠢᠳᠠᠯ ᠢ ᠠᠷᠭᠠᠴᠭᠠᠬᠤ ᠲᠥᠰᠥᠪ᠂ ᠪᠠᠲᠤᠯᠠᠭ᠎ᠠ ᠶᠢᠨ ᠲᠤᠭᠳᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠤ ᠪᠥᠭᠦ ᠬᠤᠰᠢᠭᠤᠨ ᠤ ᠠᠶᠤᠯᠭᠦᠢ ᠥᠯᠡᠳᠪᠤᠷᠢᠯᠠᠯ ᠤᠨ ᠭᠢᠨᠠᠨ ᠬᠠᠮᠢᠶᠠᠷᠤᠯᠳᠠ ᠶᠢᠨ ᠮᠡᠳᠡᠭᠡ ᠵᠠᠩᠭᠢᠴᠢᠯᠠᠯᠳᠠ ᠶᠢᠨ ᠲᠠᠪᠴᠠᠩ ᠢ ᠪᠠᠶᠢᠭᠤᠯᠤᠨ ᠠᠶᠤᠯᠭᠦᠢ ᠥᠢᠯᠡᠳᠪᠤᠷᠢᠯᠠᠯ ᠤᠨ ᠭᠢᠨᠠᠨ ᠬᠠᠮᠢᠶᠠᠷᠤᠯᠳᠠ ᠶᠢᠨ ᠤᠳᠤᠭᠢᠴᠢᠯᠠᠯᠳᠠ ᠶᠢᠨ ᠭᠢᠷᠢ ᠲᠥᠪᠰᠢᠨ ᠢ ᠲᠡᠭᠡᠭᠰᠢᠯᠡᠭᠦᠯᠵᠤ ᠤᠬᠠᠭᠤᠯᠭ᠎ᠠ ᠭᠥᠮᠤᠵᠢᠯ ᠢ ᠰᠠᠶᠢᠨ ᠭᠢᠵᠤ ᠨᠠᠶᠢᠭᠡᠮ ᠤᠨ ᠶᠡᠭᠡ ᠪᠠᠶᠢᠳᠠᠯ ᠤᠨ ᠡᠶ᠎ᠡ ᠵᠤᠭᠢᠴᠠᠯ ᠲᠠᠢ ᠲᠤᠭᠳᠠᠭᠤᠨ ᠪᠠᠶᠢᠬᠤ᠂ ᠥᠷᠭᠡᠨ ᠤᠯᠠᠨ ᠲᠥᠮᠡᠨ ᠤ ᠠᠮᠢ ᠨᠠᠰᠤ ᠡᠳ᠋ ᠭᠥᠷᠥᠩᠭᠡ ᠶᠢᠨ ᠠᠮᠤᠷ ᠲᠥᠪᠰᠢᠨ ᠪᠠᠶᠢᠬᠤ ᠶᠢ ᠪᠠᠳᠤᠯᠠᠵᠤ ᠨᠤᠮᠢᠨ ᠲᠠᠩᠰᠤᠭ ᠥᠥᠰᠢᠨ ᠤ ᠰᠢᠨ᠎ᠠ ᠴᠠᠭ ᠥᠶ᠎ᠠ ᠳᠤ ᠨᠤᠮᠢᠨ ᠲᠠᠩᠰᠤᠭ ᠬᠦᠭᠵᠢᠨ ᠮᠠᠨᠳᠤᠯᠲᠠ ᠶᠢ ᠪᠠᠶᠠᠯᠠᠭᠦᠯᠭᠦ  ᠳᠤ ᠨᠠᠩ ᠰᠠᠶᠢᠨ ᠠᠶᠤᠯᠭᠦᠢ ᠥᠢᠯᠡᠳᠪᠤᠷᠢᠯᠠᠯ ᠤᠨ ᠤᠷᠴᠢᠨ ᠢ ᠪᠥᠷᠢᠯᠳᠤᠭᠦᠯᠭᠦ ᠭᠡᠷᠡᠭᠳᠠᠢ ᠭᠡᠵᠡᠢ᠃
     ᠵᠤᠤ ᠹᠸᠢ ᠯᠤ᠋ ᠴᠢᠬᠤᠯᠠᠴᠢᠯᠠᠬᠤ ᠳᠤ ᠪᠠᠨ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠥᠴᠢᠷ ᠥᠪᠠᠷ ᠥᠪᠠᠷ  ᠤᠨ ᠬᠠᠷᠢᠭᠤᠴᠠᠯᠭ᠎ᠠ ᠪᠠᠨ ᠬᠦᠢᠴᠡᠳᠬᠡᠵᠦ ᠲᠤᠰ ᠭᠠᠵᠠᠷ ᠤᠷᠤᠨ ᠭᠥᠷᠢᠶ᠎ᠠ ᠴᠠᠷᠠᠭᠠᠨ ᠤ ᠪᠠᠶᠢᠴᠠᠭᠠᠯᠳᠠ᠂ ᠵᠠᠰᠠᠨ ᠴᠡᠭᠴᠡᠯᠠᠯᠳᠠ᠂ ᠤᠬᠠᠭᠤᠯᠭ᠎ᠠ᠂ ᠪᠠᠴᠢᠮ ᠪᠠᠶᠢᠳᠠᠯ ᠢ ᠠᠷᠭᠠᠴᠠᠭᠠᠬᠤ ᠵᠡᠷᠭᠡ ᠡᠯ᠎ᠠ ᠲᠥᠷᠥᠯ ᠤᠨ ᠪᠤᠳᠠᠳᠠᠢ ᠠᠵᠢᠯ ᠢ ᠯᠠᠪᠳᠠᠭᠤᠨ ᠠᠭᠢᠭᠤᠯᠵᠤ ᠪᠥᠭᠦ ᠵᠢᠯ ᠤᠨ ᠠᠶᠤᠯᠭᠦᠢ ᠥᠢᠯᠡᠳᠪᠤᠷᠢᠯᠠᠯ ᠤᠨ ᠪᠠᠶᠢᠳᠠᠯ ᠤᠨ ᠲᠤᠭᠳᠠᠭᠤᠨ ᠢ ᠴᠢᠷᠮᠠᠶᠢᠨ ᠪᠠᠳᠤᠯᠠᠬᠤ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号