11 ᠰᠠᠷ᠎ᠠ ᠶᠢᠨ 19 ᠤ ᠡᠳᠦᠷ᠂ ᠤᠷᠳᠤᠰ ᠬᠤᠲᠠ ᠶᠢᠨ 2018 ᠤᠨ ᠤ ︽ᠵᠠᠭᠤᠨ ᠰᠤᠷᠤᠭᠴᠢᠳ ᠢ | ᠳᠡᠳᠬᠦᠨ ᠲᠤᠰᠠᠯᠠᠵᠤ ᠬᠦᠰᠡᠯ ᠡᠷᠡᠮᠡᠯᠵᠡᠯ ᠢ ᠨᠢ ᠲᠡᠷᠭᠡᠯᠰᠢᠬᠦᠯᠬᠦ ᠠᠵᠢᠯᠯᠠᠭᠠᠨ ᠤ ᠲᠦᠯᠦᠪᠯᠡᠭᠡ︾ ᠵᠢᠴᠢ ︽ | ᠬᠠᠯᠠᠭᠤᠨ ᠰᠡᠳᠬᠢᠯᠲᠤ ᠡᠵᠢ︾ ᠶᠢᠨ ᠭᠠᠷ ᠭᠠᠷ ᠢᠶᠠᠨ ᠬᠤᠯᠪᠤᠯᠴᠠᠨ ᠬᠠᠪᠰᠤᠷᠤᠨ ᠳᠡᠳᠬᠦᠬᠦ ᠠᠵᠢᠯᠯᠠᠭ᠎ᠠ ᠮᠠᠨ ᠤ | ᠬᠤᠰᠢᠭᠤᠨ ᠳᠤ ᠡᠬᠢᠯᠡᠪᠡ᠃ ᠤᠷᠳᠤᠰ ᠬᠤᠲᠠ ᠶᠢᠨ ᠨᠠᠮ ᠤᠨ ᠬᠤᠷᠢᠶᠠᠨ ᠤ ᠳᠡᠳ᠋ ᠨᠠᠷᠢᠨ ᠪᠢᠴᠢᠭ ᠤᠨ ᠲᠠᠷᠤᠭ᠎ᠠ | ᠡᠮᠡᠭᠳᠡᠶᠢᠴᠤᠳ ᠤᠨ ᠬᠤᠯᠪᠤᠭᠠᠲᠤ ᠬᠤᠷᠠᠯ ᠤᠨ ᠪᠠᠶᠢᠩᠭᠤ ᠶᠢᠨ ᠬᠡᠰᠢᠬᠦᠨ ᠵᠠᠩ ᠰᠢᠦ ᠯᠢᠩ᠂ ᠤᠷᠳᠤᠰ ᠬᠤᠲᠠ ᠶᠢᠨ | ᠡᠮᠡᠭᠳᠡᠶᠢᠴᠤᠳ ᠤᠨ ᠬᠤᠯᠪᠤᠭᠠᠲᠤ ᠬᠤᠷᠠᠯ ᠤᠨ ᠨᠠᠮ ᠤᠨ ᠲᠤᠭᠤᠶᠢᠯᠠᠩ ᠤᠨ ᠱᠦᠵᠢ ᠳᠡᠷᠢᠬᠦᠯᠡᠭᠴᠢ ᠨᠠᠷᠠᠠᠬᠤᠸᠠᠷ᠂ | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ | ᠰᠤᠷᠭᠠᠯᠲᠤ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ | ᠡᠷᠬᠢᠯᠡᠭᠴᠢ ᠸᠠᠩ ᠵᠢᠷᠭᠠᠯ ᠵᠡᠷᠭᠡ ᠤᠳᠤᠷᠢᠳᠤᠯᠭ᠎ᠠ ᠵᠢᠴᠢ ᠬᠤᠰᠢᠭᠤ ᠡᠮᠡᠭᠳᠡᠶᠢᠴᠤᠳ ᠤᠨ ᠬᠤᠯᠪᠤᠭᠠᠲᠤ ᠬᠤᠷᠠᠯ᠂ | ᠰᠤᠷᠭᠠᠨ ᠬᠦᠮᠦᠵᠢᠯ ᠤᠨ ᠲᠤᠪᠴᠢᠶ᠎ᠠ᠂ ᠤᠯᠠᠭᠠᠨ ᠵᠠᠭᠠᠯᠮᠠᠶᠢᠲᠠᠨ ᠤ ᠨᠡᠶᠢᠬᠡᠮᠯᠢᠭ᠂ ᠬᠤᠶᠠᠳᠤᠭᠠᠷ ᠲᠤᠷᠰᠢᠯᠳᠠ ᠶᠢᠨ | ᠪᠠᠭ᠎ᠠ ᠰᠤᠷᠭᠠᠭᠤᠯᠢ ᠶᠢᠨ ᠬᠠᠷᠢᠭᠤᠴᠠᠯᠭᠠᠲᠠᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ ᠤᠨ 50 | ᠨᠡᠷ᠎ᠡ ᠳᠡᠳ᠋ ᠰᠠᠯᠠᠭᠠᠨ ᠳᠡᠰ ᠤᠨ ᠡᠮᠡᠭᠳᠡᠢ ᠺᠠᠳ᠋ᠷ ᠢᠶᠠᠷ ᠪᠦᠷᠢᠯᠳᠦᠭᠰᠡᠨ ︽ᠬᠠᠯᠠᠭᠤᠨ ᠰᠡᠳᠬᠢᠯᠲᠤ ᠡᠵᠢ︾ ᠶᠢᠨ | ᠪᠦᠯᠬᠦᠮ ᠪᠤᠯᠤᠨ ᠬᠤᠶᠠᠳᠤᠭᠠᠷ ᠲᠤᠷᠰᠢᠯᠳᠠ ᠶᠢᠨ ᠪᠠᠭ᠎ᠠ ᠰᠤᠷᠭᠠᠭᠤᠯᠢ ᠶᠢᠨ 75 ᠰᠤᠷᠤᠭᠴᠢ ᠡᠬᠢᠯᠡᠯᠳᠡ ᠶᠢᠨ | ᠶᠤᠰᠤᠯᠠᠯ ᠳᠤ ᠤᠷᠤᠯᠴᠠᠪᠠ᠃ ᠶᠤᠰᠤᠯᠠᠯ ᠢ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠬᠦᠯᠡᠭᠴᠢ | ᠯᠸᠢ ᠬᠠᠰ ᠡᠷᠬᠢᠯᠡᠪᠡ᠃ | | | | | ᠶᠤᠰᠤᠯᠠᠯ ᠳᠤ᠂ ᠰᠤᠷᠤᠭᠴᠢᠳ ᠠᠴᠠ ᠤᠳᠤᠷᠢᠳᠤᠯᠭ᠎ᠠ ᠪᠤᠯᠤᠨ ︽ᠬᠠᠯᠠᠭᠤᠨ ᠰᠡᠳᠬᠢᠯᠲᠤ ᠡᠵᠢ︾ ᠨᠠᠷ ᠲᠤ | ᠤᠯᠠᠭᠠᠨ ᠪᠦᠴᠡ ᠵᠡᠬᠦᠯᠬᠡᠨ᠂ ︽ᠬᠠᠯᠠᠭᠤᠨ ᠰᠡᠳᠬᠢᠯᠲᠤ ᠡᠵᠢ︾ ᠨᠠᠷ ᠠᠴᠠ ᠰᠤᠷᠤᠭᠴᠢᠳ ᠲᠤ ᠪᠢᠴᠢᠭ ᠤᠨ | ᠬᠡᠷᠡᠭᠰᠡᠯ ᠪᠡᠯᠡᠭᠯᠡᠵᠦ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠤᠯᠤᠰ ᠲᠦᠷᠦ ᠬᠠᠤᠯᠢ ᠴᠠᠭᠠᠵᠠ ᠶᠢᠨ | ᠬᠤᠷᠢᠶᠠᠨ ᠤ ᠱᠦᠵᠢ ᠰᠤᠷᠭᠠᠯᠲᠤ ᠶᠠᠷᠢᠶ᠎ᠠ ᠲᠠᠯᠪᠢᠪᠠ᠃ | | | | | ᠤᠶᠢᠷ᠎ᠠ ᠶᠢᠨ ᠵᠢᠯ ᠠᠴᠠ᠂ ᠮᠠᠨ ᠤ ᠬᠤᠰᠢᠭᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠤᠳᠤᠷᠢᠳᠤᠯᠭ᠎ᠠ | ᠲᠤᠤᠷ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠢᠳᠡᠪᠬᠢᠳᠡᠢ ᠬᠠᠮᠵᠢᠯᠴᠠᠨ ᠪᠦᠲᠦᠮᠵᠢᠳᠡᠢ ᠠᠷᠭ᠎ᠠ ᠠᠪᠴᠠᠯ | ᠢᠶᠠᠷ ︽ᠰᠤᠷᠭᠠᠭᠤᠯᠢ᠂ ᠨᠡᠶᠢᠬᠡᠮ᠂ ᠭᠡᠷ ᠪᠦᠯᠢ︾ ᠬᠠᠷᠢᠯᠴᠠᠨ ᠤᠶᠠᠯᠳᠤᠭᠰᠠᠨ ᠪᠦᠲᠦᠴᠡ ᠶᠢ ᠪᠦᠷᠢᠯᠳᠦᠬᠦᠯᠵᠦ | ᠨᠠᠰᠤᠨ ᠳᠤ ᠦᠯᠦ ᠬᠦᠷᠦᠭᠰᠡᠳ ᠢ ᠬᠠᠯᠠᠮᠵᠢᠯᠠᠬᠤ ᠠᠵᠢᠯ ᠢ ᠢᠳᠡᠪᠬᠢᠳᠡᠢ ᠦᠷᠨᠢᠬᠦᠯᠦᠭᠰᠡᠭᠡᠷ ᠢᠷᠡᠵᠡᠢ᠃ ᠲᠤᠰ | ᠤᠳᠠᠭ᠎ᠠ ᠬᠤᠲᠠ ᠬᠤᠰᠢᠭᠤ ᠬᠤᠶᠠᠷ ᠱᠠᠳᠤᠨ ᠤ ᠤᠯᠠᠭᠠᠨ ᠵᠠᠭᠠᠯᠮᠠᠶᠢᠳᠠᠨ ᠤ ᠨᠡᠶᠢᠬᠡᠮᠯᠢᠭ ᠤᠨ ᠬᠠᠪᠰᠤᠷᠤᠯᠭ᠎ᠠ᠂ | ᠤᠷᠳᠤᠰ ᠬᠤᠲᠠ ᠶᠢᠨ ᠡᠯ᠎ᠡ ᠠᠵᠤ ᠠᠬᠤᠶᠢᠯᠠᠯ ᠤᠨ ︽ᠬᠠᠯᠠᠭᠤᠨ ᠰᠡᠳᠬᠢᠯᠲᠤ ᠡᠵᠢ︾ ᠶᠢᠨ ᠲᠡᠮᠵᠢᠯᠬᠡ ᠪᠠᠷ | ᠦᠤᠰᠢᠨ ᠬᠤᠰᠢᠭᠤᠨ ᠤ ᠰᠢᠯᠢᠳᠡᠭ ᠰᠤᠷᠤᠯᠭᠠᠳᠠᠨ ᠳᠤ ᠬᠠᠶᠢᠷ᠎ᠠ ᠬᠠᠯᠠᠮᠵᠢ ᠬᠦᠷᠳᠡᠭᠡᠯ᠎ᠡ᠃ ︽ᠬᠠᠯᠠᠭᠤᠨ | ᠰᠡᠳᠬᠢᠯᠲᠤ ᠡᠵᠢ︾ ᠶᠢ ᠢᠯᠡ ᠪᠠᠷ ᠡᠯᠰᠡᠭᠰᠡᠨ ᠠᠴᠠ ᠬᠤᠶᠢᠰᠢ ᠮᠠᠨ ᠤ ᠬᠤᠰᠢᠭᠤᠨ ᠤ ᠡᠮᠡᠭᠳᠡᠶᠢᠴᠤᠳ ᠤᠨ | ᠬᠦᠷᠢᠶᠡᠯᠡᠯ ᠢ ᠬᠦᠷᠳᠡᠨ ᠤᠳᠤᠬᠠᠨ ᠳᠤ ᠦᠤᠰᠢᠨ ᠬᠤᠰᠢᠭᠤᠨ ᠳᠤ 218 ᠡᠮᠡᠭᠳᠡᠢ ᠠᠵᠢᠯᠳᠠᠨ ᠰᠠᠶᠢᠨ ᠲᠤᠷ᠎ᠠ ᠠᠴᠠ | ᠪᠠᠨ ︽ᠬᠠᠯᠠᠭᠤᠨ ᠰᠡᠳᠬᠢᠯᠲᠤ ᠡᠵᠢ︾ ᠶᠢᠨ ᠪᠦᠯᠬᠦᠮ ᠳᠤ ᠤᠷᠤᠭᠰᠠᠨ ᠪᠠᠶᠢᠨ᠎ᠠ᠃ | | | |