ᠡᠷᠳᠡᠨᠢᠪᠢᠯᠢᠭ ᠵᠤᠤ ᠹᠸᠢ ᠯᠦ ᠤᠯᠠᠭᠠᠨᠮᠦ᠋ᠴᠢᠷ ᠤᠨ ᠠᠵᠢᠯ ᠳᠤ ᠪᠠᠶᠢᠴᠠᠭᠠᠨ ᠰᠤᠳᠤᠯᠤᠯᠳᠡ ᠬᠢᠪᠡ
ᠨᠡᠶᠢᠲᠡᠯᠡᠭᠰᠡᠨ ᠴᠠᠭ᠄
2018-11-23
     ᠰᠢ ᠶᠢᠨ ᠫᠢᠩ ᠶᠡᠷᠦᠩᠭᠡᠢ ᠱᠦᠵᠢ ᠶᠢᠨ ᠤᠯᠠᠭᠠᠨᠮᠦ᠋ᠴᠢᠷ ᠤᠨ ᠤᠢᠢᠯᠡᠰ ᠤᠨ ᠭᠦᠭᠵᠢᠯᠳᠡ ᠶᠢᠨ ᠳᠣᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠭᠦᠨᠵᠡᠭᠡᠢ ᠳᠣᠭᠤᠰᠢᠯᠠᠭᠤᠯᠵᠣ ᠤᠯᠠᠭᠠᠨᠮᠦ᠋ᠴᠢᠷ ᠤᠨ ᠤᠢᠢᠯᠡᠰ ᠢ ᠲᠠᠰᠤᠷᠠᠯᠳᠠ ᠦᠭᠡᠢ ᠠᠬᠢᠭᠤᠯᠣᠨ ᠰᠢᠨ᠎ᠠ ᠴᠠᠭ ᠦᠶ᠎ᠠ ᠳᠤ ᠤᠯᠠᠭᠠᠨᠮᠦ᠋ᠴᠢᠷ ᠤᠨ ᠰᠢᠯᠢᠳᠡᠭ ᠤᠯᠠᠮᠵᠢᠯᠠᠯ ᠢ ᠨᠠᠩ ᠰᠠᠶᠢᠨ ᠪᠠᠳᠠᠷᠠᠭᠤᠯᠵᠣ᠂ ᠤᠭ ᠰᠠᠨᠠᠭ᠎ᠠ ᠪᠠᠨ ᠥᠯᠥ ᠮᠠᠷᠳᠡᠨ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠤ᠂ ᠰᠢᠨ᠎ᠡ ᠴᠠᠭ ᠦᠶ᠎ᠠ ᠶᠢᠨ ᠨᠠᠶᠢᠭᠡᠮ ᠵᠢᠷᠤᠮ ᠤᠨ ᠤᠳᠬ᠎ᠠ ᠤᠷᠠᠯᠢᠭ ᠤᠨ ᠤᠷᠤᠬᠰᠢᠯᠠᠯᠳᠠ ᠶᠢ ᠲᠦᠯᠬᠢᠨ ᠠᠬᠢᠭᠤᠯᠬᠤ ᠵᠤᠷᠢᠯᠭ᠎ᠠ ᠠᠴᠠ 11 ᠰᠠᠷ᠎ᠠ ᠶᠢᠨ 21 ᠤ ᠡᠳᠦᠷ ᠬᠤᠰᠢᠭᠤ ᠨᠠᠮ ᠤᠨ ᠬᠤᠷᠢᠶ᠎ᠠ ᠶᠢᠨ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶ᠎ᠠ ᠶᠢᠨ ᠲᠡᠳ᠋ ᠱᠦᠵᠢ ᠬᠤᠰᠢᠭᠤ ᠤᠷᠤᠯᠠᠬᠴᠢ ᠲᠠᠷᠤᠭ᠎ᠠ ᠵᠤᠤ ᠹᠸᠢ ᠯᠥ ᠨᠠᠷ ᠤᠯᠠᠭᠠᠨᠮᠦ᠋ᠴᠢᠷ ᠤᠨ ᠤᠢᠢᠯᠡᠰ ᠤᠨ ᠭᠦᠭᠵᠢᠯᠳᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠬᠤᠰᠢᠭᠤ ᠤᠳᠤᠷᠢᠳᠤᠯᠭ᠎ᠠ ᠹᠧᠩ ᡁᠢ ᠮᠢᠩ᠂ ᠵᠤᠤ ᠶᠦᠩ ᠹᠧᠩ᠂ ᠯᠢ ᠬᠤᠩ ᠯᠢᠶᠠᠩ᠂ ᠵᠠᠰᠠᠭ ᠤᠨ ᠤᠷᠳᠤᠨ ᠤ ᠠᠯᠪᠠᠨ ᠭᠡᠷ ᠂ ᠰᠤᠶᠤᠯ ᠤᠨ ᠲᠤᠪᠴᠢᠶᠠᠨ ᠤ ᠬᠠᠷᠢᠭᠤᠴᠠᠯᠭᠠᠳᠠᠨ ᠪᠠᠷᠠᠳᠠᠨ ᠪᠠᠶᠢᠴᠠᠭᠠᠪᠠ᠃
           ᠡᠷᠳᠡᠨᠢᠪᠢᠯᠢᠭ ᠨᠡᠷ ᠤᠯᠠᠭᠠᠨᠮᠦ᠋ᠴᠢᠷ ᠤᠨ ᠢᠷᠡᠭᠤ ᠠᠯᠳᠠᠷ ᠤᠨ ᠲᠢᠩᠬᠢᠮ᠂ ᠪᠤᠯᠪᠠᠰᠤᠷᠠᠯ ᠤᠨ ᠲᠢᠩᠬᠢᠮ ᠢᠶᠠᠷ ᠭᠦᠷᠴᠦ᠂ ᠤᠯᠠᠭᠠᠨᠮᠦ᠋ᠴᠢᠷ ᠤᠨ ᠡᠩᠨᠡᠭᠡᠨ ᠤ ᠪᠦᠳᠦᠭᠡᠨ ᠪᠠᠶᠢᠭᠤᠯᠤᠯᠳᠡ᠂ ᠲᠤᠬᠯᠠᠯᠳᠠ ᠶᠢᠨ ᠠᠵᠢᠯᠯᠠᠭ᠎ᠠ᠂ ᠤᠳᠬ᠎ᠠ ᠤᠷᠠᠯᠢᠭ ᠤᠨ ᠪᠦᠳᠦᠭᠡᠯ ᠵᠡᠷᠭᠡ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠤᠨᠤᠰᠪᠠ᠃      ᠪᠠᠶᠢᠴᠠᠭᠠᠨ ᠰᠤᠳᠤᠯᠤᠯᠳᠡ ᠳᠤᠮᠳᠠ ᠡᠷᠳᠡᠨᠢᠪᠢᠯᠢᠭ ᠨᠡᠷ ᠬᠤᠰᠢᠭᠤ ᠨᠠᠮ ᠤᠨ ᠬᠤᠷᠢᠶ᠎ᠠ ᠵᠠᠰᠠᠭ ᠤᠨ ᠤᠷᠳᠤᠨ ᠢ ᠲᠦᠯᠦᠭᠡᠯᠡᠨ ᠤᠯᠠᠭᠠᠨᠮᠦ᠋ᠴᠢᠷ ᠤᠨ ᠭᠡᠰᠢᠭᠦᠳ ᠢ ᠬᠠᠯᠠᠮᠵᠢᠯᠠᠨ ᠡᠷᠬᠢᠨ ᠦᠵᠡᠵᠤ ᠲᠡᠳᠡᠭᠡᠷ ᠲᠠᠢ ᠲᠤᠳᠤᠨᠤᠰᠤᠭ ᠢᠶᠠᠷ ᠶᠠᠷᠢᠯᠴᠠᠵᠤ ᠴᠢᠬᠤᠯᠠᠴᠢᠯᠠᠬᠤ ᠳᠤ ᠪᠠᠨ᠂ ᠦᠤᠰᠢᠨ ᠬᠤᠰᠢᠭᠤᠨ ᠤ ᠤᠯᠠᠭᠠᠨᠮᠦ᠋ᠴᠢᠷ ᠨᠢ 1960 ᠤᠨ ᠳᠤ ᠪᠠᠶᠢᠭᠤᠯᠤᠬᠳᠡᠬᠰᠡᠨ ᠠᠴᠠ ᠨᠠᠰᠢ ᠭᠦᠭᠡ ᠲᠡᠭᠷᠢ ᠪᠠᠷ ᠭᠦᠰᠢᠭᠡ ᠪᠠᠨ ᠪᠤᠯᠭᠠᠵᠤ ᠭᠦᠷᠦᠰᠦᠳᠦ ᠲᠡᠯᠡᠭᠡᠢ ᠪᠠᠷ ᠲᠠᠶᠢᠰᠠ  ᠪᠠᠨ ᠪᠤᠯᠭᠠᠨ ᠲᠤᠬᠯᠠᠯᠳᠠ ᠭᠠᠷᠭᠠᠵᠤ ᠤᠬᠠᠭᠤᠯᠤᠨ ᠵᠢᠯᠤᠭᠤᠳᠴᠦ ᠤᠢᠢᠯᠡᠴᠢᠯᠡᠭᠦ ᠶᠢ ᠤᠶᠠᠯᠳᠤᠭᠤᠯᠵᠤ ᠦᠨᠳᠤᠰᠤᠨ ᠱᠠᠳᠤᠨ ᠳᠤ ᠦᠨᠳᠣᠰᠣᠯᠡᠬᠦᠯᠥᠨ ᠤᠯᠠᠨ ᠲᠦᠮᠡᠨ ᠳᠤ ᠦᠢᠯᠡᠴᠢᠯᠡᠵᠤ ᠨᠠᠮ ᠤᠨ ᠴᠢᠭᠯᠡᠯ ᠱᠤᠭᠤᠮ ᠲᠦᠷᠦ ᠶᠢᠨ ᠪᠤᠳᠤᠯᠭ᠎ᠠ ᠶᠢ ᠤᠬᠠᠭᠤᠯᠤᠨ ᠦᠨᠳᠤᠰᠤᠨ ᠱᠠᠳᠤᠨ ᠤ ᠤᠯᠠᠨ ᠲᠦᠮᠡᠨ ᠤ ᠤᠶᠤᠨ ᠰᠠᠨᠠᠭᠠᠨ ᠤ ᠰᠤᠶᠤᠯ ᠤᠨ ᠠᠮᠢᠳᠤᠷᠠᠯ ᠢ ᠪᠠᠶᠠᠯᠢᠬᠵᠢᠭᠤᠯᠵᠤ᠂ ᠪᠦᠭᠦ ᠬᠤᠰᠢᠭᠤᠨ ᠤ ᠰᠤᠶᠤᠯ ᠤᠨ ᠭᠦᠭᠵᠢᠯᠳᠡ ᠪᠠ ᠦᠨᠳᠤᠰᠤᠳᠡᠨ ᠤ ᠪᠦᠯᠭᠦᠮᠳᠡᠯ ᠲᠠᠪᠰᠢᠯᠳᠠ ᠳᠤ ᠴᠢᠬᠤᠯᠠ ᠬᠤᠪᠢ ᠨᠠᠮᠠᠷᠢ ᠪᠠᠨ ᠦᠵᠡᠭᠦᠯᠪᠠ ᠭᠡᠪᠡ᠃
          ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠰᠢ ᠶᠢᠨ ᠫᠢᠩ ᠶᠡᠷᠦᠩᠭᠡᠢ ᠱᠦᠵᠢ ᠶᠢᠨ ᠤᠯᠠᠭᠠᠨᠮᠦ᠋ᠴᠢᠷ ᠤᠨ ᠤᠢᠢᠯᠡᠰ ᠢ ᠲᠡᠭᠡᠳᠦ ᠭᠡᠮᠵᠢᠶ᠎ᠠ ᠪᠠᠷ ᠦᠨᠡᠯᠡᠨ ᠤᠯᠠᠭᠠᠨᠮᠦ᠋ᠴᠢᠷ ᠤᠨ ᠭᠡᠰᠢᠭᠦᠳ ᠲᠤ ᠲᠠᠯᠪᠢᠬᠰᠠᠨ ᠴᠢᠩ ᠰᠡᠳᠬᠢᠯ ᠤᠨ ᠭᠦᠰᠡᠯ ᠨᠠᠶᠢᠳᠠᠯᠭ᠎ᠠ ᠪᠠᠷ ᠤᠯᠠᠭᠠᠨᠮᠦ᠋ᠴᠢᠷ ᠤᠨ ᠤᠢᠢᠯᠡᠰ ᠤᠨ ᠭᠦᠭᠵᠢᠯᠳᠡ ᠶᠢᠨ ᠭᠦᠴᠦᠷᠭᠡᠭ ᠶᠡᠭᠡ ᠭᠦᠳᠡᠯᠭᠡᠭᠴᠢ ᠭᠦᠴᠦᠨ ᠪᠤᠯᠭᠠᠵᠤ᠂ ᠠᠷᠠᠳ ᠲᠦᠮᠡᠨ ᠳᠤ ᠨᠡᠩ ᠰᠠᠶᠢᠨ ᠤᠶᠤᠨ ᠤ ᠭᠦᠨᠠᠰᠤ ᠬᠠᠩᠭᠠᠵᠤ᠂ ᠦᠨᠳᠤᠰᠤᠨ ᠱᠠᠳᠤᠨ ᠳᠤ ᠦᠨᠳᠣᠰᠣᠯᠡᠬᠦᠯᠥᠨ ᠤᠯᠠᠨ ᠲᠦᠮᠡᠨ ᠳᠤ ᠤᠢᠢᠯᠡᠴᠢᠯᠡᠵᠤ ᠤᠯᠠᠭᠠᠨᠮᠦ᠋ᠴᠢᠷ ᠤᠨ ᠤᠢᠢᠯᠡᠰ ᠤᠨ ᠭᠦᠭᠵᠢᠯᠳᠡ ᠶᠢ ᠴᠢᠷᠮᠡᠶᠢᠨ ᠠᠬᠢᠭᠤᠯᠬᠤ ᠭᠡᠷᠡᠭᠳᠡᠢ᠃ ᠦᠨᠢ ᠡᠭᠦᠷᠢᠳᠡ ᠲᠠᠯ᠎ᠠ ᠨᠤᠳᠤᠭ ᠲᠤ ᠦᠨᠳᠣᠰᠦᠯᠡᠬᠦᠯᠵᠤ ᠦᠨᠳᠤᠰᠤᠨ ᠱᠠᠳᠤᠨ ᠳᠤ ᠤᠢᠢᠯᠡᠴᠢᠯᠡᠭᠦ ᠰᠢᠯᠢᠳᠡᠭ ᠤᠯᠠᠮᠵᠢᠯᠠᠯ ᠢᠶᠠᠨ ᠪᠠᠷᠢᠮᠳᠠᠯᠠᠨ ︽ᠠᠮᠢᠳᠤᠷᠠᠯ ᠳᠤ ᠬᠦᠨᠵᠡᠭᠡᠶᠢᠷᠡᠵᠤ ᠦᠨᠳᠤᠰᠤᠨ ᠱᠠᠳᠤᠨ ᠳᠤ ᠦᠨᠳᠣᠰᠦᠯᠡᠬᠦᠯᠬᠦ︾ ᠠᠵᠢᠯᠯᠠᠭ᠎ᠠ ᠶᠢ ᠰᠠᠶᠢᠳᠤᠷ ᠦᠷᠨᠢᠭᠦᠯᠦᠨ ᠰᠢᠨ᠎ᠠ ᠴᠠᠭ ᠦᠶ᠎ᠠ ᠶᠢᠨ ᠰᠢᠨ᠎ᠠ ᠰᠡᠳᠬᠢᠴᠡ ᠰᠢᠨ᠎ᠠ ᠰᠤᠷᠳᠠᠯ ᠢ ᠰᠤᠷᠳᠠᠯᠴᠢᠯᠠᠬᠰᠠᠨ᠂ ᠤᠯᠠᠨ ᠲᠦᠮᠡᠨ ᠲᠠᠢ ᠤᠢᠢᠷᠠᠳᠤᠬᠰᠠᠨ ᠂ ᠤᠯᠠᠨ ᠲᠦᠮᠡᠨ ᠳᠤ ᠲᠠᠭᠠᠰᠢᠶᠠᠬᠳᠠᠬᠰᠠᠨ ᠰᠢᠯᠢᠳᠡᠭ ᠪᠦᠳᠦᠭᠡᠯ ᠢ ᠨᠠᠩ ᠤᠯᠠᠨ ᠵᠤᠬᠢᠶᠠᠨ ᠪᠦᠳᠦᠭᠡᠭᠦ ᠪᠠᠷ ᠴᠢᠷᠮᠡᠶᠢᠵᠤ᠂ ᠠᠷᠠᠳ ᠲᠦᠮᠡᠨ ᠳᠤ ᠤᠢᠢᠯᠡᠴᠢᠯᠡᠬᠦ ᠵᠤᠷᠢᠭ ᠰᠠᠨᠠᠭ᠎ᠠ ᠪᠠᠨ ᠪᠠᠳᠠᠷᠠᠭᠤᠯᠤᠨ ᠦᠨᠢ ᠡᠭᠦᠷᠢᠳᠡ ᠲᠠᠯ᠎ᠠ ᠨᠤᠳᠤᠭ ᠤᠨ ︽ᠬᠤᠪᠢᠰᠬᠠᠯᠳᠤ ᠤᠳᠬ᠎ᠠ ᠤᠷᠠᠯᠢᠭ ᠤᠨ ᠭᠦᠩᠬᠡᠨ ᠮᠤᠷᠢᠳᠦ ᠴᠡᠷᠢᠭ︾ ᠪᠤᠯᠵᠤ᠂ ᠰᠢᠨ᠎ᠠ ᠶᠢ ᠰᠦᠪᠡᠭᠴᠢᠯᠡᠨ ᠰᠢᠨ᠎ᠠ ᠶᠢ ᠡᠭᠦᠳᠭᠦ ᠵᠤᠷᠢᠭ ᠰᠠᠨᠠᠭ᠎ᠠ ᠪᠠᠨ ᠡᠭᠦᠷᠢᠳᠡ ᠪᠠᠷᠢᠮᠳᠠᠯᠠᠵᠤ᠂ ᠤᠯᠠᠭᠠᠨᠮᠦ᠋ᠴᠢᠷ ᠤᠨ ᠤᠢᠢᠯᠡᠴᠢᠯᠡᠭᠡᠨ ᠤ ᠠᠷᠭ᠎ᠠ ᠭᠡᠯᠪᠡᠷᠢ ᠪᠠᠨ ᠦᠭᠡᠷᠡᠴᠢᠯᠡᠨ ᠨᠤᠮᠢᠨ ᠲᠠᠩᠰᠤᠭ ᠦᠤᠰᠢᠨ ᠤ ᠨᠤᠮᠢᠨ ᠲᠠᠩᠰᠤᠭ ᠬᠦᠭᠵᠢᠨ ᠮᠠᠨᠳᠣᠯᠳᠠ ᠶᠢ ᠪᠠᠶᠠᠯᠠᠭᠦᠯᠭᠦ ᠳᠤ ᠴᠠᠭ ᠦᠶ᠎ᠠ ᠶᠢᠨ ᠬᠠᠭᠤᠳᠠᠰᠤ ᠶᠢ ᠰᠡᠭᠦᠭᠦ ᠭᠡᠷᠡᠭᠳᠡᠢ ᠭᠡᠪᠡ᠃
             ᠪᠠᠶᠢᠴᠠᠭᠠᠨ ᠰᠤᠳᠤᠯᠤᠯᠳᠡ ᠲᠠᠭᠤᠰᠤᠬᠰᠠᠨ ᠤ ᠲᠠᠷᠠᠭ᠎ᠠ ᠡᠷᠳᠡᠨᠢᠪᠢᠯᠢᠭ᠂ ᠵᠤᠤ ᠹᠸᠢ ᠯᠥ ᠨᠠᠷ ᠰᠤᠪᠤᠷᠭ᠎ᠠ ᠠᠭᠤᠳᠠᠮ ᠲᠠᠯᠠᠪᠠᠢ ᠶᠢ ᠵᠠᠰᠠᠨ ᠦᠬᠡᠷᠡᠴᠢᠯᠡᠭᠰᠡᠨ ᠤ ᠲᠠᠷᠠᠭᠠᠬᠢ ᠭᠡᠷᠡᠭᠯᠡᠯᠳᠡ ᠶᠢᠨ ᠪᠠᠶᠢᠳᠠᠯ ᠢ ᠪᠠᠶᠢᠴᠠᠭᠠᠨ ᠦᠵᠡᠪᠡ᠃
 
ᠢᠷᠡᠯᠲᠡ᠄ ︽ᠨᠤᠮᠢᠨ ᠲᠠᠩᠰᠤᠭ ᠦᠤᠰᠢᠨ︾ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号