ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠨᠠᠮ ᠤᠨ ᠬᠡᠰᠢᠬᠦᠨ ᠤ ᠬᠤᠪᠢ ᠪᠠᠷ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠨᠠᠮ ᠤᠨ ᠡᠬᠦᠷ ᠤᠨ ᠬᠠᠮᠲᠤ ᠶᠢᠨ ᠰᠤᠷᠤᠯᠴᠠᠯᠭ᠎ᠠ ᠵᠢᠴᠢ ᠲᠤᠰᠬᠠᠢ ᠰᠡᠳᠦᠪᠲᠤ ᠨᠠᠮ ᠤᠨ ᠬᠢᠴᠢᠶᠡᠯᠯᠡᠭᠡ ᠳᠤ ᠤᠷᠤᠯᠴᠠᠪᠠ
ᠨᠡᠶᠢᠲᠡᠯᠡᠭᠰᠡᠨ ᠴᠠᠭ᠄
2018-11-23
     11 ᠰᠠᠷ᠎ᠠ ᠶᠢᠨ 21 ᠤ ᠡᠳᠦᠷ᠂ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠬᠢᠨ ᠨᠠᠮ ᠤᠨ ᠡᠬᠦᠷ ᠤᠨ ᠬᠠᠮᠲᠤ ᠶᠢᠨ ᠰᠤᠷᠤᠯᠴᠠᠯᠭ᠎ᠠ ᠵᠢᠴᠢ ᠲᠤᠰᠬᠠᠢ ᠰᠡᠳᠦᠪᠲᠤ ᠨᠠᠮ ᠤᠨ ᠬᠢᠴᠢᠶᠡᠯᠯᠡᠭᠡ ᠦᠷᠨᠢᠬᠦᠯᠵᠦ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠤᠷᠭᠠᠯᠲᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠤᠤ ᠶᠦᠩ ᠹᠧᠩ ᠨᠠᠮ ᠤᠨ ᠬᠡᠰᠢᠬᠦᠨ ᠤ ᠬᠤᠪᠢ  ᠪᠠᠷ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠪᠦᠬᠦ ᠺᠠᠳ᠋ᠷ ᠠᠵᠢᠯᠳᠠᠨ ᠲᠠᠢ ᠬᠠᠮᠲᠤ ᠰᠤᠷᠤᠯᠴᠠᠯᠭ᠎ᠠ ᠳᠤ ᠤᠷᠤᠯᠴᠠᠪᠠ᠃
     ᠬᠤᠷᠠᠯ ᠳᠡᠭᠡᠷ᠎ᠡ᠂ ︽ᠲᠤᠪᠴᠢᠶᠠᠨ ᠲᠠᠷᠤᠭ᠎ᠠ ᠬᠦᠳᠡᠭᠡ ᠪᠠᠭᠤᠭᠰᠠᠨ ᠨᠢ︾ ᠬᠡᠬᠦ ᠰᠡᠷᠡᠮᠵᠢᠯᠡᠬᠦᠯᠦᠨ ᠬᠦᠮᠦᠵᠢᠬᠦᠯᠬᠦ ᠹᠢᠯᠢᠮ ᠢ ᠬᠠᠮᠳᠣ ᠪᠠᠷ ᠰᠣᠨᠢᠷᠬᠠᠵᠠᠭᠠᠪᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ︽ᠰᠢᠨ᠎ᠡ ᠲᠦᠷᠢᠮ ᠢ ᠰᠤᠷᠤᠯᠴᠠᠨ ᠰᠢᠨ᠎ᠡ ᠦᠢᠯᠡ ᠠᠵᠢᠯᠯᠠᠭ᠎ᠠ ᠪᠠᠷ ᠨᠤᠮᠢᠨ ᠲᠠᠩᠰᠤᠭ ᠦᠤᠰᠢᠨ ᠤ ᠰᠢᠨ᠎ᠡ ᠴᠠᠭ ᠦᠶ᠎ᠡ ᠳᠠᠬᠢ ᠨᠣᠮᠢᠨ ᠳᠠᠩᠰᠤᠭ ᠬᠦᠭᠵᠢᠨ ᠮᠠᠨᠳᠣᠯᠳᠠ ᠶᠢ ᠪᠠᠶᠡᠯᠡᠬᠦᠯᠬᠦ︾ ᠪᠠᠷ ᠭᠤᠤᠯ ᠰᠡᠳᠦᠪ ᠪᠤᠯᠭᠠᠨ ᠲᠤᠰᠬᠠᠢ ᠰᠡᠳᠦᠪᠲᠤ ᠨᠠᠮ ᠤᠨ ᠬᠢᠴᠢᠶᠡᠯᠯᠡᠭᠡ ᠬᠢᠭᠰᠡᠨ ᠤ ᠬᠠᠮᠲᠤ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠺᠠᠳ᠋ᠷ ᠠᠵᠢᠯᠳᠠᠳ ᠲᠤ ᠰᠢᠨ᠎ᠡ ᠬᠡᠪ ᠪᠠᠶᠢᠳᠠᠯ ᠤᠨ ᠲᠤᠤᠷ᠎ᠠ ᠬᠤᠰᠢᠭᠤ ᠨᠠᠮ ᠤᠨ ᠬᠤᠷᠢᠶᠠᠨ ᠤ ᠠᠵᠢᠯ ᠢ ᠬᠡᠷᠬᠢᠨ ᠰᠠᠶᠢᠨ ᠬᠢᠬᠦ ᠲᠤᠬᠠᠢ ᠱᠠᠭᠠᠷᠳᠠᠯᠭ᠎ᠠ ᠲᠤᠷᠠᠳᠴᠤ ᠬᠤᠷᠠᠯ ᠳᠤ ᠤᠷᠤᠯᠴᠠᠭᠰᠠᠳ ᠲᠠᠢ ᠬᠠᠮᠳᠣ ᠶᠠᠷᠢᠯᠴᠠᠨ ᠰᠠᠨᠠᠯ ᠪᠣᠳᠣᠯ ᠢᠶᠠᠨ ᠰᠣᠯᠢᠯᠴᠠᠭᠰᠠᠨ ᠪᠠᠶᠢᠨ᠎ᠠ᠃      ᠡᠷᠳᠡᠨᠢᠪᠢᠯᠢᠭ ᠠᠴᠠ ᠰᠢᠨ᠎ᠡ ᠵᠠᠰᠠᠪᠤᠷᠢ ᠤᠷᠤᠭᠤᠯᠤᠭᠰᠠᠨ ︽ᠲᠤᠮᠳᠠᠲᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠦᠭᠬᠦ ᠲᠦᠷᠢᠮ︾ ᠤᠨ ᠬᠦᠭᠵᠢᠯᠳᠡ ᠶᠢᠨ ᠶᠠᠪᠤᠴᠠ᠂ ᠴᠢᠬᠤᠯᠠ ᠠᠴᠢ ᠬᠤᠯᠪᠤᠭᠳᠠᠯ ᠂ ᠵᠠᠰᠠᠪᠤᠷᠢ ᠤᠷᠤᠭᠤᠯᠤᠭᠰᠠᠨ ᠠᠭᠤᠯᠭ᠎ᠠ᠂ ᠦᠨᠳᠦᠰᠦᠨ ᠪᠦᠲᠦᠴᠡ᠂ ᠰᠢᠨ᠎ᠡ ︽ᠲᠦᠷᠢᠮ︾ ᠤᠨ ᠤᠨᠴᠠᠯᠢᠭ ᠵᠢᠴᠢ ᠬᠡᠷᠬᠢᠨ ᠪᠤᠳᠠᠳᠠᠢ ᠲᠠᠢ ᠣᠶᠠᠯᠳᠣᠭᠤᠯᠵᠣ ᠳᠣᠭᠤᠰᠢᠯᠠᠭᠤᠯᠤᠨ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠨᠠᠷᠢᠨ ᠳᠠᠶᠢᠯᠪᠣᠷᠢᠯᠠᠭᠰᠠᠨ ᠤ ᠬᠠᠮᠲᠤ ᠦᠷᠬᠡᠨ ᠤᠯᠠᠨ ᠨᠠᠮ ᠤᠨ ᠬᠡᠰᠢᠬᠦᠨ ᠺᠠᠳ᠋ᠷ ᠠᠵᠢᠯᠳᠠᠳ ᠲᠦᠷᠢᠮ ᠳᠣᠭᠳᠠᠭᠠᠯ ᠢ ᠴᠢᠩᠭ᠎ᠠ ᠰᠠᠬᠢᠬᠤ ᠬᠡᠷᠡᠭᠲᠠᠢ ᠬᠡᠵᠡᠢ᠃      ᠡᠷᠳᠡᠨᠢᠪᠢᠯᠢᠭ ᠠᠴᠠ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠠᠵᠢᠯ ᠤᠨ ᠴᠢᠨᠠᠷ ᠴᠢᠨᠰᠠᠭ᠎ᠠ᠂ ᠦᠷ᠎ᠡ ᠪᠦᠲᠦᠮᠵᠢ ᠳᠤ ᠬᠦᠢᠴᠡᠳ ᠨᠣᠳᠠᠯᠠᠯᠳᠠ ᠦᠭᠴᠣ ᠪᠦᠬᠦ ᠺᠠᠳ᠋ᠷ ᠠᠵᠢᠯᠳᠠᠳ ᠰᠢ ᠶᠢᠨ ᠫᠢᠩ ᠶᠡᠷᠦᠩᠬᠡᠢ ᠱᠦᠵᠢ  ᠶᠢᠨ ᠪᠦᠬᠦ ᠤᠯᠤᠰ ᠤᠨ ᠨᠠᠮ ᠤᠨ ᠬᠤᠷᠢᠶᠠᠨ ᠤ ᠨᠠᠷᠢᠨ ᠪᠢᠴᠢᠭ ᠤᠨ ᠲᠠᠷᠤᠭ᠎ᠠ ᠶᠢᠨ ᠬᠤᠷᠠᠯ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠰᠠᠶᠢᠳᠤᠷ ᠰᠤᠷᠤᠯᠴᠠᠨ ᠳᠣᠭᠤᠰᠢᠯᠠᠭᠤᠯᠵᠤ ᠦᠨᠳᠦᠷ ᠪᠠᠷᠢᠮᠵᠢᠶ᠎ᠠ ᠱᠠᠭᠠᠷᠳᠠᠯᠭ᠎ᠠ᠂ ᠪᠤᠳᠠᠳᠠᠢ ᠠᠷᠭ᠎ᠠ ᠪᠠᠷᠢᠯ ᠢᠶᠠᠷ ᠡᠯ᠎ᠡ ᠲᠦᠷᠦᠯ ᠤᠨ ᠠᠵᠢᠯ ᠢᠶᠠᠨ ᠪᠤᠳᠠᠳᠠᠢ ᠨᠠᠷᠢᠯᠢᠭ ᠪᠡᠶᠡᠯᠡᠬᠦᠯᠵᠦ ︽ᠭᠤᠷᠪᠠ ᠳᠤ ᠣᠶᠢᠯᠡᠴᠢᠯᠡᠬᠦ︾ ᠣᠶᠢᠯᠡᠴᠢᠯᠡᠬᠡᠨ ᠤ ᠲᠦᠪᠰᠢᠨ ᠢᠶᠠᠨ ᠲᠡᠭᠡᠭᠰᠢᠯᠡᠬᠦᠯᠬᠦ ᠬᠡᠷᠡᠭᠳᠡᠢ ᠬᠡᠵᠣ ᠵᠤᠷᠢᠭᠵᠢᠭᠤᠯᠵᠠᠢ᠃       ᠡᠷᠳᠡᠨᠢᠪᠢᠯᠢᠭ ᠱᠠᠭᠠᠷᠳᠠᠬᠤ ᠳᠤ ᠪᠠᠨ᠂ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠺᠠᠳ᠋ᠷ ᠠᠵᠢᠯᠳᠠᠳ ︽ᠳᠣᠭᠳᠠᠯ ᠬᠦᠴᠦᠨ︾ ᠢᠶᠠᠨ ᠴᠢᠩᠭᠠᠷᠠᠭᠤᠯᠵᠤ᠂ ᠤᠬᠠᠮᠰᠠᠷ ᠠᠴᠠ ᠪᠠᠨ ᠰᠢ ᠶᠢᠨ ᠫᠢᠩ ᠶᠡᠷᠦᠩᠬᠡᠢ ᠱᠦᠵᠢ ᠶᠢᠨ ᠰᠢᠨ᠎ᠡ ᠴᠠᠭ ᠦᠶ᠎ᠡ ᠶᠢᠨ ᠲᠤᠮᠳᠠᠲᠤ ᠤᠯᠤᠰ ᠤᠨ ᠤᠨᠴᠠᠯᠢᠭ ᠪᠦᠬᠦᠢ ᠨᠡᠶᠢᠬᠡᠮ ᠵᠢᠷᠤᠮ ᠤᠨ ᠦᠵᠡᠯ ᠰᠠᠨᠠᠭ᠎ᠠ ᠢ ᠦᠢᠯᠡᠳᠦᠯᠬᠡᠵᠢᠬᠦᠯᠵᠦ ᠨᠠᠮᠴᠢ ᠴᠢᠨᠠᠷ ᠤᠨ ᠵᠤᠭᠰᠤᠴᠠ᠂ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠨ ᠲᠦᠪ ᠴᠢᠩᠭ᠎ᠠ ᠤᠯᠤᠰ ᠲᠦᠷᠦ ᠶᠢᠨ ᠳᠣᠭᠳᠠᠯ ᠬᠦᠴᠦᠨ᠂ ᠠᠵᠢᠯ ᠤᠨ ᠳᠣᠭᠳᠠᠯ ᠬᠦᠴᠦᠨ᠂ ᠢᠯᠵᠢᠷᠠᠯ ᠢ ᠰᠡᠷᠬᠡᠶᠢᠯᠡᠬᠦ ᠳᠣᠭᠳᠠᠯ ᠬᠦᠴᠦᠨ ᠢᠶᠠᠷ ︽ᠬᠤᠶᠠᠷ ᠢ ᠬᠠᠮᠠᠭᠠᠯᠠᠬᠤ︾ ᠠᠵᠢᠯ ᠤᠨ ᠴᠢᠬᠤᠯᠠ ᠬᠠᠷᠢᠭᠤᠴᠠᠯᠭ᠎ᠠ ᠶᠢ ᠡᠬᠦᠷᠬᠡᠯᠡᠵᠣ ᠨᠠᠮ ᠤᠨ ᠲᠦᠪ ᠬᠤᠷᠢᠶ᠎ᠠ ᠲᠠᠢ ᠳᠡᠭᠡᠲᠤ ᠬᠡᠮᠵᠢᠶ᠎ᠡ ᠪᠠᠷ ᠨᠢᠬᠡᠳᠦᠯᠳᠡᠢ ᠪᠠᠶᠢᠬᠤ ᠬᠡᠷᠡᠭᠲᠠᠢ᠃ ᠦᠢᠯᠡᠳᠦᠯᠬᠡ ᠳᠤ ᠣᠷᠣᠯᠴᠠᠬᠤ ᠬᠢᠬᠡᠳ ᠦᠨᠳᠦᠰᠦᠨ ᠱᠠᠳᠣᠨ ᠳᠤ ᠬᠦᠨᠵᠡᠬᠡᠶᠢᠷᠡᠬᠦ ᠶᠢ ᠬᠠᠮᠤᠭ ᠰᠠᠶᠢᠨ ᠬᠢᠴᠢᠶᠡᠯ ᠤᠨ ᠲᠢᠩᠬᠢᠮ ᠤᠨ ᠰᠣᠷᠣᠯᠴᠠᠯᠭ᠎ᠠ ᠪᠤᠯᠭᠠᠨ ᠠᠳᠬᠤᠵᠣ ᠠᠷᠠᠳ ᠲᠦᠮᠡᠨ ᠢᠶᠠᠷ ᠪᠠᠭᠰᠢᠯᠠᠭᠤᠯᠤᠨ ᠤᠬᠠᠮᠰᠠᠷ  ᠠᠴᠠ ᠪᠠᠨ ᠦᠨᠳᠦᠰᠦᠨ ᠱᠠᠳᠤᠨ ᠳᠤ ᠬᠦᠨᠵᠡᠬᠡᠶᠢᠷᠡᠵᠤ ᠡᠯ᠎ᠡ ᠲᠦᠷᠦᠯ ᠤᠨ ᠠᠵᠢᠯ ᠢᠶᠠᠨ ᠰᠠᠶᠢᠳᠤᠷ ᠪᠡᠶᠡᠯᠡᠬᠦᠯᠬᠦ ᠬᠡᠷᠡᠭᠲᠠᠢ᠃ ᠴᠠᠭ ᠦᠶ᠎ᠡ ᠶᠢᠨ ᠬᠦᠭᠵᠢᠯᠳᠡ ᠲᠠᠢ ᠵᠤᠬᠢᠴᠠᠨ ᠵᠦᠪ ᠶᠠᠷᠢᠶ᠎ᠠ ᠬᠡᠯᠡᠯᠴᠡᠭᠡᠨ ᠤ ᠴᠢᠭᠯᠡᠯ ᠢ ᠠᠳᠬᠤᠬᠤ ᠬᠡᠷᠡᠭᠲᠠᠢ᠃ ᠤᠨᠤᠯ ᠲᠦᠷᠦ ᠶᠢᠨ ᠪᠤᠳᠤᠯᠭ᠎ᠠ ᠶᠢ ᠰᠠᠶᠢᠳᠤᠷ ᠰᠤᠷᠤᠯᠴᠠᠵᠣ ᠡᠯ᠎ᠡ ᠲᠦᠷᠥᠯ ᠤᠨ ᠠᠵᠢᠯ ᠢᠶᠠᠨ ᠨᠢᠬᠡᠳᠣᠯᠳᠡᠢ ᠲᠥᠯᠥᠪᠵᠢᠬᠦᠯᠥᠨ ᠰᠠᠶᠢᠳᠣᠷ ᠬᠦᠢᠴᠡᠳᠬᠡᠬᠦ ᠬᠡᠷᠡᠭᠲᠠᠢ᠃ ᠪᠦᠬᠦ ᠲᠠᠯ᠎ᠠ ᠪᠠᠷ ᠴᠢᠨᠡᠭᠡᠯᠢᠭ ᠨᠡᠶᠢᠬᠡᠮ ᠢ ᠪᠠᠶᠡᠯᠡᠬᠦᠯᠬᠦ᠂ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠳᠤ ᠢᠯᠡᠯᠳᠡ ᠣᠯᠬᠤ ᠵᠡᠷᠭᠡ ᠭᠤᠣᠯᠳᠠᠯᠭᠠᠳᠣ ᠠᠵᠢᠯ ᠲᠠᠢ ᠣᠶᠠᠯᠳᠣᠭᠤᠯᠣᠨ ᠵᠦᠪᠯᠡᠯᠬᠡ ᠦᠭᠬᠦ ᠬᠢᠷᠢ ᠲᠦᠪᠰᠢᠨ ᠢᠶᠠᠨ ᠳᠠᠰᠣᠷᠠᠯᠳᠡ ᠦᠬᠡᠢ ᠳᠡᠬᠡᠭᠰᠢᠯᠡᠬᠦᠯᠬᠦ ᠬᠡᠷᠡᠭᠳᠡᠢ᠃ ᠢᠳᠡᠪᠬᠢᠳᠡᠢ ᠦᠵᠡᠯᠳᠡ ᠰᠠᠳᠬᠢᠴᠡ᠂ ᠡᠷᠡᠬᠦᠯ ᠴᠢᠬᠢᠷᠠᠭ ᠪᠠᠶ᠎ᠠ ᠮᠠᠬᠠᠪᠣᠳ ᠲᠠᠢ ᠪᠠᠷ ᠨᠢᠬᠡᠯᠡ ᠰᠡᠳᠬᠢᠯ  ᠢᠶᠠᠷ ᠠᠵᠢᠯᠯᠠᠵᠣ ᠨᠠᠮ ᠳᠤ ᠪᠠᠨ ᠦᠨᠡᠨᠴᠢ᠂ ᠠᠷᠠᠳ ᠲᠦᠮᠡᠨ ᠳᠤ ᠪᠠᠨ ᠬᠦᠷᠢᠶᠠᠯᠠᠯ ᠲᠠᠢ ᠪᠠᠶᠢᠬᠤ ᠤᠯᠤᠰ ᠲᠦᠷᠦ  ᠶᠢᠨ ᠪᠠᠶᠢᠭᠤᠯᠭ᠎ᠠ᠂ ᠵᠢᠱᠢᠶᠡᠴᠢ ᠪᠠᠶᠢᠭᠤᠯᠭ᠎ᠠ ᠶᠢ ᠪᠠᠶᠢᠭᠤᠯᠵᠣ᠂ ᠨᠤᠮᠢᠨ ᠲᠠᠩᠰᠤᠭ ᠦᠤᠰᠢᠨ ᠤ ᠰᠢᠨ᠎ᠡ ᠴᠠᠭ ᠦᠶ᠎ᠡ  ᠳᠠᠬᠢ ᠨᠣᠮᠢᠨ ᠳᠠᠩᠰᠤᠭ ᠬᠦᠭᠵᠢᠡ ᠮᠠᠨᠳᠣᠯᠳᠠ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠬᠦᠯᠬᠦ ᠬᠡᠷᠡᠭᠲᠠᠢ ᠬᠡᠵᠡᠢ᠃      ᠰᠤᠷᠭᠠᠯᠲᠤ ᠱᠠᠭᠠᠷᠳᠠᠬᠤ ᠳᠤ ᠪᠠᠨ᠂ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠺᠠᠳ᠋ᠷ ᠠᠵᠢᠯᠳᠠᠳ ᠲᠦᠪ ᠴᠢᠩᠭ᠎ᠠ ᠤᠯᠤᠰ ᠲᠦᠷᠦ ᠶᠢᠨ ᠰᠤᠷᠳᠠᠯ᠂ ᠶᠡᠭᠡ ᠲᠠᠯ᠎ᠠ ᠶᠢᠨ ᠤᠬᠠᠮᠰᠠᠷ ᠢ ᠪᠠᠷᠢᠮᠳᠠᠯᠠᠨ ᠣᠶᠢᠯᠡᠴᠢᠯᠡᠬᠡᠨ ᠤ ᠬᠢᠷᠢ ᠲᠦᠪᠰᠢᠨ ᠢᠶᠠᠨ ᠲᠡᠭᠡᠭᠰᠢᠯᠡᠬᠦᠯᠵᠦ ︽ᠦᠢᠯᠡᠴᠢᠯᠡᠭᠡᠨ ᠤ ᠬᠡᠯᠪᠡᠷᠢ ᠶᠢᠨ ᠺᠠᠳ᠋ᠷ︾ ᠪᠤᠯᠬᠤ ᠬᠡᠷᠡᠭᠲᠠᠢ᠃ ᠬᠠᠷᠢᠭᠤᠴᠠᠯᠭᠠᠲᠤ ᠠᠵᠢᠯ ᠤᠨ ᠰᠤᠷᠳᠠᠯ ᠢᠶᠠᠷ ᠵᠣᠷᠢᠭᠳᠡᠢ ᠡᠬᠦᠷᠬᠡᠯᠡᠨ ︽ᠯᠠᠪᠳᠠᠭᠤᠨ ᠪᠠᠳᠣᠳᠠᠢ ᠠᠵᠢᠯᠯᠠᠳᠠᠭ ᠺᠠᠳ᠋ᠷ︾ ᠪᠣᠯᠬᠤ ᠬᠡᠷᠡᠭᠳᠡᠢ᠃ ᠠᠵᠢᠯ ᠣᠶᠢᠯᠡᠰ ᠲᠡᠭᠡᠨ ᠠᠯᠢᠪᠠ ᠪᠠᠨ ᠭᠤᠶᠠᠴᠢ ᠦᠬᠡᠢ ᠵᠣᠷᠢᠭᠤᠯᠬᠤ ᠡᠷᠬᠢᠮ ᠳᠡᠬᠡᠳᠣ ᠵᠣᠷᠢᠭ ᠰᠠᠨᠠᠭ᠎ᠠ ᠪᠠᠷ ᠠᠵᠢᠯ ᠣᠶᠢᠯᠡᠰ ᠲᠡᠭᠡᠨ ᠡᠷᠡᠮᠡᠬᠡᠶᠢᠯᠡᠨ ᠳᠠᠮᠠᠴᠠᠵᠣ ︽ ᠪᠣᠰᠣᠳ ᠤᠨ ᠲᠥᠯᠥᠬᠡ ᠵᠢᠳᠬᠦᠳᠡᠭ ᠺᠠᠳ᠋ᠷ︾ ᠪᠣᠯᠬᠤ ᠬᠡᠷᠡᠭᠳᠡᠢ᠃ ᠠᠷᠢᠭᠤᠨ ᠴᠢᠬᠡᠴᠢ ᠶᠣᠰᠣ ᠰᠣᠷᠳᠠᠬᠤᠨ ᠢᠶᠠᠷ ᠪᠠᠶ᠎ᠠ ᠪᠠᠨ ᠴᠢᠩᠭ᠎ᠠ ᠱᠠᠭᠠᠷᠳᠠᠵᠣ ︽ᠠᠷᠢᠭᠤᠨ ᠴᠢᠬᠡᠴᠢ ᠺᠠᠳ᠋ᠷ︾ ᠪᠤᠯᠬᠤ ᠬᠡᠷᠡᠭᠲᠠᠢ ᠬᠡᠵᠡᠢ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号