︽ᠨᠠᠮ ᠤᠨ ᠰᠠᠶᠢᠨ ᠲᠦᠷᠦ ᠶᠢᠨ ᠪᠤᠳᠤᠯᠭ᠎ᠠ ᠪᠠᠶᠢᠬᠰᠠᠨ ᠦᠭᠡᠢ᠂ ᠲᠠᠨᠠᠷ ᠪᠠᠶᠢᠬᠰᠠᠨ ᠦᠭᠡᠢ ᠪᠤᠯ᠂ | ᠮᠠᠨ ᠤ ᠬᠢᠨ ᠶᠠᠭᠠᠬᠢᠵᠤ ᠠᠮᠢᠳᠤᠷᠠᠬᠤ ᠶᠢ ᠮᠡᠳᠡᠭᠦ ᠦᠭᠡᠢ︕ ᠰᠡᠳᠭᠢᠯ ᠰᠠᠨᠠᠭ᠎ᠠ ᠲᠤᠬᠳᠠᠪᠤᠷᠢᠵᠢᠵᠤ᠂ ᠠᠮᠢᠳᠤᠷᠠᠯ ᠴᠦ | ᠭᠦᠰᠡᠯ ᠡᠷᠡᠮᠡᠯᠵᠠᠯ ᠲᠠᠢ ᠪᠤᠯᠤᠯ᠎ᠠ︕︾ ᠭᠡᠵᠤ ᠶᠠᠳᠠᠭᠤ ᠭᠦᠴᠢᠷᠳᠠᠯᠳᠡᠢ ᠡᠷᠦᠭᠡ ᠡᠷᠳᠡᠨᠢᠴᠤᠬᠳᠤ ᠰᠡᠳᠭᠢᠯ | ᠲᠤᠬᠳᠤᠯᠤᠨ ᠶᠠᠷᠢᠨ᠎ᠠ᠃ | ᠡᠷᠳᠡᠨᠢᠴᠤᠬᠳᠤ ᠪᠤᠯ ᠤᠯᠠᠭᠠᠨᠳᠤᠯᠤᠭᠠᠢ ᠪᠠᠯᠭᠠᠰᠤ ᠶᠢᠨ ᠪᠠᠶᠠᠨ᠊ᠠᠤᠪᠤᠭᠠ ᠭᠠᠴᠠᠭ᠎ᠠ ᠶᠢᠨ ᠪᠠᠶᠠᠨᠳᠦ᠋ᠭᠦᠮ | ᠬᠤᠷᠰᠢᠶ᠎ᠠ ᠶᠢᠨ ᠭᠦᠮᠦᠨ᠂ ᠡᠨᠡ ᠵᠢᠯ 40 ᠨᠠᠰᠤᠳᠠᠢ᠃ ᠲᠡᠷᠠ ᠡᠭᠡᠮ ᠶᠠᠰᠤ ᠵᠡᠷᠡᠮᠳᠡᠭ ᠡᠪᠡᠳᠴᠢᠨ ᠳᠤ ᠨᠡᠷᠪᠡᠭᠳᠡᠵᠤ᠂ | ᠪᠦᠰᠡᠭᠦᠢ ᠨᠢ ᠮᠡᠳᠡᠷᠠᠯ ᠤᠨ ᠭᠤᠷᠪᠠᠳᠤᠭᠠᠷ ᠲᠡᠰ ᠤᠨ ᠡᠪᠡᠳᠴᠢᠨ ᠲᠠᠢ ᠮᠦᠷᠳᠡᠭᠡᠨ ᠤᠳᠠᠭᠠᠨ ᠴᠢᠨᠠᠷᠳᠠᠢ | ᠬᠤᠳᠤᠭᠤᠳᠤᠨ ᠦᠷᠪᠢᠰᠦᠯ ᠲᠠᠢ ᠪᠠᠶᠢᠵᠤ᠂ ᠡᠳᠡᠨᠡᠶᠢᠭᠢᠨ ᠭᠦᠳᠡᠯᠮᠤᠷᠢ ᠭᠦᠴᠦ ᠲᠤᠳᠠᠮᠠᠭ ᠪᠤᠯᠪᠠ᠃ ᠤᠢᠢᠷ᠎ᠠ ᠶᠢᠨ | ᠵᠢᠯ ᠠᠴᠠ ᠭᠦᠳᠡᠯᠮᠤᠷᠢ ᠭᠦᠴᠦ ᠭᠦᠷᠦᠯᠴᠡᠭᠦ ᠦᠭᠡᠢ᠂ ᠡᠪᠡᠳᠴᠢᠨ ᠦᠵᠡᠭᠦᠯᠵᠤ ᠡᠮᠴᠢᠯᠡᠭᠦᠯᠦᠭᠰᠡᠨ ᠵᠠᠷᠤᠳᠠᠯ ᠶᠡᠭᠡ | ᠵᠡᠷᠭᠡ ᠰᠢᠯᠳᠠᠭᠠᠨ ᠠᠴᠠ ᠪᠤᠯᠵᠤ ᠲᠡᠳᠡᠨᠡᠶᠢᠭᠢᠨ ᠠᠮᠢᠳᠤᠷᠠᠯ ᠳᠠᠭᠠᠨ ᠵᠦᠪ ᠦᠭᠡᠢ ᠪᠤᠯᠵᠤ᠂ ᠦᠷᠢ ᠰᠢᠷᠢ ᠴᠦ | ᠠᠷᠪᠢᠳᠴᠦ᠂ ᠶᠠᠳᠠᠭᠤ ᠭᠦᠴᠢᠷᠳᠠᠯᠳᠠᠢ ᠪᠤᠯᠪᠠ᠃ ᠡᠨᠡ ᠵᠢᠯ ᠭᠠᠴᠠᠭᠠᠨ ᠳᠤ ᠰᠠᠭᠤᠵᠤ ᠠᠵᠢᠯᠯᠠᠵᠤ ᠪᠠᠶᠢᠭ᠎ᠠ ᠠᠩᠭᠢ | ᠪᠠ ᠭᠠᠴᠠᠭᠠᠨ ᠤ ︽ᠬᠤᠶᠠᠷ ᠵᠦᠪᠯᠡᠯ︾ ᠤᠨᠤᠪᠴᠢᠳᠠᠢ ᠪᠠᠷ ᠢᠯᠭᠠᠨ ᠲᠤᠳᠤᠳᠬᠠᠬᠤ ᠪᠠᠷ ᠲᠠᠮᠵᠢᠨ | ᠲᠡᠳᠡᠨᠡᠶᠢᠭᠢᠨ ᠳᠤ ᠲᠠᠩᠰᠠ ᠪᠠᠶᠢᠭᠤᠯᠵᠤ ᠶᠠᠳᠠᠭᠤ ᠭᠦᠴᠢᠷᠳᠠᠯᠳᠠᠢ ᠡᠷᠦᠭᠡ ᠪᠠᠷ ᠲᠡᠩᠰᠡᠯᠠᠪᠠ᠃ | ᠪᠠᠶᠠᠨ᠊ᠠᠤᠪᠤᠭᠠ ᠭᠠᠴᠠᠭᠠᠨ ᠳᠤ ᠰᠠᠭᠤᠨ ᠠᠵᠢᠯᠯᠠᠵᠤ ᠪᠠᠶᠢᠭ᠎ᠠ ᠨᠢᠭᠡᠳᠦᠭᠡᠷ ᠱᠦᠵᠢ ᠰᠠᠷᠠᠭᠤᠯ ᠤᠨ | ᠡᠷᠭᠢᠴᠡᠭᠦᠯᠭᠦ ᠪᠠᠷ᠂ ᠲᠡᠳᠡᠨᠤᠰ ᠠᠩᠬ᠎ᠠ ᠤᠳᠠᠭ᠎ᠠ ᠡᠷᠳᠡᠨᠢᠴᠤᠬᠳᠤ ᠶᠢᠨ ᠳᠤ ᠢᠷᠡᠭᠡᠳ ᠲᠡᠳᠡᠨ ᠤ ᠠᠮᠢᠳᠤᠷᠠᠯ ᠤᠨ | ᠪᠠᠶᠢᠳᠠᠯ ᠢ ᠬᠠᠷᠠᠭᠠᠳ ᠲᠤᠩ ᠵᠤᠪᠠᠭᠰᠠᠨ ᠭᠡᠳᠡᠭ᠃ ᠡᠷ᠎ᠠ ᠡᠮ᠎ᠠ ᠬᠤᠶᠠᠭᠤᠯᠠ ᠶᠢᠨ ᠪᠠᠶ᠎ᠠ ᠶᠢᠨ ᠪᠠᠶᠢᠳᠠᠯ ᠪᠠ | ᠠᠮᠢᠳᠤᠷᠠᠯ ᠤᠨ ᠤᠷᠴᠢᠨ ᠲᠤᠭᠤᠷᠢᠨ ᠳᠤ ᠴᠢᠭᠯᠡᠭᠦᠯᠵᠤ᠂ ᠪᠠᠯᠭᠠᠰᠤᠨ ᠤ ᠵᠠᠰᠠᠭ ᠤᠨ ᠤᠷᠳᠤᠨ ᠪᠠ ᠭᠠᠴᠠᠭᠠᠨ ᠳᠤ | ᠰᠠᠭᠤᠭ᠎ᠠ ᠠᠵᠢᠯᠯᠠᠬᠤ ᠠᠩᠭᠢ ᠤᠯᠠᠨ ᠤᠳᠠᠭ᠎ᠠ ᠲᠡᠭᠡᠳᠤ ᠱᠠᠳᠤᠨ ᠤ ᠬᠤᠯᠪᠤᠬᠳᠠᠯ ᠪᠦᠭᠦᠢ ᠰᠠᠯᠠᠭ᠎ᠠ ᠮᠦᠴᠢᠷ ᠲᠠᠢ | ᠬᠠᠷᠢᠯᠴᠠᠬᠤ ᠪᠠᠷ ᠲᠠᠮᠵᠢᠭᠠᠳ ᠲᠡᠳᠡᠨ ᠳᠤ ᠶᠠᠳᠠᠭᠤ ᠭᠦᠴᠢᠷᠳᠠᠯᠳᠠᠢ ᠭᠦᠮᠦᠨ ᠠᠮᠠ ᠶᠢᠨ ᠡᠮ ᠡᠮᠨᠡᠯᠭᠡ ᠶᠢᠨ | ᠲᠤᠰᠠᠯᠠᠮᠵᠢ ᠭᠤᠶᠤᠴᠢᠯᠠᠨ ᠮᠡᠳᠡᠭᠦᠯᠵᠤ᠂ ᠦᠨ᠎ᠠ ᠳᠦᠯᠦᠪᠦᠷᠢ ᠦᠭᠡᠢ ᠪᠠᠷ ᠪᠡᠶ᠎ᠠ ᠶᠢᠨ ᠪᠠᠶᠢᠴᠠᠭᠠᠯᠳᠠ ᠭᠢᠯᠭᠡᠵᠤ᠂ ᠡᠮ | ᠡᠮᠨᠡᠯᠭᠡ ᠶᠢᠨ ᠵᠠᠷᠤᠳᠠᠯ ᠢ ᠲᠠᠩᠰᠡᠨ ᠠᠴᠠ ᠲᠠᠶᠢᠯᠬᠤ ᠬᠠᠷᠢᠴᠠᠯ ᠢ ᠨᠡᠮᠡᠭᠳᠡᠭᠦᠯᠵᠤ᠂ ᠲᠡᠳᠡᠨᠡᠶᠢᠭᠢᠨ ᠤ ᠡᠮ ᠡᠮᠨᠡᠯᠭᠡ ᠶᠢᠨ | ᠵᠠᠷᠤᠳᠠᠯ ᠤᠨ ᠲᠠᠷᠤᠭᠠᠰᠤ ᠶᠢ ᠶᠡᠭᠡ ᠪᠠᠷ ᠪᠠᠭᠠᠰᠬᠠᠪᠠ᠃ | ᠦᠨᠳᠦᠰᠦᠨ ᠪᠠᠳᠤᠯᠠᠭ᠎ᠠ ᠶᠢᠨ ᠬᠠᠪᠰᠤᠷᠤᠯᠭ᠎ᠠ ᠲᠡᠮᠵᠢᠯᠭᠡ ᠨᠢ ᠡᠷᠳᠡᠨᠢᠴᠤᠬᠳᠤ ᠶᠢᠨ ᠬᠢᠨ ᠢ ᠶᠠᠳᠠᠭᠤ ᠠᠴᠠ | ᠠᠩᠭᠢᠵᠢᠷᠠᠭᠤᠯᠬᠤ ᠳᠤ ᠪᠡᠷᠭᠡ ᠪᠠᠶᠢᠵᠤ᠂ ᠲᠡᠳᠡᠨᠡᠶᠢᠭᠢᠨ ᠢ ᠲᠤᠬᠳᠠᠬᠰᠠᠨ ᠤᠷᠤᠯᠭ᠎ᠠ ᠲᠠᠢ ᠪᠠᠶᠢᠯᠭᠠᠬᠤ ᠭᠡᠷᠡᠭᠳᠡᠢ | ᠪᠠᠶᠢᠪᠠ᠃ ᠡᠭᠦᠨᠴᠢᠯᠠᠨ ᠬᠠᠪᠰᠤᠷᠤᠨ ᠲᠡᠳᠭᠦᠭᠦ ᠬᠠᠷᠢᠭᠤᠴᠠᠯᠭᠠᠳᠠᠨ ᠪᠠ ᠭᠠᠴᠠᠭᠠᠨ ᠳᠤ ᠰᠠᠭᠤᠨ ᠠᠵᠢᠯᠯᠠᠬᠤ | ᠠᠩᠭᠢ ᠶᠢᠨ ᠴᠢᠷᠮᠠᠶᠢᠯᠠᠭ᠎ᠠ ᠲᠤᠤᠷ᠎ᠠ ᠲᠡᠭᠦᠨ ᠳᠤ ᠪᠠᠶᠠᠨ᠊ᠠᠪᠤᠭᠠ ᠭᠠᠴᠠᠭᠠᠨ ᠤ ᠵᠠᠰᠠᠮᠠᠯ ᠵᠠᠮ ᠲᠠᠭᠠᠤ ᠤᠷᠴᠢᠨ | ᠲᠤᠭᠤᠷᠢᠨ ᠤ ᠡᠷᠡᠭᠦᠯ ᠬᠠᠮᠠᠭᠠᠯᠠᠯ ᠢ ᠴᠡᠪᠡᠷᠯᠡᠭᠦ ᠠᠵᠢᠯ ᠲᠤᠭᠢᠷᠠᠭᠤᠯᠪᠠ︔ ᠤᠰᠤ ᠴᠠᠭᠢᠯᠭᠠᠨ ᠤ ᠨᠦᠭᠦᠴᠡᠯ ᠢ | ᠦᠭᠡᠷᠡᠴᠢᠯᠠᠨ ᠰᠠᠶᠢᠵᠢᠷᠠᠭᠤᠯᠬᠤ ᠪᠠᠷ ᠲᠠᠮᠵᠢᠨ ᠠᠬ᠎ᠠ ᠲᠠᠢ ᠪᠠᠨ ᠬᠠᠮᠳᠤ ᠲᠠᠷᠢᠶᠠᠯᠠᠵᠤ ᠪᠠᠶᠢᠬᠰᠠᠨ ᠲᠠᠷᠢᠶᠠᠨ | ᠭᠠᠵᠠᠷ ᠠᠴᠠ ᠡᠷᠳᠡᠨᠢᠴᠤᠬᠳᠤ ᠳᠤ 40 ᠮᠦ ᠲᠠᠷᠢᠶᠠᠨ ᠭᠠᠵᠠᠷ ᠨᠡᠮᠡᠨ ᠦᠭᠪᠠ︔ ᠠᠵᠤ ᠦᠢᠯᠡᠰ ᠢᠶᠠᠷ ᠬᠠᠪᠰᠤᠷᠤᠨ | ᠲᠡᠳᠭᠦᠭᠦ ᠲᠤᠰᠬᠠᠢ ᠲᠦᠷᠦᠯ ᠤᠨ ᠪᠠᠯᠠ ᠮᠦᠡᠭᠭᠦ ᠶᠢ ᠠᠰᠢᠬᠯᠠᠨ ᠨᠢᠭᠡ ᠭᠤᠷᠪᠠᠨ ᠭᠦᠷᠳᠦᠳᠦ ᠮᠠᠰᠢᠨ ᠬᠤᠳᠠᠯᠳᠤᠨ | ᠠᠪᠴᠤ ᠥᠭᠪᠡ︔ ᠨᠢᠭᠡ ᠰᠠᠭᠠᠯᠢ ᠶᠢᠨ ᠦᠨᠢᠶ᠎ᠠ᠂ 6 ᠰᠠᠭᠤᠷᠢ ᠡᠭᠡ ᠮᠠᠯ ᠬᠤᠳᠠᠯᠳᠤᠨ ᠠᠪᠴᠦ ᠦᠭᠪᠡ︔ | ᠬᠤᠯᠪᠤᠬᠳᠠᠯ ᠪᠦᠭᠦᠢ ᠰᠠᠯᠠᠭ᠎ᠠ ᠮᠦᠴᠢᠷ ᠲᠠᠢ ᠬᠠᠮᠵᠢᠯᠴᠠᠨ ᠲᠦᠷᠦᠯ ᠵᠦᠢᠯ ᠢᠶᠠᠷ ᠬᠠᠪᠰᠤᠷᠤᠨ ᠲᠡᠳᠭᠦᠭᠦ ᠠᠷᠭ᠎ᠠ | ᠭᠡᠯᠪᠠᠷᠢ ᠪᠠᠷ ᠨᠢᠭᠡ ᠬᠤᠷᠤᠭ᠎ᠠ ᠬᠠᠰᠢᠶ᠎ᠠ ᠪᠠᠷᠢᠵᠤ ᠥᠭᠪᠡ᠃ ᠡᠨᠡ ᠪᠦᠭᠦᠳᠠ ᠴᠢᠷᠮᠠᠶᠢᠯᠠᠭ᠎ᠠ ᠪᠠᠷ ᠲᠠᠮᠵᠢᠨ ᠬᠠᠪᠰᠤᠷᠤᠨ | ᠲᠡᠳᠭᠦᠭᠦ ᠬᠠᠷᠢᠭᠤᠴᠠᠯᠭᠠᠳᠠᠨ ᠪᠠ ᠭᠠᠴᠠᠭᠠᠨ ᠳᠤ ᠰᠠᠭᠤᠭ᠎ᠠ ᠠᠵᠢᠯᠯᠠᠬᠤ ᠠᠩᠭᠢ ᠡᠷᠳᠡᠨᠢᠴᠤᠬᠳᠤ ᠶᠢᠨ | ᠦᠢᠯᠡᠳᠪᠤᠷᠢᠯᠠᠯ ᠠᠮᠢᠳᠤᠷᠠᠯ ᠤᠨ ᠭᠦᠴᠢᠷᠳᠠᠯ ᠢ ᠰᠢᠢᠳᠪᠤᠷᠢᠯᠡᠭᠰᠡᠨ ᠮᠦᠷᠳᠡᠭᠡᠨ ᠬᠤᠶᠢᠰᠢᠳᠠ ᠶᠢᠨ ᠠᠮᠢᠳᠤᠷᠠᠯ ᠳᠤ | ᠪᠦᠷᠢᠨ ᠭᠦᠢᠴᠡᠳ ᠪᠠᠳᠤᠯᠠᠭ᠎ᠠ ᠤᠯᠭᠤᠬᠰᠠᠨ ᠪᠠᠶᠢᠨ᠎ᠠ᠃ | ᠤᠨᠢᠨ ᠲᠡᠭᠡᠷ᠎ᠠ ᠨᠢ ᠶᠠᠳᠠᠭᠤ ᠠᠴᠠ ᠠᠩᠭᠢᠵᠢᠷᠠᠭᠤᠯᠬᠤ ᠲᠦᠯᠦᠪᠯᠡᠭᠡ᠂ ᠬᠠᠪᠰᠤᠷᠤᠨ ᠲᠡᠳᠭᠦᠭᠦ ᠢᠵᠢ ᠲᠦᠭᠦᠷ | ᠠᠷᠭ᠎ᠠ ᠪᠠᠷᠢᠯ᠂ ᠤᠯᠠᠭᠠᠨᠳᠤᠯᠤᠭᠠᠢ ᠪᠠᠯᠭᠠᠰᠤ ᠶᠢᠨ ︽ᠨᠢᠭᠡ ᠡᠷᠦᠭᠡ ᠳᠤ ᠨᠢᠭᠡ ᠲᠦᠷᠦ ᠶᠢᠨ ᠪᠤᠳᠤᠯᠭ᠎ᠠ ᠲᠠᠢ᠂ ᠨᠢᠭᠡ | ᠭᠦᠮᠦᠨ ᠳᠤ ᠨᠢᠭᠡ ᠠᠷᠭ᠎ᠠ ᠪᠠᠷᠢᠯ ᠲᠠᠢ︾ ᠬᠠᠪᠰᠤᠷᠤᠨ ᠲᠡᠳᠭᠦᠭᠦ ᠭᠡᠪ ᠵᠠᠬᠪᠤᠷ ᠨᠢ ᠶᠠᠳᠠᠭᠤ ᠭᠦᠴᠢᠷᠳᠠᠯᠳᠠᠢ | ᠡᠷᠦᠭᠡ ᠶᠢᠨ ᠪᠤᠳᠠᠳᠤ ᠪᠠᠶᠢᠳᠠᠯ ᠳᠤ ᠲᠤᠭᠢᠷᠠᠬᠰᠠᠨ ︽ᠶᠠᠳᠠᠭᠤ ᠠᠴᠠ ᠠᠩᠭᠢᠵᠢᠷᠠᠭᠤᠯᠬᠤ ᠲᠦᠯᠦᠪᠯᠡᠭᠡ︾ | ᠲᠤᠬᠳᠠᠭᠠᠵᠤ᠂ ᠦᠯᠠᠮᠵᠢᠭᠡᠨ ᠠᠮᠵᠢᠯᠳᠠ ᠪᠦᠳᠦᠮᠵᠢ ᠤᠯᠤᠬᠰᠠᠨ ᠮᠦᠷᠳᠡᠭᠡᠨ ᠶᠠᠳᠠᠭᠤ ᠭᠦᠴᠢᠷᠳᠠᠯᠳᠠᠢ ᠡᠷᠦᠭᠡ ᠶᠢᠨ | ᠤᠨᠢᠨ ᠳᠤᠨᠢ ᠲᠠᠭᠠᠷᠠᠭᠤᠯᠬᠤ᠂ ᠶᠠᠳᠠᠭᠤ ᠶᠢ ᠲᠡᠳᠭᠦᠭᠦ ᠠᠷᠭ᠎ᠠ ᠪᠠᠷᠢᠯ ᠢ ᠤᠨᠢᠨ ᠳᠤᠨᠢ ᠲᠠᠭᠠᠷᠠᠭᠤᠯᠬᠤ᠂ ᠶᠠᠳᠠᠭᠤ ᠶᠢ | ᠲᠡᠳᠭᠦᠭᠦ ᠦᠷ᠎ᠠ ᠪᠦᠳᠦᠮᠵᠢ ᠶᠢ ᠤᠨᠢᠨ ᠳᠤᠨᠢ ᠲᠠᠭᠠᠷᠠᠭᠤᠯᠬᠤ ᠶᠢ ᠦᠨᠠᠨ ᠭᠦ ᠪᠡᠶᠡᠯᠡᠭᠦᠯᠵᠤ᠂ ᠦᠨᠠᠨ ᠶᠠᠳᠠᠭᠤ ᠶᠢ | ᠲᠡᠳᠭᠦᠭᠦ᠂ ᠶᠠᠳᠠᠭᠤ ᠶᠢ ᠦᠨᠠᠨ ᠭᠦ ᠲᠡᠳᠭᠦᠭᠦ ᠶᠢ ᠪᠡᠶᠡᠯᠡᠭᠦᠯᠦᠭᠰᠡᠨ ᠪᠠᠶᠢᠨ᠎ᠠ᠃ |