ᠳᠤᠮᠳᠠᠳᠤ ᠤᠯᠤᠰ ᠤᠨ ᠮᠣᠩᠭᠤᠯ ᠷᠠᠳᠢᠣ᠋ ᠰᠦᠯᠵᠢᠶ᠎ᠡ ᠶᠢᠨ ᠮᠡᠳᠡᠭᠡ ᠤᠯᠤᠰ ᠤᠨ ᠲᠡᠷᠢᠬᠦᠯᠡᠭᠴᠢ ᠰᠢ ᠶᠢᠨ | ᠫᠢᠩ 2018 ᠤᠨ ᠤ 11 ᠰᠠᠷ᠎ᠠ ᠶᠢᠨ 15 ᠠᠴᠠ 21 ᠤ ᠡᠳᠤᠷ ᠪᠤᠯᠳᠠᠯ᠎ᠠ᠂ ᠠᠽᠢᠶ᠎ᠠ ᠨᠤᠮᠤᠬᠠᠨ ᠲᠠᠯᠠᠢ ᠶᠢᠨ | ᠤᠷᠤᠨ ᠤ ᠠᠵᠤ ᠠᠬᠤᠢ ᠶᠢᠨ ᠬᠠᠮᠳᠤ ᠶᠢᠨ ᠠᠵᠢᠯᠯᠠᠭᠠᠨ ᠤ ᠪᠠᠶᠢᠭᠤᠯᠭ᠎ᠠ ᠶᠢᠨ ᠬᠤᠷᠢᠨ ᠵᠢᠷᠭᠤᠳᠤᠭᠠᠷ ᠤᠳᠠᠭᠠᠨ ᠤ | ᠤᠳᠤᠷᠢᠳᠬᠤ ᠬᠦᠮᠦᠰ ᠤᠨ ᠠᠯᠪᠡᠨ ᠶᠤᠰᠤᠨ ᠤ ᠪᠤᠰᠤ ᠬᠤᠷᠠᠯ ᠳᠤ ᠤᠷᠤᠯᠴᠠᠵᠤ᠂ ᠫᠠᠫᠦ᠋ᠶᠠ ᠰᠢᠨ᠎ᠡ ᠬᠢᠨᠢᠶᠠ᠂ | ᠪᠷᠦ᠋ᠨ᠋ᠸᠢ᠂ ᠹᠢᠯᠢᠫᠢᠨ ᠳᠤ ᠲᠦᠷᠦ ᠶᠢᠨ ᠠᠶᠢᠯᠴᠢᠯᠡᠯᠳᠡ ᠬᠢᠭᠰᠡᠨ ᠤ ᠬᠠᠮᠳᠤ ᠫᠠᠫᠦ᠋ᠶᠠ ᠰᠢᠨ᠎ᠡ ᠬᠢᠨᠢᠶᠠ ᠳᠤ ᠲᠤᠮᠳᠠᠳᠤ | ᠤᠯᠤᠰ ᠲᠠᠢ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠨᠤᠮᠤᠬᠠᠨ ᠲᠠᠯᠠᠢ ᠶᠢᠨ ᠠᠷᠠᠯᠳᠤ ᠤᠯᠤᠰ ᠤᠳ ᠤᠨ | ᠤᠳᠤᠷᠢᠳᠬᠤ ᠬᠦᠮᠦᠰ ᠲᠠᠢ ᠠᠭᠤᠯᠵᠠᠯᠳᠠ ᠬᠢᠯ᠎ᠠ᠃ | ᠲᠡᠷᠢᠬᠦᠯᠡᠭᠴᠢ ᠰᠢ ᠶᠢᠨ ᠫᠢᠩ ᠡᠨᠡ ᠤᠳᠠᠭᠠᠨ ᠤ ᠠᠶᠢᠯᠴᠢᠯᠡᠯᠳᠡ ᠶᠢᠨ ᠬᠤᠭᠤᠴᠠᠭᠠᠨ ᠳᠤ ᠠᠽᠢᠶ᠎ᠠ ᠨᠤᠮᠤᠬᠠᠨ | ᠲᠠᠯᠠᠢ ᠶᠢᠨ ᠤᠷᠤᠨ ᠤ ᠠᠵᠤ ᠠᠬᠤᠢ ᠶᠢᠨ ᠬᠠᠮᠳᠤ ᠶᠢᠨ ᠠᠵᠢᠯᠯᠠᠭᠠᠨ ᠤ ᠪᠠᠶᠢᠭᠤᠯᠭ᠎ᠠ ᠶᠢᠨ ᠬᠡᠰᠢᠬᠦᠨ | ᠤᠯᠤᠰ ᠤᠳ ᠲᠠᠢ ᠬᠠᠮᠳᠤᠪᠡᠷ ᠪᠦᠰᠡ ᠨᠤᠳᠤᠭ ᠤᠨ ᠠᠵᠤ ᠠᠬᠤᠢ ᠶᠢᠨ ᠨᠢᠬᠡ ᠴᠤᠭᠴᠠᠴᠢᠯᠠᠯᠳᠠ ᠶᠢᠨ ᠠᠷᠭ᠎ᠠ | ᠬᠡᠮᠵᠢᠶᠠᠨ ᠤ ᠲᠤᠬᠠᠢ ᠵᠦᠪᠳᠡᠯᠴᠡᠵᠦ᠂ ᠵᠡᠬᠦᠨ ᠡᠮᠦᠨᠡᠳᠤ ᠠᠽᠢᠶ᠎ᠠ ᠶᠢᠨ ᠬᠦᠷᠰᠢ ᠵᠡᠷᠭᠡᠯᠡᠳᠡᠭᠡ ᠤᠯᠤᠰ ᠤᠳ ᠲᠠᠢ | ᠬᠠᠮᠳᠤ ᠪᠠᠶᠢᠯᠳᠤᠬᠤ ᠪᠤᠳᠤᠯᠭ᠎ᠠ ᠶᠢᠨ ᠬᠠᠮᠳᠤ ᠶᠢᠨ ᠠᠵᠢᠯᠯᠠᠭᠠᠨ ᠤ ᠪᠠᠶᠢᠷᠢᠯᠠᠭᠤᠯᠤᠯᠳᠡ ᠶᠢ ᠰᠦᠪᠡᠭᠴᠢᠯᠡᠵᠦ᠂ | ᠨᠤᠮᠤᠬᠠᠨ ᠲᠠᠯᠠᠢ ᠶᠢᠨ ᠠᠷᠠᠯᠳᠤ ᠤᠯᠤᠰ ᠤᠳ ᠲᠠᠢ ᠬᠠᠮᠳᠤᠪᠡᠷ ᠲᠤᠭᠳᠠᠪᠤᠷᠢᠲᠠᠢ ᠬᠦᠭᠵᠢᠯᠳᠡ ᠶᠢᠨ ᠬᠡᠳᠦ ᠶᠢᠨ | ᠲᠦᠯᠦᠪ ᠢ ᠵᠢᠷᠤᠭᠯᠠᠭᠰᠠᠨ ᠪᠠᠶᠢᠨ᠎ᠠ᠃ ᠬᠠᠮᠳᠤ ᠶᠢᠨ ᠬᠦᠭᠵᠢᠯᠳᠡ ᠲᠠᠪᠰᠢᠯᠳᠠ ᠶᠢ ᠪᠡᠶᠡᠯᠡᠬᠦᠯᠬᠦ ᠶᠢᠨ ᠲᠦᠯᠦᠬᠡ ᠨᠡᠩ | ᠤᠯᠠᠨ ᠵᠦᠢᠯ ᠳᠤ ᠲᠠᠨᠢᠯᠳᠡ ᠨᠢᠬᠡᠳᠦᠨ᠂ ᠨᠡᠩ ᠬᠦᠴᠦᠷᠭᠡᠭ ᠬᠦᠳᠡᠯᠭᠡᠭᠴᠢ ᠬᠦᠴᠦ ᠶᠢ ᠨᠡᠮᠡᠷᠢᠯᠡᠭᠰᠡᠨ ᠪᠠᠶᠢᠨ᠎ᠠ᠃ | ᠲᠤᠳᠤᠭᠠᠳᠤ ᠭᠠᠳᠠᠭᠠᠳᠤ ᠶᠢᠨ ᠬᠡᠪᠯᠡᠯ ᠮᠡᠳᠡᠭᠡᠯᠡᠯ ᠤᠨ ᠬᠢᠨ ᠦᠵᠡᠬᠦ ᠳᠡᠭᠡᠨ᠂ ᠠᠷᠠᠯᠵᠢᠶ᠎ᠠ ᠪᠠᠨ ᠬᠠᠮᠠᠭᠠᠯᠠᠬᠤ ᠦᠵᠡᠯ᠂ | ᠭᠠᠭᠴᠠ ᠲᠠᠯᠠᠳᠤ ᠦᠵᠡᠯ᠂ ᠤᠯᠤᠰ ᠲᠦᠷᠦ ᠶᠢᠨ ᠡᠵᠡᠷᠭᠡᠭ ᠦᠵᠡᠯ ᠭᠠᠵᠠᠷ ᠠᠪᠴᠦ ᠪᠠᠶᠢᠭ᠎ᠠ ᠤᠯᠠᠨ ᠤᠯᠤᠰ ᠤᠨ | ᠠᠬᠤᠢ ᠪᠠᠶᠢᠳᠡᠯ ᠳᠤ ᠲᠤᠮᠳᠠᠳᠤ ᠤᠯᠤᠰ ᠢᠮᠠᠭᠳᠠ ᠬᠤᠶᠠᠷ ᠲᠠᠯ᠎ᠠ ᠪᠠᠷ ᠢᠶᠠᠨ ᠠᠮᠵᠢᠯᠳᠡ ᠳᠤ ᠬᠦᠷᠬᠦ᠂ ᠤᠯᠠᠨ | ᠲᠠᠯ᠎ᠠ ᠪᠠᠷ ᠢᠶᠠᠨ ᠠᠮᠵᠢᠯᠳᠡ ᠳᠤ ᠬᠦᠷᠬᠦ᠂ ᠬᠠᠮᠳᠤᠪᠡᠷ ᠠᠮᠵᠢᠯᠳᠡ ᠳᠤ ᠬᠦᠷᠬᠦ ᠶᠢ ᠪᠠᠷᠢᠮᠳᠠᠯᠠᠵᠤ᠂ ᠬᠠᠮᠳᠤᠪᠡᠷ | ᠵᠦᠪᠳᠡᠯᠴᠡᠨ ᠬᠠᠮᠳᠤᠪᠡᠷ ᠪᠠᠶᠢᠭᠤᠯᠤᠨ ᠬᠠᠮᠳᠤᠪᠡᠷ ᠡᠳ᠋ᠯᠡᠬᠦ ᠶᠢ ᠪᠠᠷᠢᠮᠳᠠᠯᠠᠵᠤ ᠪᠠᠶᠢᠭ᠎ᠠ ᠨᠢ ᠪᠦᠳᠦᠭᠡᠯᠴᠢ ᠴᠢᠨᠡᠷ ᠲᠠᠢ᠂ | ᠬᠠᠷᠢᠭᠤᠴᠠᠯᠭᠠᠳᠤ ᠤᠪᠤᠷ ᠲᠠᠢ ᠪᠦᠭᠡᠳ ᠵᠢᠷᠤᠮ ᠢ ᠲᠡᠭᠡᠳᠦᠯᠡᠳᠡᠭ ᠲᠤᠮᠤ ᠤᠯᠤᠰ ᠤᠨ ᠲᠦᠷᠢ ᠲᠦᠷᠬᠦ ᠶᠢ | ᠬᠠᠷᠠᠭᠤᠯᠤᠭᠰᠠᠨ ᠪᠠᠶᠢᠨ᠎ᠠ ᠬᠡᠵᠠᠢ᠃ | ᠲᠡᠷᠢᠬᠦᠯᠡᠭᠴᠢ ᠰᠢ ᠶᠢᠨ ᠫᠢᠩ ᠲᠤᠰ ᠤᠳᠠᠭᠠᠨ ᠤ ᠠᠽᠢᠶ᠎ᠠ ᠨᠤᠮᠤᠬᠠᠨ ᠲᠠᠯᠠᠢ ᠶᠢᠨ ᠤᠷᠤᠨ ᠤ ᠠᠵᠤ | ᠠᠬᠤᠢ ᠶᠢᠨ ᠬᠠᠮᠳᠤ ᠶᠢᠨ ᠠᠵᠢᠯᠯᠠᠭᠠᠨ ᠤ ᠪᠠᠶᠢᠭᠤᠯᠭ᠎ᠠ ᠶᠢᠨ ᠬᠤᠷᠠᠯ ᠳᠤ ᠤᠷᠤᠯᠴᠠᠬᠤ ᠬᠤᠭᠤᠴᠠᠭᠠᠨ ᠳᠠᠭᠠᠨ᠂ | ᠲᠡᠯᠡᠬᠡᠢ ᠳ᠋ᠠᠬᠢᠨ ᠪᠤᠯᠤᠨ ᠠᠽᠢᠶ᠎ᠠ ᠨᠤᠮᠤᠬᠠᠨ ᠲᠠᠯᠠᠢ ᠶᠢᠨ ᠤᠷᠤᠨ ᠤ ᠠᠵᠤ ᠠᠬᠤᠢ ᠶᠢᠨ ᠬᠦᠭᠵᠢᠯᠳᠡ ᠪᠠ ᠬᠠᠮᠳᠤ ᠶᠢᠨ | ᠠᠵᠢᠯᠯᠠᠭᠠᠨ ᠤ ᠲᠤᠬᠠᠢ ᠲᠤᠮᠳᠠᠳᠤ ᠤᠯᠤᠰ ᠤᠨ ᠲᠦᠰᠦᠯ ᠢ ᠬᠠᠩᠭᠠᠵᠤ᠂ ᠲᠤᠮᠳᠠᠳᠤ ᠤᠯᠤᠰ ᠤᠨ ᠤᠶᠤᠨ | ᠤᠬᠠᠭᠠᠨ ᠢ ᠨᠡᠮᠡᠷᠢᠯᠡᠭᠰᠡᠨ ᠢᠶᠠᠷ ᠲᠡᠯᠡᠬᠡᠢ ᠨᠡᠶᠢᠳᠡ ᠶᠢᠨ ᠲᠡᠭᠡᠳᠤ ᠬᠡᠮᠵᠢᠶᠠᠨ ᠤ ᠠᠩᠬᠠᠷᠤᠯ ᠢ ᠲᠠᠳᠠᠵᠤ᠂ ᠬᠠᠯᠠᠭᠤᠨ | ᠲᠤᠰᠬᠠᠯ ᠭᠠᠷᠭᠠᠭᠰᠠᠨ ᠪᠠᠶᠢᠨ᠎ᠠ᠃ | ᠳᠡᠷᠢᠬᠦᠯᠡᠭᠴᠢ ᠰᠢ ᠶᠢᠨ ᠫᠢᠩ ᠳᠡᠯᠡᠬᠡᠢ ᠶᠢᠨ ᠬᠦᠭᠵᠢᠯ ᠪᠤᠯᠤᠨ ᠴᠠᠭ ᠡᠷᠡᠨ ᠤ ᠳᠠᠪᠰᠢᠯᠳᠠ ᠶᠢᠨ | ᠬᠠᠷᠠᠭᠠᠰᠤ ᠪᠠᠷ ᠳᠡᠯᠡᠬᠡᠢ ᠶᠢᠨ ᠤᠯᠤᠰ ᠤᠷᠤᠨ ᠪᠦᠬᠦᠨ ᠴᠦᠮ ᠡᠷᠬᠡ ᠳᠡᠭᠰᠢ ᠬᠦᠭᠵᠢᠬᠦ ᠡᠷᠬᠡ ᠲᠠᠢ᠂ ᠬᠦᠭᠵᠢᠵᠦ | ᠪᠠᠶᠢᠭ᠎ᠠ ᠤᠯᠤᠰ ᠤᠳ ᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠬᠤ ᠬᠦᠰᠡᠯ ᠬᠦᠬᠡᠬᠡᠴᠡᠯᠳᠦᠯ ᠢ ᠶᠠᠮᠠᠷ ᠴᠤ | ᠬᠦᠮᠦᠨ ᠬᠡᠳ ᠬᠠᠷᠰᠢᠯᠠᠬᠤ ᠡᠷᠬᠡ ᠪᠠᠶᠢᠬᠤ ᠦᠬᠡᠢ ᠪᠦᠬᠡᠳ ᠬᠠᠷᠰᠢᠯᠠᠵᠤ ᠴᠤ ᠳᠡᠶᠢᠯᠬᠦ ᠦᠬᠡᠢ ᠬᠡᠵᠦ | ᠴᠢᠬᠤᠯᠠᠴᠢᠯᠠᠯ᠎ᠠ᠃ ᠳᠡᠷᠡ ᠪᠠᠰᠠ ᠬᠦᠭᠵᠢᠯ ᠤᠨ ᠳᠠᠯ᠎ᠠ ᠶᠢᠨ ᠬᠠᠮᠳᠤ ᠶᠢᠨ ᠠᠵᠢᠯᠯᠠᠭ᠎ᠠ ᠪᠠᠨ ᠴᠢᠩᠭᠠᠳᠬᠠᠵᠤ᠂ ᠠᠯᠢᠪᠠ | ᠤᠯᠤᠰ ᠤᠷᠤᠨ ᠤ ᠠᠷᠠᠳ ᠲᠦᠮᠡᠨ ᠢ ᠴᠦᠮ ᠰᠠᠶᠢᠨ ᠰᠠᠶᠢᠬᠠᠨ ᠠᠮᠢᠳᠤᠷᠠᠭᠤᠯᠬᠤ ᠶᠤᠰᠤᠳᠠᠢ᠂ ᠡᠨᠡ ᠪᠤᠯ | ᠬᠠᠮᠤᠭ ᠤᠨ ᠲᠦᠪ ᠭᠤᠤᠯᠴᠢ ᠶᠠᠪᠤᠳᠠᠯ ᠶᠤᠮ ᠬᠡᠵᠦ ᠵᠢᠭᠠᠭᠰᠠᠨ ᠪᠠᠶᠢᠨ᠎ᠠ᠃ | ᠳᠡᠷᠢᠬᠦᠯᠡᠭᠴᠢ ᠰᠢ ᠶᠢᠨ ᠫᠢᠩ ᠤᠨ ᠳᠤᠷᠠᠳᠤᠭᠰᠠᠨ ᠰᠠᠨᠠᠭᠠᠴᠢᠯᠠᠭ᠎ᠠ ᠵᠤᠷᠢᠯᠳᠠ ᠶᠢ ᠬᠤᠷᠠᠯ ᠳᠤ ᠤᠷᠤᠯᠴᠠᠭᠰᠠᠨ | ᠠᠵᠤ ᠠᠬᠤᠢ ᠶᠢᠨ ᠴᠤᠭᠴᠠ ᠶᠢᠨ ᠤᠳᠤᠷᠢᠳᠬᠤ ᠬᠦᠮᠦᠰ ᠢᠳᠡᠪᠬᠢᠳᠡᠢ ᠴᠤᠤᠷᠢᠶᠠᠳᠤᠵᠤ᠂ ᠤᠨᠴᠠ ᠵᠠᠷᠢᠮ ᠬᠡᠰᠢᠬᠦᠳ | ᠳᠡᠯᠡᠬᠡᠢ ᠶᠢᠨ ᠠᠷᠠᠯᠵᠢᠶᠠᠨ ᠤ ᠪᠠᠶᠢᠭᠤᠯᠭ᠎ᠠ ᠶᠢᠨ ᠭᠤᠤᠯ ᠦᠷᠳᠡᠭ ᠪᠤᠯᠤᠨ ᠦᠨᠳᠦᠰᠦᠨ ᠵᠠᠷᠴᠢᠮ ᠢ ᠵᠤᠷᠢᠭᠤᠳᠠ | ᠡᠪᠳᠡᠵᠦ᠂ ᠭᠠᠭᠴᠠ ᠳᠠᠯ᠎ᠠ ᠶᠢᠨ ᠵᠤᠷᠢᠯᠳᠠ ᠪᠠᠨ ᠪᠤᠰᠤᠳ ᠲᠤ ᠠᠯᠪᠠ ᠪᠠᠷ ᠳᠤᠬᠤᠵᠤ ᠪᠠᠶᠢᠬᠤ ᠶᠠᠪᠤᠳᠠᠯ ᠳᠤ | ᠴᠢᠭᠯᠡᠬᠦᠯᠦᠨ ᠳᠤᠮᠳᠠᠳᠤ ᠤᠯᠤᠰ ᠵᠠᠷᠴᠢᠮ ᠢ ᠪᠠᠷᠢᠮᠳᠠᠯᠠᠨ᠂ ᠭᠤᠤᠯᠯᠠᠬᠤ ᠬᠦᠴᠦ ᠪᠤᠯᠵᠤ᠂ ᠡᠯ᠎ᠡ ᠳᠠᠯ᠎ᠠ ᠲᠠᠢ | ᠦᠷᠬᠡᠨ ᠢᠶᠠᠷ ᠤᠶᠢᠯᠠᠭᠠᠯᠴᠠᠨ ᠵᠦᠪᠰᠢᠯᠴᠡᠵᠦ᠂ ᠲᠦᠪ ᠭᠤᠤᠯᠴᠢ ᠪᠠᠶᠢᠬᠤ ᠶᠢ ᠡᠷᠬᠢᠮᠯᠡᠵᠦ᠂ ᠪᠤᠰᠤᠳ ᠳᠠᠯ᠎ᠠ ᠲᠠᠢ | ᠬᠠᠮᠳᠤᠪᠠᠷ ᠲᠦᠷᠢᠮ ᠭᠤᠷᠢᠮ ᠢᠶᠠᠷ ᠰᠠᠭᠤᠷᠢ ᠪᠤᠯᠭᠠᠭᠰᠠᠨ ᠤᠯᠠᠨ ᠳᠠᠯᠠᠳᠤ ᠠᠷᠠᠯᠵᠢᠶᠠᠨ ᠤ ᠳᠤᠭᠳᠠᠴᠠ ᠶᠢ ᠡᠷᠡᠰ | ᠬᠠᠮᠠᠭᠠᠯᠠᠵᠤ᠂ ᠠᠽᠢᠶ᠎ᠠ ᠨᠤᠮᠤᠬᠠᠨ ᠳᠠᠯᠠᠢ ᠶᠢᠨ ᠤᠷᠤᠨ ᠤ ᠤᠯᠤᠰ ᠤᠳ ᠤᠨ ᠠᠵᠤ ᠠᠬᠤᠢ ᠶᠢᠨ ᠬᠠᠮᠳᠤ ᠶᠢᠨ | ᠠᠵᠢᠯᠯᠠᠭᠠᠨ ᠤ ᠪᠠᠶᠢᠭᠤᠯᠭ᠎ᠠ ᠶᠢᠨ ᠰᠡᠳᠬᠢᠯ ᠨᠢᠬᠡᠳᠦᠨ ᠵᠦᠪᠳᠡᠯᠴᠡᠬᠦ ᠤᠯᠠᠮᠵᠢᠯᠠᠯ ᠢ ᠬᠠᠮᠠᠭᠠᠯᠠᠵᠤ᠂ ᠪᠦᠬᠦ | ᠬᠡᠰᠢᠬᠦᠳ ᠤᠨ ᠬᠠᠮᠳᠤ ᠶᠢᠨ ᠠᠰᠢᠭ ᠳᠤᠰᠠ ᠶᠢ ᠬᠠᠮᠠᠭᠠᠯᠠᠯ᠎ᠠ ᠬᠡᠵᠦ ᠦᠵᠡᠭᠰᠡᠨ ᠪᠠᠶᠢᠨ᠎ᠠ᠃ | ᠬᠤᠷᠠᠯ ᠤᠨ ᠬᠤᠭᠤᠴᠠᠭᠠᠨ ᠳᠤ ᠳᠡᠷᠢᠬᠦᠯᠡᠭᠴᠢ ᠰᠢ ᠶᠢᠨ ᠫᠢᠩ ᠪᠠᠰᠠ ᠺᠤᠷᠢᠶᠠ ᠶᠢᠨ ᠶᠡᠷᠦᠩᠬᠡᠶᠢᠯᠡᠭᠴᠢ ᠮᠤᠨ | ᠽᠠᠢ ᠶᠢᠨ᠂ ᠢᠨᠳᠤᠨᠧᠰᠢᠶ᠎ᠠ ᠶᠢᠨ ᠶᠡᠷᠦᠩᠬᠡᠶᠢᠯᠡᠭᠴᠢ ᠽᠤᠺ᠂ ᠴᠢᠯᠢ ᠶᠢᠨ ᠶᠡᠷᠦᠩᠬᠡᠶᠢᠯᠡᠭᠴᠢ ᠫᠢᠨᠤᠯᠠ ᠲᠠᠢ | ᠠᠭᠤᠯᠵᠠᠭᠰᠠᠨ ᠪᠠᠶᠢᠨ᠎ᠠ᠃ ᠪᠷᠦ᠋ᠨ᠋ᠸᠢ ᠪᠤᠯᠤᠨ ᠹᠢᠯᠢᠫᠢᠨ ᠪᠤᠯ ᠳᠤᠮᠳᠠᠳᠤ ᠤᠯᠤᠰ ᠤᠨ ᠨᠦᠬᠦᠷᠰᠡᠭ ᠬᠦᠷᠰᠢ | ᠵᠡᠷᠭᠡᠯᠡᠳᠡᠭᠡ ᠤᠯᠤᠰ ᠪᠤᠯᠤᠨ᠎ᠠ᠃ ᠳᠡᠷᠢᠬᠦᠯᠡᠭᠴᠢ ᠰᠢ ᠶᠢᠨ ᠫᠢᠩ ᠡᠨᠡ ᠬᠤᠶᠠᠷ ᠤᠯᠤᠰ ᠲᠤ ᠠᠩᠬ᠎ᠠ ᠤᠳᠠᠭ᠎ᠠ | ᠠᠶᠢᠯᠴᠢᠯᠠᠭᠰᠠᠨ ᠨᠢ ᠳᠤᠮᠳᠠᠳᠤ ᠤᠯᠤᠰ ᠪᠤᠯᠤᠨ ᠪᠷᠦ᠋ᠨ᠋ᠸᠢ᠂ ᠳᠤᠮᠳᠠᠳᠤ ᠤᠯᠤᠰ ᠪᠤᠯᠤᠨ ᠹᠢᠯᠢᠫᠢᠨ ᠤ ᠬᠠᠷᠢᠯᠴᠠᠭᠠᠨ ᠤ | ᠬᠦᠭᠵᠢᠯ ᠳᠤ ᠴᠢᠬᠤᠯᠠ ᠠᠵᠠ ᠳᠤᠬᠢᠶᠠᠯ ᠪᠤᠯᠤᠭᠰᠠᠨ ᠶᠤᠮ᠃ | ᠳᠡᠷᠢᠬᠦᠯᠡᠭᠴᠢ ᠰᠢ ᠶᠢᠨ ᠫᠢᠩ ᠠᠩᠬ᠎ᠠ ᠤᠳᠠᠭ᠎ᠠ ᠫᠠᠫᠦ᠋ᠶᠠ ᠰᠢᠨ᠎ᠡ ᠬᠢᠨᠢᠶᠠ ᠳᠤ ᠠᠶᠢᠯᠴᠢᠯᠠᠭᠰᠠᠨ ᠤ ᠬᠠᠮᠳᠤ | ᠲᠦᠷᠪᠡᠨ ᠵᠢᠯ ᠤᠨ ᠳᠠᠷᠠᠭ᠎ᠠ ᠨᠤᠮᠤᠬᠠᠨ ᠳᠠᠯᠠᠢ ᠶᠢᠨ ᠠᠷᠠᠯᠳᠤ ᠤᠯᠤᠰ ᠤᠳ ᠤᠨ ᠤᠳᠤᠷᠢᠳᠬᠤ ᠬᠦᠮᠦᠰ ᠲᠠᠢ ᠳᠠᠬᠢᠨ | ᠠᠭᠤᠯᠵᠠᠯᠳᠠ ᠬᠢᠭᠰᠡᠨ ᠨᠢ ᠳᠤᠮᠳᠠᠳᠤ ᠤᠯᠤᠰ ᠪᠤᠯᠤᠨ ᠨᠤᠮᠤᠬᠠᠨ ᠳᠠᠯᠠᠢ ᠶᠢᠨ ᠠᠷᠠᠯᠳᠤ ᠤᠯᠤᠰ ᠤᠳ ᠤᠨ | ᠬᠠᠷᠢᠯᠴᠠᠭᠠᠨ ᠤ ᠬᠦᠭᠵᠢᠯ ᠳᠤ ᠪᠡᠯᠬᠡ ᠳᠡᠮᠳᠡᠭ ᠤᠨ ᠠᠴᠢ ᠬᠤᠯᠪᠤᠭᠳᠠᠯ ᠲᠠᠢ ᠶᠤᠮ᠃ ᠳᠤᠮᠳᠠᠳᠤ ᠤᠯᠤᠰ ᠭᠠᠳᠠᠭᠠᠳᠤ | ᠬᠠᠷᠢᠯᠴᠠᠭ᠎ᠠ ᠪᠠᠶᠢᠭᠤᠯᠤᠭᠰᠠᠨ ᠨᠣᠮᠣᠬᠠᠨ ᠳᠠᠯᠠᠢ ᠶᠢᠨ ᠡᠯ᠎ᠡ ᠠᠷᠠᠯᠲᠤ ᠤᠯᠤᠰ ᠲᠠᠢ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠪᠠᠶᠢᠭᠤᠯᠬᠤ ᠲᠤᠬᠠᠢ ᠬᠠᠮᠲᠤᠷᠠᠨ ᠠᠵᠢᠯᠯᠠᠬᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠵᠤ᠂ | ᠡᠭᠦᠨ ᠢᠶᠠᠷ ᠠᠵᠠ ᠲᠣᠬᠢᠶᠠᠯ ᠪᠣᠯᠭᠠᠵᠤ᠂ ᠡᠯ᠎ᠡ ᠴᠡᠷᠠᠭ᠎ᠠ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤ ᠶᠢᠨ | ᠠᠵᠢᠯᠯᠠᠭ᠎ᠠ ᠪᠠᠨ ᠭᠦᠨᠵᠡᠭᠡᠶᠢᠷᠡᠭᠦᠯᠵᠦ᠂ ᠬᠤᠶᠠᠷ ᠲᠠᠯ᠎ᠠ ᠶᠢᠨ ᠠᠷᠠᠯᠵᠢᠶ᠎ᠠ ᠶᠢ ᠨᠡᠩ ᠳᠥᠭᠦᠮ ᠳᠥᠲᠡ ᠪᠣᠯᠭᠠᠬᠤ ᠶᠢ | ᠲᠡᠷᠢᠭᠦᠯᠡᠭᠴᠢ ᠰᠢ ᠶᠢᠨ ᠫᠢᠩ ᠤᠷᠠᠶᠢᠯᠠᠭᠰᠠᠨ ᠪᠠᠶᠢᠨ᠎ᠠ᠃ | ᠲᠡᠷᠢᠭᠦᠯᠡᠭᠴᠢ ᠰᠢ ᠶᠢᠨ ᠫᠢᠩ ᠨᠣᠮᠣᠬᠠᠨ ᠳᠠᠯᠠᠢ ᠶᠢᠨ ᠠᠷᠠᠯᠲᠤ ᠤᠯᠤᠰ ᠤᠳ ᠤᠨ ᠠᠵᠤ ᠠᠬᠤᠢ ᠨᠡᠶᠢᠭᠡᠮ ᠤᠨ | ᠬᠥᠭᠵᠢᠯᠲᠡ ᠶᠢ ᠳᠡᠮᠵᠢᠬᠦ ᠠᠯᠢ ᠣᠯᠠᠨ ᠲᠥᠯᠥᠪᠯᠡᠭᠡ ᠶᠢ ᠨᠡᠶᠢᠲᠡᠯᠡᠭᠰᠡᠨ ᠪᠥᠭᠡᠳ ᠳᠤᠮᠳᠠᠳᠤ ᠤᠯᠤᠰ ᠡᠳᠡᠭᠡᠷ ᠠᠷᠠᠯᠲᠤ | ᠤᠯᠤᠰ ᠤᠳ ᠲᠠᠢ 60 ᠲᠥᠷᠥᠯ ᠤᠨ ᠬᠠᠮᠲᠤᠷᠠᠨ ᠠᠵᠢᠯᠯᠠᠬᠤ ᠬᠡᠯᠡᠯᠴᠡᠭᠡᠷ ᠲᠣᠬᠢᠷᠠᠯᠴᠠᠭᠰᠠᠨ ᠨᠢ ᠬᠤᠶᠠᠷ ᠲᠠᠯ᠎ᠠ ᠶᠢᠨ | ᠬᠠᠮᠲᠤ ᠶᠢᠨ ᠠᠵᠢᠯᠯᠠᠭᠠᠨ ᠤ ᠰᠠᠭᠤᠷᠢ ᠲᠠᠰᠤᠷᠠᠯᠲᠠ ᠦᠭᠡᠢ ᠥᠷᠭᠡᠳᠴᠦ ᠪᠠᠶᠢᠬᠤ ᠶᠢ ᠳᠠᠬᠢᠨ ᠭᠡᠷᠡᠴᠢᠯᠡᠭᠰᠡᠨ ᠪᠠᠶᠢᠨ᠎ᠠ | ᠃ | ᠲᠡᠷᠢᠭᠦᠯᠡᠭᠴᠢ ᠰᠢ ᠶᠢᠨ ᠫᠢᠩ ᠡᠨᠡ ᠤᠳᠠᠭᠠᠨ ᠤ ᠠᠶᠢᠯᠴᠢᠯᠠᠯᠲᠠ ᠶᠢ ᠠᠰᠢᠭᠯᠠᠨ᠂ ᠥᠭᠡᠷᠡᠴᠢᠯᠡᠯᠲᠡ | ᠬᠥᠭᠵᠢᠯᠲᠡ ᠶᠢᠨ ᠠᠷᠭ᠎ᠠ ᠪᠣᠳᠣᠯᠭ᠎ᠠ ᠪᠠᠨ ᠲᠣᠳᠣᠷᠬᠠᠶᠢᠯᠠᠨ ᠥᠭᠦᠯᠡᠵᠦ᠂ ᠳᠤᠮᠳᠠᠳᠤ ᠤᠯᠤᠰ ᠤᠨ ᠰᠢᠨ᠎ᠡ ᠨᠢᠭᠡ | ᠡᠭᠡᠯᠵᠢᠨ ᠤ ᠨᠡᠩ ᠥᠨᠳᠥᠷ ᠲᠦᠪᠰᠢᠨ ᠢᠶᠠᠷ ᠭᠠᠳᠠᠭᠠᠳᠤ ᠳᠤ ᠨᠡᠭᠡᠭᠡᠯᠲᠡ ᠬᠢᠬᠦ ᠰᠢᠢᠳᠪᠦᠷᠢ ᠵᠣᠷᠢᠭ ᠢᠶᠠᠨ ᠢᠯᠡᠳᠬᠡᠵᠦ | ᠂ ᠲᠥᠷᠥ ᠬᠥᠷᠥᠨ ᠢᠶᠠᠨ ᠵᠠᠰᠠᠬᠤ ᠲᠤᠷᠰᠢᠯᠭ᠎ᠠ ᠪᠠᠨ ᠰᠣᠯᠢᠯᠴᠠᠵᠤ᠂ ᠡᠯ᠎ᠡ ᠲᠠᠯ᠎ᠠ ᠶᠢ ᠳᠤᠮᠳᠠᠳᠤ ᠤᠯᠤᠰ ᠤᠨ | ᠬᠥᠭᠵᠢᠯᠲᠡ ᠶᠢᠨ ᠢᠷᠡᠭᠡᠳᠦᠢ ᠳᠤ ᠤᠯᠠᠮ ᠢᠲᠡᠭᠡᠯ ᠲᠠᠢ ᠪᠣᠯᠭᠠᠭᠰᠠᠨ ᠢᠶᠠᠷ ᠲᠡᠳᠡ ᠳᠤᠮᠳᠠᠳᠤ ᠤᠯᠤᠰ ᠤᠨ | ᠬᠥᠭᠵᠢᠯᠲᠡ ᠶᠢᠨ ᠲᠤᠬᠠᠢ ᠦᠵᠡᠯᠲᠡ ᠶᠢ ᠴᠢᠨᠠᠭᠰᠢᠳᠠ ᠬᠦᠯᠢᠶᠡᠨ ᠵᠥᠪᠰᠢᠶᠡᠷᠡᠵᠦ᠂ ᠳᠤᠮᠳᠠᠳᠤ ᠤᠯᠤᠰ ᠤᠨ | ᠬᠥᠭᠵᠢᠯᠲᠡ ᠶᠢᠨ ᠠᠵᠠ ᠲᠣᠬᠢᠶᠠᠯ ᠢ ᠤᠯᠠᠮ ᠬᠦᠰᠡᠨ ᠬᠦᠯᠢᠶᠡᠬᠦ ᠪᠣᠯᠣᠭᠰᠠᠨ ᠪᠠᠶᠢᠨ᠎ᠠ᠃ ᠲᠡᠷᠢᠭᠦᠯᠡᠭᠴᠢ ᠰᠢ ᠶᠢᠨ | ᠫᠢᠩ ᠢᠷᠡᠬᠦ ᠵᠢᠯ ᠳᠤ ᠪᠣᠯᠬᠤ ︽ᠨᠢᠭᠡ ᠪᠦᠰᠡ ᠨᠢᠭᠡ ᠵᠠᠮ︾ ᠤᠨ ᠣᠯᠠᠨ ᠤᠯᠤᠰ ᠤᠨ ᠬᠠᠮᠲᠤ ᠶᠢᠨ ᠠᠵᠢᠯᠯᠠᠭᠠᠨ ᠤ | ᠬᠤᠶᠠᠳᠤᠭᠠᠷ ᠬᠤᠭᠤᠴᠠᠭᠠᠨ ᠤ ᠳᠡᠭᠡᠳᠦ ᠲᠦᠪᠰᠢᠨ ᠤ ᠴᠢᠭᠤᠯᠭ᠎ᠠ ᠠᠭᠤᠯᠵᠠᠯᠲᠠ ᠪᠠ ᠳᠤᠮᠳᠠᠳᠤ ᠤᠯᠤᠰ ᠤᠨ | ᠭᠠᠳᠠᠭᠠᠳᠤ ᠠᠴᠠ ᠣᠷᠣᠭᠤᠯᠬᠤ ᠪᠠᠷᠠᠭ᠎ᠠ ᠪᠦᠲᠦᠭᠡᠭᠳᠡᠬᠦᠨ ᠤ ᠬᠤᠶᠠᠳᠤᠭᠠᠷ ᠬᠤᠭᠤᠴᠠᠭᠠᠨ ᠤ ᠦᠵᠡᠰᠬᠦᠯᠡᠩ ᠳᠤ | ᠬᠠᠮᠢᠶᠠᠲᠠᠢ ᠲᠠᠯ᠎ᠠ ᠶᠢᠨ ᠣᠷᠣᠯᠴᠠᠬᠤ ᠶᠢ ᠤᠭᠲᠤᠵᠤ ᠪᠠᠶᠢᠬᠤ ᠪᠠᠨ ᠢᠯᠡᠷᠬᠡᠶᠢᠯᠡᠵᠦ᠂ ᠡᠯ᠎ᠡ ᠤᠯᠤᠰ ᠣᠷᠣᠨ ᠲᠠᠢ | ᠬᠥᠭᠵᠢᠯᠲᠡ ᠶᠢᠨ ᠠᠵᠠ ᠲᠣᠬᠢᠶᠠᠯ ᠢ ᠬᠠᠮᠲᠤ ᠪᠠᠷ ᠡᠭᠦᠳᠴᠦ᠂ ᠬᠥᠭᠵᠢᠯᠲᠡ ᠶᠢᠨ ᠦᠷ᠎ᠡ ᠪᠦᠲᠦᠭᠡᠯ ᠢᠶᠠᠨ | ᠬᠠᠮᠲᠤ ᠪᠠᠷ ᠡᠳ᠋ᠯᠡᠬᠦ ᠳᠤᠷᠠᠲᠠᠢ ᠪᠠᠶᠢᠬᠤ ᠳᠤᠮᠳᠠᠳᠤ ᠤᠯᠤᠰ ᠤᠨ ᠡᠷᠡᠰ ᠪᠠᠲᠤ ᠢᠲᠡᠭᠡᠯ ᠵᠣᠷᠢᠭ ᠢᠶᠠᠨ ᠳᠠᠬᠢᠨ | ᠢᠯᠡᠳᠬᠡᠭᠰᠡᠨ ᠪᠠᠶᠢᠨ᠎ᠠ᠃ |