ᠥᠤᠰᠢᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠲᠤᠨ ︽ᠪᠥᠬᠦ ᠤᠯᠤᠰ ᠤᠨ ᠰᠢᠶᠡᠨ ᠤ | ᠲᠡᠰ ᠤᠨ ᠪᠤᠯᠪᠠᠰᠤᠨ ᠬᠤᠲᠠ ᠶᠢ ᠪᠠᠶᠢᠴᠠᠭᠠᠨ ᠥᠨᠡᠯᠡᠬᠦ ᠰᠢᠰᠲ᠋ᠧᠮ ᠤᠨ ᠡᠭᠦᠷᠭᠡ ᠶᠢᠨ ᠬᠤᠪᠢᠶᠠᠷᠢᠯᠠᠯᠲᠠ ᠶᠢᠨ | ᠭᠥᠰᠤᠨᠤᠭ᠌︾ ︵2018︶ ᠢ ᠲᠠᠷᠬᠠᠭᠠᠭᠰᠠᠨ ᠠᠴᠠ ᠨᠠᠰᠢ ᠬᠤᠰᠢᠭᠤ ᠬᠤᠲᠠ ᠶᠢᠨ ᠬᠠᠮᠢᠶᠠᠷᠤᠯᠲᠠ ᠶᠢᠨ ᠬᠠᠤᠯᠢ | ᠬᠡᠷᠡᠭᠵᠢᠬᠦᠯᠬᠦ ᠲᠤᠪᠴᠢᠶ᠎ᠠ ᠲᠡᠭᠡᠲᠤ ᠬᠡᠮᠵᠢᠶ᠎ᠡ ᠪᠠᠷ ᠴᠢᠬᠤᠯᠠᠴᠢᠯᠠᠨ ᠥᠵᠡᠵᠤ᠂ ᠤᠲᠤᠷᠢᠳᠬᠤ ᠪᠠᠭ ᠲᠠᠶᠢᠴᠢᠯᠠᠵᠤ᠂ | ᠪᠥᠬᠦ ᠺᠠᠳ᠋ᠷ ᠠᠵᠢᠯᠲᠠᠨ ᠤᠷᠤᠯᠴᠠᠨ ᠠᠵᠢᠯᠯᠠᠬᠤ ᠴᠠᠭ ᠢᠶᠠᠨ ᠤᠷᠲᠤᠳᠬᠠᠵᠤ ᠭᠥᠴᠢᠷ ᠪᠡᠷᠭᠡᠰᠢᠶᠡᠯ ᠢ ᠲᠤᠭᠤᠯᠤᠨ | ᠡᠯ᠎ᠡ ᠲᠥᠷᠤᠯ ᠤᠨ ᠠᠵᠢᠯ ᠤᠨ ᠡᠭᠦᠷᠭᠡ ᠪᠠᠨ ᠨᠠᠷᠢᠯᠢᠭ ᠪᠠᠶᠢᠷᠢᠯᠠᠭᠤᠯᠵᠤ᠂ ᠪᠥᠬᠦ ᠤᠯᠤᠰ ᠤᠨ ᠬᠤᠰᠢᠭᠤ ᠰᠢᠶᠡᠨ ᠤ | ᠲᠡᠰ ᠤᠨ ᠪᠤᠯᠪᠠᠰᠤᠨ ᠬᠤᠲᠠ ᠶᠢ ᠡᠭᠦᠲᠤᠨ ᠪᠠᠶᠢᠭᠤᠯᠬᠤ ᠠᠵᠢᠯ ᠢ ᠪᠥᠬᠦ ᠭᠥᠴᠤᠨ ᠢᠶᠠᠷ ᠲᠥᠯᠬᠢᠨ ᠠᠬᠢᠭᠤᠯᠵᠤ | ᠪᠠᠶᠢᠨ᠎ᠠ᠃ | | | | | | | ᠨᠢᠭᠡ ᠳᠤ᠂ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠤ᠂ ᠭᠥᠨ ᠵᠤᠵᠠᠭᠠᠨ ᠨᠡᠶᠢᠭᠡᠮ ᠤᠨ ᠠᠭᠤᠷ | ᠠᠮᠢᠰᠬᠤᠯ ᠢ ᠪᠤᠢ ᠪᠤᠯᠭᠠᠪᠠ᠃ ᠪᠤᠯᠪᠠᠰᠤᠨ ᠬᠤᠲᠠ ᠶᠢ ᠡᠭᠦᠲᠤᠨ ᠪᠠᠶᠢᠭᠤᠯᠬᠤ ᠬᠠᠷᠢᠭᠤᠴᠠᠯᠭ᠎ᠠ ᠶᠢᠨ ᠲᠤᠭᠤᠷᠢᠭ ᠲᠤ | 2 ᠭᠡᠰᠡᠭ 150 ᠭᠠᠷᠤᠢ ᠲᠡᠭᠰᠢ ᠲᠥᠷᠪᠡᠯᠵᠢᠨ ᠮᠧᠲᠷ ᠤᠨ ᠤᠬᠠᠭᠤᠯᠭ᠎ᠠ ᠶᠢᠨ ᠲᠠᠪᠴᠠᠩ ᠢ ᠡᠯᠬᠦᠨ ᠬᠠᠲᠠᠵᠤ᠂ | ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠥᠵᠡᠯᠲᠡ᠂ ᠦᠤᠰᠢᠨ ᠬᠤᠰᠢᠭᠤᠨ ᠤ ᠪᠤᠯᠪᠠᠰᠤᠨ ᠤ ᠨᠡᠶᠢᠲᠡ | ᠶᠢᠨ ᠭᠡᠷ᠎ᠡ ᠵᠡᠷᠭᠡ ᠠᠭᠤᠯᠭ᠎ᠠ ᠶᠢ ᠬᠠᠮᠤᠷᠤᠭᠰᠠᠨ ᠤᠬᠠᠭᠤᠯᠭ᠎ᠠ ᠶᠢ ᠬᠤᠲᠠ ᠶᠢᠨ ᠠᠷᠠᠳ ᠤᠨ ᠡᠮᠥᠨ᠎ᠡ ᠢᠯᠡᠷᠡᠬᠦᠯᠵᠤ᠂ | ︽ᠪᠤᠯᠪᠠᠰᠤᠨ ᠬᠤᠲᠠ ᠶᠢ ᠪᠠᠶᠢᠭᠤᠯᠬᠤ ᠶᠢ ᠬᠥᠮᠤᠨ ᠪᠥᠬᠦᠨ ᠮᠡᠲᠡᠵᠤ᠂ ᠪᠤᠯᠪᠠᠰᠤᠨ ᠬᠤᠲᠠ ᠶᠢ ᠪᠠᠶᠢᠭᠤᠯᠬᠤ ᠳᠤ | ᠬᠥᠮᠤᠨ ᠪᠥᠬᠦᠨ ᠬᠠᠮᠵᠢᠯᠴᠠᠨ᠂ ᠪᠤᠯᠪᠠᠰᠤᠨ ᠬᠤᠲᠠ ᠶᠢ ᠪᠠᠶᠢᠭᠤᠯᠬᠤ ᠳᠤ ᠬᠥᠮᠤᠨ ᠪᠥᠬᠦᠨ ᠭᠥᠴᠤ ᠨᠡᠮᠡᠷᠢᠯᠡᠬᠦ︾ | ᠨᠡᠶᠢᠬᠡᠮ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠪᠠ᠃ | | | | | | | ᠬᠤᠶᠠᠷ ᠲᠤ᠂ ᠬᠠᠮᠢᠶᠠᠷᠤᠯᠲᠠ ᠪᠠᠨ ᠴᠢᠩᠭᠠᠳᠬᠠᠵᠤ᠂ ᠬᠤᠲᠠ ᠶᠢᠨ ᠲᠥᠷᠢ ᠲᠦᠷᠬᠦ ᠶᠢ ᠥᠨᠡᠨᠬᠦ | ᠰᠠᠶᠢᠵᠢᠷᠠᠭᠤᠯᠪᠠ᠃ ᠳᠡᠯᠭᠡᠭᠦᠷ ᠤᠨ ᠭᠠᠲᠠᠨ᠎ᠠ ᠲᠤᠷ᠎ᠠ ᠪᠠᠷ ᠡᠵᠡᠩᠨᠡᠯᠲᠡ ᠬᠢᠬᠦ᠂ ᠤᠪᠤᠭᠠᠯᠠᠵᠤ ᠪᠤᠰᠬᠠᠬᠤ ᠪᠠ ᠭᠡᠷ ᠤᠨ | ᠰᠢᠯ ᠴᠤᠩᠬᠤᠨ ᠳᠤ ᠲᠤᠷ᠎ᠠ ᠲᠠᠪᠠ ᠪᠠᠷ ᠤᠬᠠᠭᠤᠯᠭ᠎ᠠ ᠶᠢᠨ ᠮᠠᠲ᠋ᠧᠷᠢᠶᠠᠯ ᠨᠠᠭᠠᠵᠤ ᠬᠠᠲᠠᠭᠰᠠᠨ ᠵᠡᠷᠭᠡ ᠬᠤᠲᠠ ᠶᠢᠨ | ᠲᠥᠷᠢ ᠲᠦᠷᠬᠦ ᠶᠢ ᠨᠥᠯᠤᠭᠡᠯᠡᠭᠰᠡᠨ ᠠᠵᠢᠯᠯᠠᠭᠠᠨ ᠳᠤ ᠡᠷᠴᠢᠮᠲᠡᠢ ᠴᠡᠭᠴᠡᠯᠡᠯᠲᠡ ᠬᠢᠪᠡ᠃ 11 ᠳ᠋ᠤᠭᠡᠷ ᠰᠠᠷ᠎ᠠ ᠠᠴᠠ | ᠨᠠᠰᠢ ᠨᠡᠶᠢᠲᠡ 180 ᠭᠠᠷᠤᠢ ᠬᠠᠤᠯᠢ ᠬᠡᠷᠡᠭᠵᠢᠬᠦᠯᠤᠭ᠍ᠴᠢᠳ ᠤᠷᠤᠯᠴᠠᠵᠤ᠂ 60 ᠤᠲᠠᠭ᠎ᠠ ᠭᠡᠷᠡᠴᠢ ᠪᠠᠲᠤᠯᠠᠪᠤᠷᠢ | ᠥᠭᠡᠢ ᠡᠵᠡᠩᠨᠡᠯᠲᠡ ᠬᠢᠭᠰᠡᠳ ᠢ ᠴᠡᠭᠴᠡᠯᠡᠵᠤ᠂ ᠬᠠᠷᠢᠭᠤᠴᠠᠯᠭ᠎ᠠ ᠪᠥᠬᠦᠢ ᠨᠢᠭᠡᠴᠢ ᠶᠢ ᠵᠠᠷᠯᠢᠭᠲᠠᠨ ᠬᠢᠷᠢ ᠲᠡᠩᠴᠡᠬᠦ | ᠥᠭᠡᠢ 10 ᠭᠠᠷᠤᠢ ᠫᠠᠶᠢᠰᠠ ᠢᠯᠡᠷᠭᠡᠶᠢᠯᠡᠯ ᠳᠤ ᠵᠠᠯᠠᠷᠠᠭᠤᠯᠤᠯᠲᠠ ᠬᠢᠵᠤ᠂ 20 ᠭᠠᠷᠤᠢ ᠶᠡᠭᠡ ᠭᠡᠯᠪᠡᠷᠢ ᠶᠢᠨ LED | ᠲᠡᠯᠭᠡᠴᠡ ᠵᠢᠴᠢ ᠰᠤᠯᠤᠩᠭᠠᠨ ᠳ᠋ᠧᠩ ᠢ ᠵᠠᠰᠠᠭᠰᠠᠨ ᠪᠠᠶᠢᠨ᠎ᠠ᠃ | ᠭᠤᠷᠪᠠ ᠳᠤ᠂ ᠨᠠᠷᠢᠨ ᠨᠢᠭᠲᠠ ᠪᠠᠶᠢᠷᠢᠯᠠᠭᠤᠯᠵᠤ᠂ ᠠᠵᠢᠯ ᠤᠨ ᠪᠠᠶᠢᠴᠠᠭᠠᠯᠲᠠ ᠶᠢ ᠪᠠᠲᠤᠲᠠᠢ ᠥᠷᠨᠢᠭᠦᠯᠤᠭ᠍ᠰᠡᠨ | ᠪᠠᠶᠢᠨ᠎ᠠ᠃ ᠪᠤᠯᠪᠠᠰᠤᠨ ᠬᠤᠲᠠ ᠶᠢ ᠡᠭᠦᠲᠤᠨ ᠪᠠᠶᠢᠭᠤᠯᠬᠤ ᠠᠵᠢᠯ ᠤᠨ ᠲᠤᠭᠤᠷᠢᠨ ᠳᠤ ᠪᠥᠬᠦ ᠲᠠᠯ᠎ᠠ ᠪᠠᠷ ᠨᠠᠷᠢᠯᠢᠭ | ᠪᠠᠶᠢᠷᠢᠯᠠᠭᠤᠯᠤᠨ᠂ ᠬᠤᠰᠢᠭᠤ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠬᠦᠯᠬᠦ ᠲᠤᠪᠴᠢᠶᠠᠨ ᠤ ᠬᠠᠤᠯᠢ | ᠲᠥᠷᠢᠮ ᠢ ᠬᠢᠨᠠᠨ ᠪᠠᠶᠢᠴᠠᠭᠠᠬᠤ ᠲᠠᠰᠤᠭ ᠠᠴᠠ ᠲᠥᠷᠥᠭᠦᠯᠡᠨ ᠠᠯᠪᠠᠨ ᠭᠡᠷ᠂ ᠢᠯᠡᠴᠢᠯᠡᠨ ᠮᠡᠲᠡᠭᠦᠯᠬᠦ ᠲᠦᠪ ᠪᠠ | ᠵᠠᠭᠠᠯᠲᠤᠯᠭ᠎ᠠ ᠶᠢ ᠬᠥᠯᠢᠶᠡᠨ ᠠᠪᠬᠤ ᠲᠥᠪ ᠵᠢᠴᠢ ᠵᠢᠯᠤᠭᠤᠴᠢ ᠥᠭᠡᠢ ᠨᠢᠰᠭᠡᠯ ᠤᠨ ᠲᠤᠮᠲᠠ ᠠᠩᠬᠢ ᠠᠴᠠ | ᠬᠠᠮᠵᠢᠯᠴᠠᠵᠤ᠂ ᠬᠤᠰᠢᠭᠤ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠬᠦᠯᠬᠦ ᠲᠤᠪᠴᠢᠶᠠᠨ ᠤ ᠬᠠᠷᠢᠭᠤᠴᠠᠯᠭ᠎ᠠ | ᠶᠢᠨ ᠲᠤᠭᠤᠷᠢᠭ ᠲᠤ ᠲᠠᠬᠢᠨ ᠲᠠᠪᠲᠠᠨ ᠥᠪᠡᠷ ᠤᠨ ᠪᠠᠶᠢᠴᠠᠭᠠᠯᠲᠠ ᠪᠠ ᠴᠡᠭᠴᠡᠯᠡᠯᠲᠡ ᠬᠢᠵᠤ᠂ ᠪᠤᠯᠪᠠᠰᠤᠨ ᠬᠤᠲᠠ | ᠶᠢ ᠡᠭᠦᠲᠤᠨ ᠪᠠᠶᠢᠭᠤᠯᠬᠤ ᠠᠵᠢᠯ ᠢ ᠨᠠᠷᠢᠯᠢᠭ ᠪᠥᠭᠡᠳ ᠲᠤᠭᠤᠰᠢᠲᠠᠢ ᠥᠷᠨᠢᠬᠦᠯᠵᠤ ᠪᠠᠶᠢᠨ᠎ᠠ᠃ |