ᠪᠥᠭᠦ ᠬᠤᠰᠢᠭᠤᠨ ᠤ ᠰᠤᠷᠳᠠᠯ ᠤᠬᠠᠭᠤᠯᠭ᠎ᠠ ᠥᠵᠠᠯ ᠰᠠᠨᠠᠭᠠᠨ ᠤ ᠠᠵᠢᠯ ᠤᠨ ᠬᠤᠷᠠᠯ ᠵᠢᠴᠢ 2018 ᠤᠨ ᠤ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠵᠢᠯᠤᠭᠤᠳᠬᠤ ᠵᠥᠪᠯᠠᠯ ᠤᠨ ᠪᠥᠭᠦᠳᠠ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-11-27
     11 ᠰᠠᠷ᠎ᠠ ᠶᠢᠨ 23 ᠤ ᠡᠳᠦᠷ᠂ ᠪᠥᠭᠦ ᠬᠤᠰᠢᠭᠤᠨ ᠤ ᠰᠤᠷᠳᠠᠯ ᠤᠬᠠᠭᠤᠯᠭ᠎ᠠ ᠥᠵᠠᠯ ᠰᠠᠨᠠᠭᠠᠨ ᠤ ᠠᠵᠢᠯ  ᠤᠨ ᠬᠤᠷᠠᠯ ᠵᠢᠴᠢ 2018 ᠤᠨ ᠤ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠵᠥᠪᠯᠠᠯ ᠤᠨ ᠪᠥᠭᠦᠳᠠ ᠬᠤᠷᠠᠯ ᠬᠤᠷᠠᠯᠳᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋ ᠬᠤᠷᠠᠯ ᠢ ᠡᠷᠬᠢᠯᠡᠪᠡ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠪᠤᠶᠠᠠᠮᠠᠠᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠢ ᠪᠤᠯᠤᠨ ᠬᠤᠰᠢᠭᠤ ᠲᠥᠷᠪᠡᠨ ᠶᠡᠭᠡ ᠤᠳᠤᠷᠢᠳᠬᠤ ᠪᠠᠭ ᠤᠨ ᠭᠡᠷ ᠲᠡᠭᠡᠨ ᠪᠠᠶᠢᠭ᠎ᠠ ᠤᠳᠤᠷᠢᠳᠤᠯᠭ᠎ᠠ ᠵᠢᠴᠢ ᠬᠤᠰᠢᠭᠤ ᠰᠢᠭᠦᠭᠦ ᠬᠤᠷᠢᠶᠠᠨ ᠤ ᠳᠠᠷᠤᠭ᠎ᠠ᠂ ᠪᠠᠶᠢᠴᠠᠭᠠᠬᠤ ᠬᠤᠷᠢᠶᠠᠨ ᠤ ᠲᠠᠷᠤᠭ᠎ᠠ᠂ ᠡᠯ᠎ᠠ ᠠᠵᠤ ᠠᠬᠤᠢ ᠶᠢᠨ ᠨᠡᠭᠡᠭᠡᠯᠳᠠ ᠶᠢᠨ ᠤᠷᠤᠨ  ᠤ ᠬᠤᠪᠢᠶᠠᠷᠢᠯᠠᠨ ᠬᠠᠮᠢᠶᠠᠷᠬᠤ ᠤᠳᠤᠷᠢᠳᠤᠯᠭ᠎ᠠ᠂ ᠡᠯ᠎ᠠ ᠠᠵᠤ ᠠᠬᠤᠢ ᠶᠢᠨ ᠨᠡᠭᠡᠭᠡᠯᠲᠡ ᠶᠢᠨ ᠤᠷᠤᠨ ︵ᠬᠦᠷᠢᠶᠡᠯᠡᠩ ᠲᠤᠭᠤᠷᠢᠭ︶᠂ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠥᠵᠢ᠂ ᠤᠬᠠᠭᠤᠯᠬᠤ ᠭᠡᠰᠢᠭᠦᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠳᠠᠨ᠂ ᠭᠡᠰᠡᠭ ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠠᠷᠢᠭᠤᠴᠠᠯᠭᠠᠳᠠᠨ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠭᠡᠯᠳᠡᠰ᠂ ᠤᠳᠬ᠎ᠠ ᠤᠷᠠᠯᠢᠭ  ᠤᠨ ᠬᠢᠨ ᠤ ᠬᠤᠯᠪᠤᠭ᠎ᠠ᠂ ᠰᠤᠶᠤᠯ ᠷᠠᠳᠢᠤ᠋ ᠺᠢᠨᠤ᠋ ᠲᠧᠯᠸᠢᠰ ᠲᠤᠪᠴᠢᠶ᠎ᠠ᠂ ᠷᠠᠳᠢᠤ᠋ ᠲᠧᠯᠸᠢᠰ ᠥᠢᠯᠡᠴᠢᠯᠡᠭᠡᠨ ᠤ ᠲᠥᠪ  ᠤᠨ ᠺᠠᠳ᠋ᠷ ᠠᠵᠢᠯᠳᠠᠨ ᠬᠤᠷᠠᠯ ᠳᠤ ᠤᠷᠤᠯᠴᠠᠪᠠ᠃
     ᠬᠤᠷᠠᠯ ᠲᠡᠭᠡᠷ᠎ᠡ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠭᠡᠯᠳᠡᠰ ᠤᠨ ᠲᠠᠷᠤᠭ᠎ᠠ ᠹᠧᠩ ᡁᠢ ᠮᠢᠩ ᠪᠥᠭᠦ ᠤᠯᠤᠰ᠂ ᠪᠦᠬᠦ ᠤᠷᠤᠨ᠂ ᠪᠥᠭᠦ ᠬᠤᠳᠠ ᠶᠢᠨ ᠰᠤᠷᠳᠠᠯ ᠤᠬᠠᠭᠤᠯᠭ᠎ᠠ ᠥᠵᠠᠯ ᠰᠠᠨᠠᠭᠠᠨ ᠤ ᠠᠵᠢᠯ ᠤᠨ ᠬᠤᠷᠠᠯ ᠪᠤᠯᠤᠨ 2018 ᠤᠨ ᠤ ᠬᠤᠳᠠ ᠶᠢᠨ ᠤᠶᠤᠨ ᠤ ᠪᠤᠯᠪᠠᠰᠤᠨ ᠤ ᠪᠠᠶᠢᠭᠤᠯᠤᠯᠳᠠ  ᠶᠢᠨ ᠵᠢᠯᠤᠭᠤᠳᠬᠤ ᠵᠥᠪᠯᠠᠯ ᠤᠨ ᠪᠥᠭᠦᠳᠠ ᠬᠤᠷᠠᠯᠳᠤᠭᠠᠨ ᠵᠢᠴᠢ ᠪᠤᠯᠪᠠᠰᠤᠨ ᠬᠤᠳᠠ ᠶᠢ ᠡᠭᠦᠳᠤᠨ ᠪᠠᠶᠢᠭᠤᠯᠬᠤ ᠠᠵᠢᠯ ᠤᠨ ᠰᠠᠶᠢᠰᠢᠶᠠᠨ ᠭᠥᠭᠢᠭᠦᠯᠭᠦ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠪᠠ᠃
           ᠬᠤᠷᠠᠯ ᠲᠡᠭᠡᠷ᠎ᠡ ᠡᠷᠳᠡᠨᠢᠪᠢᠯᠢᠭ ᠵᠢᠭᠠᠵᠤ ᠭᠠᠷᠭᠠᠬᠤ ᠳᠤ ᠪᠠᠨ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠥᠴᠢᠷ ᠤᠯᠤᠰ ᠲᠦᠷᠦ ᠶᠢᠨ ᠵᠤᠭᠰᠤᠴᠠ ᠪᠠᠨ ᠳᠡᠭᠡᠭᠰᠢᠯᠡᠬᠦᠯᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ ᠰᠢ  ᠶᠢᠨ ᠫᠢᠩ ᠶᠠᠷᠤᠩᠭᠡᠢ ᠱᠥᠵᠢ ᠶᠢᠨ ᠰᠤᠷᠳᠠᠯ ᠤᠬᠠᠭᠤᠯᠭ᠎ᠠ ᠥᠵᠠᠯ ᠰᠠᠨᠠᠭᠠᠨ ᠤ ᠠᠵᠢᠯ ᠤᠨ ᠲᠤᠬᠠᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠭᠥᠨᠵᠡᠭᠡᠢ ᠰᠤᠷᠤᠯᠴᠠᠨ ᠲᠤᠭᠤᠰᠢᠯᠠᠭᠤᠯᠵᠤ ᠨᠠᠮ ᠤᠨ ᠰᠤᠷᠳᠠᠯ ᠤᠬᠠᠭᠤᠯᠭ᠎ᠠ ᠥᠵᠠᠯ ᠰᠠᠨᠠᠭᠠᠨ ᠤ ᠠᠵᠢᠯ ᠤᠨ ︽ᠶᠢᠰᠤ ᠶᠢ ᠪᠠᠷᠢᠮᠳᠠᠯᠠᠬᠤ︾ ᠶᠢᠨ ᠪᠠᠶᠠᠯᠢᠭ ᠠᠭᠤᠯᠤᠭᠳᠠᠬᠤᠨ᠂ ︽ᠲᠠᠪᠤᠨ ᠡᠭᠦᠷᠭᠡ ᠬᠠᠷᠢᠭᠤᠴᠠᠯᠭ᠎ᠠ︾ ᠶᠢᠨ ᠴᠢᠬᠤᠯᠠ ᠥᠭᠦᠯᠠᠯᠳᠠ ᠶᠢ ᠭᠥᠨᠵᠡᠭᠡᠢ ᠡᠵᠡᠮᠳᠠᠨ ᠤᠳᠤᠬᠠᠨ ᠤ ᠰᠤᠷᠳᠠᠯ ᠤᠬᠠᠭᠤᠯᠭ᠎ᠠ ᠥᠵᠠᠯ ᠰᠠᠨᠠᠭᠠᠨ ᠤ ᠠᠵᠢᠯ ᠳᠤ ᠲᠤᠯᠭᠠᠷᠠᠵᠤ ᠪᠠᠶᠢᠭ᠎ᠠ ᠬᠠᠨᠳᠤᠰᠢ ᠶᠢ ᠭᠥᠢᠴᠡᠳ ᠲᠠᠨᠢᠵᠤ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠥᠵᠠᠯ ᠰᠠᠨᠠᠭᠠᠨ ᠤ ᠭᠡᠪ ᠴᠢᠨᠠᠷ ᠢ ᠳᠡᠭᠡᠭᠰᠢᠯᠡᠬᠦᠯᠦᠨ ᠰᠤᠷᠲᠠᠯ ᠤᠬᠠᠭᠤᠯᠭ᠎ᠠ ᠥᠵᠠᠯ ᠰᠠᠨᠠᠭᠠᠨ ᠤ ᠠᠵᠢᠯ ᠢ ᠰᠠᠶᠢᠨ ᠭᠢᠭᠦ ᠤᠬᠠᠮᠰᠠᠷᠳᠤ ᠴᠢᠨᠠᠷ ᠢ ᠲᠡᠭᠡᠭᠰᠢᠯᠡᠭᠦᠯᠵᠤ ᠰᠢᠨ᠎ᠠ ᠴᠠᠭ ᠥᠶ᠎ᠠ ᠶᠢᠨ ᠰᠤᠷᠳᠠᠯ ᠤᠬᠠᠭᠤᠯᠭ᠎ᠠ ᠥᠵᠠᠯ ᠰᠠᠨᠠᠭᠠᠨ ᠤ ᠠᠵᠢᠯ ᠤᠨ ᠴᠢᠬᠤᠯᠠ ᠶᠡᠭᠡ ᠲᠠᠤᠭᠡ ᠶᠢᠨ ᠬᠠᠷᠢᠭᠤᠴᠠᠯᠭ᠎ᠠ  ᠶᠢ ᠥᠨᠠᠠᠭᠦ ᠡᠭᠦᠷᠭᠡᠯᠡᠭᠦ ᠭᠡᠷᠡᠭᠳᠠᠢ ᠭᠡᠵᠡᠢ᠃      ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠥᠵᠠᠯ ᠤᠬᠠᠮᠰᠠᠷ ᠤᠨ ᠭᠡᠯᠪᠠᠷᠢ ᠶᠢᠨ ᠨᠢᠭᠲᠠᠷᠠᠯ ᠤᠨ ᠭᠥᠴᠤᠨ ᠪᠤᠯᠤᠨ ᠵᠢᠯᠤᠭᠤᠳᠬᠤ ᠭᠥᠴᠤᠨ ᠢ ᠨᠡᠮᠡᠭᠳᠠᠭᠦᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠰᠢ ᠶᠢᠨ ᠫᠢᠩ ᠤᠨ ᠰᠢᠨ᠎ᠠ ᠴᠠᠭ ᠥᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠠᠶᠢᠭᠡᠮ ᠵᠢᠷᠤᠮ ᠤᠨ ᠥᠵᠠᠯ ᠰᠠᠨᠠᠭ᠎ᠠ  ᠪᠠᠷ ᠲᠠᠷᠢᠭᠢ ᠲᠤᠯᠤᠭᠠᠢ ᠪᠠᠨ ᠵᠡᠪᠰᠡᠭᠯᠠᠨ ᠠᠵᠢᠯ ᠢᠶᠠᠨ ᠠᠭᠢᠭᠤᠯᠬᠤ ᠶᠢ ᠵᠢᠯᠤᠭᠤᠳᠬᠤ ᠭᠡᠷᠡᠭᠳᠠᠢ᠃ ᠭᠤᠤᠯ ᠥᠵᠠᠯ ᠰᠠᠨᠠᠭ᠎ᠠ ᠶᠠᠷᠢᠶ᠎ᠠ ᠭᠡᠯᠡᠯᠴᠡᠭᠡᠨ ᠤ ᠵᠢᠯᠤᠭᠤᠳᠬᠤ ᠭᠥᠴᠤᠨ ᠪᠤᠯᠤᠨ ᠲᠠᠮᠵᠢᠭᠤᠯᠬᠤ ᠭᠥᠴᠤᠨ ᠢ ᠲᠡᠭᠡᠭᠰᠢᠯᠡᠭᠦᠯᠵᠤ ᠤᠬᠠᠭᠤᠯᠬᠤ ᠠᠷᠭ᠎ᠠ ᠭᠡᠯᠪᠠᠷᠢ ᠶᠢᠨ ᠰᠢᠨ᠎ᠠ ᠶᠢ ᠡᠭᠦᠳᠴᠤ ᠵᠠᠭᠤᠴᠢᠯᠠᠭᠤᠷ ᠢ ᠭᠥᠨᠵᠡᠭᠡᠢ ᠠᠭᠤᠰᠤᠯᠴᠠᠭᠤᠯᠵᠤ ᠥᠥᠰᠢᠨ ᠤ ᠳᠦᠷᠢ ᠲᠦᠷᠬᠦ ᠪᠠᠨ ᠤᠬᠠᠭᠤᠯᠬᠤ ᠭᠡᠷᠡᠭᠳᠠᠢ᠃ ᠠᠷᠠᠳ ᠲᠥᠮᠡᠨ ᠢᠶᠠᠷ ᠭᠤᠤᠯ ᠪᠤᠯᠭᠠᠭᠰᠠᠨ ᠭᠥᠭᠵᠢᠯᠳᠠ ᠶᠢᠨ ᠥᠵᠠᠯ ᠰᠠᠨᠠᠭ᠎ᠠ ᠶᠢ ᠪᠠᠷᠢᠮᠳᠠᠯᠠᠨ ᠤᠯᠠᠨ ᠨᠠᠶᠢᠳᠠ ᠶᠢᠨ ᠥᠢᠯᠡᠴᠢᠯᠡᠭᠡᠨ ᠤ ᠲᠤᠭᠳᠠᠯᠴᠠᠭ᠎ᠠ ᠶᠢ ᠲᠡᠭᠦᠯᠳᠡᠷᠵᠢᠭᠦᠯᠵᠤ ᠥᠷᠭᠡᠨ ᠤᠯᠠᠨ ᠠᠷᠠᠳ ᠲᠥᠮᠡᠨ ᠤ ᠤᠶᠤᠨ ᠰᠠᠨᠠᠭᠠᠨ ᠤ ᠰᠤᠶᠤᠯ ᠤᠨ ᠠᠮᠢᠳᠤᠷᠠᠯ ᠤᠨ ᠭᠡᠷᠡᠭᠴᠡᠭᠡ ᠶᠢ ᠬᠠᠩᠭᠠᠬᠤ ᠭᠡᠷᠡᠭᠳᠠᠢ ᠭᠡᠵᠡᠢ᠃
     ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠥᠵᠡᠯ ᠰᠠᠨᠠᠭ᠎ᠠ ᠪᠠᠨ ᠨᠢᠭᠡᠳᠭᠡᠨ ᠳᠠᠨᠢᠯᠳᠠ ᠪᠠᠨ ᠲᠡᠭᠡᠭᠰᠢᠯᠡᠭᠦᠯᠵᠤ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠡᠯ᠎ᠠ ᠲᠥᠷᠤᠯ ᠤᠨ ᠠᠵᠢᠯ ᠢ ᠴᠢᠩᠭ᠎ᠠ ᠠᠳᠬᠤᠨ ᠨᠠᠶᠢᠬᠡᠮ ᠵᠢᠷᠤᠮ ᠤᠨ ᠭᠤᠤᠯᠯᠠᠭᠴᠢ ᠥᠷᠳᠡᠭ ᠤᠨ ᠥᠵᠡᠯᠳᠡ ᠶᠢ ᠶᠡᠭᠡ ᠪᠠᠷ ᠬᠥᠮᠥᠵᠢᠬᠦᠯᠥᠨ ᠥᠢᠯᠡᠳᠥᠯᠬᠡᠵᠢᠬᠦᠯᠭᠦ ᠬᠡᠷᠡᠭᠲᠠᠢ᠃ ᠪᠥᠭᠦ ᠤᠯᠤᠰ ᠤᠨ ᠬᠤᠰᠢᠭᠤ ᠰᠢᠶᠠᠨ ᠤ ᠲᠡᠰ ᠤᠨ ᠪᠤᠯᠪᠠᠰᠤᠨ ᠬᠤᠳᠠ ᠶᠢᠨ ᠡᠭᠦᠳᠤᠨ ᠪᠠᠶᠢᠭᠤᠯᠤᠯᠳᠠ  ᠶᠢᠨ ᠠᠵᠢᠯ ᠢ ᠠᠭᠢᠭᠤᠯᠤᠨ ᠤᠯᠠᠨ ᠲᠥᠮᠡᠨ ᠤ ᠤᠷᠤᠯᠴᠠᠬᠤ ᠭᠡᠮᠵᠢᠶ᠎ᠠ ᠶᠢ ᠨᠡᠮᠡᠭᠳᠡᠭᠦᠯᠵᠤ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠡᠯ᠎ᠠ ᠲᠥᠷᠤᠯ ᠤᠨ ᠡᠭᠦᠷᠭᠡ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠭᠡᠷᠭᠳᠠᠢ ᠭᠡᠵᠡᠢ᠃      ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠰᠤᠷᠳᠠᠯ ᠤᠬᠠᠭᠤᠯᠭ᠎ᠠ ᠥᠵᠠᠯ ᠰᠠᠨᠠᠭᠠᠨ ᠤ ᠠᠵᠢᠯ ᠪᠤᠯᠤᠨ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠠᠵᠢᠯ ᠪᠤᠯ ᠨᠠᠮ ᠤᠨ ᠠᠵᠢᠯ ᠥᠢᠯᠡᠰ ᠤᠨ ᠴᠢᠬᠤᠯᠠ ᠪᠥᠷᠢᠯᠳᠤᠭᠦᠨ ᠭᠡᠰᠡᠭ ᠪᠤᠯᠤᠨ᠎ᠠ᠂ ᠵᠠᠪᠠᠯ ᠨᠠᠮ ᠤᠨ ᠤᠳᠤᠷᠢᠳᠤᠯᠭ᠎ᠠ ᠶᠢ ᠪᠠᠷᠢᠮᠳᠠᠯᠠᠨ ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠵᠤ ᠵᠤᠷᠢᠭᠳᠠᠢ ᠡᠭᠦᠷᠭᠡᠯᠠᠨ ᠵᠢᠳᠭᠦᠯ ᠴᠢᠷᠮᠠᠶᠢᠯᠭ᠎ᠠ ᠭᠠᠷᠭᠠᠵᠤ ᠨᠤᠮᠢᠨ ᠲᠠᠩᠰᠤᠭ ᠥᠥᠰᠢᠨ ᠤ ᠰᠢᠨ᠎ᠠ ᠴᠠᠭ ᠥᠶ᠎ᠠ ᠳᠠᠬᠢ ᠨᠤᠮᠢᠨ ᠲᠠᠩᠰᠤᠭ ᠬᠦᠭᠵᠢᠨ ᠮᠠᠨᠳᠤᠯᠲᠠ ᠶᠢ ᠪᠠᠶᠠᠯᠠᠭᠦᠯᠭᠦ ᠳᠤ ᠡᠷᠡᠰ ᠴᠢᠩᠭ᠎ᠠ ᠤᠶᠤᠨ ᠰᠠᠨᠠᠭᠠᠨ ᠤ ᠭᠥᠳᠡᠯᠭᠡᠭᠦ ᠭᠥᠴᠤᠨ ᠬᠠᠩᠭᠠᠬᠤ ᠭᠡᠷᠡᠭᠳᠠᠢ ᠭᠡᠵᠡᠢ᠃
           ᠵᠤᠤ ᠹᠧᠢ ᠯᠤ᠋ ᠱᠠᠭᠠᠷᠳᠠᠬᠤ ᠳᠤ ᠪᠠᠨ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠥᠴᠢᠷ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠥᠷᠭᠡᠨ ᠤᠯᠠᠨ ᠠᠷᠠᠳ ᠲᠥᠮᠡᠨ ᠤ ᠤᠷᠮ᠎ᠠ ᠵᠤᠷᠢᠭ ᠢ ᠲᠠᠶᠢᠴᠢᠯᠠᠨ ᠰᠠᠳᠭᠢᠯ ᠰᠠᠨᠠᠭ᠎ᠠ ᠶᠢ ᠨᠢ ᠥᠨᠠᠠᠭᠦ ᠨᠢᠭᠡᠳᠤᠭᠦᠯᠭᠦ ᠭᠡᠷᠡᠭᠳᠠᠢ᠃ ᠰᠤᠷᠳᠠᠯ ᠤᠬᠠᠭᠤᠯᠭ᠎ᠠ ᠥᠵᠠᠯ ᠰᠠᠨᠠᠭᠠᠨ ᠤ ᠡᠯ᠎ᠠ ᠲᠥᠷᠥᠯ ᠤᠨ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠳᠠ ᠶᠢ ᠴᠢᠩᠭ᠎ᠠ ᠠᠳᠬᠤᠵᠤ ᠪᠥᠭᠦ ᠤᠯᠤᠰ ᠤᠨ ᠬᠤᠰᠢᠭᠤ ᠰᠢᠶᠠᠨ  ᠤ ᠲᠠᠰ ᠤᠨ ᠪᠤᠯᠪᠠᠰᠤᠨ ᠬᠤᠳᠠ ᠶᠢᠨ ᠡᠭᠦᠳᠤᠨ ᠪᠠᠶᠢᠭᠤᠯᠤᠯᠳᠠ᠂ ᠬᠠᠷ᠎ᠠ ᠪᠥᠯᠥᠭᠳᠠᠨ ᠬᠠᠷᠭᠢᠰ ᠭᠥᠴᠤᠨ ᠢ ᠠᠷᠢᠯᠭᠠᠬᠤ᠂ ᠠᠹᠷᠢᠺᠠ ᠲᠢᠪ ᠤᠨ ᠭᠠᠭ᠋ᠠᠢ ᠶᠢᠨ ᠭᠢᠵᠢᠭ ᠢ ᠰᠠᠷᠭᠡᠶᠢᠯᠠᠭᠦ᠂ ᠤᠷᠤᠰᠢᠨ ᠠᠮᠢᠳᠤᠷᠠᠬᠤ ᠤᠷᠴᠢᠨ ᠲᠤᠭᠤᠷᠢᠨ ᠤ ᠵᠠᠰᠠᠨ ᠴᠡᠭᠴᠡᠯᠠᠯᠳᠠ᠂ ᠵᠠᠮ ᠬᠠᠷᠢᠯᠴᠠᠭ᠎ᠠ ᠠᠮᠤᠷ ᠲᠥᠪᠰᠢᠨ ᠵᠡᠷᠭᠡ ᠲᠠᠯ᠎ᠠ ᠶᠢᠨ ᠤᠬᠠᠭᠤᠯᠭ᠎ᠠ ᠭᠥᠮᠤᠵᠢᠯ ᠤᠨ ᠭᠥᠴᠥᠯᠠᠴᠠ ᠪᠠᠨ ᠨᠡᠮᠡᠭᠳᠡᠭᠦᠯᠤᠨ ᠭᠥᠮᠤᠨ ᠪᠥᠭᠦᠨ ᠤᠷᠤᠯᠴᠠᠵᠤ ᠬᠠᠮᠳᠤ ᠪᠠᠷ ᠪᠠᠶᠢᠭᠤᠯᠵᠤ ᠬᠠᠮᠳᠤᠪᠠᠷ ᠡᠳ᠋ᠯᠡᠭᠰᠠᠨ ᠰᠠᠶᠢᠨ ᠰᠠᠶᠢᠬᠠᠨ ᠤᠷᠴᠢᠨ ᠲᠤᠭᠤᠷᠢᠨ ᠢ ᠪᠥᠷᠢᠯᠳᠤᠭᠦᠯᠵᠤ ᠰᠤᠷᠳᠠᠯ ᠤᠬᠠᠭᠤᠯᠭ᠎ᠠ ᠥᠵᠠᠯ ᠰᠠᠨᠠᠭᠠᠨ ᠤ ᠠᠵᠢᠯ ᠢ ᠰᠢᠨ᠎ᠠ ᠨᠢᠭᠡᠨ ᠲᠡᠭᠳᠡᠷ ᠲᠤ ᠭᠠᠷᠭᠠᠬᠤ ᠬᠡᠷᠡᠭᠲᠠᠢ᠃ ᠥᠵᠠᠯ ᠤᠬᠠᠮᠰᠠᠷ ᠤᠨ ᠭᠡᠯᠪᠠᠷᠢ ᠶᠢᠨ ᠪᠠᠭᠢᠯᠠᠯᠳᠠ ᠶᠢᠨ ᠭᠠᠵᠠᠷ ᠢ ᠰᠠᠭᠢᠵᠤ ᠨᠠᠮ ᠤᠨ ᠥᠨᠳᠤᠰᠤᠨ ᠱᠠᠳᠤᠨ ᠳᠠᠬᠢ ᠲᠥᠷᠥ ᠪᠠᠷᠢᠬᠤ ᠰᠠᠭᠤᠷᠢ ᠶᠢ ᠪᠠᠳᠤᠳᠬᠠᠨ ᠪᠥᠭᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠳᠠᠢ ᠭᠥᠭᠵᠢᠯᠳᠠ ᠶᠢ ᠠᠭᠢᠭᠤᠯᠬᠤ ᠳᠤ ᠰᠠᠶᠢᠨ ᠰᠠᠶᠢᠬᠠᠨ ᠶᠠᠷᠢᠶ᠎ᠠ ᠭᠡᠯᠡᠯᠴᠡᠭᠡᠨ ᠤ ᠤᠷᠴᠢᠨ ᠢ ᠡᠭᠦᠳᠭᠦ ᠬᠡᠷᠡᠭᠲᠠᠢ ᠭᠡᠵᠡᠢ  ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号