ᠪᠥᠭᠦ ᠬᠤᠰᠢᠭᠤᠨ ᠤ ᠠᠵᠤ ᠠᠬᠤᠶᠢᠯᠠᠯ ᠤᠨ ᠰᠠᠭᠤᠳᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-11-27
    11 ᠰᠠᠷ᠎ᠠ ᠶᠢᠨ 22 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ ᠪᠥᠭᠦ ᠬᠤᠰᠢᠭᠤᠨ ᠤ ᠠᠵᠤ ᠠᠬᠤᠶᠢᠯᠠᠯ ᠤᠨ ᠰᠠᠭᠤᠳᠠᠯ ᠤᠨ ᠬᠤᠷᠠᠯ ᠢ ᠡᠷᠭᠢᠯᠠᠨ ᠬᠤᠷᠠᠯᠳᠤᠭᠤᠯᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠪᠤᠶᠠᠠᠮᠠᠠᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠢ ᠵᠡᠷᠭᠡ ᠬᠤᠰᠢᠭᠤ ᠲᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠨᠠᠷ ᠬᠤᠷᠠᠯ  ᠳᠤ ᠤᠷᠤᠯᠴᠠᠪᠠ᠃      ᠬᠤᠷᠠᠯ ᠲᠡᠭᠡᠷ᠎ᠡ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠲᠠᠳ᠋ ᠲᠠᠷᠤᠭ᠎ᠠ ᠴᠢᠶᠤᠤ ᠠᠢ ᠫᠢᠩ ᠠᠴᠠ ᠰᠢ ᠶᠢᠨ ᠫᠢᠩ ᠶᠠᠷᠤᠩᠭᠡᠢ ᠱᠥᠵᠢ ᠶᠢᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠰᠠᠭᠤᠳᠠᠯ ᠤᠨ ᠬᠤᠷᠠᠯ ᠲᠡᠭᠡᠷᠡᠭᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠤᠯᠤᠨ ᠥᠪᠡᠷᠳᠡᠭᠡᠨ ᠵᠠᠰᠠᠬᠤ ᠤᠷᠤᠨ᠂ ᠬᠤᠳᠠ ᠶᠢᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠰᠠᠭᠤᠳᠠᠯ ᠤᠨ ᠬᠤᠷᠠᠯ ᠤᠨ ᠵᠤᠷᠢᠭ ᠰᠨᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠠᠶᠢᠨ᠎ᠠ᠃ ᠲᠤᠮᠳᠠᠳᠤ ᠤᠯᠤᠰ ᠤᠨ ᠪᠥᠳᠥᠭᠡᠨ ᠪᠠᠶᠢᠭᠤᠯᠤᠯᠳᠠ ᠶᠢᠨ ᠪᠠᠩᠭᠢ ᠶᠢᠨ ᠥᠥᠰᠢᠨ ᠬᠤᠰᠢᠭᠤᠨ ᠳᠠᠬᠢ ᠰᠠᠯᠪᠤᠷᠢ ᠪᠠᠩᠭᠢ᠂ ᠵᠥᠩ ᠮᠸᠢ ᠤᠷᠳᠤᠰ ᠡᠨᠧᠷᠬᠢ ᠭᠢᠮᠢ ᠶᠢᠨ ᠬᠢᠵᠠᠭᠠᠷᠲᠤ ᠺᠤᠮᠫᠠᠨᠢ᠂ ᠥᠪᠤᠷ ᠮᠤᠩᠭᠤᠯ ᠤᠨ ᠪᠥᠸᠧ ᠶᠤᠸᠠᠨ ᠬᠤᠯᠪᠤᠭᠠᠯᠠᠭᠰᠠᠨ ᠭᠢᠮᠢ ᠶᠢᠨ ᠬᠢᠵᠠᠭᠠᠷᠲᠤ ᠺᠤᠮᠫᠠᠨᠢ ᠵᠡᠷᠭᠡ ᠠᠵᠤ ᠠᠬᠤᠶᠢᠯᠠᠯ  ᠤᠨ ᠬᠠᠷᠢᠭᠤᠴᠠᠯᠭᠠᠳᠠᠨ ᠲᠤᠰ ᠲᠤᠰ ᠮᠥᠩᠭᠦᠨ ᠬᠦᠢᠯᠭᠡᠭᠡᠨ ᠤ ᠪᠠᠶᠢᠭᠤᠯᠤᠮᠵᠢ ᠪᠤᠯᠤᠨ ᠠᠵᠤ ᠠᠬᠤᠶᠢᠯᠠᠯ ᠢ ᠲᠥᠯᠥᠭᠡᠯᠡᠨ ᠢᠯᠠᠳᠭᠡᠯ ᠭᠢᠵᠤ ᠰᠢᠨ᠎ᠠ ᠪᠠᠶᠢᠳᠠᠯ ᠲᠤᠤᠷ᠎ᠠ ᠪᠥᠭᠦ ᠬᠤᠰᠢᠭᠤᠨ ᠤ ᠠᠵᠤ ᠥᠢᠯᠡᠳᠪᠤᠷᠢ ᠶᠢᠨ ᠠᠵᠤ ᠠᠬᠤᠢ᠂ ᠭᠥᠷᠢᠶᠠᠯᠠᠩ ᠲᠤᠭᠤᠷᠢᠭ ᠤᠨ ᠪᠥᠳᠥᠭᠡᠨ ᠪᠠᠶᠢᠭᠤᠯᠤᠯᠳᠠ᠂ ᠠᠵᠤ ᠠᠬᠤᠶᠢᠯᠠᠯ ᠤᠨ ᠭᠥᠭᠵᠢᠯᠳᠠ ᠵᠢᠴᠢ ᠤᠷᠴᠢᠨ ᠲᠤᠭᠤᠷᠢᠨ ᠤ ᠰᠢᠯᠢᠳᠡᠭᠵᠢᠭᠦᠯᠥᠯᠳᠠ ᠵᠡᠷᠭᠡ ᠲᠠᠯ᠎ᠠ ᠳᠤ ᠰᠠᠨᠠᠯ ᠰᠠᠨᠠᠭᠤᠯᠭ᠎ᠠ ᠲᠤᠷᠠᠳᠤᠭᠰᠠᠨ ᠪᠠᠶᠢᠨ᠎ᠠ᠃ ᠡᠷᠳᠡᠨᠢᠪᠢᠯᠢᠭ ᠢᠯᠠᠳᠭᠡᠯ ᠢ ᠬᠢᠨᠠᠮᠠᠭᠠᠢ ᠰᠤᠨᠤᠰᠤᠨ ᠲᠠᠮᠳᠡᠭᠯᠠᠯ ᠭᠢᠵᠤ ᠬᠠᠮᠳᠤᠪᠠᠷ ᠢᠶᠠᠨ ᠬᠠᠯᠠᠮᠵᠢᠯᠠᠵᠤ ᠪᠠᠶᠢᠭ᠎ᠠ ᠠᠰᠠᠭᠤᠳᠠᠯ ᠢ ᠲᠠᠶᠠᠭᠠᠷ ᠲᠠᠢ ᠶᠠᠷᠢᠯᠴᠠᠨ ᠮᠥᠩᠭᠦᠨ ᠬᠦᠢᠯᠭᠡᠭᠡᠨ ᠤ ᠪᠠᠶᠢᠭᠤᠯᠤᠮᠵᠢ ᠪᠤᠯᠤᠨ ᠠᠵᠤ ᠠᠬᠤᠶᠢᠯᠠᠯ ᠤᠨ ᠪᠥᠭᠦ ᠬᠤᠰᠢᠭᠤᠨ ᠤ ᠠᠵᠤ ᠠᠬᠤᠢ ᠨᠠᠶᠢᠭᠡᠮ ᠤᠨ ᠭᠥᠭᠵᠢᠯᠳᠠ ᠳᠤ ᠭᠠᠷᠭᠠᠭᠰᠠᠨ ᠴᠢᠬᠤᠯᠠ ᠬᠤᠪᠢ ᠨᠠᠮᠠᠷᠢ ᠳᠤ ᠭᠥᠢᠴᠡᠳ ᠨᠤᠳᠠᠯᠠᠯᠳᠠ ᠥᠭᠭᠦᠭᠰᠠᠨ ᠪᠠᠶᠢᠨ᠎ᠠ᠃
     ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠰᠢ ᠶᠢᠨ ᠫᠢᠩ ᠶᠠᠷᠤᠩᠭᠡᠢ ᠱᠥᠵᠢ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠭᠥᠨᠵᠡᠭᠡᠢ ᠰᠤᠷᠤᠯᠴᠠᠨ ᠲᠤᠭᠤᠰᠢᠯᠠᠭᠤᠯᠵᠦ ᠪᠠᠶᠢᠳᠠᠯ ᠬᠠᠨᠳᠤᠰᠢ ᠶᠢ ᠲᠤᠳᠤᠷᠬᠠᠢ ᠲᠠᠨᠢᠨ ᠤᠯᠤᠰ  ᠤᠨ ᠪᠠᠶᠢᠯᠳᠤᠬᠤ ᠪᠤᠳᠤᠯᠭ᠎ᠠ ᠪᠠᠷ ᠤᠳᠤᠷᠢᠳᠤᠮᠵᠢ ᠪᠤᠯᠭᠠᠵᠦ ᠭᠥᠭᠵᠢᠯᠳᠠ ᠶᠢᠨ ᠠᠷᠭ᠎ᠠ ᠭᠡᠯᠪᠠᠷᠢ ᠶᠢ ᠬᠤᠪᠢᠷᠠᠭᠤᠯᠤᠨ ᠠᠵᠤ ᠠᠬᠤᠶᠢᠯᠠᠯ ᠤᠨ ᠭᠥᠭᠵᠢᠯᠳᠠ ᠶᠢ ᠬᠠᠷᠰᠢᠯᠠᠵᠤ ᠪᠠᠶᠢᠭ᠎ᠠ ᠲᠤᠪᠤᠶᠢᠮ᠎ᠠ ᠠᠰᠠᠭᠤᠳᠠᠯ ᠪᠤᠯᠤᠨ ᠵᠥᠷᠢᠴᠠᠯ ᠢ ᠵᠤᠭᠢᠰᠳᠠᠢ ᠰᠶᠢᠳᠪᠤᠷᠢᠯᠡᠬᠦ ᠬᠡᠷᠡᠭᠲᠡᠢ᠃ ᠠᠵᠤ ᠠᠬᠤᠶᠢᠯᠠᠯ ᠤᠨ ᠠᠷᠠᠯᠵᠢᠶᠠᠴᠢᠨ ᠤᠷᠢᠵᠤ ᠪᠠᠯᠠ ᠤᠷᠤᠭᠤᠯᠬᠤ ᠪᠤᠯᠤᠨ ᠲᠥᠷᠥᠯ ᠵᠥᠢᠯ ᠤᠨ ᠪᠥᠳᠥᠭᠡᠨ ᠪᠠᠶᠢᠭᠤᠯᠤᠯᠳᠠ ᠲᠤᠮᠳᠠᠭᠢ ᠭᠤᠤᠯ ᠴᠤᠭᠴᠠ ᠶᠢᠨ ᠥᠢᠯᠡᠳᠤᠯ ᠢ ᠪᠠᠳᠠᠷᠠᠭᠤᠯᠤᠨ ᠲᠥᠷᠥᠯ ᠵᠥᠢᠯ ᠤᠨ ᠪᠥᠳᠥᠭᠡᠨ ᠪᠠᠶᠢᠭᠤᠯᠤᠯᠳᠠ ᠶᠢᠨ ᠠᠯᠬᠤᠴᠠ ᠶᠢ ᠲᠥᠷᠭᠡᠳᠭᠡᠵᠦ ᠠᠵᠤ ᠠᠬᠤᠶᠢᠯᠠᠯ ᠤᠨ ᠥᠷᠭᠦᠯᠵᠢᠯᠡᠭᠰᠠᠨ ᠡᠷᠡᠭᠦᠯ ᠭᠥᠭᠵᠢᠯᠳᠠ ᠶᠢ ᠠᠭᠢᠭᠤᠯᠤᠨ ᠪᠥᠭᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠳᠠᠢ ᠭᠥᠭᠵᠢᠯᠳᠠ ᠶᠢ ᠠᠭᠢᠭᠤᠯᠬᠤ ᠭᠡᠷᠡᠭᠳᠠᠢ᠃ ᠠᠵᠤ ᠠᠬᠤᠶᠢᠯᠠᠯ ᠪᠤᠯᠤᠨ ᠠᠵᠤ ᠠᠬᠤᠶᠢᠯᠠᠯᠳᠠᠨ ᠭᠤᠤᠯᠯᠠᠭᠴᠢ ᠥᠢᠯᠡᠳᠤᠯ  ᠢᠶᠠᠨ ᠥᠷᠭᠦᠯᠵᠢᠯᠠᠨ ᠪᠠᠳᠠᠷᠠᠭᠤᠯᠵᠤ ᠲᠥᠷᠥᠯ ᠵᠥᠢᠯ ᠢ ᠠᠳᠬᠤᠬᠤ᠂ ᠴᠢᠨᠠᠷ ᠢ ᠲᠡᠭᠡᠭᠰᠢᠯᠠᠭᠦᠯᠭᠦ᠂ ᠰᠢᠨ᠎ᠠ ᠶᠢ ᠡᠭᠦᠳᠭᠦ᠂ ᠬᠠᠷᠢᠭᠤᠴᠠᠯᠭ᠎ᠠ ᠶᠢ ᠭᠥᠢᠴᠡᠳᠭᠡᠭᠦ ᠲᠠᠯ᠎ᠠ ᠪᠠᠷ ᠰᠢᠨ᠎ᠠ ᠠᠮᠵᠢᠯᠳᠠ ᠪᠥᠳᠥᠭᠡᠯ ᠭᠠᠷᠭᠠᠵᠤ  ᠨᠤᠮᠢᠨ ᠲᠠᠩᠰᠤᠭ ᠥᠥᠰᠢᠨ ᠤ ᠨᠤᠮᠢᠨ ᠲᠠᠩᠰᠤᠭ ᠬᠦᠭᠵᠢᠨ ᠮᠠᠨᠳᠣᠯᠲᠠ ᠶᠢ ᠪᠠᠶᠠᠯᠠᠭᠦᠯᠭᠦ ᠳᠤ ᠰᠢᠨ᠎ᠠ ᠬᠤᠪᠢ ᠨᠠᠮᠠᠷᠢ ᠭᠠᠷᠭᠠᠬᠤ ᠭᠡᠷᠡᠭᠳᠠᠢ᠃ ᠡᠯ᠎ᠠ ᠭᠠᠵᠠᠷ ᠣᠷᠣᠨ ᠡᠯ᠎ᠠ ᠰᠠᠯᠠᠭ᠎ᠠ ᠮᠥᠴᠢᠷ ᠠᠵᠤ ᠠᠬᠤᠶᠢᠯᠠᠯ ᠤᠨ ᠭᠥᠭᠵᠢᠯᠳᠠ ᠶᠢ ᠲᠠᠮᠵᠢᠨ ᠠᠵᠤ ᠠᠬᠤᠢ ᠶᠢᠨ ᠴᠢᠨᠠᠷ ᠰᠠᠶᠢᠳᠠᠢ ᠭᠥᠭᠵᠢᠯᠳᠠ ᠳᠠᠬᠢ ᠡᠭᠦᠳᠤᠨ ᠪᠥᠳᠥᠭᠡᠭᠦ ᠠᠮᠢᠳᠣᠯᠢᠭ ᠭᠥᠴᠤᠨ ᠪᠠ ᠭᠥᠳᠡᠯᠭᠡᠭᠦ ᠭᠥᠴᠤᠨ ᠢ ᠨᠡᠮᠡᠭᠳᠡᠭᠦᠯᠵᠦ ᠲᠥᠷᠥ ᠶᠢᠨ ᠪᠤᠳᠤᠯᠭ᠎ᠠ ᠶᠢᠨ ᠬᠠᠩᠭᠠᠯᠭ᠎ᠠ ᠶᠢ ᠴᠢᠩᠭᠠᠳᠬᠠᠨ ᠲᠦᠷᠦ ᠶᠢᠨ ᠪᠤᠳᠤᠯᠭ᠎ᠠ ᠶᠢ ᠬᠡᠷᠡᠭᠵᠢᠬᠦᠯᠬᠦ ᠶᠢ ᠴᠢᠩᠭ᠎ᠠ ᠠᠳᠬᠤᠵᠤ ᠤᠯᠤᠰ ᠤᠨ ᠥᠮᠴᠢᠯᠠᠯᠳᠤ ᠠᠵᠤ ᠠᠬᠤᠶᠢᠯᠠᠯ᠂ ᠤᠯᠤᠰ ᠤᠨ ᠥᠮᠴᠢᠯᠠᠯᠳᠤ ᠠᠵᠤ ᠠᠬᠤᠢ ᠶᠢᠨ ᠭᠥᠭᠵᠢᠯᠳᠠ ᠶᠢ ᠲᠠᠮᠵᠢᠨ ᠲᠤᠮᠳᠠ ᠪᠠᠭ᠎ᠠ ᠵᠢᠵᠢᠭ ᠠᠵᠤ ᠠᠬᠤᠶᠢᠯᠠᠯ ᠢ ᠪᠤᠵᠠᠭᠠᠶᠢᠷᠠᠭᠤᠯᠬᠤ ᠬᠡᠷᠡᠭᠲᠡᠢ᠃ ᠮᠥᠩᠭᠦᠨ ᠬᠦᠢᠯᠭᠡᠭᠡᠨ ᠤ ᠲᠠᠮᠵᠢᠯᠭᠡ ᠶᠢ ᠨᠡᠮᠡᠭᠳᠠᠭᠦᠯᠤᠨ ᠲᠥᠷᠥᠯ ᠵᠥᠢᠯ ᠤᠨ ᠪᠥᠳᠥᠭᠡᠨ ᠪᠠᠶᠢᠭᠤᠯᠤᠯᠳᠠ ᠶᠢᠨ ᠭᠥᠴᠢᠷᠳᠠᠢ ᠠᠰᠠᠭᠤᠳᠠᠯ ᠢ ᠰᠶᠢᠳᠪᠤᠷᠢᠯᠠᠵᠤ ︽ᠵᠠᠰᠠᠭ ᠢ ᠴᠤᠮᠬᠠᠳᠬᠠᠬᠤ᠂ ᠡᠷᠭᠡ  ᠶᠢ ᠲᠠᠯᠪᠢᠬᠤ᠂ ᠥᠢᠯᠡᠴᠢᠯᠡᠭᠡ ᠶᠢ ᠰᠢᠯᠢᠳᠡᠭᠵᠢᠭᠦᠯᠭᠦ︾ ᠥᠭᠡᠷᠡᠴᠢᠯᠠᠯᠳᠠ ᠶᠢ ᠭᠥᠨᠵᠡᠭᠡᠶᠢᠷᠠᠭᠦᠯᠵᠤ ᠪᠥᠭᠦ ᠬᠤᠰᠢᠭᠤᠨ  ᠤ ᠠᠵᠤ ᠠᠬᠤᠢ ᠶᠢᠨ ᠴᠢᠨᠠᠷ ᠰᠠᠶᠢᠳᠠᠢ ᠭᠥᠭᠵᠢᠯᠳᠠ ᠳᠤ ᠰᠠᠶᠢᠨ ᠰᠠᠶᠢᠬᠠᠨ ᠡᠵᠡᠩᠨᠠᠯᠳᠠ ᠠᠷᠠᠯᠵᠢᠶᠠᠨ ᠤ ᠤᠷᠴᠢᠨ ᠢ ᠬᠠᠩᠭᠠᠬᠤ ᠬᠡᠷᠡᠭᠲᠡᠢ ᠭᠡᠵᠡᠢ᠃
     ᠵᠤᠤ ᠹᠸᠢ ᠯᠤ᠋ ᠵᠢᠭᠠᠵᠤ ᠭᠠᠷᠭᠠᠬᠤ ᠳᠤ ᠪᠠᠨ᠂ ᠪᠥᠭᠦ ᠬᠤᠰᠢᠭᠤᠨ ᠤ ᠡᠯ᠎ᠠ ᠠᠵᠤ ᠠᠬᠤᠶᠢᠯᠠᠯ ᠰᠢ ᠶᠢᠨ ᠫᠢᠩ  ᠤᠨ ᠠᠷᠠᠳ ᠠᠴᠠ ᠡᠵᠡᠩᠨᠠᠭᠰᠠᠨ ᠠᠵᠤ ᠠᠬᠤᠶᠢᠯᠠᠯ ᠤᠨ ᠰᠠᠭᠤᠳᠠᠯ ᠤᠨ ᠬᠤᠷᠠᠯ ᠲᠡᠭᠡᠷᠡᠭᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠭᠥᠨᠵᠡᠭᠡᠢ ᠰᠤᠷᠤᠯᠴᠠᠨ ᠪᠠᠶᠢᠳᠠᠯ ᠢ ᠲᠤᠳᠤᠷᠬᠠᠢ ᠲᠠᠨᠢᠵᠤ ᠭᠥᠭᠵᠢᠯᠳᠠ ᠶᠢ ᠪᠠᠳᠤ ᠢᠳᠡᠭᠡᠭᠦ ᠪᠤᠯ ᠠᠰᠠᠭᠤᠳᠠᠯ ᠢ ᠰᠶᠢᠳᠪᠤᠷᠢᠯᠠᠭᠦ ᠬᠠᠮᠤᠭ ᠰᠠᠶᠢᠨ ᠠᠷᠭ᠎ᠠ ᠵᠠᠮ ᠪᠤᠯᠬᠤ ᠶᠢ ᠤᠶᠢᠯᠠᠭᠠᠨ ᠲᠥᠷᠥᠯ ᠵᠥᠢᠯ ᠤᠨ ᠪᠥᠳᠥᠭᠡᠨ ᠪᠠᠶᠢᠭᠤᠯᠤᠯᠳᠠ ᠶᠢ ᠠᠭᠢᠭᠤᠯᠬᠤ ᠭᠡᠷᠡᠭᠳᠠᠢ᠃ ᠡᠯ᠎ᠠ ᠬᠤᠯᠪᠤᠭᠳᠠᠯ ᠪᠥᠭᠦᠢ ᠰᠠᠯᠠᠭ᠎ᠠ ᠮᠥᠴᠢᠷ ᠲᠠᠨᠢᠯᠳᠠ ᠪᠠᠨ ᠲᠡᠭᠡᠭᠰᠢᠯᠡᠭᠦᠯᠵᠤ ᠵᠠᠰᠠᠭ ᠢ ᠴᠤᠮᠬᠠᠳᠬᠠᠨ ᠡᠷᠭᠡ ᠶᠢ ᠲᠠᠯᠪᠢᠬᠤ ᠱᠠᠭᠠᠷᠳᠠᠯᠭ᠎ᠠ ᠪᠠᠷ ᠠᠵᠢᠯ ᠡᠷᠭᠢᠯᠠᠭᠦ ᠶᠠᠪᠤᠴᠠ ᠶᠢ ᠲᠥᠭᠦᠮᠴᠢᠯᠠᠨ ᠡᠵᠡᠩᠨᠠᠯᠳᠠ ᠠᠷᠠᠯᠵᠢᠶᠠᠨ ᠤ ᠤᠷᠴᠢᠨ ᠢ  ᠥᠷᠭᠦᠯᠵᠢᠯᠠᠨ ᠰᠢᠯᠢᠳᠡᠭᠵᠢᠭᠦᠯᠭᠦ ᠬᠡᠷᠡᠭᠲᠡᠢ᠃ ᠠᠵᠤ ᠠᠬᠤᠶᠢᠯᠠᠯᠳᠠᠨ ᠤ ᠵᠤᠷᠢᠭ ᠰᠠᠨᠠᠭ᠎ᠠ᠂ ᠴᠢᠳᠠᠪᠤᠷᠢ ᠶᠢ ᠪᠠᠳᠠᠷᠠᠭᠤᠯᠤᠨ ᠠᠵᠤ ᠠᠬᠤᠶᠢᠯᠠᠯ ᠢᠶᠠᠷ ᠭᠤᠤᠯ ᠴᠤᠭᠴᠠ ᠪᠤᠯᠭᠠᠨ ᠵᠠᠬ᠎ᠠ ᠲᠡᠯᠭᠡᠭᠦᠷ ᠢᠶᠠᠷ ᠤᠳᠤᠷᠢᠳᠤᠮᠵᠢ ᠪᠤᠯᠭᠠᠵᠦ ᠰᠤᠳᠤᠯᠭᠠᠨ ᠰᠤᠷᠭᠠᠨ ᠭᠥᠮᠤᠵᠢᠯ ᠥᠢᠯᠡᠳᠪᠤᠷᠢᠯᠠᠯ ᠬᠠᠷᠢᠯᠴᠠᠨ ᠤᠶᠠᠯᠳᠤᠭᠰᠠᠨ ᠮᠡᠷᠭᠡᠵᠢᠯ ᠤᠨ ᠰᠢᠨ᠎ᠠ ᠶᠢ ᠡᠭᠦᠳᠭᠦ ᠲᠤᠭᠳᠠᠯᠴᠠᠭ᠎ᠠ ᠶᠢ ᠪᠠᠶᠢᠭᠤᠯᠬᠤ ᠭᠡᠷᠡᠭᠳᠠᠢ᠃ ᠲᠠᠷᠠᠭ᠎ᠠ ᠵᠢᠯ ᠤᠨ ᠠᠵᠢᠯ ᠢ ᠡᠷᠳᠠ ᠠᠴᠠ ᠲᠥᠯᠥᠪᠵᠢᠭᠦᠯᠵᠤ ᠲᠤᠳᠤᠷᠬᠠᠢ ᠴᠠᠭ ᠤᠨ ᠬᠦᠰᠦᠨᠦᠭᠲᠤ ᠪᠠ ᠡᠭᠦᠷᠭᠡ ᠶᠢᠨ ᠬᠠᠭᠤᠳᠠᠰᠤ ᠶᠢ ᠵᠢᠭᠰᠠᠭᠠᠨ ᠭᠠᠷᠭᠠᠵᠦ ᠡᠯ᠎ᠡ ᠲᠠᠯ᠎ᠠ ᠠᠴᠠ ᠨᠠᠶᠢᠳᠠᠪᠤᠷᠢᠵᠢᠭᠤᠯᠤᠯᠳᠠ ᠶᠢ ᠪᠥᠭᠦ ᠲᠠᠯ᠎ᠠ ᠪᠠᠷ ᠠᠭᠢᠭᠤᠯᠬᠤ ᠬᠡᠷᠡᠭᠲᠡᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号