ᠥᠨᠤ ᠵᠢᠯ ᠠᠴᠠ ᠡᠬᠢᠯᠡᠵᠤ ᠬᠤᠰᠢᠭᠤ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠬᠦᠯᠬᠦ ᠲᠤᠪᠴᠢᠶ᠎ᠠ | ᠵᠢᠯᠤᠭᠤᠴᠢ ᠥᠭᠡᠢ ᠨᠢᠰᠬᠡᠯ ᠢ ᠪᠠᠷᠢᠯᠭ᠎ᠠ ᠶᠢᠨ ᠠᠵᠢᠯ ᠤᠨ ᠲᠤᠭᠤᠷᠢᠨ ᠪᠠᠶᠢᠴᠠᠭᠠᠯᠲᠠ ᠳᠤ ᠬᠡᠷᠡᠭᠯᠡᠬᠡᠳ ᠢᠯᠡᠷᠭᠡᠢ | ᠥᠷ᠎ᠡ ᠪᠥᠲᠤᠮᠵᠢ ᠤᠯᠤᠭᠰᠠᠨ ᠪᠠᠶᠢᠨ᠎ᠠ᠃ | ᠵᠢᠯᠤᠭᠤᠴᠢ ᠥᠭᠡᠢ ᠨᠢᠰᠭᠡᠯ ᠢᠶᠠᠷ ᠲᠤᠭᠤᠷᠢᠨ ᠪᠠᠶᠢᠴᠠᠭᠠᠬᠤ ᠪᠠᠷ ᠲᠠᠮᠵᠢᠭᠠᠳ ᠤᠶᠢᠷ᠎ᠠ ᠳᠤ ᠬᠤᠰᠢᠭᠤ | ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠬᠦᠯᠬᠦ ᠲᠤᠪᠴᠢᠶ᠎ᠠ ᠨᠢ ᠭᠠᠯᠠᠭᠤᠲᠤ ᠪᠠᠯᠭᠠᠰᠤᠨ ᠤ ᠭᠡᠪᠴᠢᠶᠡᠨ ᠳᠤ | ᠪᠠᠶᠢᠭ᠎ᠠ ᠬᠠᠤᠯᠢ ᠶᠢ ᠵᠥᠷᠢᠴᠡᠵᠤ ᠪᠠᠷᠢᠭᠰᠠᠨ 2 ᠪᠠᠷᠢᠯᠭ᠎ᠠ ᠶᠢ ᠬᠠᠤᠯᠢ ᠶᠤᠰᠤᠭᠠᠷ ᠨᠤᠷᠠᠭᠠᠵᠤ᠂ ᠨᠤᠷᠠᠭᠠᠭᠰᠠᠨ | ᠲᠠᠯᠠᠪᠠᠢ ᠨᠢ 60 ᠭᠠᠷᠤᠢ ᠲᠡᠭᠰᠢ ᠲᠥᠷᠪᠡᠯᠵᠢᠨ ᠮᠧᠲᠷ ᠬᠦᠷᠴᠤ᠂ 20 ᠭᠠᠷᠤᠢ ᠬᠠᠤᠯᠢ ᠭᠡᠷᠡᠭᠵᠢᠬᠦᠯᠤᠭ᠍ᠴᠢᠳ | ᠤᠷᠤᠯᠴᠠᠨ 2 ᠬᠠᠤᠯᠢ ᠬᠡᠷᠡᠭᠵᠢᠬᠦᠯᠬᠦ ᠲᠡᠷᠭᠡ ᠂ 1 ᠠᠴᠢᠶᠠᠯᠠᠭᠤᠷ ᠮᠠᠰᠢᠨ ᠢ ᠬᠡᠷᠡᠭᠯᠡᠪᠡ᠃ | ᠬᠤᠰᠢᠭᠤ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠬᠦᠯᠬᠦ ᠲᠤᠪᠴᠢᠶ᠎ᠠ ᠨᠢ ᠵᠢᠯᠤᠭᠤᠴᠢ ᠥᠭᠡᠢ | ᠨᠢᠰᠭᠡᠯ ᠢᠶᠠᠷ ᠲᠤᠭᠤᠷᠢᠨ ᠪᠠᠶᠢᠴᠠᠭᠠᠬᠤ ᠭᠥᠴᠤᠯᠡᠴᠡ ᠪᠠᠨ ᠳᠠᠰᠤᠷᠠᠯᠲᠠ ᠦᠭᠡᠢ ᠴᠢᠩᠭᠠᠳᠬᠠᠨ ᠤᠴᠢᠷ ᠢ | ᠢᠯᠡᠷᠡᠭᠦᠯᠪᠡᠯ ᠪᠠᠷᠢᠨ ᠲᠤᠤᠷ᠎ᠠ ᠨᠢ ᠰᠢᠢᠳᠪᠤᠷᠢᠯᠡᠵᠤ ᠬᠤᠲᠠ ᠪᠠᠯᠭᠠᠰᠤᠨ ᠤ ᠠᠮᠤᠷ ᠲᠥᠪᠰᠢᠨ ᠢ ᠪᠠᠲᠤᠯᠠᠨ ᠡᠮᠬᠢ | ᠴᠡᠭᠴᠡ ᠲᠠᠢ ᠤᠷᠴᠢᠨ ᠲᠤᠭᠤᠷᠢᠨ ᠢ ᠡᠭᠦᠲᠤᠨ ᠪᠠᠶᠢᠭᠤᠯᠬᠤ ᠳᠤ ᠲᠥᠯᠭᠢᠴᠡ ᠤᠶᠢᠯᠡᠲᠤᠯ ᠦᠵᠡᠬᠦᠯᠬᠦ ᠪᠠᠷ | ᠴᠢᠷᠮᠠᠶᠢᠵᠤ ᠪᠠᠶᠢᠨ᠎ᠠ᠃ |