ᠮᠠᠨ ᠤ ᠬᠤᠰᠢᠭᠤ ᠤᠷᠴᠢᠨ ᠲᠤᠭᠤᠷᠢᠨ ᠤ ᠠᠷᠢᠭᠤᠨ ᠴᠡᠪᠠᠷ ᠤᠨ ᠠᠵᠢᠯᠴᠢᠳ ᠲᠤ ︽ᠤᠯᠠᠭᠠᠨᠮᠦ᠋ᠴᠢᠷ ᠤᠨ ᠵᠤᠷᠢᠭ ᠰᠠᠨᠠᠭ᠎ᠠ ᠶᠢ ᠪᠠᠳᠠᠷᠠᠭᠤᠯᠤᠨ ᠠᠷᠠᠳ ᠲᠥᠮᠡᠨ ᠤ ᠲᠤᠮᠳᠠ ᠬᠦᠨᠵᠡᠭᠡᠶᠢᠷᠡᠬᠦ︾ ᠲᠤᠰᠬᠠᠢ ᠲᠠᠯᠠᠪᠤᠷ  ᠤᠨ ᠤᠷᠠᠨ ᠰᠠᠶᠢᠬᠠᠨ ᠤ ᠲᠤᠭᠯᠠᠯᠳᠠ ᠭᠠᠷᠭᠠᠪᠠ
ᠨᠡᠶᠢᠲᠡᠯᠡᠭᠰᠡᠨ ᠴᠠᠭ᠄
2018-11-27
     11ᠰᠠᠷ᠎ᠠ ᠶᠢᠨ 21 ᠤ ᠡᠳᠦᠷ᠂ ᠬᠤᠰᠢᠭᠤ ᠤᠯᠠᠭᠠᠨᠮᠦ᠋ᠴᠢᠷ ᠨᠢ ᠮᠠᠨ ᠤ ᠬᠤᠰᠢᠭᠤᠨ ᠤ ᠪᠥᠭᠦ ᠤᠯᠤᠰ ᠤᠨ ᠬᠤᠰᠢᠭᠤ ᠰᠢᠶᠠᠨ ᠤ ᠲᠠᠰ ᠤᠨ ᠪᠤᠯᠪᠠᠰᠤᠨ ᠬᠤᠳᠠ ᠶᠢᠨ ᠡᠭᠦᠳᠤᠨ ᠪᠠᠶᠢᠭᠤᠯᠤᠯᠳᠠ ᠶᠢᠨ ᠨᠢᠭᠡᠳᠤᠭᠡᠷ ᠹᠷᠤᠨᠲ ᠲᠤ ᠭᠠᠪᠰᠢᠭᠠᠶᠢᠯᠠᠵᠤ ᠪᠠᠶᠢᠭ᠎ᠠ ᠤᠷᠴᠢᠨ ᠲᠤᠭᠤᠷᠢᠨ ᠤ ᠠᠷᠢᠭᠤᠨ ᠴᠡᠪᠠᠷ ᠤᠨ ᠠᠵᠢᠯᠴᠢᠳ ᠲᠤ ︽ᠤᠯᠠᠭᠠᠨᠮᠦ᠋ᠴᠢᠷ ᠤᠨ ᠵᠤᠷᠢᠭ ᠰᠠᠨᠠᠭ᠎ᠠ ᠶᠢ ᠪᠠᠳᠠᠷᠠᠭᠤᠯᠤᠨ ᠠᠷᠠᠳ ᠲᠥᠮᠡᠨ ᠤ ᠲᠤᠮᠳᠠ ᠬᠦᠨᠵᠡᠭᠡᠶᠢᠷᠡᠬᠦ︾ ᠲᠤᠰᠬᠠᠢ ᠲᠠᠯᠠᠪᠤᠷ ᠤᠨ ᠤᠷᠠᠨ ᠰᠠᠶᠢᠬᠠᠨ ᠤ ᠲᠤᠭᠯᠠᠯᠳᠠ ᠭᠠᠷᠭᠠᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠤᠭᠢᠶᠠᠨ ᠪᠠᠶᠢᠭᠤᠯᠬᠤ ᠭᠡᠯᠳᠡᠰ ᠤᠨ ᠲᠠᠷᠤᠭ᠎ᠠ ᠸᠠᠩ ᠯᠢ ᠫᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠭᠡᠯᠳᠡᠰ ᠤᠨ ᠲᠠᠷᠤᠭ᠎ᠠ ᠹᠧᠩ ᡁᠢ ᠮᠢᠩ᠂ ᠬᠤᠰᠢᠭᠤ ᠤᠳᠤᠷᠢᠳᠤᠯᠭ᠎ᠠ ᠯᠢ ᠰᠢᠤ ᠹᠧᠩ᠂ ᠯᠢ ᠬᠤᠩ ᠯᠢᠶᠠᠩ᠂ ᠰᠥᠨ ᠰᠢᠶᠤᠤ ᠴᠢᠶᠠᠩ ᠨᠠᠷ ᠲᠤᠭᠯᠠᠯᠳᠠ ᠶᠢ ᠰᠣᠨᠢᠷᠬᠠᠵᠠᠭᠠᠪᠠ᠃
           ᠲᠤᠬᠯᠠᠯᠳᠠ ᠨᠢ ᠪᠥᠭᠦ ᠲᠤᠭᠯᠠᠭᠴᠢᠳ ᠤᠨ ᠲᠠᠪᠰᠢᠭᠦᠯᠥᠭᠰᠠᠨ ︽ᠴᠢᠨᠠᠷᠯᠢᠭ ᠪᠦᠬᠦᠢ ᠴᠢᠨᠡᠭᠡᠯᠢᠭ ᠨᠡᠶᠢᠭᠡᠮ ᠢ ᠪᠥᠳᠥᠭᠡᠨ ᠪᠠᠶᠢᠭᠤᠯᠤᠶ᠎ᠠ︾ ᠭᠡᠭᠦ ᠬᠤᠯᠪᠤᠭ᠎ᠠ ᠪᠠᠷ ᠭᠥᠰᠢᠭᠡ ᠪᠠᠨ ᠢᠷᠠᠵᠤ ᠡᠷᠡᠭᠳᠠᠢ ᠶᠢᠨ ᠲᠥᠷᠪᠠᠯᠠᠯ ᠲᠠᠭᠤᠤ ︽ᠤᠯᠠᠭᠠᠨᠮᠦ᠋ᠴᠢᠷ ᠤᠨ ᠲᠠᠭᠤᠤ︾᠂ ᠲᠦᠷᠪᠡᠨ ᠤᠲᠠᠰᠤᠲᠤ ᠬᠤᠭᠤᠷ ᠤᠨ ᠭᠤᠴᠤᠯᠠᠯ ᠬᠦᠭᠵᠢᠮ ︽ᠲᠠᠯ᠎ᠠ ᠨᠤᠲᠤᠭ  ᠤᠨ ᠠᠶᠠᠯᠭᠤ︾᠂ ᠡᠮᠡᠭᠲᠡᠢ ᠶᠢᠨ ᠭᠤᠴᠤᠯᠠᠯ ᠲᠠᠭᠤᠤ ︽ᠮᠠᠷᠲᠠᠵᠣ ᠴᠢᠳᠠᠬᠤ ᠦᠭᠡᠢ︾᠂ ᠠᠷᠠᠳ ᠤᠨ ᠨᠠᠶᠢᠷᠠᠯ ᠭᠥᠭᠵᠢᠮ ︽ᠤᠷᠳᠤᠰ ᠠᠶᠠᠯᠭᠤ︾᠂ ᠬᠤᠤᠰᠯᠠᠯ ᠲᠠᠭᠤᠤ ︽ᠥᠥᠰᠢᠨ ᠳᠡᠭᠡᠨ ᠭᠥᠷᠤᠶ᠎ᠠ︾ ᠵᠡᠷᠭᠡ ᠠᠷᠪᠠ ᠭᠠᠷᠤᠢ ᠭᠤᠴᠤ ᠰᠠᠶᠢᠬᠠᠨ ᠲᠤᠭᠯᠠᠯᠳᠠ ᠨᠢ ᠠᠬᠤᠢ ᠲᠠᠯᠠᠪᠠᠢ ᠶᠢᠨ ᠥᠵᠡᠭᠴᠢᠳ ᠤᠨ ᠥᠶ᠎ᠠ ᠥᠶ᠎ᠠ ᠬᠠᠯᠠᠭᠤᠨ ᠠᠯᠠᠭ᠎ᠠ ᠲᠠᠰᠢᠯᠳᠠ ᠶᠢ ᠤᠯᠵᠤ ᠪᠠᠶᠢᠯ᠎ᠠ᠃
           ᠲᠠᠭᠡᠷ᠎ᠡ ᠵᠢᠯ ᠤᠨ 11 ᠰᠠᠷ᠎ᠠ ᠶᠢᠨ 21 ᠤ ᠡᠳᠦᠷ᠂ ᠰᠢ ᠶᠢᠨ ᠫᠢᠩ ᠶᠠᠷᠤᠩᠭᠡᠢ ᠱᠥᠵᠢ ᠤᠯᠠᠭᠠᠨᠮᠦ᠋ᠴᠢᠷ ᠲᠤ ᠬᠠᠷᠢᠭᠤ ᠵᠠᠭᠢᠳᠠᠯ ᠢᠷᠠᠭᠦᠯᠭᠦ ᠳᠤ ᠪᠠᠨ ︽ᠤᠯᠠᠭᠠᠨᠮᠦ᠋ᠴᠢᠷ ᠪᠤᠯ ᠪᠥᠭᠦ ᠤᠯᠤᠰ ᠤᠨ ᠤᠳᠬ᠎ᠠ ᠤᠷᠠᠯᠢᠭ ᠤᠨ ᠹᠷᠤᠨᠲ  ᠤᠨ ᠨᠢᠭᠡᠨ ᠲᠤᠭ ᠪᠠᠶᠢᠵᠤ᠂ ᠦᠷᠭᠡᠨ ᠤᠯᠠᠨ ᠮᠠᠯᠴᠢᠨ ᠲᠠᠷᠢᠶᠠᠴᠢᠨ ᠳᠤ ᠪᠠᠶᠠᠷ ᠪᠠᠶᠠᠰᠬᠤᠯᠠᠩ ᠪᠤᠯᠤᠨ ᠪᠤᠯᠪᠠᠰᠤᠨ ᠰᠤᠶᠤᠯ ᠢ ᠬᠦᠷᠭᠡᠳᠡᠭ︾ ᠭᠡᠵᠤ ᠳᠤᠷᠠᠳᠪᠠ᠃ ᠦᠦᠰᠢᠨ ᠬᠤᠰᠢᠭᠤᠨ ᠤ ᠤᠯᠠᠭᠠᠨᠮᠦ᠋ᠴᠢᠷ ᠨᠢ ᠡᠯ᠎ᠠ ᠱᠠᠳᠤᠨ ᠤ ᠨᠠᠮ  ᠤᠨ ᠬᠤᠷᠢᠶ᠎ᠠ ᠵᠠᠰᠠᠭ ᠤᠨ ᠤᠷᠳᠤᠨ ᠤ ᠤᠳᠤᠷᠢᠳᠤᠯᠭ᠎ᠠ ᠪᠤᠯᠤᠨ ᠲᠠᠮᠵᠢᠯᠭᠡ ᠲᠤᠤᠷ᠎ᠠ ᠤᠭ ᠰᠠᠨᠠᠭ᠎ᠠ ᠪᠠᠨ ᠥᠯᠤ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠠᠵᠤ ᠥᠨᠳᠤᠰᠤᠨ ᠱᠠᠳᠤᠨ ᠳᠤ ᠭᠥᠨᠵᠡᠭᠡᠶᠢᠷᠠᠨ ᠠᠷᠠᠳ ᠲᠥᠮᠡᠨ ᠳᠤ ᠥᠢᠯᠡᠴᠢᠯᠠᠵᠤ ᠤᠯᠠᠭᠠᠨᠮᠦ᠋ᠴᠢᠷ ᠤᠨ ᠵᠤᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠣ ᠭᠤᠴᠤ ᠰᠠᠶᠢᠬᠠᠨ ᠤᠷᠠᠨ ᠰᠠᠶᠢᠬᠠᠨ ᠤ ᠲᠤᠭᠯᠠᠯᠳᠠ ᠪᠤᠯᠤᠨ ᠨᠠᠮ ᠤᠨ ᠲᠥᠷᠥ ᠶᠢᠨ ᠪᠤᠳᠤᠯᠭ᠎ᠠ ᠶᠢ ᠥᠨᠳᠤᠰᠤᠨ ᠱᠠᠳᠤᠨ ᠳᠤ ᠢᠳᠡᠪᠭᠢᠳᠠᠢ ᠭᠥᠷᠭᠡᠨ ᠲᠠᠮᠵᠢᠭᠤᠯᠵᠤ 2018 ᠤᠨ ᠳᠤ ᠨᠠᠶᠢᠳᠠ 130 ᠭᠠᠷᠤᠢ ᠲᠠᠯᠠᠪᠠᠢ ᠲᠤᠭᠯᠠᠯᠳᠠ ᠭᠠᠷᠭᠠᠵᠤ ᠥᠷᠭᠡᠨ ᠤᠯᠠᠨ ᠠᠷᠠᠳ ᠲᠥᠮᠡᠨ ᠤ ᠬᠠᠯᠠᠭᠤᠨ ᠭᠥᠷᠢᠶᠠᠯᠠᠯ ᠢ ᠤᠯᠤᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号