ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋ ᠨᠠᠷ ᠬᠤᠳᠠ ᠶᠢᠨ ᠪᠥᠳᠥᠭᠡᠨ ᠪᠠᠶᠢᠭᠤᠯᠤᠯᠳᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2018-11-27
     11 ᠰᠠᠷ᠎ᠠ ᠶᠢᠨ 23 ᠤ ᠡᠳᠦᠷ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋ ᠨᠠᠷ ᠮᠠᠨ ᠤ ᠬᠤᠰᠢᠭᠤᠨ ᠤ ᠬᠤᠳᠠ ᠶᠢᠨ ᠪᠥᠳᠥᠭᠡᠨ ᠪᠠᠶᠢᠭᠤᠯᠤᠯᠳᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠳᠠ ᠬᠢᠵᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶᠠᠨ ᠤ ᠡᠷᠭᠢᠯᠡᠭᠴᠢ ᠪᠤᠶᠠᠠᠮᠠᠠᠳᠤᠬᠤ᠂ ᠵᠠᠰᠠᠭ ᠤᠨ ᠤᠷᠳᠤᠨ ᠤ ᠬᠤᠰᠢᠭᠤ ᠳᠡᠳ᠋ ᠳᠠᠷᠤᠭ᠎ᠠ ᠵᠸᠤ ᠱᠤᠸᠠᠢ ᠪᠤᠯᠤᠨ ᠬᠤᠯᠪᠤᠭᠳᠠᠯ ᠪᠥᠭᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠪᠠᠷᠠᠳᠠᠨ ᠪᠠᠶᠢᠴᠠᠭᠠᠪᠠ᠃      ᠵᠤᠤ ᠹᠧᠢ ᠯᠤ᠋ ᠨᠠᠷ ᠤᠷᠢᠳ ᠬᠤᠵᠢᠳ ᠬᠤᠢ ᠹᠧᠩ᠂ ᠷᠧᠨ ᠽᠧ᠂ ᠶᠤᠸᠠᠢ ᠰᠢᠨ ᠶᠤᠸᠠᠨ ᠰᠠᠭᠤᠭᠠᠯᠢ ᠲᠤᠭᠤᠷᠢᠭ ᠪᠤᠯᠤᠨ ᠪᠤᠷᠤ ᠭᠡᠷᠳᠤ ᠲᠤᠭᠤᠷᠢᠭ ᠤᠨ ᠥᠭᠡᠷᠡᠴᠢᠯᠠᠯᠳᠠ ᠶᠢᠨ ᠵᠢᠯᠤᠭᠤᠳᠬᠤ ᠭᠠᠵᠠᠷ ᠵᠡᠷᠭᠡ ᠪᠠᠷ ᠭᠥᠷᠴᠤ ᠬᠠᠭᠤᠴᠢᠨ ᠰᠠᠭᠤᠭᠠᠯᠢ ᠲᠤᠭᠤᠷᠢᠭ ᠤᠨ ᠥᠭᠡᠷᠠᠴᠢᠯᠠᠯᠳᠠ ᠶᠢᠨ ᠪᠠᠶᠢᠳᠠᠯ᠂ ᠪᠤᠷᠤ ᠭᠡᠷᠳᠤ ᠲᠤᠭᠤᠷᠢᠭ ᠤᠨ ᠭᠡᠷ ᠪᠠᠶᠢᠰᠢᠩ ᠢ ᠰᠤᠯᠢᠵᠤ ᠲᠤᠭᠢᠷᠠᠭᠤᠯᠤᠭᠰᠠᠨ ᠪᠠᠶᠢᠳᠠᠯ ᠢ ᠨᠠᠷᠢᠨ ᠪᠠᠶᠢᠴᠠᠭᠠᠨ ᠥᠵᠠᠵᠤ ᠰᠠᠭᠤᠭᠠᠯᠢ ᠠᠷᠠᠳ ᠤᠨ ᠲᠤᠭᠤᠷᠢᠭ ᠤᠨ ᠡᠳᠤᠷ ᠲᠤᠳᠤᠮ ᠤᠨ ᠬᠠᠮᠢᠶᠠᠷᠤᠯᠳᠠ ᠶᠢ ᠨᠠᠷᠢᠨ ᠤᠶᠢᠯᠠᠭᠠᠨ ᠰᠠᠭᠤᠷᠢ ᠲᠥᠭᠦᠭᠡᠷᠤᠮᠵᠢ ᠶᠢᠨ ᠪᠥᠳᠥᠭᠡᠨ ᠪᠠᠶᠢᠭᠤᠯᠤᠯᠳᠠ ᠶᠢᠨ ᠭᠢᠷᠢ ᠲᠥᠪᠰᠢᠨ ᠢ ᠰᠠᠶᠢᠵᠢᠷᠠᠭᠤᠯᠤᠨ ᠥᠢᠯᠡᠴᠢᠯᠡᠭᠡᠨ ᠤ ᠪᠠᠷᠢᠮᠵᠢᠶ᠎ᠠ ᠶᠢ ᠲᠡᠭᠡᠭᠰᠢᠯᠡᠭᠦᠯᠵᠤ ᠡᠷᠡᠭᠦᠯ ᠪᠤᠯᠪᠠᠰᠤᠨ ᠠᠮᠢᠳᠤᠷᠠᠯ ᠤᠨ ᠠᠷᠭ᠎ᠠ ᠭᠡᠯᠪᠠᠷᠢ ᠶᠢ ᠪᠤᠢ ᠪᠤᠯᠭᠠᠬᠤ ᠶᠢ ᠰᠠᠨᠠᠭᠠᠴᠢᠯᠠᠬᠤ ᠭᠡᠷᠡᠭᠳᠠᠢ ᠭᠡᠵᠤ ᠴᠢᠬᠤᠯᠠᠴᠢᠯᠠᠵᠠᠢ᠃
           ᠪᠠᠶᠢᠴᠠᠭᠠᠨ ᠰᠤᠳᠤᠯᠤᠯᠳᠠ ᠲᠤᠮᠳᠠ᠂ ᠵᠤᠤ ᠹᠸᠢ ᠯᠤ᠋ ᠨᠡᠷ ᠲᠦᠯᠦᠪᠯᠡᠨ ᠪᠠᠶᠢᠭᠤᠯᠬᠤ ᠪᠠᠷ ᠪᠠᠶᠢᠭ᠎ᠠ ᠭᠤᠷᠪᠠᠯᠵᠢᠨ ᠬᠡᠯᠪᠡᠷᠢᠲᠤ ᠴᠡᠴᠡᠷᠯᠢᠭ᠂ ᠬᠤᠶᠠᠳᠤᠭᠠᠷ ᠲᠤᠷᠰᠢᠯᠳᠠ ᠶᠢᠨ ᠪᠠᠭ᠎ᠠ ᠰᠤᠷᠭᠠᠭᠤᠯᠢ ᠶᠢᠨ ᠪᠠᠷᠠᠭᠤᠨ ᠭᠡᠰᠡᠭ  ᠤᠨ ᠤᠯᠠᠨ ᠨᠠᠶᠢᠳᠠ ᠶᠢᠨ ᠠᠵᠢᠯᠯᠠᠭᠠᠨ ᠤ ᠲᠠᠯᠠᠪᠤᠷ᠂ ᠭᠠᠯᠠᠭᠤᠳᠤ ᠮᠠᠰᠢᠨ ᠲᠡᠷᠭᠡᠨ ᠥᠷᠳᠡᠭᠡᠨ ᠤ ᠡᠮᠤᠨᠠᠭᠢ ᠠᠭᠤᠳᠠᠮ ᠲᠠᠯᠠᠪᠠᠢ᠂ ᠤᠷᠴᠢᠨ ᠲᠤᠭᠤᠷᠢᠨ ᠢ ᠴᠡᠪᠡᠷᠯᠡᠳᠡᠭ ᠮᠠᠰᠢᠨ ᠲᠡᠷᠭᠡᠨ ᠤ ᠭᠥᠮᠤᠷᠭᠡ ᠶᠢᠨ ᠪᠥᠳᠥᠭᠡᠨ ᠪᠠᠶᠢᠭᠤᠯᠤᠯᠳᠠ᠂ ᠮᠤᠷᠢᠨ ᠬᠤᠭᠤᠷ ᠤᠨ ᠰᠤᠶᠤᠯ ᠤᠨ ᠬᠦᠷᠢᠶᠡᠯᠡᠩ ᠵᠡᠷᠭᠡ ᠭᠠᠵᠠᠷ ᠲᠤ ᠤᠴᠢᠨ ᠰᠢᠨᠵᠢᠯᠠᠨ ᠪᠠᠶᠢᠴᠠᠭᠠᠯᠳᠠ ᠭᠢᠵᠤ ᠪᠥᠳᠥᠭᠡᠨ ᠪᠠᠶᠢᠭᠤᠯᠤᠯᠳᠠ ᠲᠥᠯᠥᠪᠵᠢᠭᠦᠯᠭᠡ ᠶᠢᠨ ᠪᠠᠶᠢᠳᠠᠯ ᠢ ᠤᠶᠢᠯᠠᠭᠠᠭᠰᠠᠨ ᠪᠠᠶᠢᠨ᠎ᠠ᠃ ᠵᠤᠤ ᠹᠸᠢ ᠯᠤ᠋ ᠵᠢᠭᠠᠵᠤ ᠭᠠᠷᠭᠠᠬᠤ ᠳᠤ ᠪᠠᠨ᠂ ᠠᠮᠢᠳᠤᠷᠠᠯ ᠤᠨ ᠭᠢᠷᠢ ᠲᠥᠪᠰᠢᠨ ᠤ ᠲᠡᠭᠡᠭᠰᠢᠯᠠᠭᠦ ᠶᠢ ᠲᠠᠭᠠᠯᠳᠤᠨ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠠᠮᠢᠳᠤᠷᠠᠯ᠂ ᠰᠠᠯᠠᠭᠦᠴᠠᠯ ᠤᠷᠴᠢᠨ ᠤ ᠱᠠᠭᠠᠷᠳᠠᠯᠭ᠎ᠠ ᠴᠤ ᠳᠠᠰᠤᠷᠠᠯᠲᠠ ᠥᠭᠡᠢ ᠲᠡᠭᠡᠭᠰᠢᠯᠡᠭᠰᠠᠨ ᠪᠠᠶᠢᠨ᠎ᠠ᠃ ᠡᠯ᠎ᠠ ᠬᠤᠯᠪᠤᠭᠳᠠᠯ ᠪᠥᠭᠦᠢ ᠰᠠᠯᠠᠭ᠎ᠠ ᠮᠥᠴᠢᠷ ᠠᠷᠠᠳ ᠲᠥᠮᠡᠨ  ᠢᠶᠠᠷ ᠭᠤᠤᠯ ᠪᠤᠯᠭᠠᠭᠰᠠᠨ ᠭᠥᠭᠵᠢᠯᠳᠠ ᠶᠢᠨ ᠥᠵᠠᠯ ᠰᠠᠨᠠᠭ᠎ᠠ ᠶᠢ ᠪᠠᠳᠤ ᠪᠠᠭᠢ ᠪᠤᠢ ᠪᠤᠯᠭᠠᠨ ᠬᠤᠳᠠ ᠶᠢᠨ ᠤᠯᠠᠨ ᠨᠠᠶᠢᠳᠠ ᠶᠢᠨ ᠨᠤᠭᠤᠭᠠᠷᠠᠭᠤᠯᠤᠯᠳᠠ ᠶᠢᠨ ᠪᠥᠳᠥᠭᠡᠨ ᠪᠠᠶᠢᠭᠤᠯᠤᠯᠳᠠ ᠶᠢ ᠨᠢᠭᠡᠳᠤᠯᠳᠠᠢ ᠲᠥᠯᠥᠪᠵᠢᠭᠦᠯᠵᠤ ᠰᠠᠭᠤᠭᠠᠯᠢ ᠠᠷᠠᠳ ᠤᠨ ᠠᠵᠢᠯᠯᠠᠭᠠᠨ ᠤ ᠲᠠᠯᠠᠪᠤᠷ ᠢ ᠥᠷᠭᠡᠳᠭᠡᠨ ᠬᠤᠳᠡ ᠶᠢᠨ ᠵᠡᠷᠭᠡ ᠳᠡᠰ ᠪᠠ ᠠᠭᠤᠯᠤᠭᠳᠠᠬᠤᠨ ᠢ ᠤᠯᠠᠮ ᠨᠢᠭᠡ ᠠᠯᠬᠤᠮ ᠳᠡᠭᠡᠭᠰᠢᠯᠡᠬᠦᠯᠬᠦ ᠬᠡᠷᠡᠭᠲᠠᠢ ᠭᠡᠵᠠᠢ᠃      ᠵᠤᠤ ᠹᠸᠢ ᠯᠤ᠋ ᠤᠶᠤᠨᠴᠢ ᠬᠤᠳᠠ ᠶᠢᠨ ᠶᠠᠪᠤᠳᠠᠯ ᠤᠨ ᠲᠠᠪᠴᠠᠩ᠂ ᠵᠡᠬᠡᠯᠢ ᠶᠢᠨ ᠬᠠᠵᠠᠭᠤᠳᠠᠬᠢ ᠬᠤᠳᠠᠯᠳᠤᠭ᠎ᠠ ᠂ ᠬᠠᠶᠠᠭᠳᠠᠮᠠᠯ ᠪᠤᠳᠠᠰ ᠢ ᠬᠤᠷᠢᠶᠠᠨ ᠠᠪᠬᠤ ᠭᠠᠵᠠᠷ ᠵᠡᠷᠭᠡ ᠪᠠᠷ ᠪᠠᠶᠢᠴᠠᠭᠠᠨ ᠰᠤᠳᠤᠯᠤᠯᠳᠠ ᠬᠢᠵᠤ ᠴᠢᠬᠤᠯᠠᠴᠢᠯᠠᠬᠤ  ᠳᠤ ᠪᠠᠨ᠂ ᠮᠡᠳᠡᠭᠡ ᠵᠠᠩᠭᠢᠴᠢᠯᠠᠯᠳᠠ ᠶᠢᠨ ᠠᠷᠭ᠎ᠠ ᠶᠢ ᠭᠡᠷᠡᠭᠯᠠᠭᠦ ᠪᠠᠷ ᠲᠠᠮᠵᠢᠨ ᠨᠠᠷᠢᠯᠢᠭᠵᠢᠭᠤᠯᠤᠭᠰᠠᠨ ᠬᠠᠮᠢᠶᠠᠷᠤᠯᠳᠠ  ᠶᠢᠨ ᠭᠢᠷᠢ ᠲᠥᠪᠰᠢᠨ ᠢ ᠲᠡᠭᠡᠭᠰᠢᠯᠠᠭᠦᠯᠵᠤ ᠬᠠᠤᠯᠢ ᠬᠡᠷᠡᠭᠵᠢᠬᠦᠯᠦᠯᠲᠡ ᠶᠢᠨ ᠪᠠᠶᠢᠴᠠᠭᠠᠯᠳᠠ ᠪᠠᠨ ᠴᠢᠩᠭᠠᠳᠬᠠᠨ ᠵᠢᠵᠢᠭ ᠬᠤᠳᠠᠯᠳᠤᠭ᠎ᠠ ᠡᠵᠡᠩᠨᠠᠯᠳᠠ ᠶᠢ ᠲᠥᠷᠢᠮᠵᠢᠭᠦᠯᠵᠤ ᠰᠠᠶᠢᠨ ᠰᠠᠶᠢᠬᠠᠨ ᠬᠤᠳᠠ ᠶᠢᠨ ᠲᠥᠷᠢ ᠲᠥᠷᠭᠦ ᠶᠢ ᠪᠤᠢ ᠪᠤᠯᠭᠠᠬᠤ ᠭᠡᠷᠡᠭᠳᠠᠢ᠃ ᠵᠤᠤ ᠹᠸᠢ ᠯᠤ᠋ ᠪᠠᠶᠢᠭᠠᠯᠢ ᠶᠢᠨ ᠰᠢᠳᠠᠮᠠᠬᠠᠢ ᠭᠡᠢ ᠶᠢᠨ ᠡᠭᠦᠳᠠᠨ ᠥᠷᠳᠡᠭᠡ ᠳᠤ ᠬᠦᠷᠴᠣ ᠪᠠᠶᠢᠴᠠᠭᠠᠨ ᠰᠤᠳᠤᠯᠤᠯᠲᠠ ᠬᠢᠵᠤ ᠵᠢᠭᠠᠬᠤ ᠳᠤ ᠪᠠᠨ᠂ ᠡᠪᠤᠯ ᠤᠨ ᠤᠯᠠᠷᠢᠯ ᠪᠤᠯ ᠪᠠᠶᠢᠭᠠᠯᠢ ᠶᠢᠨ ᠰᠢᠳᠠᠮᠠᠬᠠᠢ ᠭᠡᠢ ᠶᠢᠨ ᠭᠡᠷᠡᠭᠴᠡᠭᠡ  ᠶᠢᠨ ᠭᠤᠤᠯ ᠴᠠᠭ ᠪᠤᠯᠤᠨ᠎ᠠ᠂ ᠠᠵᠤ ᠠᠬᠤᠶᠢᠯᠠᠯ ᠨᠢ ᠠᠶᠤᠯᠭᠦᠢ ᠥᠢᠯᠡᠳᠪᠤᠷᠢᠯᠠᠯ ᠤᠨ ᠬᠠᠮᠢᠶᠠᠷᠤᠯᠳᠠ ᠪᠠᠨ ᠴᠢᠩᠭᠠᠳᠬᠠᠨ ᠡᠷᠤᠭᠡ ᠳᠤ ᠬᠦᠨᠵᠡᠭᠡᠶᠢᠷᠡᠵᠤ ᠤᠬᠠᠭᠤᠯᠭ᠎ᠠ ᠪᠤᠯᠤᠨ ᠪᠠᠶᠢᠴᠠᠭᠠᠯᠳᠠ ᠬᠢᠬᠦ ᠠᠵᠢᠯ ᠢ ᠴᠢᠩᠭᠠᠳᠬᠠᠨ ᠠᠶᠤᠯᠭᠦᠢ ᠮᠦᠷᠲᠡᠭᠡᠨ ᠲᠤᠭᠳᠠᠭᠤᠨ ᠬᠠᠩᠭᠠᠯᠳᠠ ᠶᠢ ᠪᠠᠳᠤᠯᠠᠬᠤ ᠬᠡᠷᠡᠭᠲᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号