ᠮᠠᠨ ᠤ ᠬᠤᠰᠢᠭᠤ ᠫᠠᠶᠢᠰᠠ ᠲᠠᠢ ᠮᠤᠲ᠋ᠤᠷ ᠲᠡᠷᠭᠡ ᠬᠤᠳᠠᠯᠳᠤᠬᠤ ᠦᠢᠯᠡᠴᠢᠯᠡᠭᠡ ᠶᠢ ᠬᠠᠩᠭᠠᠵᠣ ᠠᠷᠠᠳ ᠲᠦᠮᠡᠨ ᠳᠤ ᠲᠦᠬᠦᠮ ᠦᠵᠡᠬᠦᠯᠵᠣ ᠪᠠᠶᠢᠨ᠎ᠠ
ᠨᠡᠶᠢᠲᠡᠯᠡᠭᠰᠡᠨ ᠴᠠᠭ᠄
2018-11-27
     ᠤᠶᠢᠷ᠎ᠠ ᠶᠢᠨ ᠡᠳᠦᠷ᠂ ᠦᠷᠭᠡᠨ ᠤᠯᠠᠨ ᠠᠷᠠᠳ ᠲᠦᠮᠡᠨ ᠳᠤ ᠰᠢᠯᠢᠳᠡᠭ᠂ ᠦᠨᠳᠦᠷ ᠪᠦᠲᠦᠮᠵᠢᠲᠠᠢ᠂ ᠳᠦᠬᠦᠮ ᠲᠦᠳᠡ ᠦᠢᠯᠡᠴᠢᠯᠡᠭᠡ ᠶᠢ ᠬᠠᠩᠭᠠᠬᠤ ᠶᠢᠨ ᠲᠤᠰᠠᠳᠠ ᠮᠠᠨ ᠤ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠬᠢᠨ ᠮᠤᠲ᠋ᠤᠷ ᠲᠡᠷᠭᠡ ᠬᠤᠳᠠᠯᠳᠤᠬᠤ ᠭᠠᠵᠠᠷ ᠢᠶᠠᠷ ᠲᠤᠭᠤᠷᠢᠨ ᠪᠠᠶᠢᠴᠠᠭᠠᠵᠤ ᠬᠤᠯᠪᠤᠭᠳᠠᠯ ᠪᠦᠬᠦᠢ ᠪᠠᠶᠢᠳᠠᠯ ᠢ ᠨᠢ ᠲᠤᠲᠤᠷᠬᠠᠢ ᠤᠶᠢᠯᠠᠭᠠᠭᠰᠠᠨ ᠤ ᠰᠠᠭᠤᠷᠢᠨ ᠳᠡᠭᠡᠷ᠎ᠡ ᠰᠤᠩᠭᠤᠨ ᠰᠢᠯᠭᠠᠷᠠᠭᠤᠯᠵᠤ ᠪᠤᠷᠤᠯᠠᠭᠤᠯᠤᠯᠲᠠ ᠪᠠᠷ ᠰᠠᠶᠢᠨ᠂ ᠦᠨᠡᠨᠴᠢ ᠢᠲᠡᠭᠡᠮᠵᠢᠲᠠᠢ᠂ ᠰᠢᠯᠢᠳᠡᠭ ᠦᠢᠯᠡᠴᠢᠯᠡᠭᠡ ᠲᠠᠢ ᠮᠦᠷᠲᠡᠭᠡᠨ ᠵᠠᠮ ᠬᠠᠷᠢᠯᠴᠠᠭᠠᠨ ᠤ ᠰᠠᠯᠠᠭ᠎ᠠ ᠮᠦᠴᠢᠷ ᠲᠠᠢ ᠬᠠᠮᠵᠢᠯᠴᠠᠨ ᠠᠶᠤᠯᠭᠦᠢ ᠶᠢᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠤ ᠪᠠᠶᠢᠭ᠎ᠠ ᠳ᠋ᠠ ᠶᠦᠨ ᠮᠤᠲ᠋ᠤᠷ ᠲᠡᠷᠬᠡᠨ ᠤ ᠬᠤᠳᠠᠯᠳᠤᠭᠠᠨ ᠤ ᠭᠠᠵᠠᠷ ᠢ ᠮᠠᠨ ᠤ ᠬᠤᠰᠢᠭᠤᠨ ᠤ ᠫᠠᠶᠢᠰᠠ ᠲᠠᠢ ᠮᠤᠲ᠋ᠤᠷ ᠲᠡᠷᠭᠡ ᠬᠤᠳᠠᠯᠳᠤᠬᠤ ᠦᠢᠯᠡᠴᠢᠯᠡᠭᠡ ᠶᠢ ᠬᠠᠩᠭᠠᠬᠤ ᠠᠩᠬᠠᠳᠠᠭᠴᠢ ᠬᠤᠳᠠᠯᠳᠤᠭᠠᠨ ᠤ ᠴᠡᠭ ᠪᠤᠯᠭᠠᠭᠰᠠᠨ ᠪᠠᠶᠢᠨ᠎ᠠ᠃      ᠳ᠋ᠠ ᠶᠦᠨ ᠮᠤᠲ᠋ᠤᠷ ᠲᠡᠷᠬᠡᠨ ᠤ ᠬᠤᠳᠠᠯᠳᠤᠭᠠᠨ ᠤ ᠭᠠᠵᠠᠷ ᠤᠨ ᠬᠢᠨ ᠬᠡᠷᠡᠭᠯᠡᠭᠴᠢ ᠶᠢᠨ ᠬᠤᠳᠠᠯᠳᠤᠨ ᠠᠪᠤᠭᠰᠠᠨ ᠮᠤᠲ᠋ᠤᠷ ᠲᠡᠷᠬᠡᠨ ᠤ ᠲᠠᠩᠰᠠᠯᠠᠯᠳᠠ ᠶᠢᠨ ᠠᠯᠢᠪᠠ ᠭᠠᠷ ᠬᠦᠢᠴᠡᠳᠬᠡᠯ ᠢ ᠵᠠᠮ ᠬᠠᠷᠢᠯᠴᠠᠭᠠᠨ ᠤ ᠴᠠᠭᠳᠠᠭᠠᠨ  ᠤ ᠶᠡᠭᠡ ᠠᠩᠬᠢ ᠶᠢᠨ ᠮᠠᠰᠢᠨ ᠲᠡᠷᠬᠡᠨ ᠤ ᠬᠠᠮᠢᠶᠠᠷᠤᠯᠳᠠ ᠶᠢᠨ ᠰᠠᠯᠪᠤᠷᠢ ᠳᠤ ᠤᠴᠢᠵᠤ ᠤᠷᠤᠯᠠᠨ ᠬᠦᠢᠴᠡᠳᠬᠡᠳᠡᠭ᠃ ᠮᠠᠨ ᠤ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠶᠡᠭᠡ ᠠᠩᠬᠢ ᠶᠢᠨ ᠬᠢᠨ ᠮᠠᠯᠴᠢᠨ ᠲᠠᠷᠢᠶᠠᠴᠢᠨ ᠳᠤ ᠨᠠᠩ ᠰᠠᠶᠢᠨ ᠦᠢᠯᠡᠴᠢᠯᠡᠵᠦ ᠵᠠᠮ ᠬᠠᠷᠢᠯᠴᠠᠭᠠᠨ ᠤ ᠠᠮᠤᠷ ᠲᠦᠪᠰᠢᠨ ᠢ ᠤᠯᠠᠮ ᠰᠠᠶᠢᠨ ᠪᠠᠳᠤᠯᠠᠬᠤ ᠶᠢᠨ ᠲᠤᠰᠠᠳᠠ ᠫᠠᠶᠢᠰᠠ ᠲᠠᠢ ᠮᠤᠲ᠋ᠤᠷ ᠲᠡᠷᠬᠡ ᠬᠤᠳᠠᠯᠳᠤᠬᠤ ᠠᠷᠭ᠎ᠠ ᠬᠡᠮᠵᠢᠶ᠎ᠠ ᠶᠢ ᠬᠡᠷᠡᠭᠵᠢᠬᠦᠯᠵᠤ ᠪᠠᠶᠢᠭ᠎ᠠ ᠶᠤᠮ᠃      ᠳ᠋ᠠ ᠶᠦᠨ ᠮᠤᠲ᠋ᠤᠷ ᠲᠡᠷᠬᠡᠨ ᠤ ᠬᠤᠳᠠᠯᠳᠤᠭᠠᠨ ᠤ ᠭᠠᠵᠠᠷ ᠨᠢ ᠲᠤᠰ ᠦᠢᠯᠡᠴᠢᠯᠡᠭᠡ ᠶᠢ ᠬᠠᠩᠭᠠᠭᠰᠠᠨ ᠤ ᠳᠠᠷᠠᠭ᠎ᠠ ᠪᠤᠷᠤᠯᠠᠭᠤᠯᠭ᠎ᠠ ᠤᠯᠠᠮ ᠰᠠᠶᠢᠵᠢᠷᠠᠵᠤ ᠮᠠᠯᠴᠢᠨ ᠲᠠᠷᠢᠶᠠᠴᠢᠨ ᠳᠤ ᠳᠦᠬᠦᠮ ᠦᠵᠡᠬᠦᠯᠦᠨ ᠶᠡᠭᠡ ᠰᠠᠶᠢᠨ ᠦᠨᠡᠯᠡᠯᠲᠡ ᠶᠢ ᠤᠯᠵᠤ ᠪᠤᠢ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号