ᠬᠤᠰᠢᠭᠤ ᠨᠠᠰᠤᠳᠠᠶᠢᠴᠤᠳ ᠤᠨ ᠶᠡᠭᠡ ᠰᠤᠷᠭᠠᠭᠤᠯᠢ ᠬᠢᠴᠢᠶᠡᠯᠯᠡᠭᠡ ᠦᠢᠯᠡᠴᠢᠯᠡᠭᠡ ᠪᠠᠨ ᠦᠷᠬᠡᠵᠢᠬᠦᠯᠵᠦ ᠪᠤᠢ
ᠨᠡᠶᠢᠲᠡᠯᠡᠭᠰᠡᠨ ᠴᠠᠭ᠄
2018-11-28
      ᠬᠤᠰᠢᠭᠤ ᠨᠠᠰᠤᠳᠠᠶᠢᠴᠤᠳ ᠤᠨ ᠶᠡᠭᠡ ᠰᠤᠷᠭᠠᠭᠤᠯᠢ ᠤᠯᠠᠨ ᠲᠦᠷᠦᠯ ᠤᠨ ᠬᠢᠴᠢᠶᠡᠯᠯᠡᠭᠡ ᠦᠢᠯᠡᠴᠢᠯᠡᠭᠡ ᠪᠠᠷ  ᠢᠶᠠᠨ ᠨᠠᠰᠤᠳᠠᠶᠢᠴᠤᠳ ᠤᠨ ᠦᠳᠡᠯᠦᠬᠡ ᠨᠠᠰᠤ ᠪᠠᠨ ᠪᠠᠶᠠᠷ ᠬᠦᠷ ᠲᠠᠢ᠂ ᠤᠳᠬ᠎ᠠ ᠠᠭᠤᠯᠭ᠎ᠠ ᠲᠠᠢ ᠦᠩᠬᠡᠷᠡᠬᠦᠯᠬᠦ  ᠳᠤ ᠲᠠᠪᠴᠠᠩ ᠬᠠᠩᠭᠠᠵᠤ ᠪᠠᠶᠢᠨ᠎ᠠ᠃      ᠬᠤᠰᠢᠭᠤ ᠨᠠᠰᠤᠲᠠᠶᠢᠴᠤᠳ ᠤᠨ ᠶᠡᠭᠡ ᠰᠤᠷᠭᠠᠭᠤᠯᠢ ᠨᠠᠰᠤᠳᠠᠶᠢᠴᠤᠳ ᠲᠤ ᠨᠡᠩ ᠦᠷᠬᠡᠨ ᠲᠡᠯᠬᠡᠷ ᠰᠤᠷᠤᠯᠴᠠᠯᠭ᠎ᠠ ᠶᠢᠨ ᠲᠠᠪᠴᠠᠩ ᠬᠠᠩᠭᠠᠬᠤ ᠪᠠᠷ ᠡᠨᠡ ᠵᠢᠯ ᠢᠰᠡᠬᠡᠢ ᠬᠢᠬᠦ᠂ ᠬᠤᠶᠠᠷ ᠤᠳᠠᠰᠤᠳᠤ ᠬᠤᠭᠤᠷ ᠵᠡᠷᠬᠡ ᠲᠦᠷᠪᠡᠨ ᠬᠢᠴᠢᠶᠠᠯ ᠲᠦᠷᠦᠯ ᠢ ᠨᠡᠮᠡᠨ ᠨᠡᠬᠡᠬᠡᠵᠡᠢ᠃ ᠬᠤᠰᠢᠭᠤ ᠨᠠᠰᠤᠳᠠᠶᠢᠴᠤᠳ ᠤᠨ ᠶᠡᠭᠡ ᠰᠤᠷᠭᠠᠭᠤᠯᠢ ᠳᠤ ᠶᠠᠪᠤᠭᠳᠠᠵᠤ ᠪᠠᠶᠢᠭ᠎ᠠ ᠢᠰᠡᠬᠡᠢ ᠤᠷᠠᠯᠠᠯ ᠤᠨ ᠬᠢᠴᠢᠶᠠᠯ ᠢ ᠦᠪᠦᠷ ᠮᠤᠩᠭᠤᠯ ᠤᠨ ᠤᠷᠠᠴᠤᠳ ᠤᠨ ᠤᠷᠠᠯᠢᠭ ᠤᠨ ᠪᠦᠯᠬᠦᠮ ᠤᠨ ᠭᠡᠰᠢᠬᠦᠨ ᠰᠡᠴᠡᠨᠳᠤᠶᠠᠭ᠎ᠠ ᠶᠢ ᠤᠷᠢᠨ ᠬᠢᠴᠢᠶᠡᠯᠯᠡᠬᠦᠯᠵᠤ ᠨᠠᠰᠤᠳᠠᠶᠢᠴᠤᠳ ᠲᠤ ᠰᠤᠷᠤᠯᠴᠠᠬᠤ ᠵᠠᠪᠰᠢᠶᠠᠨ ᠬᠠᠩᠭᠠᠬᠤ ᠶᠢᠨ ᠬᠠᠮᠳᠤ ᠨᠠᠰᠤᠲᠠᠶᠢᠴᠤᠳ ᠤᠨ ᠶᠡᠭᠡ ᠰᠤᠷᠭᠠᠭᠤᠯᠢ ᠲᠠᠭᠤᠤ ᠬᠦᠭᠵᠢᠮ ᠤᠨ ᠲᠤᠰᠬᠠᠢ ᠮᠡᠷᠭᠡᠵᠢᠯ ᠤᠨ ᠪᠠᠭᠰᠢ ᠨᠠᠷ ᠢᠶᠠᠨ ᠵᠤᠬᠢᠶᠠᠨ ᠪᠠᠶᠢᠭᠤᠯᠵᠤ ᠪᠦᠬᠦ ᠬᠤᠰᠢᠭᠤᠨ ᠤ ᠮᠠᠯᠴᠢᠳ ᠤᠨ ᠤᠷᠠᠯᠢᠭ ᠤᠨ ᠪᠦᠯᠬᠦᠮ  ᠢᠶᠠᠷ ᠬᠦᠷᠴᠤ ᠢᠵᠠᠭᠤᠷ ᠲᠦᠷᠪᠡᠨ ᠬᠦᠭᠵᠢᠮ ᠤᠨ ᠭᠦᠭᠵᠢᠮᠳᠡᠬᠦ ᠠᠷᠭ᠎ᠠ ᠪᠠᠷᠢᠯ᠂ ᠠᠷᠡᠳ ᠤᠨ ᠨᠠᠶᠢᠷ ᠢᠶᠠᠨ ᠠᠭᠤᠰᠤᠯᠴᠠᠭᠤᠯᠵᠤ ᠬᠦᠭᠵᠢᠮᠳᠡᠬᠦ᠂ ᠲᠠᠭᠤᠯᠠᠬᠤ ᠤᠷ᠎ᠠ ᠮᠡᠷᠭᠡᠵᠢᠯ ᠵᠡᠷᠭᠡ ᠲᠠᠯ᠎ᠠ ᠳᠤ ᠲᠤᠰᠬᠠᠢ ᠵᠢᠭᠠᠨ ᠵᠢᠯᠣᠭᠤᠳᠣᠯᠭ᠎ᠠ ᠬᠢᠵᠦ ᠡᠬᠢᠯᠡᠵᠡᠢ᠃      ᠤᠶᠢᠯᠠᠭᠠᠭᠰᠠᠨ ᠢᠶᠠᠷ᠂ ᠬᠤᠰᠢᠭᠤ ᠨᠠᠰᠤᠲᠠᠶᠢᠴᠤᠳ ᠤᠨ ᠶᠡᠭᠡ ᠰᠤᠷᠭᠠᠭᠤᠯᠢ ᠨᠢ 2011 ᠤᠨ ᠳᠤ ᠪᠠᠶᠢᠭᠤᠯᠤᠭᠳᠠᠵᠤ 2016 ᠤᠨ ᠠᠴᠠ ᠵᠢᠩᠬᠢᠨᠢ ᠪᠠᠷ ᠰᠤᠷᠤᠭᠴᠢ ᠡᠯᠰᠡᠵᠦ ᠣᠳᠣᠬᠠᠨ ᠪᠣᠯᠳᠠᠯ᠎ᠠ ᠢᠵᠠᠭᠤᠷ ᠲᠦᠷᠪᠡᠨ ᠬᠦᠭᠵᠢᠮ᠂ ᠭᠠᠷ ᠤᠷᠠᠯᠠᠯ ᠵᠡᠷᠭᠡ ᠠᠷᠪᠠᠨ ᠲᠦᠷᠦᠯ ᠤᠨ ᠠᠩᠭᠢ ᠶᠢ ᠰᠦᠢᠳᠬᠡᠯ ᠬᠤᠷᠢᠶᠠᠬᠤ ᠦᠬᠡᠢ ᠪᠠᠷ ᠡᠷᠬᠢᠯᠡᠵᠤ ᠦᠷᠭᠡᠨ ᠤᠯᠠᠨ ᠨᠠᠰᠤᠲᠠᠶᠢᠴᠤᠳ ᠲᠤ ᠰᠤᠷᠤᠯᠴᠠᠯᠭ᠎ᠠ ᠶᠢᠨ ᠳᠠᠪᠴᠠᠩ ᠬᠠᠩᠭᠠᠵᠤ ᠪᠤᠢ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号