ᠰᠢ ᠶᠢᠨ ᠫᠢᠩ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠠᠷᠪᠠᠳᠤᠭᠠᠷ ᠤᠳᠠᠭ᠎ᠠ ᠶᠢᠨ ᠬᠠᠮᠳᠤ ᠶᠢᠨ ᠰᠤᠷᠤᠯᠴᠠᠯᠭ᠎ᠠ ᠲᠡᠭᠡᠷ᠎ᠡ ᠪᠠᠷᠢᠮᠵᠢᠶ᠎ᠠ ᠶᠢ ᠴᠢᠩᠭ᠎ᠠ ᠡᠵᠡᠮᠳᠡᠨ ᠲᠦᠪ ᠭᠤᠤᠯᠴᠢ ᠪᠠᠷ ᠬᠦᠮᠥᠨ ᠬᠡᠷᠡᠭᠯᠡᠵᠥ ᠬᠠᠷᠠᠭ᠎ᠠ ᠪᠠᠨ ᠦᠷᠬᠡᠳᠭᠡᠨ ᠺᠠᠳ᠋ᠷ ᠢ ᠤᠷᠮᠠᠰᠢᠭᠤᠯᠵᠤ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠦᠨᠳᠤᠷ ᠬᠡᠪ ᠪᠤᠯᠪᠠᠰᠤᠷᠠᠯ ᠲᠠᠢ ᠺᠠᠳ᠋ᠷ ᠤᠨ ᠡᠩᠨᠡᠭᠡ ᠶᠢ ᠪᠠᠶᠢᠭᠤᠯᠬᠤ ᠬᠡᠷᠡᠭᠳᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2018-11-28
      ᠰᠢᠨᠬᠤᠸᠠ ᠬᠤᠷᠢᠶᠠᠨ ᠤ ᠪᠡᠭᠡᠵᠢᠩ ᠤᠨ 11 ᠰᠠᠷ᠎ᠠ ᠶᠢᠨ 26 ᠤ ᠴᠠᠬᠢᠯᠭᠠᠨ ᠮᠡᠳᠡᠭᠡ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶ᠎ᠠ 11 ᠰᠠᠷ᠎ᠠ ᠶᠢᠨ 26 ᠤ ᠦᠳᠡ ᠶᠢᠨ ᠬᠤᠶᠢᠨ᠎ᠡ ᠲᠤᠮᠳᠠᠳᠤ ᠤᠯᠤᠰ ᠤᠨ ᠲᠡᠤᠬᠡᠨ ᠳᠠᠬᠢ ᠵᠠᠰᠠᠬ ᠤᠨ ᠵᠠᠰᠠᠯᠳᠠ ᠶᠢᠨ ᠲᠤᠬᠠᠢ ᠠᠷᠪᠠᠳᠤᠭᠠᠷ ᠤᠳᠠᠭ᠎ᠠ ᠶᠢᠨ ᠬᠠᠮᠳᠤ ᠶᠢᠨ ᠰᠤᠷᠤᠯᠴᠠᠯᠭ᠎ᠠ ᠬᠢᠪᠡ᠃ ᠨᠠᠮ ᠤᠨ ᠲᠦᠪ ᠬᠤᠷᠢᠶᠡᠨ ᠤ ᠶᠡᠷᠤᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠬᠢᠯᠡᠬᠦ ᠳᠡᠭᠡᠨ᠂ ᠵᠦᠪ ᠤᠨᠤᠪᠴᠢᠳᠠᠢ ᠤᠯᠤᠰ ᠲᠦᠷᠦ ᠶᠢᠨ ᠱᠤᠭᠤᠮ ᠨᠢ ᠵᠦᠪ ᠤᠨᠤᠪᠴᠢᠳᠠᠢ ᠵᠤᠬᠢᠶᠠᠨ ᠪᠠᠶᠢᠭᠤᠯᠤᠯᠳᠠ ᠶᠢᠨ ᠱᠤᠭᠤᠮ ᠳᠤ ᠲᠦᠰᠢᠭᠯᠡᠵᠥ ᠪᠠᠳᠤᠯᠠᠭ᠎ᠠ ᠪᠠᠨ ᠤᠯᠳᠠᠭ᠃ ᠪᠢᠳᠡ ᠠᠷᠠᠳ ᠲᠦᠮᠡᠨ ᠢ ᠪᠦᠯᠬᠦᠮᠳᠡᠬᠦᠯᠥᠨ ᠲᠠᠭᠠᠭᠤᠯᠵᠥ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠳᠡ ᠶᠢ ᠪᠡᠶᠡᠯᠡᠬᠦᠯᠬᠦ᠂ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠲᠤᠮᠳᠠᠳᠤ ᠶᠢᠨ ᠵᠡᠬᠦᠳᠤ ᠶᠢ ᠲᠡᠷᠭᠡᠯᠰᠢᠬᠦᠯᠬᠦ ᠳᠤ ᠡᠷᠬᠡᠪᠰᠢ ᠰᠢᠨ᠎ᠡ ᠴᠠᠭ ᠦᠶ᠎ᠡ ᠶᠢᠨ ᠨᠠᠮ ᠤᠨ ᠵᠤᠬᠢᠶᠠᠨ ᠪᠠᠶᠢᠭᠤᠯᠤᠯᠳᠠ ᠶᠢᠨ ᠱᠤᠭᠤᠮ ᠢ ᠪᠦᠬᠦ ᠲᠡᠯ᠎ᠡ ᠪᠠᠷ ᠲᠤᠭᠤᠰᠢᠯᠠᠭᠤᠯᠵᠥ᠂ ᠮᠤᠷᠠᠯ ᠴᠢᠳᠠᠪᠤᠷᠢ ᠶᠢᠨ ᠪᠠᠷᠢᠮᠵᠢᠶ᠎ᠡ ᠶᠢ ᠴᠢᠩᠭ᠎ᠠ ᠡᠵᠡᠮᠳᠡᠨ᠂ ᠲᠦᠪ ᠭᠤᠤᠯᠴᠢ ᠪᠠᠷ ᠬᠦᠮᠥᠨ ᠬᠡᠷᠡᠭᠯᠡᠬᠦ ᠶᠢ ᠪᠠᠷᠢᠮᠳᠠᠯᠠᠵᠥ᠂ ᠬᠦᠮᠥᠨ ᠬᠡᠷᠡᠭᠯᠡᠬᠦ ᠬᠠᠷᠠᠭ᠎ᠠ ᠪᠠᠨ ᠦᠷᠬᠡᠳᠭᠡᠨ᠂ ᠺᠠᠳ᠋ᠷ ᠤᠨ ᠢᠳᠡᠪᠬᠢᠵᠢᠯ ᠢ ᠪᠠᠳᠠᠷᠠᠭᠤᠯᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠦᠨᠳᠤᠷ ᠬᠡᠪ ᠪᠤᠯᠪᠠᠰᠤᠷᠠᠯ ᠲᠠᠢ ᠺᠠᠳ᠋ᠷ ᠤᠨ ᠡᠩᠨᠡᠭᠡ ᠶᠢ ᠴᠢᠷᠮᠡᠶᠢᠨ ᠪᠠᠶᠢᠭᠤᠯᠬᠤ ᠬᠡᠷᠡᠭᠳᠡᠢ ᠬᠡᠵᠥ ᠴᠢᠬᠤᠯᠠᠴᠢᠯᠠᠪᠠ᠃      ᠲᠤᠮᠳᠠᠳᠤ ᠤᠯᠤᠰ ᠤᠨ ᠨᠡᠶᠢᠬᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠡᠤᠬᠡ ᠶᠢᠨ ᠭᠠᠵᠠᠷ ᠤᠨ ᠰᠤᠳᠤᠯᠤᠭᠴᠢ ᠪᠦ᠋ ᠰᠢᠶᠠᠨ ᠴᠢᠶᠦ᠋ᠨ ᠡᠨᠡ ᠠᠰᠠᠭᠤᠳᠠᠯ ᠤᠨ ᠲᠤᠬᠠᠢ ᠲᠠᠶᠢᠯᠤᠮᠵᠢ ᠬᠢᠭᠰᠡᠡ ᠪᠦᠬᠡᠳ ᠰᠠᠨᠠᠯ ᠰᠠᠨᠠᠭᠤᠯᠭ᠎ᠠ ᠪᠠᠨ ᠶᠠᠷᠢᠪᠠ᠃      ᠨᠠᠮ ᠤᠨ ᠲᠦᠪ ᠬᠤᠷᠢᠶᠡᠨ ᠤ ᠤᠯᠤᠰ ᠲᠦᠷᠦ ᠶᠢᠨ ᠲᠤᠪᠴᠢᠶᠠᠨ ᠤ ᠨᠦᠬᠦᠳ ᠲᠠᠶᠢᠯᠤᠮᠵᠢ ᠶᠢ ᠨᠠᠷᠢᠨ ᠬᠢᠨᠠᠮᠠᠭᠠᠢ ᠰᠤᠨᠤᠰᠤᠭᠰᠠᠠ ᠪᠦᠬᠡᠳ ᠬᠠᠮᠢᠶ᠎ᠠ ᠪᠦᠬᠦᠢ ᠠᠰᠠᠭᠤᠳᠠᠯ ᠤᠨ ᠲᠤᠬᠠᠢ ᠶᠠᠷᠢᠯᠴᠠᠵᠠᠢ᠃      ᠰᠢ ᠶᠢᠨ ᠫᠢᠩ ᠰᠤᠷᠤᠯᠴᠠᠯᠭ᠎ᠠ ᠶᠢ ᠡᠷᠬᠢᠯᠡᠬᠦ ᠳᠡᠭᠡᠨ ᠶᠠᠷᠢᠶ᠎ᠠ ᠲᠠᠯᠪᠢᠪᠠ᠃ ᠲᠡᠷᠡ᠂ ᠲᠡᠤᠬᠡ ᠶᠢᠨ ᠲᠤᠷᠰᠢᠯᠭ᠎ᠠ ᠶᠢ ᠰᠢᠩᠬᠡᠬᠡᠨ ᠠᠪᠬᠤ ᠶᠢ ᠴᠢᠬᠤᠯᠠᠴᠢᠯᠠᠬᠤ ᠪᠤᠯ ᠮᠠᠨ ᠤ ᠨᠠᠮ ᠤᠨ ᠰᠠᠶᠢᠨ ᠤᠯᠠᠮᠵᠢᠯᠠᠯ ᠪᠤᠯᠤᠨ᠎ᠠ᠃ ᠲᠡᠤᠬᠡ ᠨᠢ ᠤᠷᠢᠳᠤᠬᠢ ᠬᠦᠮᠥᠰ ᠤᠨ ᠠᠮᠵᠢᠯᠳᠠ ᠪᠤᠯᠤᠨ ᠢᠯᠠᠬᠳᠠᠯ ᠢ ᠲᠡᠮᠳᠡᠭᠯᠡᠵᠥ ᠪᠠᠶᠢᠭ᠎ᠠ ᠶᠤᠮ᠂ ᠲᠡᠤᠬᠡ ᠶᠢ ᠴᠢᠬᠤᠯᠠᠴᠢᠯᠠᠵᠤ ᠰᠤᠳᠤᠯᠤᠨ ᠲᠤᠯᠢᠯᠠᠵᠤ᠂ ᠲᠡᠤᠬᠡᠨ ᠳᠠᠬᠢ ᠰᠠᠮᠠᠭᠤᠷᠠᠯ ᠢ ᠵᠠᠰᠠᠬᠰᠠᠠ ᠮᠠᠨᠳᠤᠵᠥ ᠮᠦᠬᠦᠭᠰᠡᠡ ᠵᠢᠮ᠎ᠡ ᠶᠤᠰᠤ ᠶᠢ ᠤᠶᠢᠯᠠᠭᠠᠬᠤ ᠨᠢ ᠪᠢᠳᠡᠨ ᠳᠤ ᠦᠴᠦᠬᠡᠳᠤᠷ ᠢ ᠤᠶᠢᠯᠠᠭᠠᠬᠤ᠂ ᠦᠨᠦᠳᠦᠷ ᠢ ᠡᠵᠡᠮᠳᠡᠬᠦ᠂ ᠮᠠᠷᠭᠠᠰᠢ ᠶᠢ ᠴᠤᠬᠴᠠᠯᠠᠬᠤ ᠳᠤ ᠮᠠᠰᠢ ᠤᠯᠠᠨ ᠰᠡᠩᠬᠡᠷᠡᠬᠦᠯᠥᠯ ᠦᠭᠬᠦ ᠪᠤᠯᠤᠨ᠎ᠠ᠃ ᠪᠢᠳᠡ ᠠᠭᠤᠤ ᠶᠡᠭᠡ ᠲᠡᠮᠡᠴᠡᠯ ᠬᠢᠵᠤ᠂ ᠠᠭᠤᠤ ᠶᠡᠭᠡ ᠢᠨᠵᠧᠨᠧᠷᠢᠩ ᠢ ᠪᠦᠳᠦᠬᠡᠨ ᠪᠠᠶᠢᠭᠤᠯᠵᠥ᠂ ᠠᠭᠤᠤ ᠶᠡᠭᠡ ᠦᠢᠯᠡᠰ ᠢ ᠠᠬᠢᠭᠤᠯᠵᠥ᠂ ᠠᠭᠤᠤ ᠶᠡᠭᠡ ᠬᠦᠰᠡᠯ ᠵᠡᠬᠦᠳᠤ ᠪᠠᠨ ᠲᠡᠷᠬᠡᠯᠰᠢᠬᠦᠯᠬᠦ ᠳᠤ ᠲᠡᠤᠬᠡ ᠶᠢ ᠴᠢᠬᠤᠯᠠᠴᠢᠯᠠᠵᠤ ᠰᠤᠳᠤᠯᠤᠨ ᠲᠤᠯᠢᠯᠠᠬᠤ ᠨᠡᠩ ᠴᠢᠬᠤᠯᠠᠳᠠᠢ ᠪᠠᠶᠢᠭ᠎ᠠ ᠶᠤᠮ᠃ ᠡᠨᠡ ᠨᠢ ᠪᠢᠳᠡᠨ ᠤ ᠲᠠᠷᠢᠬᠢ ᠲᠤᠯᠤᠭᠠᠢ ᠪᠠᠨ ᠰᠡᠷᠬᠡᠭ ᠪᠠᠶᠢᠯᠭᠠᠬᠤ᠂ ᠬᠠᠷᠠᠭ᠎ᠠ ᠪᠠᠨ ᠦᠷᠬᠡᠳᠬᠡᠬᠦ᠂ ᠪᠤᠯᠪᠠᠰᠤᠷᠠᠯ ᠢᠶᠠᠨ ᠲᠡᠭᠡᠭᠰᠢᠯᠡᠬᠦᠯᠬᠦ᠂ ᠴᠢᠳᠠᠪᠤᠷᠢ ᠪᠠᠨ ᠴᠢᠩᠭᠠᠳᠬᠠᠬᠤ ᠳᠤ ᠴᠢᠬᠤᠯᠠ ᠠᠴᠢ ᠬᠤᠯᠪᠤᠭᠳᠠᠯ ᠲᠠᠢ ᠶᠤᠮ ᠬᠡᠵᠥ ᠴᠢᠬᠤᠯᠠᠴᠢᠯᠠᠪᠠ᠃      ᠰᠢ ᠶᠢᠨ ᠫᠢᠩ᠂ ᠮᠠᠨ ᠤ ᠤᠯᠤᠰ ᠤᠨ ᠠᠯᠢ ᠲᠦᠷᠦ ᠴᠤ ᠬᠡᠰᠡᠨ ᠴᠦᠮ ᠨᠤᠶᠠᠳ ᠲᠦᠰᠢᠮᠡᠳ ᠤᠨ ᠰᠤᠩᠭᠤᠯᠳᠠ ᠪᠠ ᠬᠠᠮᠢᠶᠠᠷᠤᠯᠳᠠ ᠶᠢ ᠴᠢᠬᠤᠯᠠᠴᠢᠯᠠᠵᠤ᠂ ︽ᠲᠦᠷᠦ ᠪᠠᠷᠢᠬᠤ ᠶᠢᠨ ᠵᠠᠩᠭᠢᠯᠠᠭ᠎ᠠ ᠨᠢ ᠬᠦᠮᠦᠨ ᠤ ᠰᠡᠳᠬᠢᠯ ᠢ ᠤᠯᠬᠤᠢ ᠳᠤᠷ ᠠᠮᠤᠢ︾᠂ ︽ᠴᠢᠳᠠᠪᠤᠷᠢᠳᠠᠨ ᠬᠦᠮᠦᠵᠢᠬᠦᠯᠬᠦ ᠠᠨᠤ ᠤᠯᠤᠰ ᠭᠦᠷᠦᠨ ᠤ ᠦᠨᠳᠤᠰᠤ ᠪᠤᠯᠠᠢ ︾ ᠬᠡᠵᠤ ᠴᠢᠬᠤᠯᠠᠴᠢᠯᠠᠳᠠᠭ ᠪᠠᠶᠢᠬᠰᠠᠨ᠃ ᠮᠠᠨ ᠤ ᠤᠯᠤᠰ ᠤᠨ ᠡᠷᠳᠡᠨ ᠤ ᠦᠶ᠎ᠡ ᠶᠢᠨ ᠵᠠᠰᠠᠬ ᠢ ᠵᠠᠰᠠᠬᠤ ᠦᠵᠡᠯ ᠰᠠᠨᠠᠭ᠎ᠠ ᠪᠤᠯᠤᠨ ᠠᠷᠭ᠎ᠠ ᠬᠢᠳᠠᠯ ᠨᠢ ᠵᠠᠰᠠᠬ ᠢ ᠵᠠᠰᠠᠬᠤ ᠪᠠᠶᠠᠯᠢᠭ ᠲᠤᠷᠰᠢᠯᠭ᠎ᠠ ᠶᠢ ᠬᠤᠷᠠᠮᠳᠤᠭᠤᠯᠤᠬᠰᠡᠨ ᠮᠦᠷᠳᠡᠭᠡᠨ ᠪᠠᠰᠠ ᠢᠯᠠᠷᠬᠡᠢ ᠲᠡᠤᠭᠡ ᠶᠢᠨ ᠬᠢᠵᠠᠭᠠᠷᠯᠡᠯ ᠲᠠᠢ ᠶᠤᠮ᠂ ᠡᠬᠦᠨ ᠳᠤ ᠴᠦᠭᠡᠨ ᠪᠤᠰᠤ ᠹᠸᠤᠳᠠᠯ ᠤᠨ ᠰᠢᠭᠠᠷᠤ ᠵᠦᠢᠯ ᠠᠭᠤᠯᠤᠬᠳᠠᠵᠤ ᠪᠤᠢ᠂ ᠡᠨᠡ ᠪᠤᠯ ᠪᠢᠳᠠᠨ ᠤ ᠡᠷᠬᠡᠪᠰᠢ ᠠᠩᠬᠠᠷᠤᠭᠤᠰᠢᠳᠠᠢ ᠵᠦᠢᠯ ᠮᠦᠨ᠃ ᠨᠠᠮ ᠤᠨ ᠲᠦᠪ ᠬᠤᠷᠢᠶᠡᠨ ᠤ ᠤᠯᠤᠰ ᠲᠦᠷᠦ ᠶᠢᠨ ᠲᠤᠪᠴᠢᠶᠠᠨ ᠤ ᠬᠠᠮᠳᠤ ᠶᠢᠨ ᠰᠤᠷᠤᠯᠴᠠᠯᠭ᠎ᠠ ᠳᠤ ᠲᠤᠮᠳᠠᠳᠤ ᠤᠯᠤᠰ ᠤᠨ ᠲᠡᠤᠭᠡᠨ ᠳᠠᠬᠢ ᠵᠠᠰᠠᠬ ᠢ ᠵᠠᠰᠠᠬᠰᠡᠨ ᠡᠨᠡ ᠬᠦ ᠰᠡᠳᠦᠪ ᠢ ᠲᠤᠬᠢᠷᠠᠭᠤᠯᠤᠬᠰᠡᠨ ᠤ ᠵᠤᠷᠢᠯᠭ᠎ᠠ ᠨᠢ ᠮᠠᠨ ᠤ ᠤᠯᠤᠰ ᠤᠨ ᠲᠡᠤᠭᠡᠨ ᠳᠠᠬᠢ ᠵᠠᠰᠠᠬ ᠤᠨ ᠵᠠᠰᠠᠯᠳᠠ ᠶᠢᠨ ᠤᠨᠤᠬ ᠠᠯᠳᠠᠬ ᠢ ᠤᠶᠢᠯᠠᠭᠠᠵᠤ᠂ ᠦᠨᠳᠦᠷ ᠬᠡᠪ ᠪᠤᠯᠪᠠᠰᠤᠷᠠᠯ ᠲᠠᠢ ᠺᠠᠳ᠋ᠷ ᠤᠨ ᠡᠩᠨᠡᠭᠡ ᠶᠢ ᠪᠠᠶᠢᠭᠤᠯᠬᠤ ᠳᠤ ᠡᠳᠦᠢ ᠲᠡᠳᠦᠢ ᠲᠤᠯᠢᠯᠠᠯ ᠬᠠᠨᠭ᠍ᠭᠠᠬᠤ ᠶᠢᠨ ᠲᠦᠯᠦᠭᠡ ᠶᠤᠮ ᠬᠡᠵᠥ ᠵᠢᠭᠠᠵᠤ ᠭᠠᠷᠭᠠᠵᠠᠢ᠃      ᠰᠢ ᠶᠢᠨ ᠫᠢᠩ᠂ ᠮᠤᠷᠠᠯ ᠴᠢᠳᠠᠪᠤᠷᠢ ᠶᠢᠨ ᠪᠠᠷᠢᠮᠵᠢᠶ᠎ᠡ ᠶᠢ ᠴᠢᠩᠭ᠎ᠠ ᠡᠵᠡᠮᠳᠡᠬᠦ ᠬᠡᠷᠡᠭᠲᠠᠢ᠃ ᠮᠤᠷᠠᠯ ᠴᠢᠳᠠᠪᠤᠷᠢ ᠬᠤᠤᠰᠯᠠᠪᠠᠯ ᠰᠠᠶ᠋ᠢ ᠬᠦᠨᠳᠤ ᠡᠬᠦᠷᠭᠡ ᠶᠢ ᠡᠬᠦᠷᠭᠡᠯᠡᠵᠤ ᠴᠢᠳᠠᠨ᠎ᠠ᠃ ᠮᠠᠨ ᠤ ᠨᠠᠮ ᠲᠡᠤᠭᠡᠨ ᠠᠴᠠ ᠪᠠᠨ ᠠᠪᠤᠭᠠᠳ ᠮᠤᠷᠠᠯ ᠴᠢᠳᠠᠪᠤᠷᠢ ᠬᠤᠤᠰᠯᠠᠬᠤ ᠶᠢ ᠴᠢᠬᠤᠯᠠᠴᠢᠯᠠᠬᠰᠠᠭᠠᠷ ᠢᠷᠡᠭᠰᠡᠡ ᠪᠦᠭᠡᠳ ᠮᠤᠷᠠᠯ ᠢ ᠲᠡᠷᠢᠬᠦᠨ ᠳᠤ ᠲᠠᠯᠪᠢᠬᠤ ᠶᠢ ᠴᠢᠬᠤᠯᠠᠴᠢᠯᠠᠵᠤ ᠪᠤᠢ᠃ ᠮᠤᠷᠠᠯ ᠳᠤ ᠤᠯᠤᠰ ᠲᠦᠷᠦ ᠶᠢᠨ ᠶᠤᠰᠤ ᠰᠤᠷᠳᠠᠯ᠂ ᠲᠤᠬᠠᠶᠢᠯᠠᠬᠰᠡᠨ ᠠᠵᠢᠯ ᠤᠨ ᠶᠤᠰᠤ ᠮᠤᠷᠠᠯ᠂ ᠨᠡᠶᠢᠭᠡᠮ ᠤᠨ ᠶᠤᠰᠤ ᠮᠤᠷᠠᠯ᠂ ᠬᠡᠷ ᠪᠦ᠋ᠯᠢ ᠶᠢᠨ ᠶᠤᠰᠤ ᠮᠤᠷᠠᠯ ᠵᠡᠷᠭᠡ ᠶᠢ ᠪᠠᠭᠳᠠᠭᠠᠵᠤ ᠪᠠᠶᠢᠨ᠎ᠠ᠂ ᠺᠠᠳ᠋ᠷᠴᠤᠳ ᠡᠳᠡᠭᠡᠷ ᠲᠠᠯ᠎ᠡ ᠪᠠᠷ ᠴᠦᠮ ᠪᠠᠳᠤ ᠴᠢᠩᠭ᠎ᠠ ᠪᠠᠶᠢᠬᠤ ᠳᠤ ᠬᠠᠮᠤᠭ ᠤᠨ ᠴᠢᠬᠤᠯᠠ ᠨᠢ ᠤᠯᠤᠰ ᠲᠦᠷᠦ ᠶᠢᠨ ᠶᠤᠰᠤ ᠮᠤᠷᠠᠯ ᠪᠠᠳᠤ ᠴᠢᠩᠭ᠎ᠠ ᠪᠠᠶᠢᠬᠤ ᠶᠠᠪᠤᠳᠠᠯ ᠪᠤᠯᠤᠨ᠎ᠠ᠃ ᠬᠦᠮᠦᠨ ᠰᠤᠩᠭᠤᠨ ᠬᠡᠷᠡᠭᠯᠡᠬᠦ ᠳᠤ ᠡᠷᠬᠡᠪᠰᠢ ᠤᠯᠤᠰ ᠲᠦᠷᠦ ᠶᠢᠨ ᠪᠤᠭᠤᠮᠳᠠ ᠶᠢ ᠰᠠᠶᠢᠳᠤᠷ ᠠᠳᠬᠤᠵᠤ᠂ ᠨᠠᠮ ᠪᠤᠯᠤᠨ ᠠᠷᠠᠳ ᠲᠦᠮᠡᠨ ᠳᠤ ᠦᠨᠡᠨᠴᠢ ᠰᠢᠳᠤᠷᠭᠤ ᠪᠠᠶᠢᠬᠤ ᠡᠰᠡᠬᠦ᠂ ᠬᠠᠳᠠᠨ ᠪᠠᠳᠤ ᠬᠦᠰᠡᠯᠡᠩ ᠢᠳᠡᠭᠡᠯ ᠪᠢᠰᠢᠷᠠᠯ ᠲᠠᠢ ᠪᠠᠶᠢᠬᠤ ᠡᠰᠡᠬᠦ᠂ ︽ᠲᠦᠷᠪᠡᠨ ᠤᠬᠠᠮᠰᠠᠷ︾ ᠢᠶᠠᠨ ᠴᠢᠩᠭᠠᠳᠬᠠᠬᠰᠡᠨ ᠡᠰᠡᠬᠦ᠂ ︽ᠲᠦᠷᠪᠡᠨ ᠢᠳᠡᠭᠡᠯ︾ ᠢᠶᠠᠨ ᠪᠠᠳᠤᠳᠬᠠᠬᠰᠡᠨ ᠡᠰᠡᠬᠦ᠂ ᠨᠠᠮ ᠤᠨ ᠲᠦᠪ ᠬᠤᠷᠢᠶᠠᠨ ᠤ ᠡᠷᠭᠡ ᠰᠦᠷ ᠪᠤᠯᠤᠨ ᠲᠦᠪᠯᠡᠷᠡᠩᠭᠦᠢ ᠨᠢᠭᠡᠳᠦᠯᠳᠠᠢ ᠤᠳᠤᠷᠢᠳᠤᠯᠭ᠎ᠠ ᠶᠢ ᠡᠷᠡᠰ ᠬᠦᠷᠢᠶᠠᠯᠡᠭᠰᠡᠡ ᠡᠰᠡᠬᠦ᠂ ᠨᠠᠮ ᠤᠨ ᠤᠨᠤᠯ ᠪᠠ ᠱᠤᠭᠤᠮ ᠴᠢᠭᠯᠡᠯᠳᠠ ᠲᠦᠷᠦ ᠶᠢᠨ ᠪᠤᠳᠤᠯᠭ᠎ᠠ ᠶᠢ ᠪᠦᠬᠦ ᠲᠠᠯ᠎ᠡ ᠪᠠᠷ ᠲᠤᠭᠤᠰᠢᠯᠠᠭᠤᠯᠤᠨ ᠬᠡᠷᠡᠭᠵᠢᠬᠦᠯᠦᠭᠰᠡᠡ ᠡᠰᠡᠬᠦ ᠪᠠᠷ ᠺᠠᠳ᠋ᠷ ᠢ ᠬᠡᠮᠵᠢᠬᠦ ᠨᠢᠭᠡᠳᠦᠭᠡᠷ ᠪᠠᠷᠢᠮᠵᠢᠶ᠎ᠡ ᠪᠤᠯᠭᠠᠬᠤ ᠭᠡᠷᠡᠭᠲᠠᠢ᠃ ᠡᠬᠦᠨ ᠤ ᠬᠠᠮᠳᠤ ᠺᠠᠳ᠋ᠷ ᠤᠨ ᠮᠡᠳᠡᠯᠭᠡ ᠶᠢᠨ ᠰᠢᠨᠡᠴᠢᠯᠡᠯ᠂ ᠴᠢᠳᠠᠪᠤᠷᠢ ᠶᠢᠨ ᠪᠤᠯᠪᠠᠰᠤᠷᠠᠯ᠂ ᠦᠢᠯᠡᠳᠦᠯᠭᠡ ᠶᠢᠨ ᠲᠠᠪᠳᠠᠯᠳᠠ ᠶᠢ ᠴᠢᠩᠭᠠᠳᠬᠠᠵᠤ᠂ ᠲᠡᠳᠡᠭᠡᠷ ᠴᠢᠳᠠᠪᠤᠷᠢ ᠰᠠᠶᠢᠳᠠᠢ᠂ ᠠᠵᠢᠯ ᠤᠨ ᠠᠮᠵᠢᠯᠳᠠ ᠲᠤᠪᠤᠶᠢᠮ᠎ᠡ᠂ ᠲᠤᠰᠬᠠᠢ ᠮᠠᠷᠭᠡᠵᠢᠯ ᠤᠨ ᠴᠢᠳᠠᠪᠤᠷᠢ ᠲᠠᠢ᠂ ᠲᠤᠰᠬᠠᠢ ᠮᠡᠷᠭᠡᠵᠢᠯ ᠤᠨ ᠬᠡᠪ ᠪᠤᠯᠪᠠᠰᠤᠷᠠᠯ ᠲᠠᠢ᠂ ᠲᠤᠰᠬᠠᠢ ᠮᠡᠷᠭᠡᠵᠢᠯ ᠤᠨ ᠵᠤᠷᠢᠭ ᠰᠠᠨᠠᠭ᠎ᠠ ᠲᠠᠢ ᠰᠢᠯᠢᠳᠡᠭ ᠺᠠᠳ᠋ᠷ ᠢ ᠴᠠᠭ ᠲᠤᠬᠠᠢ ᠳᠤᠨᠢ ᠬᠡᠷᠡᠭᠯᠡᠬᠦ ᠭᠡᠷᠡᠭᠲᠠᠢ ᠭᠡᠵᠤ ᠴᠢᠬᠤᠯᠠᠴᠢᠯᠠᠪᠠ᠃      ᠰᠢ ᠶᠢᠨ ᠫᠢᠩ᠂ ᠲᠦᠪ ᠭᠤᠤᠯᠴᠢ ᠪᠠᠷ ᠬᠦᠮᠦᠨ ᠬᠡᠷᠡᠭᠯᠡᠬᠦ ᠶᠢ ᠪᠠᠷᠢᠮᠲᠠᠯᠠᠬᠤ ᠬᠡᠷᠡᠭᠲᠡᠢ᠃ ᠲᠦᠪ ᠭᠤᠤᠯᠴᠢ ᠪᠠᠷ ᠬᠦᠮᠦᠨ ᠬᠡᠷᠡᠭᠯᠡᠪᠡᠰᠦ ᠡᠷᠳᠡᠮᠲᠡᠨ ᠴᠢᠳᠠᠪᠤᠷᠢᠲᠡᠨ ᠢ ᠤᠯᠵᠤ ᠴᠢᠳᠠᠮᠤᠢ᠃ ᠲᠦᠪ ᠭᠤᠤᠯᠴᠢ ᠪᠠᠷ ᠬᠦᠮᠦᠨ ᠬᠡᠷᠡᠭᠯᠡᠬᠦ ᠪᠤᠯ ᠮᠠᠨ ᠤ ᠨᠠᠮ ᠤᠨ ᠨᠡᠶᠢᠲᠡ ᠶᠢᠨ ᠲᠦᠯᠦᠭᠡ ᠨᠠᠮ ᠪᠠᠶᠢᠭᠤᠯᠵᠤ᠂ ᠠᠷᠠᠳ ᠤᠨ ᠲᠦᠯᠦᠭᠡ ᠲᠦᠷᠦ ᠪᠠᠷᠢᠬᠤ ᠵᠤᠬᠢᠶᠠᠨ ᠪᠠᠶᠢᠭᠤᠯᠤᠯᠲᠠ ᠶᠢᠨ ᠱᠤᠭᠤᠮ ᠤᠨ ᠢᠯᠡᠷᠡᠯ ᠮᠦᠨ᠂ ᠪᠢᠳᠡᠨ ᠤ ᠴᠢᠳᠠᠪᠤᠷᠢᠲᠡᠨ ᠢ ᠰᠤᠩᠭᠤᠨ ᠬᠦᠮᠦᠨ ᠬᠡᠷᠡᠭᠯᠡᠬᠦ ᠦᠨᠳᠦᠰᠦᠨ ᠱᠠᠭᠠᠷᠳᠠᠯᠭ᠎ᠠ ᠪᠤᠯᠪᠠᠯ ᠵᠤᠬᠢᠨ᠎ᠠ᠃ ᠲᠦᠪ ᠭᠤᠤᠯᠴᠢ ᠪᠠᠷ ᠬᠦᠮᠦᠨ ᠬᠡᠷᠡᠭᠯᠡᠬᠦ ᠶᠢᠨ ᠭᠤᠤᠯᠴᠢ ᠨᠢ ᠭᠤᠤᠯᠴᠢ ᠰᠠᠨᠠᠭ᠎ᠠ ᠳᠤ ᠢᠯᠡᠷᠡᠵᠦ ᠪᠤᠢ᠂ ᠭᠤᠤᠯᠴᠢ ᠰᠠᠨᠠᠭ᠎ᠠ ᠡᠴᠦᠰ ᠤᠨ ᠡᠴᠦᠰ ᠲᠡᠭᠡᠨ ᠬᠠᠰᠢ ᠯᠡ ᠨᠠᠮ᠂ ᠠᠷᠠᠳ ᠲᠦᠮᠡᠨ᠂ ᠺᠠᠳ᠋ᠷᠴᠤᠳ ᠲᠤ ᠬᠠᠷᠢᠭᠤᠴᠠᠬᠤ ᠬᠠᠷᠢᠭᠤᠴᠠᠯᠭᠠᠳᠤ ᠰᠡᠳᠬᠢᠯᠭᠡ ᠂ ᠵᠠᠷᠴᠢᠮ ᠢ ᠪᠠᠷᠢᠮᠲᠠᠯᠠᠨ᠂ ᠦᠨᠡᠨ ᠠᠴᠠ ᠵᠦᠪ ᠢ ᠡᠷᠢᠵᠦ᠂ ᠵᠤᠷᠢᠬᠲᠡᠢ ᠪᠠᠷ ᠬᠠᠷᠢᠭᠤᠴᠠᠨ᠂ ᠲᠦᠪ ᠭᠤᠤᠯᠴᠢ ᠭᠤᠶᠠᠴᠢ ᠦᠭᠡᠢ ᠪᠠᠶᠢᠬᠤ᠂ ᠺᠠᠳ᠋ᠷᠴᠤᠳ ᠲᠤ ᠡᠷᠬᠡ ᠲᠡᠭᠰᠢ ᠬᠠᠨᠳᠤᠨ ᠬᠡᠷᠡᠭᠯᠡᠬᠦ ᠶᠠᠪᠤᠳᠠᠯ ᠪᠤᠯᠤᠨ᠎ᠠ᠃ ᠲᠦᠪ ᠭᠤᠤᠯᠴᠢ ᠪᠠᠷ ᠬᠦᠮᠦᠨ ᠬᠡᠷᠡᠭᠯᠡᠬᠦ ᠶᠢᠨ ᠭᠤᠤᠯᠴᠢ ᠨᠢ ᠠᠵᠢᠯ ᠦᠢᠯᠡᠰ ᠲᠤ ᠢᠯᠡᠷᠡᠵᠦ ᠪᠤᠢ᠂ ᠨᠠᠮ ᠪᠤᠯᠤᠨ ᠠᠷᠠᠳ ᠲᠦᠮᠡᠨ ᠤ ᠠᠵᠢᠯ ᠦᠢᠯᠡᠰ ᠠᠴᠠ ᠭᠠᠷᠳᠠᠨ ᠺᠠᠳ᠋ᠷ ᠢ ᠰᠤᠩᠭᠤᠵᠤ᠂ ᠺᠠᠳ᠋ᠷ ᠢ ᠬᠡᠷᠡᠭᠯᠡᠵᠦ᠂ ᠠᠵᠢᠯ ᠦᠢᠯᠡᠰ ᠢᠶᠠᠨ ᠳᠡᠭᠡᠳᠦᠯᠡᠨ᠂ ᠠᠵᠢᠯ ᠢᠶᠠᠨ ᠦᠨᠳᠦᠰᠦᠯᠡᠨ ᠬᠦᠮᠦᠨ ᠰᠤᠩᠭᠤᠵᠤ᠂ ᠬᠦᠮᠦᠨ ᠠᠵᠢᠯ ᠤᠨ ᠪᠠᠶᠢᠷᠢ ᠬᠤᠶᠠᠷ ᠵᠤᠬᠢᠴᠠᠬᠤ ᠶᠢ ᠪᠠᠷᠢᠮᠲᠠᠯᠠᠬᠤ ᠬᠡᠷᠡᠭᠲᠡᠢ᠃ ᠭᠤᠤᠯᠴᠢ ᠪᠠᠷ ᠬᠦᠮᠦᠨ ᠬᠡᠷᠡᠭᠯᠡᠬᠦ ᠶᠢᠨ ᠭᠤᠤᠯᠴᠢ ᠨᠢ ᠬᠡᠪ ᠰᠤᠷᠲᠠᠯ ᠳᠤ ᠢᠯᠡᠷᠡᠵᠦ ᠪᠤᠢ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠬᠦᠮᠦᠨ ᠰᠤᠩᠭᠤᠵᠤ ᠬᠦᠮᠦᠨ ᠬᠡᠷᠡᠭᠯᠡᠬᠦ ᠲᠠᠯ᠎ᠠ ᠪᠠᠷ ᠬᠢ ᠲᠦᠪ ᠪᠤᠰᠤ ᠰᠤᠷᠲᠠᠯ ᠢ ᠬᠤᠷᠢᠬᠯᠠᠨ ᠵᠤᠬᠰᠤᠭᠠᠵᠤ᠂ ᠰᠠᠶᠢᠨ ᠢ ᠨᠢ ᠰᠠᠶᠢᠰᠢᠶᠠᠵᠤ᠂ ᠠᠯᠳᠠᠭ᠎ᠠ ᠲᠠᠢ ᠶᠢ ᠵᠠᠯᠠᠷᠠᠭᠤᠯᠵᠤ ᠂ ᠡᠪᠡᠳᠴᠢᠨ ᠢ ᠨᠢ ᠵᠠᠰᠠᠵᠤ᠂ ᠪᠤᠷᠤᠭᠤ ᠶᠢ ᠨᠢ ᠬᠠᠯᠠᠨ ᠰᠠᠶᠢᠵᠢᠷᠠᠭᠤᠯᠵᠤ᠂ ᠤᠯᠤᠰ ᠲᠦᠷᠦ ᠶᠢᠨ ᠠᠮᠢ ᠠᠬᠤᠢ ᠶᠢ ᠭᠡᠭᠡᠨ ᠰᠠᠷᠠᠭᠤᠯ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠬᠦᠮᠦᠨ ᠬᠡᠷᠡᠭᠯᠡᠬᠦ ᠬᠠᠷᠠᠭ᠎ᠠ ᠪᠠᠨ ᠦᠷᠭᠡᠳᠬᠡᠬᠦ ᠬᠡᠷᠡᠭᠲᠡᠢ᠃ ᠬᠠᠷᠠᠭ᠎ᠠ ᠪᠠᠨ ᠦᠷᠭᠡᠳᠬᠡᠨ ᠨᠢᠭᠡ ᠯᠡ ᠬᠡᠪᠰᠢᠯ ᠳᠤ ᠦᠯᠦ ᠪᠠᠷᠢᠬᠳᠠᠵᠤ᠂ ᠺᠠᠳ᠋ᠷ ᠤᠨ ᠡᠩᠨᠡᠭᠡ ᠪᠠ ᠡᠯ᠎ᠡ ᠲᠠᠯ᠎ᠠ ᠶᠢᠨ ᠴᠢᠳᠠᠪᠤᠷᠢᠲᠡᠨ ᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠨᠠᠮ ᠪᠤᠯᠤᠨ ᠤᠯᠤᠰ ᠤᠨ ᠠᠵᠢᠯ ᠦᠢᠯᠡᠰ ᠤᠨ ᠬᠦᠭᠵᠢᠯᠲᠡ ᠶᠢᠨ ᠬᠡᠷᠡᠭᠴᠡᠭᠡ ᠠᠴᠠ ᠭᠠᠷᠳᠠᠨ᠂ ᠨᠡᠩ ᠦᠨᠳᠦᠷ ᠵᠤᠬᠰᠤᠴᠠ᠂ ᠨᠡᠩ ᠦᠷᠭᠡᠨ ᠬᠠᠷᠠᠭ᠎ᠠ ᠠᠴᠠ ᠴᠢᠳᠠᠪᠤᠷᠢᠲᠡᠨ ᠢ ᠢᠯᠡᠷᠡᠭᠦᠯᠦᠨ᠂ ᠴᠢᠳᠠᠪᠤᠷᠢᠲᠡᠨ ᠢ ᠬᠡᠷᠡᠭᠯᠡᠵᠤ᠂ ᠴᠢᠳᠠᠪᠤᠷᠢᠲᠡᠨ ᠢ ᠳᠤᠬᠢᠷᠠᠭᠤᠯᠬᠤ ᠬᠡᠷᠡᠭᠲᠡᠢ᠃ ᠴᠢᠬᠤᠯᠠ ᠶᠡᠭᠡ ᠲᠡᠮᠡᠴᠡᠯ ᠳᠤ ᠲᠠᠪᠳᠠᠨ ᠪᠤᠯᠪᠠᠰᠤᠷᠠᠬᠰᠠᠨ ᠺᠠᠳ᠋ᠷ ᠢ ᠢᠯᠡᠬᠦᠬᠡᠨ ᠰᠤᠩᠭᠤᠬᠤ ᠬᠡᠷᠡᠭᠳᠠᠢ᠂ ᠡᠭᠦᠨ ᠤ ᠵᠡᠷᠭᠡ ᠪᠠᠷ ᠦᠢᠯᠡᠳᠦᠯᠭᠡ ᠶᠢᠨ ᠲᠠᠪᠳᠠᠯᠳᠠ ᠶᠢ ᠦᠡᠭᠭᠡᠷᠡᠭᠡᠭᠰᠡᠨ ᠦᠭᠡᠢ ᠺᠠᠳ᠋ᠷ ᠢ ᠴᠢᠬᠤᠯᠠ ᠶᠡᠭᠡ ᠲᠡᠮᠡᠴᠡᠯ ᠳᠤ ᠤᠷᠤᠯᠴᠠᠭᠤᠯᠤᠨ ᠪᠤᠯᠪᠠᠰᠤᠷᠠᠯ ᠬᠦᠷᠲᠡᠭᠡᠵᠦ᠂ ᠪᠡᠷᠬᠡ ᠶᠢ ᠲᠤᠭᠤᠯᠤᠨ ᠬᠦᠴᠢᠷ ᠢ ᠲᠠᠪᠠᠭ᠋ᠤ ᠶᠠᠪᠤᠴᠠ ᠳᠤᠮᠳᠠ ᠤᠬᠠᠭᠠᠨ ᠪᠤᠳᠤᠯᠭ᠎ᠠ ᠪᠠ ᠠᠪᠢᠶᠠᠰ ᠴᠢᠳᠠᠪᠤᠷᠢ ᠶᠢ ᠨᠢ ᠨᠡᠮᠡᠭᠳᠡᠭᠦᠯᠬᠦ ᠬᠡᠷᠡᠭᠲᠡᠢ᠃ ᠡᠯ᠎ᠡ ᠲᠠᠯ᠎ᠠ ᠠᠴᠠ ᠲᠤᠰᠬᠠᠶᠢᠵᠢᠬᠰᠠᠨ ᠴᠢᠳᠠᠪᠤᠷᠢᠲᠡᠨ ᠢ ᠰᠤᠩᠭᠤᠬᠤ ᠶᠢ ᠠᠩᠬᠠᠷᠴᠤ᠂ ᠤᠳᠤᠷᠢᠳᠬᠤ ᠪᠠᠬ ᠪᠠ ᠺᠠᠳ᠋ᠷ ᠤᠨ ᠡᠩᠨᠡᠭᠡ ᠶᠢᠨ ᠮᠡᠳᠡᠯᠭᠡ ᠶᠢᠨ ᠪᠦᠲᠦᠴᠡ᠂ ᠴᠢᠳᠠᠪᠤᠷᠢ ᠶᠢᠨ ᠪᠦᠲᠦᠴᠡ᠂ ᠲᠤᠰᠬᠠᠢ ᠮᠡᠷᠭᠡᠵᠢᠯ ᠤᠨ ᠪᠦᠲᠦᠴᠡ ᠶᠢ ᠰᠢᠯᠢᠳᠡᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠰᠢ ᠶᠢᠨ ᠫᠢᠩ᠂ ᠺᠠᠳ᠋ᠷ ᠤᠨ ᠢᠳᠡᠪᠬᠢᠵᠢᠯ ᠢ ᠪᠠᠳᠠᠷᠭᠤᠯᠬᠤ ᠭᠡᠷᠡᠭᠳᠠᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠵᠤᠷᠢᠯᠭ᠎ᠠ ᠨᠢ ᠲᠠᠷᠤᠢ ᠠᠵᠢᠯ ᠤᠶᠢᠯᠡᠰ ᠤᠨ ᠬᠦᠭᠵᠢᠯᠳᠠ ᠶᠢ ᠨᠡᠩ ᠰᠠᠶᠢᠨ ᠠᠬᠢᠭᠤᠯᠵᠤ᠂ ᠺᠠᠳ᠋ᠷ ᠢ ᠤᠷᠮᠠᠰᠢᠭᠤᠯᠤᠨ ᠠᠵᠢᠯ ᠬᠢᠵᠤ ᠤᠶᠢᠯᠡᠰ ᠪᠤᠰᠬᠠᠬᠤ ᠵᠤᠷᠢᠬ ᠢ ᠨᠢ ᠬᠦᠪᠴᠢᠯᠡᠬᠦ ᠶᠠᠪᠤᠳᠠᠯ ᠪᠤᠯᠤᠨ᠎ᠠ᠃ ᠺᠠᠳ᠋ᠷ ᠢ ᠰᠤᠩᠭᠤᠬᠤ ᠺᠠᠳ᠋ᠷ ᠢ ᠭᠡᠷᠡᠭᠯᠡᠬᠦ ᠲᠠᠯ᠎ᠠ ᠪᠠᠷ ᠬᠠᠷᠢᠭᠤᠴᠠᠯᠭ᠎ᠠ ᠡᠬᠦᠷᠬᠡᠯᠡᠬᠦ ᠶᠢ ᠡᠷᠬᠢᠮᠯᠡᠬᠦ᠂ ᠬᠠᠷᠢᠭᠤᠴᠠᠯᠭ᠎ᠠ ᠡᠬᠦᠷᠬᠡᠯᠡᠬᠦ ᠶᠢ ᠴᠢᠬᠤᠯᠠᠴᠢᠯᠠᠬᠤ ᠳᠤᠳᠤᠷᠬᠠᠢ ᠵᠢᠯᠤᠭᠤᠳᠤᠮᠵᠢ ᠶᠢ ᠢᠯᠡᠷᠡᠬᠦᠯᠵᠤ᠂ ᠠᠵᠢᠯ ᠢ ᠵᠤᠷᠢᠬᠳᠠᠢ ᠡᠬᠦᠷᠬᠡᠯᠡᠬᠦ ᠡᠰᠡᠬᠦ᠂ ᠠᠵᠢᠯ ᠢ ᠲᠤᠷᠠᠳᠠᠢ ᠬᠢᠬᠦ ᠡᠰᠡᠬᠦ᠂ ᠠᠵᠢᠯ ᠢ ᠬᠢᠵᠤ ᠲᠡᠶᠢᠯᠬᠦ ᠡᠰᠡᠬᠦ ᠪᠠᠷ ᠺᠠᠳ᠋ᠷ ᠢ ᠢᠯᠭᠠᠨ ᠲᠠᠨᠢᠬᠤ᠂ ᠰᠠᠶᠢᠨ ᠮᠠᠭᠤ ᠶᠢ ᠦᠨᠡᠯᠠᠨ ᠲᠤᠭᠳᠠᠭᠠᠬᠤ᠂ ᠱᠠᠩᠨᠠᠬᠤ ᠲᠤᠷᠭᠤᠬᠤ ᠲᠡᠪᠰᠢᠬᠦᠯᠬᠦ ᠪᠠᠭᠤᠷᠠᠭᠤᠯᠬᠤ ᠶᠢᠨ ᠴᠢᠬᠤᠯᠠ ᠪᠠᠷᠢᠮᠳᠠᠯᠠᠯ ᠢᠶᠠᠨ ᠪᠤᠯᠭᠠᠵᠤ᠂ ᠺᠠᠳ᠋ᠷ ᠤᠨ ᠶᠠᠮᠠᠷ ᠠᠵᠢᠯ ᠬᠢᠭᠰᠡᠨ᠂ ᠬᠡᠳᠤᠢ ᠠᠵᠢᠯ ᠬᠢᠭᠰᠡᠨ᠂ ᠬᠢᠭᠰᠡᠨ ᠠᠵᠢᠯ ᠢ ᠨᠢ ᠵᠤᠬᠢᠶᠠᠨ ᠪᠠᠶᠢᠭᠤᠯᠤᠯᠳᠠ ᠪᠤᠯᠤᠨ ᠤᠯᠠᠨ ᠲᠦᠮᠡᠨ ᠮᠡᠳᠡᠷᠡᠬᠦ ᠡᠰᠡᠬᠦ ᠪᠠᠷ ᠺᠠᠳ᠋ᠷ ᠢ ᠰᠢᠯᠢᠨ ᠲᠡᠪᠰᠢᠬᠦᠯᠬᠦ ᠦᠨᠳᠤᠰᠤᠨ ᠪᠠᠷᠢᠮᠳᠠᠯᠠᠯ ᠢᠶᠠᠨ ᠪᠤᠯᠭᠠᠵᠤ᠂ ᠵᠤᠷᠢᠬᠳᠠᠢ ᠬᠠᠷᠢᠭᠤᠴᠠᠬᠤ᠂ ᠵᠤᠷᠢᠬᠳᠠᠢ ᠡᠬᠦᠷᠬᠡᠯᠡᠬᠦ ᠂ ᠠᠵᠢᠯ ᠬᠢᠬᠦ ᠳᠡᠭᠡᠨ ᠴᠢᠳᠠᠮᠠᠭᠠᠢ᠂ ᠦᠷ᠎ᠠ ᠪᠦᠳᠤᠮᠵᠢ ᠲᠤᠪᠤᠶᠢᠮ᠎ᠠ ᠺᠠᠳ᠋ᠷ ᠢ ᠰᠢᠯᠢᠨ ᠲᠡᠪᠰᠢᠬᠦᠯᠵᠤ ᠭᠡᠷᠡᠭᠯᠡᠬᠦ ᠭᠡᠷᠡᠭᠳᠠᠢ᠃ ᠺᠠᠳ᠋ᠷ ᠢ ᠴᠢᠩᠭ᠎ᠠ ᠬᠠᠮᠢᠶᠠᠷᠬᠤ ᠶᠢ ᠺᠠᠳ᠋ᠷ ᠤᠨ ᠡᠩᠨᠡᠬᠡᠨ ᠤ ᠪᠠᠶᠢᠭᠤᠯᠤᠯᠳᠠ ᠶᠢᠨ ᠪᠦᠬᠦ ᠶᠠᠪᠤᠴᠠ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠤᠬᠢᠰᠳᠠᠢ ᠬᠠᠮᠢᠶᠠᠷᠴᠤ᠂ ᠤᠨᠤᠪᠴᠢᠳᠠᠢ ᠬᠠᠮᠢᠶᠠᠷᠬᠤ ᠶᠢ ᠦᠨᠡᠨ ᠬᠦ ᠬᠦᠢᠴᠡᠳᠬᠡᠵᠤ᠂ ᠺᠠᠳ᠋ᠷ ᠤᠨ ᠠᠵᠢᠯ ᠬᠢᠵᠤ ᠤᠶᠢᠯᠡᠰ ᠪᠤᠰᠬᠠᠬᠤ ᠢᠳᠡᠪᠬᠢᠵᠢᠯ ᠢ ᠦᠨᠡᠨ ᠬᠦ ᠬᠠᠮᠠᠭᠠᠯᠠᠬᠤ ᠭᠡᠷᠡᠭᠳᠠᠢ ᠬᠡᠵᠤ ᠵᠢᠭᠠᠵᠤ ᠭᠠᠷᠭᠠᠪᠠ᠃      ᠰᠢ ᠶᠢᠨ ᠫᠢᠩ᠂ ᠺᠠᠳ᠋ᠷ ᠢ ᠭᠡᠷᠡᠭ ᠦᠬᠡᠢ ᠶᠠᠪᠤᠳᠠᠯ ᠠᠴᠠ ᠴᠢᠯᠤᠬᠡᠯᠠᠬᠦ ᠭᠡᠷᠡᠭᠳᠠᠢ᠃ ᠤᠳᠤ ︽ᠤᠷᠤᠮ ᠦᠯᠡᠳᠡᠬᠡᠬᠦ ᠬᠠᠮᠢᠶᠠᠷᠤᠯᠳᠠ︾ ᠨᠡᠯᠢᠶᠡᠳ ᠲᠦᠭᠡᠮᠡᠯ ᠤᠷᠤᠰᠢᠵᠤ ᠪᠠᠶᠢᠨ᠎ᠠ᠂ ᠬᠡᠪᠡᠴᠤ ︽ᠤᠷᠤᠮ ︾ ᠢ ᠴᠢᠬᠤᠯᠠᠴᠢᠯᠠᠭᠠᠳ ︽ᠠᠮᠵᠢᠯᠳᠠ︾ ᠶᠢ ᠤᠮᠳᠤᠭᠠᠶᠢᠢᠯᠬᠤ᠂ ︽ᠤᠷᠤᠮ︾ ᠦᠯᠡᠳᠡᠬᠡᠭᠡᠳ ︽ᠰᠠᠨᠠᠭ᠎ᠠ︾ ᠪᠠᠨ ᠦᠯᠤ ᠦᠯᠡᠳᠡᠭᠡᠵᠤ ᠪᠤᠢ︔ ᠪᠠᠶᠢᠴᠠᠭᠠᠬᠤ ᠰᠢᠯᠭᠠᠨ ᠪᠠᠶᠢᠴᠠᠭᠠᠬᠤ ᠨᠡᠷᠡᠶᠢᠳᠤᠯ ᠨᠢ ᠤᠯᠠᠨ᠂ ᠲᠤᠭ᠎ᠠ ᠨᠢ ᠤᠯᠠᠨ᠂ ᠤᠯᠠᠨ ᠲᠠᠯ᠎ᠠ ᠶᠢᠨ ᠪᠠᠶᠢᠴᠠᠭᠠᠯᠳᠠ ᠲᠠᠪᠬᠤᠷᠳᠠᠵᠤ ᠪᠠᠶᠢᠨ᠎ᠠ︔ ᠪᠢᠴᠢᠭ ᠮᠠᠲ᠋ᠧᠷᠢᠶᠠᠯ ᠤᠯᠠᠰᠢᠷᠠᠵᠤ ᠬᠤᠷᠠᠯ ᠬᠤᠢ ᠠᠷᠪᠢᠳᠬᠤ ᠪᠠᠶᠢᠳᠠᠯ ᠲᠠᠬᠢᠨ ᠢᠯᠡᠷᠡᠵᠤ ᠪᠠᠶᠢᠨ᠎ᠠ᠃ ᠡᠳᠡᠬᠡᠷ ᠠᠰᠠᠭᠤᠳᠠᠯ ᠨᠢ ᠺᠠᠳ᠋ᠷᠴᠤᠳ ᠤᠨ ᠶᠡᠭᠡ ᠬᠡᠮᠵᠢᠶᠠᠨ ᠤ ᠴᠠᠬ ᠢ ᠡᠵᠡᠯᠠᠵᠤ᠂ ᠶᠡᠭᠡ ᠬᠡᠮᠵᠢᠶᠠᠨ ᠤ ᠬᠦᠴᠤ ᠶᠢ ᠪᠠᠷᠠᠭᠠᠵᠤ ᠪᠠᠶᠢᠬᠤ ᠲᠡᠳᠦᠢ ᠦᠭᠡᠢ᠂ ᠬᠡᠯᠪᠡᠷᠢᠴᠢ ᠦᠵᠡᠯ᠂ ᠨᠤᠶᠠᠨᠴᠢ ᠰᠤᠷᠳᠠᠯ ᠤᠨ ᠡᠭᠦᠰᠦᠯᠳᠡ ᠶᠢ ᠴᠦ ᠲᠦᠷᠬᠡᠳᠭᠡᠵᠤ ᠪᠠᠶᠢᠨ᠎ᠠ᠃ ᠡᠶᠢᠮᠤ ᠪᠠᠶᠢᠳᠠᠯ ᠢ ᠡᠷᠬᠡᠪᠰᠢ ᠵᠠᠯᠠᠷᠠᠭᠤᠯᠬᠤ ᠭᠡᠷᠡᠭᠳᠠᠢ᠃ ᠨᠠᠮ ᠤᠨ ᠲᠦᠪ ᠬᠤᠷᠢᠶ᠎ᠠ ᠠᠴᠠ ᠨᠢᠬᠡᠨᠳᠡ ᠡᠳᠡᠬᠡᠷ ᠠᠰᠠᠭᠤᠳᠠᠯ ᠢ ᠵᠠᠯᠠᠷᠠᠭᠤᠯᠬᠤ ᠲᠤᠬᠠᠢ ᠱᠠᠭᠠᠷᠳᠠᠯᠭ᠎ᠠ ᠲᠤᠷᠠᠳᠴᠠᠢ ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠨᠠᠶᠢᠳᠠᠪᠤᠷᠢᠵᠢᠭᠤᠯᠤᠯᠳᠠ ᠶᠢ ᠰᠠᠶᠢᠳᠤᠷ ᠠᠳᠬᠤᠬᠤ ᠭᠡᠷᠡᠭᠳᠠᠢ᠃ ᠡᠯ᠎ᠠ ᠱᠠᠳᠤᠨ ᠤ ᠬᠢᠨᠠᠯᠳᠠ ᠲᠠᠯᠪᠢᠵᠤ ᠪᠠᠶᠢᠴᠠᠭᠠᠯᠳᠠ ᠬᠢᠬᠦ᠂ ᠪᠢᠴᠢᠭ ᠮᠠᠲ᠋ᠧᠷᠢᠶᠠᠯ ᠮᠡᠳᠡᠬᠦᠯᠤᠯᠳᠠ ᠶᠢᠨ ᠬᠦᠰᠤᠨᠦᠭ ᠠᠪᠬᠤ ᠶᠠᠷᠤᠩᠬᠡᠢ ᠬᠡᠮᠵᠢᠶ᠎ᠠ ᠪᠤᠯᠤᠨ ᠲᠤᠭ᠎ᠠ ᠶᠢ ᠬᠢᠵᠠᠭᠠᠷᠯᠠᠵᠤ᠂ ᠠᠳᠠᠯᠢ ᠶᠠᠪᠤᠳᠠᠯ ᠢ ᠨᠡᠶᠢᠯᠡᠬᠦᠯᠵᠤ ᠪᠤᠯᠪᠠᠯ ᠨᠡᠶᠢᠯᠡᠬᠦᠯᠤᠨ ᠰᠢᠢᠳᠪᠤᠷᠢᠯᠠᠵᠤ᠂ ᠦᠨᠳᠤᠰᠤᠨ ᠱᠠᠳᠤᠨ ᠤ ᠲᠠᠷᠤᠭᠠᠰᠤ ᠶᠢ ᠬᠦᠩᠬᠡᠷᠡᠬᠦᠯᠵᠤ᠂ ᠦᠨᠳᠤᠰᠤᠨ ᠱᠠᠳᠤᠨ ᠤ ᠬᠢᠨ ᠢ ᠨᠡᠩ ᠶᠡᠭᠡ ᠴᠠᠬ ᠢᠶᠠᠨ ᠠᠵᠢᠯ ᠤᠨ ᠨᠠᠶᠢᠳᠠᠪᠤᠷᠢᠵᠢᠭᠤᠯᠤᠯᠳᠠ ᠶᠢ ᠠᠳᠬᠤᠬᠤ ᠲᠡᠭᠡᠷ᠎ᠠ ᠲᠠᠯᠪᠢᠭᠤᠯᠬᠤ ᠭᠡᠷᠡᠭᠳᠠᠢ ᠬᠡᠵᠤ ᠴᠢᠬᠤᠯᠠᠴᠢᠯᠠᠪᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号