︽ᠲᠠᠯᠪᠢᠵᠤ ᠬᠠᠮᠢᠶᠠᠷᠬᠤ ᠦᠢᠯᠡᠴᠢᠯᠡᠬᠦ︾ ᠶᠢᠨ ᠦᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ ᠶᠢᠨ | ᠲᠥᠯᠥᠭᠡ᠂ ᠡ᠊ᠨᠡ ᠵᠢᠯ ᠠᠴᠠ᠂ ᠮᠠᠨ ᠤ ᠬᠤᠰᠢᠭᠤ ᠦᠢᠯᠡᠴᠢᠯᠡᠭᠡ ᠪᠠᠨ ᠰᠢᠯᠢᠳᠡᠭᠵᠢᠭᠦᠯᠬᠦ ᠪᠠᠷ ᠬᠠᠷᠠᠯᠲᠠ ᠪᠣᠯᠭᠠᠵᠤ᠂ | ᠭᠤᠷᠪᠠᠨ ᠠᠷᠭ᠎ᠠ ᠪᠠᠷᠢᠯ ᠢ ᠪᠠᠷᠢᠮᠲᠠᠯᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ | ᠦᠷᠭᠦᠯᠵᠢᠯᠡᠭᠦᠯᠦᠨ ᠰᠢᠯᠢᠳᠡᠭᠵᠢᠭᠦᠯᠵᠦ᠂ ᠣᠯᠠᠨ ᠳᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ | ᠦᠨᠳᠦᠰᠦᠨ ᠱᠠᠲᠤᠨ ᠤ ᠠᠵᠤ ᠠᠬᠤᠢᠢᠯᠠᠯ ᠪᠣᠯᠣᠨ ᠣᠯᠠᠨ ᠳᠦᠮᠡᠨ ᠳᠤ ᠵᠢᠩᠬᠢᠨᠢ ᠳᠥᠭᠦᠮ ᠦᠵᠡᠬᠦᠯᠦᠭᠰᠡᠨ ᠪᠠᠶᠢᠨ᠎ᠠ | ᠃ | ᠨᠢᠭᠡ ᠳᠤ᠂ ︽ᠪᠦᠷᠢᠨ ᠥᠷᠲᠡᠭᠡᠴᠢᠯᠡᠭᠰᠡᠨ ᠦᠢᠯᠡᠴᠢᠯᠡᠭᠡ︾ ᠶᠢ ᠠᠬᠢᠭᠤᠯᠵᠤ᠂ ᠤᠴᠢᠷ ᠶᠠᠪᠤᠳᠠᠯ ᠢ | ᠪᠡᠶᠡᠯᠡᠭᠦᠯᠬᠦ ᠦᠷ᠎ᠠ ᠪᠦᠲᠦᠮᠵᠢ ᠶᠢ ᠳᠡᠭᠡᠭᠰᠢᠯᠡᠭᠦᠯᠪᠡ᠃ ᠪᠦᠬᠦ ᠬᠤᠰᠢᠭᠤᠨ ᠤ 21 ᠦᠢᠯᠡᠴᠢᠯᠡᠭᠡᠨ ᠤ ᠲᠢᠩᠬᠢᠮ ᠢ | ᠨᠢᠭᠡᠳᠬᠡᠵᠤ ᠶᠡᠷᠦᠩᠬᠡᠶᠢᠯᠡᠭᠰᠡᠨ ᠦᠢᠯᠡᠴᠢᠯᠡᠭᠡᠨ ᠤ ᠶᠡᠭᠡ ᠲᠢᠩᠬᠢᠮ ᠢ ᠪᠠᠶᠢᠭᠤᠯᠵᠤ᠂ ᠬᠠᠮᠢᠶ᠎ᠠ ᠪᠦᠬᠦᠢ ᠵᠠᠰᠠᠭ | ᠵᠠᠬᠢᠷᠭᠠᠨ ᠤ ᠬᠢᠨᠠᠨ ᠵᠦᠪᠰᠢᠶᠡᠷᠡᠬᠦ ᠪᠠ ᠨᠡᠶᠢᠲᠡ ᠶᠢᠨ ᠦᠢᠯᠡᠴᠢᠯᠡᠭᠡ ᠬᠢᠬᠦ ᠰᠠᠯᠠᠭ᠎ᠠ ᠮᠦᠴᠢᠷ ᠣᠷᠣᠵᠤ ᠰᠠᠭᠤᠨ᠂ | ᠨᠡᠶᠢᠬᠡᠮ ᠨᠠᠶᠢᠳᠠ ᠳᠤ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠨᠡᠶᠢᠲᠡᠯᠡᠨ᠂ ᠬᠠᠮᠢᠶ᠎ᠠ ᠪᠦᠬᠦᠢ ᠤᠴᠢᠷ | ᠶᠠᠪᠤᠳᠠᠯ ᠤᠳ ᠢ ᠪᠡᠶᠡᠯᠡᠬᠦᠯᠬᠦ ᠶᠢ ᠦᠨᠳᠦᠰᠦᠨ ᠳᠡᠭᠡᠨ ᠡᠬᠢᠯᠡᠨ ᠶᠠᠪᠤᠭᠳᠠᠭᠤᠯᠵᠠᠢ᠃ ︽ᠨᠢᠭᠡ ᠴᠤᠩᠬᠤᠪᠴᠢ︾ + ︽ | ᠬᠠᠮᠲᠤᠷᠠᠨ ᠬᠢᠨᠠᠵᠦ ᠬᠠᠮᠲᠤᠷᠠᠨ ᠪᠡᠶᠡᠯᠡᠭᠦᠯᠬᠦ︾ + ︽ᠴᠠᠭ ᠤᠨ ᠬᠢᠵᠠᠭᠠᠷᠯᠠᠯ ᠲᠠᠢ ᠪᠡᠶᠡᠯᠡᠭᠦᠯᠬᠦ︾ + ︽ᠣᠷᠣᠯᠠᠨ | ᠪᠡᠶᠡᠯᠡᠭᠦᠯᠬᠦ︾ ᠵᠡᠷᠭᠡ ᠶᠢᠨ ︽ᠪᠦᠷᠢᠨ ᠥᠷᠲᠡᠭᠡᠴᠢᠯᠡᠭᠰᠡᠨ︾ ᠦᠢᠯᠡᠴᠢᠯᠡᠭᠡ ᠶᠢᠨ ᠬᠡᠯᠪᠡᠷᠢ ᠵᠠᠭᠪᠤᠷ ᠢ | ᠶᠠᠪᠤᠭᠳᠠᠭᠤᠯᠵᠤ᠂ ᠬᠤᠲᠠ ᠬᠦᠳᠡᠭᠡ ᠶᠢᠨ ᠳᠥᠯᠦᠪᠵᠢᠬᠦᠯᠭᠡ ᠶᠢᠨ ᠬᠢᠨᠠᠨ ᠰᠢᠯᠭᠠᠬᠤ ᠴᠣᠩᠬᠤᠪᠴᠢ ᠪᠠᠷ | ᠳᠤᠷᠰᠢᠯᠲᠠ ᠶᠢᠨ ᠴᠡᠭ ᠪᠣᠯᠭᠠᠵᠤ᠂ ᠰᠦᠯᠵᠢᠶᠡᠨ ᠳᠡᠭᠡᠷ᠎ᠡ ᠬᠢᠨᠠᠨ ᠵᠦᠪᠰᠢᠶᠡᠷᠡᠬᠦ ᠶᠢ ᠲᠦᠭᠡᠮᠡᠯᠵᠢᠭᠦᠯᠵᠦ᠂ ᠬᠢᠨᠠᠨ | ᠵᠦᠪᠰᠢᠶᠡᠷᠡᠬᠦ ᠴᠢᠨᠠᠷ ᠴᠢᠨᠰᠠᠭ᠎ᠠ ᠪᠣᠯᠣᠨ ᠠᠵᠢᠯ ᠤᠨ ᠪᠦᠲᠦᠮᠵᠢ ᠢᠯᠡᠳᠳᠡ ᠳᠡᠭᠡᠭᠰᠢᠯᠡᠨ᠂ ︽ᠣᠯᠠᠨ ᠤᠳᠠᠭ᠎ᠠ | ᠭᠦᠶᠦᠬᠦ᠂ ᠣᠯᠠᠨ ᠲᠡᠶᠢᠰᠢ ᠭᠦᠶᠦᠬᠦ︾ ᠠᠰᠠᠭᠤᠳᠠᠯ ᠢ ᠪᠦᠲᠦᠮᠵᠢᠳᠠᠢ ᠰᠢᠢᠳᠪᠦᠷᠢᠯᠡᠵᠦ ᠳᠡᠶᠢᠯᠦᠭᠰᠡᠨ ᠪᠠᠶᠢᠨ᠎ᠠ᠃ | ᠣᠳᠣᠬᠠᠨ ᠳᠤ ᠬᠤᠰᠢᠭᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠨᠢᠭᠡᠨᠲᠡ 43 ᠬᠤᠰᠢᠭᠤ | ᠰᠢᠭᠤᠳ ᠬᠠᠷᠢᠶ᠎ᠠ ᠰᠠᠯᠠᠭ᠎ᠠ ᠮᠦᠴᠢᠷ᠂ 3 ᠨᠡᠶᠢᠲᠡ ᠶᠢᠨ ᠦᠢᠯᠡᠴᠢᠯᠡᠭᠡᠨ ᠤ ᠰᠠᠯᠠᠭ᠎ᠠ ᠮᠦᠴᠢᠷ᠂ 2 ᠮᠥᠩᠭᠦᠨ | ᠭᠦᠢᠯᠭᠡᠭᠡᠨ ᠤ ᠪᠠᠶᠢᠭᠤᠯᠤᠮᠵᠢ ᠣᠷᠣᠵᠤ ᠰᠠᠭᠤᠨ᠂ ᠤᠴᠢᠷ ᠶᠠᠪᠤᠳᠠᠯ ᠪᠡᠶᠡᠯᠡᠭᠦᠯᠬᠦ 134 ᠴᠤᠩᠬᠤᠪᠴᠢ ᠠᠵᠢᠯᠯᠠᠵᠦ᠂ | 6 ᠶᠡᠭᠡ ᠲᠥᠷᠥᠯ ᠤᠨ 801 ᠵᠦᠢᠯ ᠤᠨ ᠣᠴᠢᠷ ᠶᠠᠪᠤᠳᠠᠯ ᠢ ᠳᠠᠭᠠᠭᠠᠴᠢᠯᠠᠨ ᠪᠡᠶᠡᠯᠡᠭᠦᠯᠵᠦ᠂ ᠬᠠᠮᠢᠶ᠎ᠠ ᠪᠦᠬᠦᠢ | ᠰᠠᠯᠠᠭ᠎ᠠ ᠮᠦᠴᠢᠷ ᠤᠨ ᠰᠠᠭᠤᠬᠤ ᠨᠣᠷᠮ᠎ᠠ ᠪᠣᠯᠣᠨ ᠪᠡᠶᠡᠯᠡᠭᠦᠯᠵᠦ ᠳᠡᠶᠢᠯᠬᠦ ᠶᠠᠪᠤᠳᠠᠯ ᠤᠨ ᠨᠣᠷᠮ᠎ᠠ 90% ᠶᠢ ᠳᠠᠪᠠᠵᠤ | ︽ᠨᠢᠭᠡ ᠡᠭᠦᠳᠡ ᠪᠠᠷ ᠣᠷᠣᠵᠤ᠂ ᠨᠢᠭᠡ ᠪᠦᠯᠦᠭ ᠶᠠᠪᠤᠳᠠᠯ ᠢ ᠪᠡᠶᠡᠯᠡᠭᠦᠯᠵᠦ ᠲᠡᠶᠢᠯᠬᠦ︾ ᠠᠵᠢᠯ ᠤᠨ ᠬᠠᠷᠠᠯᠲᠠ ᠶᠢ | ᠦᠨᠳᠦᠰᠦᠨ ᠳᠡᠭᠡᠨ ᠪᠡᠶᠡᠯᠡᠭᠦᠯᠦᠭᠰᠡᠨ ᠪᠠᠶᠢᠨ᠎ᠠ᠃ | ᠬᠤᠶᠠᠷ ᠲᠤ᠂ ᠴᠤᠩᠬᠤᠪᠴᠢ ᠶᠢᠨ ᠦᠢᠯᠡᠴᠢᠯᠡᠭᠡ ᠶᠢ ᠪᠠᠷᠢᠮᠵᠢᠶᠠᠵᠢᠭᠤᠯᠵᠦ᠂ ᠵᠠᠰᠠᠭ ᠤᠨ ᠶᠠᠪᠤᠳᠠᠯ ᠤᠨ | ᠠᠵᠢᠯ ᠤᠨ ᠪᠦᠲᠦᠮᠵᠢ ᠶᠢ ᠳᠡᠭᠡᠭᠰᠢᠯᠡᠭᠦᠯᠪᠡ᠃ ᠠᠵᠦ ᠠᠬᠤᠢᠢᠯᠠᠯ ᠪᠣᠯᠣᠨ ᠣᠯᠠᠨ ᠲᠦᠮᠡᠨ ᠢ ᠤᠴᠢᠷ ᠶᠠᠪᠤᠳᠠᠯ | ᠪᠡᠶᠡᠯᠡᠭᠦᠯᠭᠦ ᠳᠤ ︽ᠴᠦᠭᠡᠨ ᠭᠦᠶᠦᠯᠭᠡᠬᠦ︾ ᠪᠠᠷ ᠬᠠᠷᠠᠯᠲᠠ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ | ᠪᠣᠯᠣᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ ᠶᠢ ᠤᠷᠭᠠᠨᠢᠭ ᠢᠶᠠᠷ ᠨᠢᠭᠡᠳᠬᠡᠵᠦ᠂ ᠠᠷᠠᠳ ᠲᠤ ᠳᠥᠭᠦᠮ | ᠦᠵᠡᠭᠦᠯᠬᠦ ᠦᠢᠯᠡᠴᠢᠯᠡᠭᠡᠨ ᠤ ᠶᠠᠪᠤᠳᠠᠯ ᠤᠨ ᠨᠠᠷᠢᠨ ᠳᠠᠩᠰᠠᠵᠢᠭᠰᠠᠨ 314 ᠲᠦᠷᠦᠯ ᠤᠨ ︽ᠬᠠᠮᠤᠭ ᠤᠯᠠᠨ ᠳᠠᠭᠠᠨ | ᠨᠢᠭᠡ ᠤᠳᠠᠭ᠎ᠠ ᠭᠦᠶᠦᠬᠦ︾ ᠶᠠᠪᠤᠳᠠᠯ᠂ 130 ᠲᠦᠷᠦᠯ ᠤᠨ ︽ᠰᠦᠯᠵᠢᠶᠡᠨ ᠳᠡᠭᠡᠷ᠎ᠡ ᠪᠡᠶᠡᠯᠡᠭᠦᠯᠬᠦ︾ ᠶᠠᠪᠤᠳᠠᠯ᠂ | 304 ᠲᠦᠷᠤᠯ ᠤᠨ ︽ᠶᠡᠷᠦ ᠶᠢᠨ ᠴᠢᠨᠠᠷᠲᠠᠢ ᠬᠢᠨᠠᠨ ᠵᠦᠪᠰᠢᠶᠡᠷᠡᠬᠦ︾ ᠶᠠᠪᠤᠳᠠᠯ᠂ 80 ᠲᠦᠷᠦᠯ ᠤᠨ ᠬᠠᠮᠲᠤᠷᠠᠨ | ᠬᠢᠨᠠᠨ ᠵᠦᠪᠰᠢᠶᠡᠷᠡᠬᠦ ᠶᠠᠪᠤᠳᠠᠯ ᠢ ᠡᠮᠬᠢᠳᠬᠡᠨ ᠭᠠᠷᠭᠠᠬᠤ ᠶᠢᠨ ᠬᠠᠮᠲᠤ᠂ ᠶᠠᠪᠤᠳᠠᠯ ᠪᠡᠶᠡᠯᠡᠭᠦᠯᠬᠦ ᠶᠠᠪᠤᠴᠠ ᠶᠢᠨ ᠵᠢᠷᠤᠭ ᠢ | ᠵᠢᠷᠤᠵᠤ᠂ ᠮᠠᠨ ᠤ ᠬᠤᠰᠢᠭᠤᠨ ᠤ ᠵᠠᠰᠠᠭ ᠤᠨ ᠶᠠᠪᠤᠳᠠᠯ ᠤᠨ ︽ᠮᠡᠷᠭᠡᠨ ᠴᠣᠬᠤᠷ︾ ᠤᠳ ᠢ ᠨᠢᠭᠡᠯᠡ ᠳᠡᠭᠡᠷ᠎ᠡ | ᠮᠡᠳᠡᠭᠦᠯᠬᠦ ᠳᠡᠪᠲᠡᠷ᠂ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠤᠳ ᠢ ᠨᠢᠭᠡᠯᠡ ᠳᠡᠭᠡᠷ᠎ᠡ ᠮᠡᠳᠡᠭᠦᠯᠬᠦ ᠬᠠᠭᠤᠳᠠᠰᠤ | ᠵᠡᠷᠭᠡ ᠶᠢ ᠳᠠᠷᠤᠮᠠᠯᠯᠠᠨ ᠳᠠᠷᠬᠠᠭᠠᠵᠤ᠂ ᠠᠵᠤ ᠠᠬᠤᠢᠢᠯᠠᠯ ᠪᠣᠯᠣᠨ ᠣᠯᠠᠨ ᠳᠦᠮᠡᠨ ᠤ ᠤᠴᠢᠷ ᠶᠠᠪᠤᠳᠠᠯ | ᠪᠡᠶᠡᠯᠡᠭᠦᠯᠭᠦ ᠳᠤ ᠳᠥᠭᠦᠮ ᠦᠵᠡᠭᠦᠯᠦᠭᠰᠡᠨ ᠪᠠᠶᠢᠨ᠎ᠠ᠃ ᠡᠭᠦᠨ ᠤ ᠬᠠᠮᠲᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠰᠢᠭᠤᠳ ᠤᠲᠠᠰᠤ ᠶᠢ ᠨᠡᠪᠲᠡᠷᠡᠭᠦᠯᠵᠦ᠂ ᠨᠡᠶᠢᠬᠡᠮ ᠤᠨ ᠪᠠᠳᠤᠯᠠᠭ᠎ᠠ᠂ ᠡᠷᠦᠬᠡ ᠠᠮᠠ᠂ ᠭᠠᠶᠢᠯᠢ ᠶᠢᠨ | ᠶᠠᠪᠤᠳᠠᠯ ᠵᠡᠷᠭᠡ ᠣᠯᠠᠨ ᠲᠦᠮᠡᠨ ᠤ ᠤᠯᠠᠨ ᠢᠷᠡᠬᠦ ᠴᠣᠩᠬᠤᠪᠴᠢ ᠳᠤ ︽5+2︾ ᠦᠢᠯᠡᠴᠢᠯᠡᠬᠦ᠂ ᠴᠠᠭ | ᠤᠷᠲᠤᠳᠬᠠᠨ ᠦᠢᠯᠡᠴᠢᠯᠡᠬᠦ᠂ ᠰᠠᠭᠠᠳ ᠦᠭᠡᠢ ᠵᠠᠮ ᠨᠡᠭᠡᠭᠡᠭᠦ ᠵᠡᠷᠭᠡ ᠠᠷᠭ᠎ᠠ ᠶᠢ ᠬᠡᠷᠡᠭᠵᠢᠭᠦᠯᠦᠨ᠂ ᠦᠷᠭᠦᠯᠵᠢ ᠶᠢᠨ | ᠴᠢᠨᠠᠷᠲᠠᠢ ᠦᠨᠳᠦᠷ ᠪᠦᠲᠦᠮᠵᠢᠲᠦ ᠦᠢᠯᠡᠴᠢᠯᠡᠭᠡ ᠶᠢ ᠬᠠᠩᠭᠠᠵᠤ ᠪᠠᠶᠢᠨ᠎ᠠ᠃ | ᠭᠤᠷᠪᠠ ᠳᠤ᠂ ︽ᠰᠦᠯᠵᠢᠶ᠎ᠡ +︾ ᠦᠢᠯᠡᠴᠢᠯᠡᠭᠡ ᠶᠢ ᠬᠡᠷᠡᠭᠵᠢᠭᠦᠯᠦᠨ᠂ ᠣᠯᠠᠨ ᠳᠦᠮᠡᠨ ᠳᠤ ᠨᠡᠩ ᠳᠦᠬᠦᠮ | ᠦᠵᠡᠭᠦᠯᠵᠦ ᠪᠠᠶᠢᠨ᠎ᠠ᠃ ᠢᠳᠡᠪᠬᠢᠲᠠᠢ ᠪᠠᠷ ︽ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ | ᠬᠡᠷᠡᠭᠵᠢᠭᠦᠯᠦᠨ᠂ ᠦᠨᠳᠦᠰᠦᠨ ᠱᠠᠲᠦᠨ ᠤ ᠦᠢᠯᠡᠴᠢᠯᠡᠬᠦ ᠴᠡᠭ ᠪᠣᠯᠣᠨ ᠣᠶᠤᠨᠴᠢ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠳᠠᠪᠴᠠᠩ ᠢ ᠵᠠᠪᠰᠠᠷ ᠦᠭᠡᠢ ᠵᠠᠯᠭᠠᠯᠳᠤᠭᠤᠯᠵᠤ᠂ ᠣᠶᠤᠨᠴᠢ ᠵᠠᠰᠠᠭ ᠤᠨ ᠶᠠᠪᠤᠳᠠᠯ ᠤᠨ ︽ | 112+N︾ ᠳᠠᠪᠴᠠᠩ᠂ ᠭᠤᠶᠤᠴᠢᠯᠡᠵᠤ ᠮᠡᠳᠡᠭᠦᠯᠬᠦ ᠮᠠᠲᠧᠷᠢᠶᠠᠯ ᠢ ᠳᠤᠰᠠᠯᠠᠵᠤ ᠲᠠᠭᠯᠠᠬᠤ ᠣᠶᠤᠨᠴᠢ ᠮᠠᠰᠢᠨ | ᠬᠦᠮᠦᠨ ᠪᠣᠯᠣᠨ ᠬᠡᠪ ᠵᠠᠭᠪᠤᠷ ᠢ ᠪᠡᠶ᠎ᠡ ᠪᠠᠨ ᠳᠠᠭᠠᠭᠠᠵᠤ ᠰᠤᠳᠤᠯᠤᠨ ᠡᠭᠦᠳᠴᠤ᠂ ᠲᠤᠭ ᠪᠠᠯᠭᠠᠰᠦᠨ ᠳᠡᠭᠡᠷ᠎ᠡ | ᠠᠩᠬᠠᠳᠠᠭᠴᠢ ︽ᠣᠶᠣᠨᠴᠢ ᠵᠠᠰᠠᠭ ᠤᠨ ᠶᠠᠪᠤᠳᠠᠯ ᠤᠨ ᠮᠠᠰᠢᠨ︾ ᠢ ᠲᠠᠯᠪᠢᠵᠦ᠂ ᠬᠢᠨᠠᠨ ᠵᠦᠪᠰᠢᠶᠡᠷᠡᠬᠦ ᠪᠣᠯᠣᠨ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠨᠳᠦᠰᠦᠨ ᠱᠠᠲᠤᠨ ᠳᠤ ᠬᠦᠷᠭᠡᠭᠰᠡᠨ ᠪᠠᠶᠢᠨ᠎ᠠ᠃ ᠣᠳᠣᠬᠠᠨ ᠳᠤ ︽ | ᠣᠶᠣᠨᠴᠢ ᠵᠠᠰᠠᠭ ᠤᠨ ᠶᠠᠪᠤᠳᠠᠯ ᠤᠨ ᠮᠠᠰᠢᠨ︾ ᠠᠩᠬ᠎ᠠ ᠠᠯᠬᠤᠮ ᠳᠤ ᠨᠡᠶᠢᠬᠡᠮ ᠤᠨ ᠪᠠᠳᠤᠯᠠᠭ᠎ᠠ ᠶᠢᠨ ᠬᠠᠷᠢᠴᠠᠭ᠎ᠠ ᠶᠢ | ᠰᠢᠯᠵᠢᠬᠦᠯᠬᠦ᠂ ᠠᠮᠢᠳᠤᠷᠠᠯ ᠤᠨ ᠬᠠᠮᠤᠭ ᠳᠣᠣᠷ᠎ᠠ ᠪᠠᠲᠤᠯᠠᠭ᠎ᠠ ᠶᠢ ᠬᠢᠨᠠᠨ ᠬᠠᠷᠭᠤᠭᠤᠯᠬᠤ᠂ ᠤᠯᠠᠨ ᠨᠡᠶᠢᠲᠡ ᠶᠢᠨ | ᠬᠠᠤᠯᠢ ᠶᠢᠨ ᠦᠢᠯᠡᠴᠢᠯᠡᠭᠡ ᠵᠡᠷᠭᠡ 14 ᠲᠦᠷᠦᠯ ᠤᠨ ᠠᠷᠠᠳ ᠲᠤ ᠳᠥᠭᠦᠮ ᠦᠵᠡᠭᠦᠯᠬᠦ ᠶᠠᠪᠤᠳᠠᠯ ᠢ ᠭᠡᠷᠡᠭᠯᠡᠭᠡ ᠳᠤ | ᠣᠷᠣᠭᠤᠯᠤᠭᠰᠠᠨ ᠪᠠᠶᠢᠨ᠎ᠠ᠃ | |