ᠮᠠᠯᠴᠢᠨ ᠰᠤᠶᠤᠯᠮᠠᠨᠳᠤᠬᠤ ᠦᠵᠡᠯᠳᠡ ᠲᠠᠨᠢᠯᠳᠠ ᠢᠶᠠᠨ ᠰᠢᠨᠡᠴᠢᠯᠡᠨ ᠦᠬᠡᠳᠡᠷᠬᠡᠭ ᠠᠮᠢᠳᠤᠷᠠᠯ ᠢᠶᠠᠨ ᠴᠤᠭᠴᠠᠯᠠᠵᠤ ᠶᠠᠪᠤᠨ᠎ᠠ
ᠨᠡᠶᠢᠲᠡᠯᠡᠭᠰᠡᠨ ᠴᠠᠭ᠄
2018-11-28
     ᠲᠦᠴᠢᠨ ᠵᠢᠯ ᠤᠨ ᠡᠮᠦᠨᠡᠬᠢ ᠬᠦᠳᠡᠭᠡ ᠨᠤᠳᠤᠭ ᠤᠨ ᠬᠦᠭᠵᠢᠯᠳᠡ ᠶᠢ ᠦᠨᠦᠳᠦᠷ ᠲᠦᠰᠦᠬᠡᠯᠡᠬᠦ ᠠᠷᠭ᠎ᠠ ᠦᠬᠡᠢ ᠴᠤ ᠦᠬᠡᠷᠡᠴᠢᠯᠡᠯᠳᠡ ᠬᠢᠵᠦ ᠴᠢᠯᠦᠬᠡᠳᠡᠢ ᠶᠠᠪᠤᠯᠴᠠᠭᠰᠠᠨ ᠲᠦᠴᠢᠨ ᠵᠢᠯ ᠤᠨ ᠲᠠᠷᠠᠭᠠᠬᠢ ᠦᠨᠦᠳᠦᠷ ᠤᠨ ᠬᠦᠳᠡᠭᠡ ᠨᠤᠳᠤᠭ ᠬᠦᠮᠦᠰ ᠤᠨ ᠨᠢᠳᠤᠨ ᠳᠤ ᠦᠵᠡᠭᠳᠡᠵᠦ ᠭᠠᠷ ᠲᠤ ᠪᠠᠷᠢᠭᠳᠠᠮ᠎ᠠ ᠬᠢᠯᠠᠮᠵᠠᠮ᠎ᠠ ᠠᠮᠵᠢᠯᠳᠠ ᠶᠢ ᠪᠢᠴᠢᠭᠯᠡᠵᠦ ᠲᠦᠷᠦ ᠶᠢᠨ ᠪᠤᠳᠤᠯᠭ᠎ᠠ ᠶᠢᠨ ᠲᠤᠶᠠᠭᠠᠷᠠᠯ ᠢ ᠲᠦᠮᠡᠨ ᠤ ᠰᠡᠳᠬᠢᠯ ᠳᠤ ᠬᠦᠷᠬᠡᠨ᠎ᠡ᠃ ᠡᠨᠡ ᠨᠢ ᠮᠦᠨᠴᠦ ᠲᠦᠷᠦ ᠶᠢᠨ ᠪᠤᠳᠤᠯᠭ᠎ᠠ ᠶᠢᠨ ᠵᠢᠯᠤᠭᠤᠳᠤᠮᠵᠢ ᠪᠠᠷ ᠮᠠᠯᠴᠢᠳ ᠦᠵᠡᠯᠳᠡ ᠲᠠᠨᠢᠯᠳᠠ ᠤᠷᠢᠳ ᠡᠮᠦᠨ᠎ᠡ ᠦᠬᠡᠢ ᠰᠢᠨᠡᠴᠢᠯᠡᠭᠰᠡᠨ ᠲᠠᠢ ᠨᠢᠭᠳᠠ ᠬᠤᠯᠪᠤᠭ᠎ᠠ ᠲᠠᠢ ᠶᠤᠮ᠃ ᠮᠠᠯᠴᠢᠨ ᠰᠤᠶᠤᠯᠮᠠᠨᠳᠤᠬᠤ ᠪᠤᠯ ᠲᠠᠷᠤᠢ ᠦᠵᠡᠯᠳᠡ ᠲᠠᠨᠢᠯᠳᠠ  ᠪᠠᠨ ᠵᠤᠷᠢᠭᠳᠠᠢ ᠦᠬᠡᠷᠡᠴᠢᠯᠡᠭᠰᠡᠨ ᠮᠠᠯᠴᠢᠳ ᠤᠨ ᠨᠢᠭᠡ ᠪᠤᠯᠤᠨ᠎ᠠ᠃      ᠤᠯᠠᠭᠠᠨᠳᠤᠯᠤᠭᠠᠢ ᠪᠠᠯᠭᠠᠰᠤᠨ ᠳᠤ ᠪᠠᠶᠢᠭ᠎ᠠ ︽ᠤᠩᠭᠤᠨ ᠲᠠᠯ᠎ᠠ ᠲᠡᠵᠢᠬᠡᠨ ᠦᠷᠡᠵᠢᠬᠦᠯᠬᠦ ᠲᠤᠰᠬᠠᠢ ᠬᠤᠷᠰᠢᠶᠠᠵᠢᠯ︾ ᠡᠳᠦᠷ ᠪᠤᠯᠭᠠᠨ ᠮᠢᠬᠠᠨ ᠤ ᠵᠠᠬᠢᠶᠠᠯᠠᠭ᠎ᠠ ᠤᠳ ᠢᠶᠠᠨ ᠬᠠᠩᠭᠠᠵᠤ ᠶᠠᠭᠠᠷᠠᠯᠳᠤᠵᠤ ᠪᠠᠶᠢᠳᠠᠭ᠃ ᠮᠠᠩᠵᠠᠨ ᠲᠤᠭᠤᠭ᠎ᠠ ᠬᠠᠭᠠᠷᠠᠵᠤ ᠪᠡᠯᠴᠢᠬᠡᠷ ᠨᠤᠳᠤᠭ ᠢ ᠡᠷᠦᠬᠡ ᠳᠤ ᠲᠠᠭᠠᠭᠠᠴᠢᠯᠠᠭᠤᠯᠬᠤ ᠦᠶ᠎ᠡ ᠳᠤ ᠲᠤᠰ ᠬᠤᠷᠰᠢᠶᠠᠵᠢᠯ ᠤᠨ ᠬᠠᠷᠢᠭᠤᠴᠠᠯᠭᠠᠳᠠᠨ ᠰᠤᠶᠤᠯᠮᠠᠨᠳᠤᠬᠤ ᠴᠤ ᠠᠯᠢ ᠤᠯᠠᠨ ᠮᠠᠯᠴᠢᠨ ᠡᠷᠦᠬᠡ ᠲᠠᠢ ᠠᠳᠠᠯᠢᠬᠠᠨ ᠢᠶᠠᠷ ᠥᠪᠡᠷ ᠤᠨ ᠢᠶᠠᠨ ᠳᠠᠭᠠᠭᠠᠴᠢᠯᠠᠭᠰᠠᠨ ᠪᠡᠯᠴᠢᠬᠡᠷ ᠲᠡᠭᠡᠷ᠎ᠡ ᠪᠠᠨ ᠮᠠᠯ ᠠᠵᠤ ᠠᠬᠤᠢ ᠪᠠᠨ ᠡᠵᠡᠩᠨᠡᠭᠰᠡᠬᠡᠷ ᠪᠠᠶᠢᠵᠠᠢ᠃ ᠤᠯᠤᠰ ᠤᠨ ᠦᠬᠡᠷᠡᠴᠢᠯᠡᠯᠳᠡ ᠨᠡᠬᠡᠬᠡᠯᠳᠡ ᠶᠢᠨ ᠲᠦᠷᠦ ᠶᠢᠨ ᠪᠤᠳᠥᠯᠭ᠎ᠠ ᠤᠷᠤᠨ ᠨᠤᠳᠤᠭ ᠲᠤ ᠠᠭᠠᠵᠢᠮ ᠢᠶᠠᠷ ᠬᠦᠨᠵᠡᠬᠡᠶᠢᠷᠡᠬᠦ ᠶᠢ ᠲᠠᠭᠠᠯᠳᠤᠨ ᠰᠤᠶᠤᠯᠮᠠᠨᠳᠤᠬᠤ  ᠶᠢᠨ ᠦᠵᠡᠯᠳᠡ ᠲᠠᠨᠢᠯᠳᠠ ᠴᠤ ᠶᠡᠬᠡᠬᠡᠨ ᠬᠤᠪᠢᠷᠠᠯᠳᠠ ᠭᠠᠷᠪᠠ᠃      2013 ᠤᠨ ᠳᠤ ᠰᠤᠶᠤᠯᠮᠠᠨᠳᠤᠬᠤ ᠭᠠᠴᠠᠭᠠᠨ ᠤ ᠪᠠᠨ 33 ᠡᠷᠦᠬᠡ ᠲᠠᠢ ᠬᠠᠮᠳᠤᠷᠠᠵᠤ ︽ᠤᠩᠭᠤᠨ ᠲᠠᠯ᠎ᠠ ᠲᠡᠵᠢᠬᠡᠨ ᠦᠷᠡᠵᠢᠬᠦᠯᠬᠦ ᠲᠤᠰᠬᠠᠢ ᠬᠤᠷᠰᠢᠶᠠᠵᠢᠯ︾ ᠢ ᠪᠠᠶᠢᠭᠤᠯᠵᠤ᠂ ᠤᠷᠤᠨ ᠪᠠᠶᠢᠷᠢᠰᠢᠯ᠂ ᠮᠠᠯ ᠠᠵᠤ ᠠᠬᠤᠢ ᠶᠢᠨ ᠡᠬᠢ ᠪᠠᠶᠠᠯᠢᠭ ᠵᠡᠷᠬᠡ ᠲᠠᠪᠠᠭᠤᠯᠢᠭ ᠲᠠᠭᠠᠨ ᠲᠦᠰᠢᠭᠯᠡᠨ ᠬᠤᠷᠰᠢᠶᠠᠵᠢᠯ ᠤᠨ ᠬᠡᠰᠢᠬᠦᠳ ᠤᠨ ᠢᠶᠠᠨ ᠡᠪᠡᠰᠦ ᠪᠡᠯᠴᠢᠬᠡᠷ ᠢ ᠨᠡᠶᠢᠯᠡᠬᠦᠯᠬᠦ᠂ ᠮᠠᠯ ᠰᠦᠷᠦᠭ ᠤᠨ ᠪᠦᠳᠦᠴᠡ ᠶᠢ ᠰᠢᠯᠢᠳᠡᠭᠵᠢᠬᠦᠯᠬᠦ ᠵᠡᠷᠬᠡ ᠠᠷᠭ᠎ᠠ ᠬᠡᠯᠪᠡᠷᠢ ᠪᠠᠷ ᠤᠷᠳᠤᠰ ᠨᠠᠷᠢᠨ ᠨᠤᠤᠰᠤᠳᠤ ᠬᠤᠨᠢ᠂ ᠮᠢᠬᠠᠨ ᠦᠬᠡᠷ ᠤᠨ ᠲᠡᠵᠢᠬᠡᠨ ᠦᠷᠡᠵᠢᠬᠦᠯᠬᠦ ᠦᠢᠯᠡᠰ ᠢ ᠬᠦᠭᠵᠢᠬᠦᠯᠤᠨ ᠬᠤᠷᠰᠢᠶᠠᠵᠢᠯ ᠤᠨ ᠵᠠᠮ ᠢᠶᠠᠷ ᠬᠠᠮᠳᠤᠪᠠᠷ ᠵᠠᠮᠨᠠᠵᠠᠢ᠃ ᠤᠯᠠᠭᠠᠨᠳᠤᠯᠤᠭᠠᠢ ᠪᠠᠯᠭᠠᠰᠤᠨ ᠤ ᠪᠠᠶᠠᠠᠭᠤᠤᠯ ᠭᠠᠴᠠᠭᠠᠨ ᠤ ᠮᠠᠯᠴᠢᠨ ᠮᠦᠩᠬᠡᠨᠠᠰᠤᠨ ᠪᠤᠯ ᠲᠤᠰ ᠬᠤᠷᠰᠢᠶᠠᠵᠢᠯ ᠤᠨ ᠬᠡᠰᠢᠬᠦᠨ ᠶᠤᠮ᠃ ᠡᠳᠡᠨᠡᠶᠢᠬᠢᠨ ᠤᠳᠣ ᠭᠤᠷᠪᠠᠨ ᠵᠠᠭᠤ ᠭᠠᠷᠤᠢ ᠤᠷᠳᠤᠰ ᠨᠠᠷᠢᠨ ᠨᠤᠤᠰᠤᠳᠤ ᠬᠤᠨᠢ ᠮᠠᠯᠵᠢᠵᠤ ᠵᠢᠯ ᠳᠡᠭᠡᠨ ᠬᠤᠷᠰᠢᠶᠠᠵᠢᠯ ᠢᠶᠠᠷ ᠢᠶᠠᠨ ᠲᠠᠮᠵᠢᠨ ᠵᠠᠭᠤ ᠵᠢᠷᠠ ᠭᠠᠷᠤᠢ ᠬᠤᠨᠢ ᠪᠤᠷᠤᠯᠠᠭᠤᠯᠵᠤ ᠠᠷᠪᠠᠭᠠᠳ ᠲᠦᠮᠡᠨ ᠲᠦᠭᠦᠷᠢᠭ ᠤᠨ ᠤᠷᠤᠯᠭ᠎ᠠ ᠤᠯᠳᠠᠭ᠃ᠬᠤᠷᠰᠢᠶᠠᠵᠢᠯ ᠤᠨ ᠬᠡᠰᠢᠬᠦᠳ ᠤᠨ ᠤᠷᠤᠯᠭ᠎ᠠ ᠶᠢᠨ ᠨᠡᠮᠡᠭᠳᠡᠯ ᠨᠢ ᠬᠠᠮᠳᠤ ᠶᠢᠨ ᠦᠵᠡᠯᠳᠡ ᠲᠠᠨᠢᠯᠳᠠ ᠶᠢᠨ ᠰᠢᠨᠡᠴᠢᠯᠡᠯᠲᠡ ᠬᠤᠪᠢᠷᠠᠯᠳᠠ ᠠᠴᠠ ᠰᠠᠯᠵᠤ ᠴᠢᠳᠠᠬᠤ ᠦᠬᠡᠢ ᠶᠤᠮ᠃ ᠲᠡᠳᠡ ᠰᠤᠶᠤᠯᠮᠠᠨᠳᠤᠬᠤ ᠶᠢᠨ ᠲᠠᠶᠢᠴᠢᠯᠠᠭ᠎ᠠ  ᠪᠠᠷ ᠲᠦᠷᠦ  ᠶᠢᠨ ᠪᠤᠳᠤᠯᠭ᠎ᠠ ᠶᠢᠨ ᠲᠡᠮᠵᠢᠯᠬᠡ ᠶᠢ ᠢᠳᠡᠪᠬᠢᠳᠡᠢ ᠭᠤᠶᠤᠴᠢᠯᠠᠵᠤ ᠲᠠᠷᠢᠵᠤ ᠲᠡᠵᠢᠬᠡᠬᠦ ᠰᠠᠭᠤᠷᠢ ᠲᠦᠬᠦᠬᠡᠷᠦᠮᠵᠢ᠂ ᠡᠪᠡᠰᠦ ᠪᠤᠷᠳᠤᠭᠠᠨ ᠤ ᠰᠠᠭᠤᠷᠢᠨ ᠭᠠᠵᠠᠷ ᠵᠡᠷᠬᠡ ᠪᠠᠨ ᠪᠦᠷᠢᠨᠰᠢᠬᠦᠯᠵᠦ ᠴᠢᠨᠠᠷᠯᠢᠭ ᠬᠦᠭᠵᠢᠯᠳᠡ  ᠳᠡᠭᠡᠨ ᠪᠠᠳᠤᠯᠠᠭ᠎ᠠ ᠬᠠᠩᠭᠠᠵᠠᠢ᠃ 2016 ᠤᠨ ᠳᠤ ᠬᠤᠷᠰᠢᠶᠠᠵᠢᠯ ᠤᠨ ᠬᠢᠨ ᠮᠢᠬᠠᠨ ᠪᠦᠳᠦᠬᠡᠭᠳᠡᠬᠦᠨ ᠢ ᠬᠦᠨᠵᠡᠬᠡᠢ ᠪᠤᠯᠪᠠᠰᠤᠷᠠᠭᠤᠯᠬᠤ ᠦᠢᠯᠡᠳᠪᠤᠷᠢ᠂ ᠮᠢᠬ᠎ᠠ ᠬᠦᠯᠳᠡᠬᠡᠬᠦ ᠬᠦᠮᠦᠷᠬᠡ ᠵᠡᠷᠬᠡ ᠪᠠᠨ ᠲᠦᠬᠦᠷᠵᠢᠬᠦᠯᠵᠦ ᠵᠠᠬ᠎ᠠ ᠲᠡᠯᠬᠡᠬᠦᠷ ᠤᠨ ᠪᠤᠷᠤᠯᠠᠭᠤᠯᠤᠯᠳᠠ ᠳᠠᠭᠠᠨ ᠨᠦᠬᠦᠴᠡᠯ ᠪᠦᠷᠢᠯᠳᠦᠬᠦᠯᠬᠦ ᠶᠢᠨ ᠬᠠᠮᠳᠤ ᠪᠤᠷᠤᠯᠠᠭᠤᠯᠭ᠎ᠠ ᠪᠠᠨ ᠤᠯᠠᠮ ᠰᠢᠯᠤᠭᠤᠳᠬᠠᠬᠤ ᠪᠠᠷ ᠰᠢᠨ᠎ᠡ ᠮᠠᠶ᠋ᠢᠭ ᠤᠨ ᠬᠤᠳᠠᠯᠳᠤᠭᠠᠨ ᠤ ᠠᠷᠭ᠎ᠠ ᠬᠡᠯᠪᠡᠷᠢ ᠪᠤᠯᠬᠤ ᠡᠯᠧᠺᠲᠷᠤᠨ ᠬᠤᠳᠠᠯᠳᠤᠭ᠎ᠠ ᠵᠡᠷᠬᠡ ᠶᠢ ᠢᠳᠡᠪᠬᠢᠳᠡᠢ ᠰᠦᠪᠡᠭᠴᠢᠯᠡᠪᠠ᠃ ᠡᠬᠦᠨ ᠤ ᠬᠠᠮᠳᠤ ᠰᠤᠶᠤᠯᠮᠠᠨᠳᠤᠬᠤ ᠪᠠᠰᠠ ︽ᠨᠠᠮ ᠤᠨ ᠡᠭᠦᠷ + ᠬᠤᠷᠰᠢᠶᠠᠵᠢᠯ + ᠮᠠᠯᠴᠢᠨ ᠡᠷᠦᠬᠡ︾ ᠶᠢᠨ ᠬᠦᠭᠵᠢᠯᠳᠡ ᠶᠢᠨ ᠬᠡᠪ ᠵᠠᠭᠪᠤᠷ ᠢ ᠬᠤᠷᠰᠢᠶᠠᠵᠢᠯ ᠳᠠᠭᠠᠨ ᠦᠢᠯᠡᠴᠢᠯᠡᠬᠦᠯᠵᠦ ᠨᠠᠮ ᠤᠨ ᠬᠡᠰᠢᠬᠦᠳ ᠤᠨ ᠲᠠᠶᠢᠴᠢᠯᠠᠨ ᠲᠠᠭᠠᠭᠤᠯᠬᠤ ᠦᠢᠯᠡᠳᠦᠯ ᠢ ᠪᠠᠳᠠᠷᠠᠭᠤᠯᠵᠤ ᠴᠢᠨᠠᠭᠰᠢᠯᠠᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠳᠤ ᠬᠦᠴᠦᠨ ᠨᠠᠮᠠᠷᠢᠯᠠᠵᠤ ᠴᠢᠳᠠᠵᠠᠢ᠃      ᠲᠤᠰ ᠬᠤᠷᠰᠢᠶᠠᠵᠢᠯ ᠤᠨ ᠡᠪᠡᠰᠤ ᠪᠤᠷᠳᠤᠭᠠᠨ ᠤ ᠬᠦᠮᠦᠷᠬᠡ ᠬᠡᠷᠡᠭᠯᠡᠯᠳᠡ ᠳᠤ ᠤᠷᠤᠭᠰᠠᠨ ᠤ ᠰᠡᠬᠦᠯᠡᠷ ᠡᠪᠡᠰᠦ ᠪᠤᠷᠳᠤᠭ᠎ᠠ ᠬᠦᠷᠦᠯᠴᠡᠬᠦ ᠦᠬᠡᠢ ᠡᠷᠦᠬᠡ ᠳᠤ ᠡᠪᠡᠰᠦ ᠪᠤᠷᠳᠤᠭ᠎ᠠ  ᠶᠢ ᠤᠷᠢᠳᠴᠢᠯᠠᠨ ᠬᠠᠩᠭᠠᠬᠤ᠂ ᠲᠡᠵᠢᠬᠡᠯ ᠪᠤᠷᠳᠤᠭ᠎ᠠ ᠶᠢ ᠨᠢᠬᠡᠳᠦᠯᠳᠡᠢ ᠬᠠᠮᠢᠶᠠᠷᠬᠤ ᠵᠡᠷᠬᠡ ᠶᠢ ᠪᠡᠶᠡᠯᠡᠬᠦᠯᠵᠦ ᠮᠢᠬᠠᠨ ᠤ ᠴᠤᠯᠤ ᠪᠠᠶᠢᠭᠠᠯᠢᠯᠢᠭ ᠪᠤᠬᠢᠷᠳᠤᠯ ᠦᠬᠡᠢ ᠪᠠᠶᠢᠬᠤ ᠶᠢ ᠦᠷᠬᠦᠯᠵᠢᠯᠡᠨ ᠪᠠᠳᠤᠯᠠᠨ᠎ᠠ᠃ ᠦᠷᠬᠦᠯᠵᠢᠯᠡᠨ ︽ᠬᠡᠪᠴᠢᠶᠡᠵᠢᠭᠰᠡᠨ ᠲᠡᠵᠢᠬᠡᠨ ᠦᠷᠡᠵᠢᠬᠦᠯᠬᠦ᠂ ᠨᠠᠷᠢᠯᠢᠭᠵᠢᠭᠤᠯᠤᠨ ᠪᠤᠯᠪᠠᠰᠤᠷᠠᠭᠤᠯᠬᠤ᠂ ᠦᠢᠯᠡᠳᠬᠦ ᠪᠤᠷᠤᠯᠠᠭᠤᠯᠬᠤ ᠶᠢ ᠵᠤᠬᠢᠴᠠᠭᠤᠯᠬᠤ︾ ᠬᠦᠭᠵᠢᠯᠳᠡ ᠶᠢᠨ ᠵᠠᠮ  ᠢᠶᠠᠷ ᠵᠠᠮᠨᠠᠨ᠎ᠠ ᠬᠡᠵᠦ ᠰᠤᠶᠤᠯᠮᠠᠨᠳᠤᠬᠤ ᠢᠳᠡᠬᠡᠯ ᠲᠦᠬᠦᠷᠡᠩ ᠪᠠᠶᠢᠪᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号