ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠦᠷᠨᠢᠬᠦᠯᠵᠤ ᠪᠠᠶᠢᠭ᠎ᠠ ᠪᠠᠶᠢᠳᠠᠯ ᠳᠤ ᠪᠠᠶᠢᠴᠠᠭᠠᠨ ᠰᠤᠳᠤᠯᠤᠯᠳᠠ ᠭᠢᠨᠠᠨ ᠵᠢᠯᠤᠭᠤᠳᠤᠯᠭ᠎ᠠ ᠬᠢᠪᠠ
ᠨᠡᠶᠢᠲᠡᠯᠡᠭᠰᠡᠨ ᠴᠠᠭ᠄
2018-11-29
     11 ᠰᠠᠷ᠎ᠠ ᠶᠢᠨ 28 ᠤ ᠡᠳᠦᠷ ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠥᠷᠨᠢᠭᠦᠯᠵᠤ ᠪᠠᠶᠢᠭ᠎ᠠ ᠪᠠᠶᠢᠳᠠᠯ ᠳᠤ ᠪᠠᠶᠢᠴᠠᠭᠠᠨ ᠰᠤᠳᠤᠯᠤᠯᠳᠠ ᠭᠢᠨᠠᠨ ᠵᠢᠯᠤᠭᠤᠳᠤᠯᠭ᠎ᠠ ᠭᠢᠭᠰᠡᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠮ ᠤᠨ ᠬᠤᠷᠢᠶᠠᠨ ᠤ ᠠᠯᠪᠠᠨ ᠭᠡᠷ ᠤᠨ ᠡᠷᠭᠢᠯᠡᠭᠴᠢ ᠵᠤᠤ ᠶᠥᠩ ᠹᠧᠩ ᠪᠤᠯᠤᠨ ᠬᠤᠯᠪᠤᠭᠳᠠᠯ ᠪᠥᠭᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠪᠠᠷᠠᠳᠠᠨ ᠪᠠᠶᠢᠴᠠᠭᠠᠪᠠ᠃      ᠡᠷᠳᠡᠨᠢᠪᠢᠯᠢᠭ ᠬᠤᠰᠢᠭᠤ ᠶᠠᠳᠠᠭᠤ ᠶᠢ ᠲᠠᠳᠭᠦᠨ ᠨᠡᠭᠡᠭᠡᠯᠳᠠ ᠭᠢᠭᠦ ᠲᠥᠪ ᠲᠤ ᠬᠤᠳᠠ ᠶᠢᠨ ᠤᠨᠤᠪᠴᠢᠲᠠᠢ  ᠪᠠᠷ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠤᠳᠤᠷᠢᠳᠬᠤ ᠲᠤᠭᠤᠶᠢᠯᠠᠩ ᠤᠨ ᠬᠤᠷᠠᠯ  ᠤᠨ ᠵᠤᠷᠢᠭ ᠰᠠᠨᠠᠭ᠎ᠠ ᠪᠤᠯᠤᠨ ᠬᠤᠳᠠ ᠶᠢᠨ ᠨᠠᠮ ᠤᠨ ᠬᠤᠷᠢᠶᠠᠨ ᠤ ᠱᠥᠵᠢ ᠨᠢᠤ ᠵᠢᠶᠦ᠋ᠨ ᠶᠠᠨ ᠤ ᠶᠠᠷᠢᠶᠠᠨ ᠤ ᠵᠤᠷᠢᠭ ᠰᠠᠨᠠᠭ᠎ᠠ ᠶᠢ ᠤᠯᠠᠮᠵᠢᠯᠠᠬᠤ ᠶᠢᠨ ᠬᠠᠮᠳᠤ ᠤᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠮᠡᠳᠡᠭᠡ ᠵᠠᠩᠭᠢᠴᠢᠯᠠᠯᠳᠠ ᠶᠢᠨ ᠲᠠᠪᠴᠠᠩ ᠤᠨ ᠪᠥᠳᠥᠭᠡᠨ ᠪᠠᠶᠢᠭᠤᠯᠤᠯᠳᠠ ᠶᠢᠨ ᠪᠠᠶᠢᠳᠠᠯ ᠢ ᠨᠠᠷᠢᠨ ᠤᠶᠢᠯᠠᠭᠠᠪᠠ᠃ ᠡᠷᠳᠡᠨᠢᠪᠢᠯᠢᠭ ᠴᠢᠬᠤᠯᠠᠴᠢᠯᠠᠬᠤ ᠳᠤ ᠪᠠᠨ ᠤᠯᠤᠰ ᠲᠥᠷᠥ ᠶᠢᠨ ᠵᠤᠭᠰᠤᠴᠠ ᠪᠠᠨ ᠲᠡᠭᠡᠭᠰᠢᠯᠠᠭᠦᠯᠤᠨ ᠠᠵᠢᠯ ᠤᠨ ᠨᠠᠶᠢᠳᠠᠪᠤᠷᠢᠵᠢᠭᠤᠯᠤᠯᠳᠠ ᠶᠢ ᠴᠢᠩᠭᠠᠳᠬᠠᠵᠤ ᠰᠢ ᠶᠢᠨ ᠫᠢᠩ ᠶᠠᠷᠤᠩᠭᠡᠢ ᠱᠥᠵᠢ ᠶᠢᠨ ᠶᠠᠳᠠᠭᠤ ᠶᠢ ᠲᠠᠳᠭᠦᠭᠦ ᠠᠵᠢᠯ  ᠤᠨ ᠴᠢᠬᠤᠯᠠ ᠥᠭᠦᠯᠠᠯᠳᠠ ᠪᠤᠯᠤᠨ ᠲᠥᠪ᠂ ᠥᠪᠡᠷᠳᠡᠭᠡᠨ ᠵᠠᠰᠠᠬᠤ ᠤᠷᠤᠨ᠂ ᠬᠤᠳᠠ ᠶᠢᠨ ᠨᠠᠮ ᠤᠨ ᠬᠤᠷᠢᠶᠠᠨ ᠤ ᠡᠯ᠎ᠠ ᠲᠥᠷᠥᠯ ᠤᠨ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠨᠠᠷᠢᠨ ᠭᠢᠨᠠᠮᠭᠠᠢ ᠰᠤᠷᠤᠯᠴᠠᠨ ᠲᠤᠭᠤᠰᠢᠯᠠᠭᠤᠯᠵᠤ ᠭᠥᠴᠢᠷ  ᠢ ᠢᠯᠠᠨ ᠲᠠᠪᠠᠵᠤ ᠯᠠᠪᠳᠠᠭᠤᠨ ᠪᠠᠳᠤᠳᠠᠢ ᠠᠵᠢᠯᠯᠠᠵᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠢᠯᠠᠷᠭᠡᠢ ᠥᠷ᠎ᠠ ᠪᠥᠳᠥᠮᠵᠢ ᠤᠯᠬᠤ ᠭᠡᠷᠡᠭᠳᠠᠢ᠃ ᠤᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ᠂ ᠤᠨᠤᠪᠴᠢᠲᠠᠢ ᠪᠠᠷ ᠶᠠᠳᠠᠭᠤ ᠶᠢ ᠲᠠᠳᠭᠦᠭᠦ ᠲᠡᠭᠡᠷ᠎ᠡ ᠭᠥᠴᠥᠯᠠᠨ᠂  ︽ᠲᠠᠪᠤᠨ ᠨᠢᠭᠡ ᠪᠥᠯᠥᠭ︾ ᠤᠨ ᠲᠥᠷᠥᠯ ᠵᠥᠢᠯ  ᠢ ᠪᠤᠳᠠᠳᠠᠢ ᠳᠤ ᠨᠠᠶᠢᠳᠠᠪᠤᠷᠢᠵᠢᠭᠤᠯᠬᠤ ᠬᠡᠷᠡᠭᠲᠠᠢ᠃ ᠤᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠮᠡᠳᠡᠭᠡ ᠵᠠᠩᠭᠢᠴᠢᠯᠠᠯᠳᠠ ᠶᠢᠨ ᠲᠠᠪᠴᠠᠩ ᠤᠨ ᠪᠥᠳᠥᠭᠡᠨ ᠪᠠᠶᠢᠭᠤᠯᠤᠯᠳᠠ ᠪᠤᠯᠤᠨ ᠶᠠᠳᠠᠭᠤ ᠭᠥᠴᠢᠷᠳᠠᠯᠳᠠᠢ ᠡᠷᠤᠭᠡ ᠶᠢᠨ ᠴᠢᠮᠡᠭᠡ ᠵᠠᠩᠭᠢ ᠶᠢ ᠲᠡᠮᠳᠡᠭᠯᠡᠨ ᠤᠷᠤᠭᠤᠯᠬᠤ ᠠᠵᠢᠯ ᠢ ᠲᠦᠷᠭᠡᠳᠬᠡᠨ ᠪᠡᠶᠡᠯᠡᠬᠦᠯᠵᠤ᠂ ᠤᠨᠤᠪᠴᠢᠲᠠᠢ ᠪᠠᠷ ᠶᠠᠳᠠᠭᠤ  ᠠᠴᠠ ᠠᠩᠭᠢᠵᠢᠷᠠᠭᠤᠯᠬᠤ ᠮᠡᠳᠡᠭᠡ ᠵᠠᠩᠭᠢ ᠶᠢᠨ ᠬᠠᠮᠢᠶᠠᠷᠤᠯᠳᠠ ᠶᠢᠨ ᠠᠵᠢᠯ ᠢ ᠴᠢᠩᠭᠠᠳᠬᠠᠨ᠂ ᠲᠡᠭᠡᠳᠤ ᠱᠠᠳᠤᠨ ᠤ ᠶᠠᠳᠠᠭᠤ ᠶᠢ ᠲᠠᠳᠭᠦᠭᠦ ᠰᠠᠯᠠᠭ᠎ᠠ ᠮᠥᠴᠢᠷ ᠲᠠᠢ ᠮᠡᠳᠡᠭᠡ ᠵᠠᠩᠭᠢ ᠶᠢ ᠵᠠᠯᠭᠠᠬᠤ ᠠᠵᠢᠯ ᠢ ᠥᠷᠭᠦᠯᠵᠢᠯᠠᠨ ᠰᠠᠶᠢᠨ ᠭᠢᠵᠤ᠂ ᠮᠡᠳᠡᠭᠡ ᠵᠠᠩᠭᠢ ᠶᠢᠨ ᠥᠨᠠᠨ ᠪᠤᠳᠠᠳᠠᠢ᠂ ᠲᠤᠭ᠎ᠠ ᠪᠠᠷᠢᠮᠳᠠ ᠶᠢᠨ ᠤᠨᠤᠪᠴᠢᠳᠠᠢ ᠪᠠᠶᠢᠬᠤ ᠶᠢ ᠪᠠᠲᠤᠯᠠᠬᠤ ᠭᠡᠷᠡᠭᠳᠠᠢ᠃ ᠤᠨᠲᠤᠤ ᠭᠠᠵᠠᠷ ᠲᠤ ᠨᠠᠭᠦᠯᠭᠡᠨ ᠶᠠᠳᠠᠭᠤ ᠶᠢ ᠲᠠᠳᠭᠦᠭᠦ ᠠᠵᠢᠯ ᠢ ᠥᠨᠠᠠᠭᠦ ᠰᠠᠶᠢᠨ ᠭᠢᠵᠤ ᠵᠤᠭᠢᠶᠠᠨ ᠪᠠᠶᠢᠭᠤᠯᠤᠯᠳᠠ  ᠶᠢᠨ ᠤᠳᠤᠷᠢᠳᠤᠯᠭ᠎ᠠ ᠪᠠᠨ ᠴᠢᠩᠭᠠᠳᠬᠠᠨ ᠨᠠᠭᠦᠯᠭᠡᠨ ᠰᠢᠯᠵᠢᠭᠦᠯᠥᠭᠰᠠᠨ ᠥᠷ᠎ᠠ ᠪᠥᠳᠥᠭᠡᠯ ᠪᠤᠯᠤᠨ ᠭᠢᠨᠠᠯᠳᠠ ᠰᠢᠯᠭᠠᠯᠳᠠ ᠶᠢ ᠴᠢᠩᠭᠠᠳᠬᠠᠨ ᠬᠤᠶᠢᠨᠠᠭᠢ ᠬᠤᠭᠤᠴᠠᠭᠠᠨ ᠤ ᠲᠠᠳᠭᠦᠨ ᠲᠠᠮᠵᠢᠭᠦ ᠲᠥᠷᠥ ᠶᠢᠨ ᠪᠤᠳᠤᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠤᠨ ᠶᠠᠳᠠᠭᠤ ᠶᠢ ᠲᠠᠳᠭᠦᠨ ᠪᠠᠶᠠᠵᠢᠨ ᠴᠢᠨᠡᠭᠡᠯᠢᠭᠵᠢᠭᠦᠯᠭᠦ ᠶᠢ ᠠᠭᠢᠭᠤᠯᠬᠤ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号