ᠰᠢ ᠶᠢᠨ ᠫᠢᠩ ᠮᠠᠳ᠋ᠷᠢᠳ᠋ ᠲᠤ ᠬᠦᠷᠴᠦ ᠢᠰᠫᠠᠨᠢ ᠸᠠᠩᠳᠦ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠳᠠ ᠬᠢᠵᠦ ᠡᠬᠢᠯᠡᠪᠡ
ᠨᠡᠶᠢᠲᠡᠯᠡᠭᠰᠡᠨ ᠴᠠᠭ᠄
2018-11-29
     ᠢᠰᠫᠠᠨᠢ ᠠᠷᠭᠧᠨ᠋ᠲ᠋ᠢᠨ ᠫᠠᠨᠠᠮᠠ ᠪᠤᠯᠤᠨ ᠫᠤᠷᠲ᠋ᠦ᠋ᠭᠠᠯ ᠳᠤ ᠲᠦᠷᠦ ᠶᠢᠨ ᠶᠠᠪᠤᠳᠠᠯ ᠤᠨ ᠠᠶᠢᠯᠴᠢᠯᠠᠯᠳᠠ ᠬᠢᠬᠦ      ᠪᠥᠬᠡᠳ ᠬᠤᠷᠢᠨ ᠤᠯᠤᠰ ᠤᠨ ᠪᠦᠯᠥᠭᠯᠡᠯ ᠤᠨ ᠤᠳᠤᠷᠢᠳᠬᠤ ᠬᠦᠮᠥᠰ ᠤᠨ ᠠᠷᠪᠠᠨ ᠭᠤᠷᠪᠠᠳᠤᠭᠠᠷ      ᠤᠳᠠᠭ᠎ᠠ ᠶᠢᠨ ᠲᠦᠷᠦᠬᠦᠴᠤᠳ ᠤᠨ ᠬᠤᠷᠡᠯ ᠳᠤ ᠤᠷᠤᠯᠴᠠᠬᠤ ᠪᠠᠷ ᠪᠡᠭᠡᠵᠢᠩ ᠠᠴᠠ ᠮᠣᠷᠳᠠᠪᠠ      ᠰᠢᠨᠬᠤᠸᠠ ᠬᠤᠷᠢᠶᠠᠨ ᠤ ᠮᠠᠳ᠋ᠷᠢᠳ᠋ ᠤᠨ 11 ᠰᠠᠷ᠎ᠠ ᠶᠢᠨ 27 ᠤ ᠴᠠᠬᠢᠯᠭᠠᠨ ᠮᠡᠳᠡᠭᠡ ᠲᠤᠬᠠᠢ ᠶᠢᠨ ᠭᠠᠵᠠᠷ ᠤᠨ ᠴᠠᠭ ᠤᠨ 11 ᠰᠠᠷ᠎ᠠ ᠶᠢᠨ 27 ᠤ ᠡᠳᠦᠷ᠂ ᠤᠯᠤᠰ ᠤᠨ ᠲᠡᠷᠢᠬᠦᠯᠡᠭᠴᠢ ᠰᠢ ᠶᠢᠨ ᠫᠢᠩ ᠮᠠᠳ᠋ᠷᠢᠳ᠋ ᠲᠤ ᠬᠦᠷᠴᠦ᠂ ᠢᠰᠫᠠᠨᠢ ᠸᠠᠩᠳᠦ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠳᠠ ᠬᠢᠵᠦ ᠡᠬᠢᠯᠡᠪᠡ᠃      ᠰᠢ ᠶᠢᠨ ᠫᠢᠩ ᠤᠨ ᠰᠠᠭᠤᠭᠰᠠᠨ ᠨᠢᠰᠭᠡᠯ ᠢᠰᠫᠠᠨᠢ ᠶᠢᠨ ᠬᠠᠷᠢᠶ᠎ᠠ ᠠᠭᠠᠷ ᠲᠤ ᠬᠦᠷᠬᠦ ᠳᠤ ᠢᠰᠫᠠᠨᠢ ᠶᠢᠨ ᠠᠭᠠᠷ ᠤᠨ ᠴᠡᠷᠢᠭ ᠤᠨ 2 ᠪᠠᠶᠢᠯᠳᠤᠭᠠᠨ ᠤ ᠨᠢᠰᠭᠡᠯ ᠠᠭᠠᠷ ᠲᠤ ᠨᠢᠰᠤᠨ ᠠᠶᠠᠯᠠᠯ ᠢ ᠬᠠᠮᠠᠭᠠᠯᠠᠪᠠ᠃ ᠲᠤᠬᠠᠢ ᠶᠢᠨ ᠭᠠᠵᠠᠷ ᠤᠨ ᠴᠠᠭ ᠢᠶᠠᠷ 16 ᠴᠠᠭ 05 ᠮᠢᠨᠦ᠋ᠲ ᠲᠤ ᠲᠤᠰᠬᠠᠢ ᠨᠢᠰᠭᠡᠯ ᠮᠠᠳ᠋ᠷᠢᠳ᠋ ᠤᠨ ᠪᠠᠯᠠᠾᠰ ᠤᠯᠠᠨ ᠤᠯᠤᠰ ᠤᠨ ᠨᠢᠰᠭᠡᠯ ᠤᠨ ᠪᠠᠭᠤᠳᠠᠯ ᠳᠤ ᠬᠦᠷᠪᠡ᠃ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠢᠰᠫᠠᠨᠢ ᠶᠢᠨ ᠵᠠᠰᠠᠭ ᠤᠨ ᠤᠷᠳᠤᠨ ᠤ ᠳᠡᠭᠡᠳᠦ ᠵᠡᠷᠭᠡ ᠶᠢᠨ ᠲᠤᠰᠢᠶᠠᠯᠳᠠᠳ ᠤᠨ ᠬᠠᠯᠠᠭᠤᠨ ᠤᠬᠳᠤᠯᠭ᠎ᠠ ᠶᠢ ᠤᠯᠵᠠᠢ᠃ ᠢᠰᠫᠠᠨᠢ ᠶᠢᠨ ᠪᠠᠭᠠᠴᠤᠳ ᠰᠢ ᠶᠢᠨ ᠫᠢᠩ ᠪᠤᠯᠤᠨ ᠲᠡᠭᠦᠨ ᠤ ᠬᠠᠳᠤᠨ ᠳᠤ ᠴᠡᠴᠡᠭ ᠬᠦᠷᠭᠡᠪᠡ᠃ ᠶᠤᠰᠤᠯᠠᠯ ᠤᠨ ᠴᠡᠷᠢᠭ ᠵᠠᠮ ᠤᠨ ᠬᠤᠶᠠᠷ ᠲᠠᠯ᠎ᠠ ᠳᠤ ᠮᠦᠷᠯᠡᠨ ᠵᠤᠬᠰᠤᠵᠠᠢ᠃      ᠰᠢ ᠶᠢᠨ ᠫᠢᠩ ᠳᠤᠮᠳᠠᠳᠤ ᠤᠯᠤᠰ ᠤᠨ ᠵᠠᠰᠠᠭ ᠤᠨ ᠤᠷᠳᠤᠨ ᠪᠤᠯᠤᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ ᠢᠰᠫᠠᠨᠢ ᠶᠢᠨ ᠵᠠᠰᠠᠭ ᠤᠨ ᠤᠷᠳᠤᠨ ᠪᠤᠯᠤᠨ ᠠᠷᠠᠳ ᠲᠦᠮᠡᠨ ᠳᠤ ᠴᠢᠩ ᠰᠡᠳᠬᠢᠯ ᠤᠨ ᠮᠡᠨᠳᠤᠴᠢᠯᠡᠯ ᠪᠠ ᠰᠠᠶᠢᠨ ᠰᠠᠶᠢᠬᠠᠨ ᠬᠦᠰᠡᠯ ᠵᠦᠩᠨᠡᠯ ᠲᠡᠪᠰᠢᠬᠦᠯᠪᠡ᠃ ᠰᠢ ᠶᠢᠨ ᠫᠢᠩ᠂ ᠳᠤᠮᠳᠠᠳᠤ ᠢᠰᠫᠠᠨᠢ ᠶᠢᠨ ᠶᠠᠪᠤᠯᠴᠠᠭ᠎ᠠ ᠦᠨᠢ ᠤᠳᠠᠭᠠᠨ ᠲᠡᠦᠭᠡ ᠲᠠᠢ ᠶᠤᠮ᠃ 2000 ᠭᠠᠷᠤᠢ ᠵᠢᠯ ᠤᠨ ᠡᠮᠦᠨ᠎ᠠ᠂ ᠡᠷᠳᠡᠨ ᠤ ᠡᠭᠡ ᠬᠠᠭᠤᠷᠠᠢ ᠶᠢᠨ ᠲᠤᠷᠭᠠᠨ ᠵᠠᠮ ᠨᠢ ᠡᠷᠳᠡᠨ ᠤ ᠨᠡᠶᠢᠰᠯᠡᠯ ᠴᠠᠩ ᠠᠨ ᠪᠤᠯᠤᠨ ᠢᠰᠫᠠᠨᠢ ᠶᠢᠨ ᠳᠠᠷᠠᠭᠤᠨᠠ ᠶᠢ ᠬᠤᠯᠪᠤᠬᠰᠠᠨ ᠪᠠᠶᠢᠨ᠎ᠠ᠃ 400 ᠭᠠᠷᠤᠢ ᠵᠢᠯ ᠤᠨ ᠡᠮᠦᠨ᠎ᠠ᠂ ᠬᠤᠶᠠᠷ ᠲᠠᠯ᠎ᠠ ᠪᠠᠷ ᠢᠶᠠᠨ ᠲᠠᠯᠠᠢ ᠳᠡᠭᠡᠷᠡᠬᠢ ᠲᠤᠷᠭᠠᠨ ᠵᠠᠮ ᠢᠶᠠᠷ ᠳᠠᠮᠵᠢᠨ ᠬᠦᠭᠵᠢᠯᠳᠠᠢ ᠠᠷᠠᠯᠵᠢᠶᠠᠨ ᠤ ᠶᠠᠪᠤᠯᠴᠠᠭ᠎ᠠ ᠲᠠᠢ ᠪᠤᠯᠪᠠ᠃ 1973 ᠤᠨ ᠳᠤ ᠬᠤᠶᠠᠷ ᠤᠯᠤᠰ ᠭᠠᠳᠠᠭᠠᠳᠦ ᠬᠠᠷᠢᠯᠴᠠᠭ᠎ᠠ ᠪᠠᠶᠢᠭᠤᠯᠪᠠ᠃ 2005 ᠤᠨ ᠳᠤ ᠬᠤᠶᠠᠷ ᠤᠯᠤᠰ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠪᠠᠶᠢᠭᠤᠯᠵᠤ᠂ ᠳᠤᠮᠳᠠᠳᠤ ᠢᠰᠫᠠᠨᠢ ᠶᠢᠨ ᠬᠠᠷᠢᠯᠴᠠᠭ᠎ᠠ ᠬᠦᠭᠵᠢᠯᠲᠡ ᠶᠢᠨ ᠰᠢᠨ᠎ᠡ ᠱᠠᠲᠤᠨ ᠳᠤ ᠤᠷᠤᠵᠠᠢ᠃ ᠤᠳᠤᠬᠠᠨ ᠳᠤ ᠳᠤᠮᠳᠠᠳᠤ ᠢᠰᠫᠠᠨᠢ ᠬᠤᠶᠠᠷ ᠤᠯᠤᠰ ᠴᠦᠮ ᠦᠭᠡᠷᠡᠴᠢᠯᠡᠯᠲᠡ ᠬᠦᠭᠵᠢᠯᠲᠡ ᠶᠢᠨ ᠴᠢᠬᠤᠯᠠ ᠱᠠᠲᠤᠨ ᠳᠤ ᠤᠷᠤᠰᠢᠵᠤ᠂ ᠬᠤᠶᠠᠷ ᠲᠠᠯ᠎ᠠ ᠶᠢᠨ ᠬᠠᠷᠢᠯᠴᠠᠭ᠎ᠠ ᠶᠢ ᠭᠦᠨᠵᠡᠭᠡᠶᠢᠷᠡᠭᠦᠯᠬᠦ᠂ ᠤᠯᠠᠮᠵᠢᠯᠠᠯᠲᠤ ᠨᠦᠬᠦᠷᠯᠡᠯ ᠢ ᠪᠠᠬᠢᠵᠢᠭᠦᠯᠬᠦ᠂ ᠪᠤᠲᠠᠲᠠᠢ ᠶᠢ ᠡᠷᠬᠢᠮᠯᠡᠬᠦ ᠬᠠᠮᠲᠤᠷᠠᠯᠴᠠᠭ᠎ᠠ ᠶᠢ ᠦᠷᠭᠡᠳᠬᠡᠬᠦ᠂ ᠬᠠᠮᠲᠤ ᠪᠠᠷ ᠬᠦᠭᠵᠢᠬᠦ ᠶᠢ ᠪᠡᠶᠡᠯᠡᠭᠦᠯᠬᠦ ᠨᠢ ᠬᠤᠶᠠᠷ ᠤᠯᠤᠰ ᠪᠤᠯᠤᠨ ᠬᠤᠶᠠᠷ ᠤᠯᠤᠰ ᠤᠨ ᠠᠷᠠᠳ ᠲᠦᠮᠡᠨ ᠤ ᠠᠰᠢᠬ ᠲᠤᠰᠠ ᠳᠤ ᠨᠡᠶᠢᠴᠡᠬᠦ ᠮᠦᠷᠳᠡᠭᠡᠨ ᠳᠡᠯᠡᠬᠡᠢ ᠶᠢᠨ ᠡᠩᠬᠡ ᠲᠠᠶᠢᠪᠤᠩ᠂ ᠲᠤᠬᠲᠠᠭᠤᠨ ᠪᠠᠶᠢᠳᠠᠯ᠂ ᠴᠡᠴᠡᠭᠯᠡᠯ ᠬᠦᠭᠵᠢᠯ ᠳᠤ ᠴᠤ ᠠᠰᠢᠬᠲᠠᠢ ᠶᠤᠮ ᠭᠡᠵᠦ ᠵᠢᠭᠠᠵᠦ ᠭᠠᠷᠭᠠᠵᠠᠢ᠃      ᠰᠢ ᠶᠢᠨ ᠫᠢᠩ᠂ ᠠᠶᠢᠯᠴᠢᠯᠠᠯᠲᠠ ᠶᠢᠨ ᠬᠤᠭᠤᠴᠠᠭᠠᠨ ᠳᠤ ᠪᠢ ᠤᠯᠤᠰ ᠤᠨ ᠸᠠᠩ ᠹᠢᠯᠢᠫᠸᠢ ᠵᠢᠷᠭᠤᠳᠤᠭᠠᠷ ᠪᠠ ᠲᠡᠷᠢᠬᠦᠨ ᠰᠠᠶᠢᠳ ᠰᠠᠩᠴᠢᠶᠧᠰ ᠵᠡᠷᠭᠡ ᠢᠰᠫᠠᠨᠢ ᠶᠢᠨ ᠤᠳᠤᠷᠢᠳᠬᠤ ᠬᠦᠮᠦᠰ ᠲᠠᠢ ᠬᠤᠶᠠᠷ ᠲᠠᠯ᠎ᠠ ᠶᠢᠨ ᠬᠠᠷᠢᠯᠴᠠᠭ᠎ᠠ ᠪᠠ ᠬᠠᠮᠲᠤ ᠪᠠᠷ ᠠᠩᠬᠠᠷᠴᠤ ᠪᠠᠶᠢᠭ᠎ᠠ ᠠᠰᠠᠭᠤᠳᠠᠯ ᠤᠨ ᠲᠤᠬᠠᠢ ᠰᠠᠨᠠᠯ ᠢᠶᠠᠨ ᠦᠷᠭᠡᠨ ᠬᠦᠨᠵᠡᠭᠡᠢ ᠰᠤᠯᠢᠯᠴᠠᠵᠤ᠂ ᠳᠤᠮᠳᠠᠳᠤ ᠢᠰᠫᠠᠨᠢ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠠᠬᠢᠭᠤᠯᠵᠦ ᠪᠠᠶᠢᠭᠠᠳ ᠰᠢᠨ᠎ᠡ ᠴᠠᠬ ᠦᠶ᠎ᠡ ᠶᠢᠨ ᠠᠶᠠᠯᠠᠯ ᠢ ᠡᠬᠢᠯᠡᠭᠦᠯᠬᠦ ᠶᠢ ᠬᠦᠰᠡᠨ ᠡᠷᠡᠮᠡᠯᠵᠡᠵᠦ ᠪᠠᠶᠢᠨ᠎ᠠ ᠭᠡᠵᠦ ᠵᠢᠭᠠᠵᠤ ᠭᠠᠷᠭᠠᠪᠠ᠃      ᠳ᠋ᠢᠩ ᠰᠢᠤᠸᠠᠢ ᠰᠢᠶᠠᠩ᠂ ᠶᠠᠩ ᠵᠢᠶᠧ ᡂᠢ᠂ ᠸᠠᠩ ᠢ᠂ ᠾᠧ ᠯᠢ ᠹᠧᠩ ᠵᠡᠷᠭᠡ ᠪᠠᠷ᠎ᠠ ᠪᠤᠯᠤᠬᠰᠠᠳ ᠬᠠᠮᠲᠤ ᠨᠢᠰᠬᠡᠯ ᠢᠶᠠᠷ ᠬᠦᠷᠪᠡ᠃      ᠢᠰᠫᠠᠨᠢ ᠳᠤ ᠰᠠᠭᠤᠭ᠎ᠠ ᠳᠤᠮᠳᠠᠳᠤ ᠤᠯᠤᠰ ᠤᠨ ᠡᠯᠴᠢᠨ ᠰᠠᠶᠢᠳ ᠯᠢᠤᠢ ᠹᠠᠨ ᠪᠠᠰᠠ ᠨᠢᠰᠬᠡᠯ ᠤᠨ ᠪᠠᠭᠤᠳᠠᠯ ᠳᠤ ᠬᠦᠷᠴᠤ ᠤᠬᠲᠤᠪᠠ᠃      ᠢᠰᠫᠠᠨᠢ ᠳᠠᠬᠢ ᠲᠦᠷᠦ ᠶᠢᠨ ᠶᠠᠪᠤᠳᠠᠯ ᠤᠨ ᠠᠶᠢᠯᠴᠢᠯᠠᠯᠲᠠ ᠪᠠᠨ ᠳᠠᠭᠤᠰᠬᠠᠬᠰᠠᠨ ᠤ ᠳᠠᠷᠠᠭ᠎ᠠ ᠰᠢ ᠶᠢᠨ ᠫᠢᠩ ᠪᠠᠰᠠ ᠠᠷᠭᠧᠨ᠋ᠲ᠋ᠢᠨ᠂ ᠫᠠᠨᠠᠮᠠ᠂ ᠫᠤᠷᠲ᠋ᠦ᠋ᠭᠠᠯ ᠳᠤ ᠲᠦᠷᠦ ᠶᠢᠨ ᠶᠠᠪᠤᠳᠠᠯ ᠤᠨ ᠠᠶᠢᠯᠴᠢᠯᠠᠯᠳᠡ ᠬᠢᠵᠦ᠂ ᠠᠷᠭᠧᠨ᠋ᠲ᠋ᠢᠨ ᠤ ᠪᠦᠶᠧᠨᠤᠰ ᠠᠶᠢᠷᠧᠰ ᠲᠤ ᠶᠠᠪᠤᠬᠳᠠᠬᠤ ᠬᠤᠷᠢᠨ ᠤᠯᠤᠰ ᠤᠨ ᠪᠦᠯᠥᠭᠯᠡᠯ ᠤᠨ ᠤᠳᠤᠷᠢᠳᠬᠤ ᠬᠦᠮᠥᠰ ᠤᠨ ᠠᠷᠪᠠᠨ ᠭᠤᠷᠪᠠᠳᠤᠭᠠᠷ ᠤᠳᠠᠭ᠎ᠠ ᠶᠢᠨ ᠲᠦᠷᠦᠬᠦᠴᠤᠳ ᠤᠨ ᠬᠤᠷᠡᠯ ᠳᠤ ᠤᠷᠤᠯᠴᠠᠬᠤ ᠪᠤᠯᠤᠨ᠎ᠠ᠃     ᠰᠢᠨᠬᠤᠸᠠ ᠬᠤᠷᠢᠶᠠᠨ ᠤ ᠪᠡᠭᠡᠵᠢᠩ ᠤᠨ 11 ᠰᠠᠷ᠎ᠠ ᠶᠢᠨ 27 ᠤ ᠴᠠᠬᠢᠯᠭᠠᠨ ᠮᠡᠳᠡᠭᠡ 11 ᠰᠠᠷ᠎ᠠ ᠶᠢᠨ 27 ᠤ ᠡᠳᠦᠷ ᠤᠯᠤᠰ ᠤᠨ ᠲᠡᠷᠢᠬᠦᠯᠡᠭᠴᠢ ᠰᠢ ᠶᠢᠨ ᠫᠢᠩ ᠲᠤᠰᠬᠠᠢ ᠨᠢᠰᠭᠡᠯ ᠢᠶᠠᠷ ᠪᠡᠭᠡᠵᠢᠩ ᠠᠴᠠ ᠮᠤᠷᠳᠠᠵᠦ᠂ ᠢᠰᠫᠠᠨᠢ ᠶᠢᠨ ᠤᠯᠤᠰ ᠤᠨ ᠸᠠᠩ ᠹᠢᠯᠢᠫᠸᠢ ᠵᠢᠷᠭᠤᠳᠤᠭᠠᠷ᠂ ᠪᠦᠬᠦᠳᠡ ᠨᠠᠶᠢᠷᠠᠮᠳᠠᠬᠤ ᠠᠷᠭᠧᠨ᠋ᠲ᠋ᠢᠨ ᠤᠯᠤᠰ ᠤᠨ ᠶᠡᠷᠤᠩᠬᠡᠶᠢᠯᠡᠭᠴᠢ ᠮᠠᠺᠧᠯᠢ᠂ ᠪᠦᠬᠦᠳᠡ ᠨᠠᠶᠢᠷᠠᠮᠳᠠᠬᠤ ᠫᠠᠨᠠᠮᠠ ᠤᠯᠤᠰ ᠤᠨ ᠶᠡᠷᠤᠩᠬᠡᠶᠢᠯᠡᠭᠴᠢ ᠪᠠᠯᠸᠢᠢᠯᠠ᠂ ᠪᠦᠬᠦᠳᠡ ᠨᠠᠶᠢᠷᠠᠮᠳᠠᠬᠤ ᠫᠤᠷᠲ᠋ᠦ᠋ᠭᠠᠯ ᠤᠯᠤᠰ ᠤᠨ ᠶᠡᠷᠤᠩᠬᠡᠶᠢᠯᠡᠭᠴᠢ ᠳ᠋ᠧᠰᠦ᠋ᠰᠠ ᠶᠢᠨ ᠤᠷᠢᠯᠭ᠎ᠠ ᠪᠠᠷ᠂ ᠳᠡᠭᠡᠷ᠎ᠠ ᠳᠤᠷᠠᠳᠤᠭᠰᠠᠨ ᠲᠦᠷᠪᠡᠨ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠳᠠ ᠬᠢᠨ᠎ᠠ︔ ᠪᠦᠬᠦᠳᠡ ᠨᠠᠶᠢᠷᠠᠮᠳᠠᠬᠤ ᠠᠷᠭᠧᠨ᠋ᠲ᠋ᠢᠨ ᠤᠯᠤᠰ ᠤᠨ ᠶᠡᠷᠤᠩᠬᠡᠶᠢᠯᠡᠭᠴᠢ ᠮᠠᠺᠧᠯᠢ ᠶᠢᠨ ᠤᠷᠢᠯᠭ᠎ᠠ ᠪᠠᠷ ᠠᠷᠭᠧᠨ᠋ᠲ᠋ᠢᠨ ᠤ ᠪᠦᠶᠧᠨᠤᠰ ᠠᠶᠢᠷᠧᠰ ᠲᠤ ᠶᠠᠪᠤᠬᠳᠠᠬᠤ ᠬᠤᠷᠢᠨ ᠤᠯᠤᠰ ᠤᠨ ᠪᠦᠯᠥᠭᠯᠡᠯ ᠤᠨ ᠤᠳᠤᠷᠢᠳᠬᠤ ᠬᠦᠮᠥᠰ ᠤᠨ ᠠᠷᠪᠠᠨ ᠭᠤᠷᠪᠠᠳᠤᠭᠠᠷ ᠤᠳᠠᠭ᠎ᠠ ᠶᠢᠨ ᠲᠦᠷᠦᠬᠦᠴᠤᠳ ᠤᠨ ᠬᠤᠷᠡᠯ ᠳᠤ ᠤᠷᠤᠯᠴᠠᠨ᠎ᠠ᠃      ᠰᠢ ᠶᠢᠨ ᠫᠢᠩ ᠳᠤ ᠪᠠᠷ᠎ᠠ ᠪᠤᠯᠵᠦ ᠠᠶᠢᠯᠴᠢᠯᠠᠬᠰᠠᠳ ᠲᠤ᠄ ᠲᠠᠷᠢᠬᠦᠯᠡᠭᠴᠢ ᠰᠢ ᠶᠢᠨ ᠫᠢᠩ ᠤᠨ ᠬᠠᠳᠤᠨ ᠫᠧᠩ ᠯᠢ ᠶᠤᠸᠠᠨ᠂ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠭᠡᠰᠢᠬᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ᠂ ᠨᠠᠮ ᠤᠨ ᠲᠦᠪ ᠬᠤᠷᠢᠶᠠᠨ ᠤ ᠠᠯᠪᠡᠨ ᠲᠢᠩᠬᠢᠮ ᠤᠨ ᠡᠷᠬᠢᠯᠡᠭᠴᠢ ᠳ᠋ᠢᠩ ᠰᠢᠤᠸᠠᠢ ᠰᠢᠶᠠᠩ᠂ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠭᠡᠰᠢᠬᠦᠨ᠂ ᠲᠦᠪ ᠤᠨ ᠭᠠᠳᠠᠭᠠᠳᠤ ᠶᠠᠪᠤᠳᠠᠯ ᠤᠨ ᠠᠵᠢᠯ ᠤᠨ ᠵᠦᠪᠯᠡᠯ ᠤᠨ ᠠᠯᠪᠠᠨ ᠭᠡᠷ ᠤᠨ ᠡᠷᠬᠢᠯᠡᠭᠴᠢ ᠶᠠᠩ ᠵᠢᠶᠧ ‍ᠤᠤᠢ᠂ ᠲᠦᠷᠦ ᠶᠢᠨ ᠶᠠᠪᠤᠳᠠᠯ ᠤᠨ ᠭᠡᠰᠢᠭᠦᠨ ᠪᠦᠭᠡᠳ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠸᠠᠩ ᠢ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ᠂ ᠤᠯᠤᠰ ᠤᠨ ᠬᠦᠭᠵᠢᠭᠦᠯᠦᠯᠳᠡ ᠪᠠ ᠦᠭᠡᠷᠡᠴᠢᠯᠡᠯᠳᠡ ᠶᠢᠨ ᠵᠦᠪᠯᠡᠯ ᠤᠨ ᠡᠷᠬᠢᠯᠡᠭᠴᠢ ᠾᠧ ᠯᠢ ᠹᠧᠩ ᠨᠠᠷ ᠪᠠᠶᠢᠨ᠎ᠠ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号