ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠣᠳᠠᠯ ᠤᠨ ᠬᠤᠷᠢᠶ᠎ᠠ ᠶᠢᠨ ︽ᠬᠠᠷ᠎ᠠ ᠪᠦᠯᠦᠭᠳᠡᠨ ᠬᠠᠷᠬᠢᠰ | ᠬᠦᠴᠦᠨ ᠢ ᠠᠷᠢᠯᠭᠠᠬᠤ ᠲᠣᠰᠬᠠᠢ ᠲᠥᠷᠥᠯ ᠤᠨ ᠲᠡᠮᠡᠴᠡᠯ ᠦᠷᠨᠢᠭᠦᠯᠬᠦ ᠲᠣᠬᠠᠢ ᠮᠡᠳᠡᠭᠳᠡᠯ︾ ᠤᠨ ᠠᠵᠢᠯ ᠤᠨ | ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠲᠠᠪᠤᠷᠢᠵᠢᠭᠤᠯᠵᠤ᠂ ᠪᠦᠬᠦ ᠬᠤᠰᠢᠭᠤᠨ ᠤ ᠨᠡᠶᠢᠬᠡᠮ ᠤᠨ ᠠᠮᠣᠷ | ᠲᠣᠭᠳᠠᠭᠤᠨ ᠢ ᠦᠷᠬᠦᠯᠵᠢᠯᠡᠨ ᠪᠠᠲᠤᠯᠠᠬᠤ ᠶᠢᠨ ᠳᠣᠰᠠᠳᠠ ᠦᠦᠰᠢᠨ ᠬᠤᠰᠢᠭᠤᠨ ᠤ ᠲᠣᠳᠣᠭᠠᠳᠣ ᠶᠢ ᠬᠠᠮᠠᠭᠠᠯᠠᠬᠤ | ᠲᠣᠪᠴᠢᠶᠠᠨ ᠤ ᠬᠠᠷ᠎ᠠ ᠪᠦᠯᠦᠭᠳᠡᠨ ᠬᠠᠷᠬᠢᠰ ᠬᠦᠴᠦᠨ ᠤ ᠠᠷᠢᠯᠭᠠᠬᠤ ᠲᠡᠮᠡᠴᠡᠯ ᠤᠨ ᠣᠳᠣᠷᠢᠳᠬᠤ ᠲᠣᠭᠤᠶᠢᠯᠠᠩ | ᠠᠴᠠ ᠣᠯᠠᠨ ᠲᠦᠮᠡᠨ ᠤ ᠲᠣᠰ ᠲᠡᠮᠡᠴᠡᠯ ᠳᠤ ᠢᠳᠡᠪᠬᠢᠳᠠᠢ ᠣᠷᠣᠯᠴᠠᠬᠤ ᠶᠢ ᠵᠣᠷᠢᠭᠵᠢᠭᠤᠯᠵᠣ᠂ ᠬᠠᠷ᠎ᠠ ᠪᠦᠯᠦᠭᠳᠡᠨ | ᠬᠠᠷᠬᠢᠰ ᠬᠦᠴᠦᠨ ᠤ ᠬᠠᠮᠢᠶ᠎ᠠ ᠪᠦᠬᠦᠢ ᠰᠦᠪᠡᠭᠴᠢ ᠶᠢ ᠢᠯᠡᠴᠢᠯᠡᠨ ᠮᠡᠳᠡᠭᠦᠯᠦᠭᠰᠡᠳ ᠢ ᠱᠠᠩᠨᠠᠨ ᠬᠦᠬᠢᠭᠦᠯᠬᠦ ᠪᠠᠷ | ᠳᠣᠭᠳᠠᠪᠠ᠃ ᠡᠳᠦᠬᠡ ᠬᠤᠯᠪᠣᠭᠳᠠᠯ ᠪᠦᠬᠦᠢ ᠬᠡᠷᠡᠭ ᠶᠠᠪᠣᠳᠠᠯ ᠢ ᠲᠤᠤᠷᠠᠬᠢ ᠮᠠᠳᠣ ᠮᠡᠳᠡᠭᠳᠡᠶ᠎ᠠ᠄ | ᠨᠢᠭᠡ᠂ ᠢᠯᠡᠴᠢᠯᠡᠨ ᠮᠡᠳᠡᠭᠦᠯᠬᠦ ᠠᠭᠤᠯᠭ᠎ᠠ | ⒈ᠣᠯᠣᠰ ᠲᠦᠷᠦ ᠶᠢᠨ ᠠᠮᠣᠷ ᠲᠦᠪᠰᠢᠨ ᠣᠨᠴᠠᠭᠠᠶᠢᠯᠠᠨ ᠲᠦᠷᠢᠮ ᠲᠣᠭᠳᠠᠭᠠᠯ ᠤᠨ ᠠᠮᠣᠷ ᠲᠦᠪᠰᠢᠨ᠂ | ᠣᠯᠣᠰ ᠲᠦᠷᠦ ᠶᠢᠨ ᠡᠷᠭᠡ ᠶᠢᠨ ᠠᠮᠣᠷ ᠲᠦᠪᠰᠢᠨ ᠵᠢᠴᠢ ᠣᠯᠣᠰ ᠲᠦᠷᠣ ᠶᠢᠨ ᠬᠦᠷᠢᠶ᠎ᠠ ᠴᠠᠷᠠᠭ᠎ᠠ ᠳᠤ ᠨᠠᠪᠴᠢᠨ | ᠣᠷᠣᠭᠰᠠᠨ ᠬᠠᠷ᠎ᠠ ᠪᠦᠯᠦᠭᠳᠡᠨ ᠬᠠᠷᠬᠢᠰ ᠬᠦᠴᠦᠨ ᠤ ᠪᠦᠯᠥᠭ ᠪᠦᠯᠬᠦᠮ︔ | ⒉ᠦᠨᠳᠦᠰᠦᠨ ᠱᠠᠳᠣᠨ ᠤ ᠣᠯᠣᠰ ᠲᠦᠷᠦ ᠶᠢᠨ ᠡᠷᠭᠡ ᠶᠢ ᠠᠳᠬᠤᠨ ᠦᠨᠳᠦᠰᠣᠨ ᠱᠠᠳᠣᠨ ᠤ | ᠰᠣᠩᠭᠤᠭᠤᠯᠢ ᠶᠢ ᠡᠵᠡᠮᠳᠡᠵᠣ᠂ ᠬᠦᠳᠡᠭᠡ ᠲᠣᠰᠬᠤᠨ ᠤ ᠡᠬᠢ ᠪᠠᠶᠠᠯᠢᠭ ᠢ ᠭᠠᠭᠴᠠᠭᠠᠷ ᠡᠵᠡᠮᠰᠢᠨ ᠬᠠᠮᠳᠣ ᠶᠢᠨ ᠡᠳ᠋ | ᠬᠦᠷᠦᠩᠭᠡ ᠶᠢ ᠵᠠᠯᠬᠢᠭᠰᠠᠨ ᠬᠠᠷ᠎ᠠ ᠪᠦᠯᠦᠭᠳᠡᠨ ᠬᠠᠷᠬᠢᠰ ᠬᠦᠴᠦᠨ ᠤ ᠪᠦᠯᠥᠭ ᠪᠦᠯᠬᠦᠮ︔ | ⒊ ᠣᠭᠰᠠᠭ᠎ᠠ ᠲᠦᠷᠦᠯ᠂ ᠱᠠᠰᠢᠨ ᠰᠣᠷᠳᠠᠬᠤᠨ ᠤ ᠬᠦᠴᠦᠨ ᠢ ᠠᠰᠢᠭᠯᠠᠨ ᠭᠠᠴᠠᠭ᠎ᠠ ᠳᠣᠰᠬᠤᠨ ᠳᠤ ᠶᠣᠰᠣ | ᠪᠣᠰᠣ ᠪᠠᠷ ᠠᠭᠠᠰᠢᠯᠠᠨ ᠳᠣᠷ᠎ᠠ ᠪᠠᠷ ᠢᠶᠠᠨ ᠡᠵᠡᠷᠬᠡᠵᠣ ᠠᠷᠠᠳ ᠣᠯᠠᠨ ᠢ ᠲᠠᠷᠣᠯᠠᠭᠰᠠᠨ ︽ᠲᠣᠰᠬᠤᠨ ᠤ ᠡᠵᠡᠷᠭᠡᠭᠴᠢ︾ | ᠵᠡᠷᠬᠡ ᠶᠢᠨ ᠬᠠᠷ᠎ᠠ ᠪᠦᠯᠦᠭᠳᠡᠨ ᠬᠠᠷᠬᠢᠰ ᠬᠦᠴᠦᠨ ᠤ ᠪᠦᠯᠥᠭ ᠪᠦᠯᠬᠦᠮ︔ | ⒋ᠭᠠᠵᠠᠷ ᠲᠠᠳᠠᠪᠣᠷᠢᠯᠠᠬᠤ᠂ ᠭᠠᠵᠠᠷ ᠲᠦᠷᠢᠶᠠᠰᠣᠯᠡᠬᠦ᠂ ᠨᠣᠷᠠᠭᠠᠨ ᠰᠢᠯᠵᠢᠬᠦᠯᠬᠦ᠂ ᠪᠠᠷᠢᠯᠭ᠎ᠠ ᠶᠢᠨ ᠲᠦᠷᠥᠯ | ᠵᠣᠶᠢᠯ ᠤᠨ ᠪᠦᠳᠦᠭᠡᠨ ᠪᠠᠶᠢᠭᠤᠯᠣᠯᠳᠠ ᠵᠡᠷᠬᠡ ᠶᠠᠪᠣᠴᠠ ᠳᠤ ᠣᠯᠠᠨ ᠢ ᠦᠳᠦᠭᠡᠨ ᠣᠶᠢᠮᠡᠬᠡᠨ ᠳᠠᠪᠵᠢᠶᠠᠨ ᠭᠠᠷᠭᠠᠬᠤ᠂ | ᠣᠯᠠᠨ ᠢ ᠵᠣᠬᠢᠶᠠᠨ ᠪᠠᠶᠢᠭᠤᠯᠵᠣ ᠵᠠᠬᠢᠳᠠᠯ ᠰᠣᠷᠪᠣᠯᠵᠢᠯᠠᠭ᠎ᠠ ᠶᠠᠪᠣᠭᠤᠯᠣᠭᠰᠠᠨ ᠬᠠᠷ᠎ᠠ ᠪᠦᠯᠦᠭᠳᠡᠨ ᠬᠠᠷᠬᠢᠰ ᠬᠦᠴᠦᠨ | ᠤ ᠪᠦᠯᠥᠭ ᠪᠦᠯᠬᠦᠮ︔ | ⒌ᠪᠠᠷᠢᠯᠭ᠎ᠠ ᠶᠢᠨ ᠢᠨᠵᠧᠨᠧᠷᠢᠩ᠂ ᠵᠠᠮ ᠬᠠᠷᠢᠯᠴᠠᠭ᠎ᠠ ᠪᠠ ᠳᠡᠬᠡᠬᠡᠪᠣᠷᠢ᠂ ᠠᠭᠤᠷᠬᠠᠢ ᠶᠢᠨ ᠡᠬᠢ ᠪᠠᠶᠠᠯᠢᠭ᠂ | ᠵᠢᠭᠠᠰᠣᠨ ᠦᠢᠯᠡᠰ ᠵᠡᠷᠭᠡ ᠠᠵᠢᠯ ᠲᠥᠷᠥᠯ᠂ ᠬᠦᠷᠢᠶ᠎ᠠ ᠴᠠᠷᠠᠭᠠᠨ ᠤ ᠪᠠᠷᠢᠯᠭ᠎ᠠ ᠶᠢᠨ ᠠᠵᠢᠯ ᠢ ᠬᠦᠴᠦᠷᠬᠡᠭᠯᠡᠨ | ᠳᠠᠭᠠᠭᠠᠴᠢᠯᠠᠬᠤ᠂ ᠬᠤᠣᠷᠣᠨ ᠰᠠᠨᠠᠭ᠎ᠠ ᠲᠠᠢ ᠪᠠᠷ ᠦᠷᠢᠰᠦᠯᠳᠡᠬᠦ᠂ ᠭᠠᠵᠠᠷ ᠨᠣᠳᠤᠭ ᠢ ᠬᠠᠣᠯᠢ ᠪᠣᠰᠣ ᠪᠠᠷ ᠡᠵᠡᠯᠡᠬᠦ᠂ | ᠲᠣᠷ᠎ᠠ ᠪᠠᠷ ᠢᠶᠠᠨ ᠨᠡᠬᠡᠬᠡᠵᠣ ᠮᠠᠯᠳᠠᠳᠠᠭ ᠬᠠᠷ᠎ᠠ ᠪᠦᠯᠦᠭᠳᠡᠨ ᠬᠠᠷᠬᠢᠰ ᠬᠦᠴᠦᠨ ᠤ ᠪᠦᠯᠥᠭ ᠪᠦᠯᠬᠦᠮ︔ | ⒍ᠠᠷᠠᠯᠵᠢᠶ᠎ᠠ ᠬᠤᠳᠠᠯᠳᠣᠭᠠᠨ ᠤ ᠴᠣᠭᠯᠠᠭᠠᠨ᠂ ᠪᠦᠬᠡᠮᠯᠡᠬᠦ ᠵᠠᠬ᠎ᠠ ᠲᠡᠯᠭᠡᠭᠦᠷ᠂ ᠲᠡᠷᠭᠡᠨ ᠦᠷᠳᠡᠭᠡ ᠭᠠᠷᠠᠮ᠂ | ᠵᠢᠭᠤᠯᠴᠢᠯᠠᠯ ᠤᠨ ᠴᠡᠭ ᠵᠡᠷᠭᠡ ᠲᠠᠯᠠᠪᠠᠢ ᠳᠤ ᠠᠵᠢᠯ ᠨᠢᠬᠡᠳᠠᠨ ᠢᠶᠠᠨ ᠳᠠᠷᠣᠯᠠᠨ ᠵᠠᠬ᠎ᠠ ᠳᠡᠯᠬᠡᠬᠦᠷ ᠢ ᠡᠵᠡᠷᠬᠡᠬᠦ᠂ | ᠠᠯᠪᠠᠳᠠᠨ ᠬᠤᠳᠠᠯᠳᠣᠭᠠᠯᠠᠬᠤ᠂ ︽ᠬᠠᠮᠠᠭᠠᠯᠠᠬᠤ ᠰᠦᠢᠳᠬᠡᠯ︾ ᠬᠤᠷᠢᠶᠠᠳᠠᠭ ︽ᠵᠡᠭᠡᠯᠢ ᠶᠢᠨ ᠡᠵᠡᠷᠭᠡᠭᠴᠢ︾ ︽ | ᠠᠵᠢᠯ ᠲᠦᠷᠦᠯ ᠤᠨ ᠡᠵᠡᠷᠭᠡᠭᠴᠢ︾ ᠵᠡᠷᠭᠡ ᠬᠠᠷ᠎ᠠ ᠪᠦᠯᠦᠭᠳᠡᠨ ᠬᠠᠷᠬᠢᠰ ᠬᠦᠴᠦᠨ ᠤ ᠪᠦᠯᠥᠭ ᠪᠦᠯᠬᠦᠮ ᠃ | ⒎︽ᠱᠠᠯᠢᠭ ᠵᠠᠪᠬᠠᠢ ᠵᠣᠶᠢᠯ᠂ ᠵᠣᠭᠤᠰ ᠤᠨ ᠮᠦᠷᠦᠶᠢᠴᠡᠬᠡᠨ᠂ ᠬᠤᠣᠷᠳᠣ ᠡᠳ᠋︾ ᠵᠡᠷᠭᠡ ᠬᠠᠣᠯᠢ ᠶᠢ | ᠵᠦᠷᠢᠴᠡᠭᠰᠡᠨ ᠶᠠᠯᠠᠲᠤ ᠠᠵᠢᠯᠯᠠᠭ᠎ᠠ ᠶᠢ ᠵᠠᠬᠢᠷᠣᠨ ᠵᠢᠯᠣᠭᠤᠳᠴᠣ ᠡᠵᠡᠩᠨᠡᠭᠰᠡᠨ ᠬᠠᠷ᠎ᠠ ᠪᠦᠯᠦᠭᠳᠡᠨ ᠬᠠᠷᠬᠢᠰ ᠬᠦᠴᠦᠨ | ᠤ ᠪᠦᠯᠥᠭ ᠪᠦᠯᠬᠦᠮ᠃ | ⒏ᠬᠠᠣᠯᠢ ᠪᠣᠰᠣ ᠪᠠᠷ ᠦᠨᠳᠦᠷ ᠬᠦᠦ ᠲᠠᠢ ᠵᠢᠭᠡᠯᠡᠯᠭᠡ ᠲᠠᠯᠪᠢᠬᠤ᠂ ᠬᠦᠴᠦᠷᠭᠡᠭᠯᠡᠯ ᠢᠶᠠᠷ ᠦᠷᠢ ᠨᠡᠬᠡᠬᠦ ᠵᠡᠷᠭᠡ | ᠬᠠᠷ᠎ᠠ ᠪᠦᠯᠦᠭᠳᠡᠨ ᠬᠠᠷᠬᠢᠰ ᠬᠦᠴᠦᠨ ᠤ ᠪᠦᠯᠥᠭ ᠪᠦᠯᠬᠦᠮ᠃ | ⒐ᠠᠷᠠᠳ ᠤᠨ ᠬᠤᠭᠤᠷᠤᠨᠳᠤᠬᠢ ᠵᠦᠷᠢᠴᠡᠯ ᠵᠢᠭᠤᠷᠠᠯᠳᠤᠭᠠᠨ ᠳᠤ ᠭᠠᠷ ᠲᠦᠷᠦᠬᠦ᠂ ︽ᠬᠠᠤᠯᠢ ᠬᠡᠷᠡᠭᠵᠢᠬᠦᠯᠬᠦ | ᠨᠢᠭᠤᠴᠠ ᠠᠩᠭᠢ︾ ᠪᠤᠯᠤᠭᠰᠠᠨ ᠵᠡᠷᠭᠡ ᠬᠠᠷ᠎ᠠ ᠪᠦᠯᠦᠭᠳᠡᠨ ᠬᠠᠷᠬᠢᠰ ᠬᠦᠴᠦᠨ ᠤ ᠪᠦᠯᠥᠭ ᠪᠦᠯᠬᠦᠮ᠃ | ⒑ᠬᠢᠯᠢ ᠶᠢᠨ ᠭᠠᠳᠠᠨᠠᠬᠢ ᠬᠠᠷ᠎ᠠ ᠪᠦᠯᠦᠭᠳᠡᠨ ᠬᠢᠯᠢ ᠪᠠᠷ ᠣᠷᠣᠵᠣ ᠢᠷᠡᠨ ᠬᠦᠭᠵᠢᠵᠣ ᠨᠠᠪᠴᠢᠬᠦ ᠵᠢᠴᠢ | ᠤᠯᠤᠰ ᠬᠢᠯᠢ ᠠᠯᠣᠰᠯᠠᠭᠰᠠᠨ ᠬᠠᠷ᠎ᠠ ᠪᠦᠯᠦᠭᠳᠡᠨ ᠬᠠᠷᠬᠢᠰ ᠬᠦᠴᠦᠨ ᠤ ᠪᠦᠯᠥᠭ ᠪᠦᠯᠬᠦᠮ᠃ | ⒒ᠭᠠᠵᠠᠷ ᠰᠢᠷᠤᠢ᠂ ᠨᠣᠳᠤᠭ ᠪᠡᠯᠴᠢᠭᠡᠷ ᠤᠨ ᠳᠠᠭᠠᠭᠠᠴᠢᠯᠠᠯᠳᠠ ᠳᠤ ᠲᠣᠷ᠎ᠠ ᠪᠠᠷ ᠭᠠᠷ ᠲᠦᠷᠦᠵᠣ᠂ ᠬᠠᠣᠯᠢ | ᠪᠣᠰᠣ ᠪᠠᠷ ᠬᠠᠮᠤᠭ ᠶᠡᠭᠡ ᠣᠯᠵᠠ ᠠᠰᠢᠭ ᠢ ᠣᠯᠣᠭᠰᠠᠨ ᠬᠠᠷ᠎ᠠ ᠪᠦᠯᠦᠭᠳᠡᠨ ᠬᠠᠷᠬᠢᠰ ᠬᠦᠴᠦᠨ ᠤ ᠪᠦᠯᠥᠭ ᠪᠦᠯᠬᠦᠮ | ᠃ | ⒓ᠠᠭᠤᠷᠬᠠᠢ ᠶᠢᠨ ᠡᠬᠢ ᠪᠠᠶᠠᠯᠢᠭ ᠤᠨ ᠨᠡᠭᠡᠭᠡᠨ ᠠᠰᠢᠭᠯᠠᠯᠳᠠ ᠲᠣᠮᠳᠠ ᠬᠤᠣᠷᠣᠨ ᠰᠠᠨᠠᠭ᠎ᠠ ᠪᠠᠷ | ᠦᠷᠢᠰᠦᠯᠳᠣᠬᠦ ᠪᠤᠶᠤ ᠢᠯᠡ ᠪᠠᠷ ᠬᠦᠴᠦᠷᠭᠯᠡᠨ ᠡᠵᠡᠯᠡᠭᠰᠡᠨ ᠬᠠᠷ᠎ᠠ ᠪᠦᠯᠦᠭᠳᠡᠨ ᠬᠠᠷᠬᠢᠰ ᠬᠦᠴᠦᠨ ᠤ ᠪᠦᠯᠥᠭ | ᠪᠦᠯᠬᠦᠮ᠃ | ⒔ᠠᠷᠠᠳ ᠤᠨ ᠲᠣᠮᠳᠠᠬᠢ ᠵᠢᠭᠡᠯᠡᠯᠭᠡ ᠶᠢᠨ ᠶᠠᠪᠣᠳᠠᠯ ᠤᠨ ᠵᠢᠭᠤᠷᠠᠭᠠᠨ ᠳᠤ ᠭᠠᠷ ᠲᠦᠷᠦᠬᠦ᠂ ︽ᠬᠠᠣᠯᠢ | ᠭᠡᠷᠡᠭᠵᠢᠭᠦᠯᠬᠦ ᠨᠢᠭᠤᠴᠠ ᠠᠩᠬᠢ︾᠂ ︽ᠦᠷᠢ ᠨᠡᠬᠡᠬᠦ ᠺᠣᠮᠫᠠᠨᠢ︾ ᠵᠡᠷᠭᠡ ᠬᠠᠷ᠎ᠠ ᠪᠦᠯᠦᠭᠳᠡᠨ ᠬᠠᠷᠬᠢᠰ ᠬᠦᠴᠦᠨ ᠤ | ᠪᠦᠯᠥᠭ ᠪᠦᠯᠬᠦᠮ᠃ | ⒕ ᠮᠠᠯᠵᠢᠯ ᠲᠠᠷᠢᠶᠠᠯᠠᠩ ᠤᠨ ᠰᠡᠯᠡᠬᠦᠦ ᠴᠠᠭ ᠲᠤ ᠵᠣᠭᠤᠰ ᠮᠦᠷᠦᠶᠢᠴᠡᠬᠦ ᠮᠡᠳᠣ ᠶᠢᠨ ᠮᠦᠷᠦᠢ ᠲᠠᠢ | ᠲᠣᠭᠯᠠᠭᠠᠮ ᠢ ᠵᠣᠬᠢᠶᠠᠨ ᠪᠠᠶᠢᠭᠤᠯᠵᠣ ᠵᠢᠭᠡᠯᠡᠯᠭᠡ ᠲᠠᠯᠪᠢᠭᠰᠠᠨ ᠬᠠᠷ᠎ᠠ ᠪᠦᠯᠦᠭᠳᠡᠨ ᠬᠠᠷᠬᠢᠰ ᠬᠦᠴᠦᠨ ᠤ ᠪᠦᠯᠥᠭ | ᠪᠦᠯᠬᠦᠮ᠃ | ⒖ᠬᠠᠣᠯᠢ ᠪᠣᠰᠣ ᠠᠷᠭ᠎ᠠ ᠪᠠᠷᠢᠯ ᠢᠶᠠᠷ ᠠᠳᠠᠯ ᠠᠬᠤᠢ ᠶᠢᠨ ᠬᠠᠮᠢᠶᠠᠷᠣᠯᠳᠠ ᠶᠢ ᠡᠵᠡᠷᠬᠡᠵᠣ᠂ ᠰᠠᠭᠤᠭᠠᠯᠢ | ᠲᠣᠭᠤᠷᠢᠭ ᠤᠨ ᠵᠠᠰᠠᠯ ᠴᠢᠮᠡᠭᠯᠡᠬᠦ ᠠᠵᠢᠯ ᠪᠠ ᠵᠠᠰᠠᠯ ᠴᠢᠮᠡᠭᠯᠡᠯ ᠤᠨ ᠮᠠᠲ᠋ᠧᠷᠢᠶᠠᠯ ᠬᠠᠩᠭᠠᠬᠤ ᠶᠢ ᠡᠵᠡᠮᠳᠡᠬᠦ ᠪᠣᠶᠣ ︽ | ᠬᠠᠷ᠎ᠠ ᠠᠮᠣᠷ ᠢ ᠬᠠᠮᠠᠭᠠᠯᠠᠭᠴᠢ︾ ᠢ ᠬᠦᠯᠦᠰᠦᠯᠡᠨ ᠦᠮᠴᠢᠳᠠᠨ ᠢ ᠲᠠᠷᠣᠯᠠᠨ ᠮᠦᠯᠵᠢᠭᠰᠡᠨ ᠬᠠᠷ᠎ᠠ ᠪᠦᠯᠦᠭᠳᠡᠨ | ᠬᠠᠷᠬᠢᠰ ᠬᠦᠴᠦᠨ ᠤ ᠪᠦᠯᠥᠭ ᠪᠦᠯᠬᠦᠮ᠃ | ⒗ᠬᠠᠷ᠎ᠠ ᠪᠦᠯᠦᠭᠳᠡᠨ ᠬᠠᠷᠬᠢᠰ ᠬᠦᠴᠦᠨ ᠢ ᠬᠠᠮᠠᠭᠠᠯᠠᠭᠰᠠᠳ ᠤᠨ ᠰᠦᠪᠡᠭᠴᠢ ᠪᠠ ᠪᠣᠰᠣᠳ ᠬᠠᠷ᠎ᠠ | ᠪᠦᠯᠦᠭᠳᠡᠨ ᠬᠠᠷᠬᠢᠰ ᠬᠦᠴᠦᠨ ᠤ ᠬᠠᠮᠢᠶ᠎ᠠ ᠲᠠᠢ ᠰᠦᠪᠡᠭᠴᠢ᠃ | ᠬᠤᠶᠡᠷ᠂ ᠱᠠᠩᠨᠠᠬᠤ ᠪᠠᠷᠢᠮᠵᠢᠶ᠎ᠠ | ᠦᠦᠰᠢᠨ ᠬᠤᠰᠢᠭᠤᠨ ᠤ ᠲᠣᠳᠣᠭᠠᠳᠣ ᠶᠢ ᠬᠠᠮᠠᠭᠠᠯᠠᠬᠤ ᠲᠣᠪᠴᠢᠶ᠎ᠠ ᠱᠠᠩᠨᠠᠯ ᠤᠨ ᠰᠠᠭᠤᠷᠢ ᠮᠦᠩᠬᠦ ᠶᠢ | ᠳᠣᠬᠢᠷᠠᠭᠤᠯᠵᠣ᠂ ᠣᠯᠠᠨ ᠲᠦᠮᠡᠨ ᠤ ᠬᠠᠩᠭᠠᠭᠰᠠᠨ ᠰᠦᠪᠡᠭᠴᠢ ᠶᠢ ᠲᠦᠷᠦᠯ ᠬᠤᠪᠢᠶᠠᠨ ᠬᠡᠷᠡᠭ ᠤᠨ ᠰᠢᠨᠵᠢ ᠴᠢᠨᠡᠷ | ᠪᠠ ᠰᠦᠪᠡᠭᠴᠢ ᠶᠢᠨ ᠣᠶᠢᠯᠡᠳᠣᠯ ᠢ ᠦᠨᠳᠣᠰᠣᠯᠡᠨ ᠱᠠᠩᠨᠠᠨ ᠬᠦᠬᠢᠬᠦᠯᠦᠨ᠎ᠡ᠃ | ⒈ᠲᠣᠳᠣᠭᠠᠳᠣ ᠶᠢ ᠬᠠᠮᠠᠭᠠᠯᠠᠬᠤ ᠪᠠᠶᠢᠭᠤᠯᠭ᠎ᠠ ᠠᠴᠠ ᠪᠠᠶᠢᠴᠠᠭᠠᠨ ᠲᠤᠳᠤᠯᠠᠭᠰᠠᠨ ᠤ ᠬᠠᠮᠲᠤ ᠬᠠᠷ᠎ᠠ | ᠪᠦᠯᠦᠭᠳᠡᠨ ᠤ ᠴᠢᠨᠡᠷᠳᠡᠢ ᠵᠤᠬᠢᠶᠠᠨ ᠪᠠᠶᠢᠭᠤᠯᠤᠯᠲᠠ ᠶᠢᠨ ᠶᠠᠯ᠎ᠠ ᠪᠠᠷ ᠰᠢᠯᠵᠢᠭᠦᠯᠣᠨ ᠬᠦᠷᠬᠡᠵᠣ ᠵᠠᠭᠠᠯᠳᠣᠭᠰᠠᠨ ᠪᠣᠯ | 50000 ᠲᠦᠭᠦᠷᠢᠭ ᠱᠠᠩᠨᠠᠨ᠎ᠠ᠃ | ⒉ᠲᠣᠳᠣᠭᠠᠳᠣ ᠶᠢ ᠬᠠᠮᠠᠭᠠᠯᠠᠬᠤ ᠪᠠᠶᠢᠭᠤᠯᠭ᠎ᠠ ᠠᠴᠠ ᠪᠠᠶᠢᠴᠠᠭᠠᠨ ᠲᠤᠳᠤᠯᠠᠭᠰᠠᠨ ᠤ ᠬᠠᠮᠲᠤ ᠶᠠᠯᠠᠳᠣ | ᠪᠦᠯᠬᠦᠮ ᠢᠶᠠᠷ ᠰᠢᠯᠵᠢᠭᠦᠯᠣᠨ ᠬᠦᠷᠬᠡᠵᠣ ᠵᠠᠭᠠᠯᠳᠣᠭᠰᠠᠨ ᠪᠣᠯ 10000 ᠲᠦᠭᠦᠷᠢᠭ ᠱᠠᠩᠨᠠᠨ᠎ᠠ᠃ | ⒊ᠲᠣᠳᠣᠭᠠᠳᠣ ᠶᠢ ᠬᠠᠮᠠᠭᠠᠯᠠᠬᠤ ᠪᠠᠶᠢᠭᠤᠯᠭ᠎ᠠ ᠠᠴᠠ ᠪᠠᠶᠢᠴᠠᠭᠠᠨ ᠲᠤᠳᠤᠯᠠᠭᠰᠠᠨ ᠤ ᠬᠠᠮᠲᠤ ᠬᠠᠷᠬᠢᠰ | ᠬᠦᠴᠦᠨ ᠤ ᠲᠦᠷᠦᠯ ᠤᠨ ᠶᠠᠯᠠᠲᠤ ᠪᠦᠯᠬᠦᠮ ᠢᠶᠠᠷ ᠰᠢᠯᠵᠢᠭᠦᠯᠣᠨ ᠬᠦᠷᠬᠡᠵᠣ ᠵᠠᠭᠠᠯᠳᠣᠭᠰᠠᠨ ᠪᠣᠯ 5000 | ᠲᠦᠭᠦᠷᠢᠭ ᠱᠠᠩᠨᠠᠨ᠎ᠠ᠃ | ⒋ᠲᠣᠳᠣᠭᠠᠳᠣ ᠶᠢ ᠬᠠᠮᠠᠭᠠᠯᠠᠬᠤ ᠪᠠᠶᠢᠭᠤᠯᠭ᠎ᠠ ᠠᠴᠠ ᠪᠠᠶᠢᠴᠠᠭᠠᠨ ᠲᠤᠳᠤᠯᠠᠭᠰᠠᠨ ᠤ ᠬᠠᠮᠲᠤ ᠪᠠᠶᠢᠩᠭᠤ | ᠳᠣᠬᠢᠶᠠᠯᠳᠣᠳᠠᠭ ︽ᠬᠠᠷᠬᠢᠰ ᠬᠦᠴᠦᠨ︾᠂ ︽ᠡᠵᠡᠷᠭᠡᠭᠴᠢ︾ ᠶᠢᠨ ᠶᠠᠯ᠎ᠠ ᠪᠠᠷ ᠰᠢᠯᠵᠢᠭᠦᠯᠣᠨ ᠬᠦᠷᠬᠡᠵᠣ | ᠵᠠᠭᠠᠯᠳᠣᠭᠰᠠᠨ ᠪᠣᠯ 1000 ᠲᠦᠭᠦᠷᠢᠭ ᠱᠠᠩᠨᠠᠨ᠎ᠠ᠃ | ⒌ᠲᠣᠳᠣᠭᠠᠳᠣ ᠶᠢ ᠬᠠᠮᠠᠭᠠᠯᠠᠬᠤ ᠪᠠᠶᠢᠭᠤᠯᠭ᠎ᠠ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠠᠰᠢᠭᠯᠠᠨ ᠬᠠᠷ᠎ᠠ | ᠪᠦᠯᠦᠭᠳᠡᠨ ᠬᠠᠷᠬᠢᠰ ᠬᠦᠴᠦᠨ ᠤ ᠵᠣᠬᠢᠶᠠᠨ ᠪᠠᠶᠢᠭᠤᠯᠣᠯᠳᠠ᠂ ᠶᠠᠯᠠᠳᠣ ᠪᠦᠯᠬᠦᠮ ᠤᠨ ᠲᠦᠷᠦᠭᠦᠦ ᠡᠰᠡᠪᠡᠯ ᠭᠤᠣᠯ | ᠭᠡᠷᠡᠭᠳᠡᠨ ᠢ ᠪᠠᠷᠢᠪᠴᠢᠯᠠᠪᠠᠯ 5000 — 50000 ᠲᠦᠭᠦᠷᠢᠭ ᠱᠠᠩᠨᠠᠵᠣ᠂ ᠬᠠᠷ᠎ᠠ ᠪᠦᠯᠥᠭᠳᠡᠨ ᠤ ᠴᠢᠨᠡᠷᠳᠡᠢ | ᠵᠣᠬᠢᠶᠠᠨ ᠪᠠᠶᠢᠭᠤᠯᠣᠯᠳᠠ᠂ ᠶᠠᠯᠠᠳᠣ ᠪᠦᠯᠬᠦᠮ ᠤᠨ ᠭᠤᠣᠯ ᠪᠣᠯᠬᠤ ᠬᠡᠷᠡᠭᠳᠡᠨ ᠢ ᠪᠠᠷᠢᠪᠴᠢᠯᠠᠪᠠᠯ 2000 — | 5000 ᠲᠦᠭᠦᠷᠢᠭ ᠱᠠᠩᠨᠠᠵᠣ᠂ ᠪᠣᠰᠣᠳ ᠡᠩ ᠤᠨ ᠭᠡᠷᠡᠭᠳᠡᠨ ᠢ ᠪᠠᠷᠢᠪᠴᠢᠯᠠᠪᠠᠯ 1000 — 2000 ᠲᠦᠭᠦᠷᠢᠭ | ᠱᠠᠩᠨᠠᠨ᠎ᠠ᠃ | ᠨᠢᠭᠡ ᠭᠡᠷᠡᠭ ᠲᠤ ᠨᠢᠭᠡ ᠢᠯᠡᠴᠢᠯᠡᠨ ᠮᠡᠳᠡᠭᠦᠯᠦᠭᠴᠢ ᠶᠢᠨ ᠰᠦᠪᠡᠭᠴᠢ ᠨᠢ ᠲᠡᠭᠡᠷ᠎ᠡ ᠲᠣᠷᠠᠳᠣᠭᠰᠠᠨ ᠭᠡᠳᠣᠨ | ᠵᠦᠢᠯ ᠤᠨ ᠦᠢᠯᠡᠳᠣᠯ ᠢ ᠪᠠᠳᠠᠷᠠᠭᠤᠯᠣᠭᠰᠠᠨ ᠪᠠᠶᠢᠪᠠᠯ ᠳᠠᠬᠢᠨ ᠲᠠᠪᠳᠠᠨ ᠱᠠᠩᠨᠠᠵᠣ ᠪᠣᠯᠣᠨ᠎ᠠ᠃ | ᠭᠤᠷᠪᠠ᠂ ᠢᠯᠡᠴᠢᠯᠡᠨ ᠮᠡᠳᠡᠬᠦᠯᠬᠦ ᠠᠷᠭ᠎ᠠ | ⒈ᠢᠯᠡᠴᠢᠯᠡᠨ ᠮᠡᠳᠡᠬᠦᠯᠬᠦ ᠣᠳᠠᠰᠣ᠄ 110 ᠂ 0477 —7581899 | ⒉ᠢᠯᠡᠴᠢᠯᠡᠨ ᠮᠡᠳᠡᠬᠦᠯᠬᠦ ᠢᠮᠧᠯ᠄ wsqga jshb@163.com | ⒊ᠲᠣᠳᠣᠭᠠᠳᠣ ᠶᠢ ᠬᠠᠮᠠᠭᠠᠯᠠᠬᠤ ᠪᠠᠶᠢᠭᠤᠯᠭ᠎ᠠ ᠳᠤ ᠬᠦᠷᠴᠦ ᠰᠢᠭᠤᠳ ᠲᠣᠰᠬᠠᠨ᠎ᠠ᠃ | ⒋ᠵᠠᠬᠢᠳᠠᠯ ᠭᠤᠪᠢᠭᠤᠯᠬᠤ ᠬᠠᠶ᠋ᠢᠭ᠄ ᠦᠦᠰᠢᠨ ᠬᠤᠰᠢᠭᠤᠨ ᠤ ᠲᠣᠳᠣᠭᠠᠳᠣ ᠶᠢ ᠬᠠᠮᠠᠭᠠᠯᠠᠬᠤ ᠲᠣᠪᠴᠢᠶᠠᠨ | ᠤ ᠡᠷᠡᠭᠦᠦ ᠶᠢᠨ ᠴᠠᠭᠳᠠᠭᠠᠨ ᠤ ᠶᠡᠭᠡ ᠠᠩᠬᠢ ︵ᠰᠢᠦᠳᠠᠨ ᠬᠠᠶ᠋ᠢᠭ᠄ 017300︶ | ᠲᠣᠳᠣᠭᠠᠳᠣ ᠶᠢ ᠬᠠᠮᠠᠭᠠᠯᠠᠬᠤ ᠪᠠᠶᠢᠭᠤᠯᠭ᠎ᠠ ᠠᠴᠠ ᠬᠠᠷ᠎ᠠ ᠪᠦᠯᠦᠭᠳᠡᠨ ᠬᠠᠷᠬᠢᠰ ᠬᠦᠴᠦᠨ ᠤ ᠶᠠᠯᠠᠳᠣ | ᠠᠵᠢᠯᠯᠠᠭ᠎ᠠ ᠶᠢ ᠢᠯᠡᠴᠢᠯᠡᠨ ᠮᠡᠳᠡᠭᠦᠯᠵᠦ ᠰᠦᠪᠡᠭᠴᠢ ᠬᠠᠩᠭᠠᠭᠰᠠᠳ ᠤᠨ ᠨᠢᠭᠤᠴᠠ ᠶᠢ ᠴᠢᠩᠭ᠎ᠠ ᠬᠠᠮᠠᠭᠠᠯᠠᠵᠣ᠂ | ᠪᠠᠶᠢᠴᠠᠭᠠᠨ ᠳᠣᠳᠣᠯᠠᠭᠰᠠᠨ ᠤ ᠳᠠᠷᠠᠭ᠎ᠠ ᠬᠤᠯᠪᠣᠭᠳᠠᠯ ᠪᠦᠬᠦᠢ ᠲᠦᠷᠢᠮ ᠳᠣᠭᠳᠠᠭᠠᠯ ᠢ ᠦᠨᠳᠣᠰᠣᠯᠡᠨ ᠬᠦᠬᠢᠬᠦᠯᠦᠨ | ᠱᠠᠩᠨᠠᠨ᠎ᠠ︔ ᠶᠠᠯ᠎ᠠ ᠬᠢᠭᠰᠡᠳ ᠢ ᠦᠮᠦᠭᠯᠡᠵᠣ ᠬᠠᠮᠠᠭᠠᠯᠠᠨ ᠲᠣᠷ᠎ᠠ ᠪᠠᠷ ᠨᠢ ᠠᠭᠠᠰᠢᠯᠠᠭᠤᠯᠬᠤ ᠪᠣᠶᠣ ᠬᠤᠣᠷᠣᠨ ᠰᠠᠨᠠᠭ᠎ᠠ | ᠪᠠᠷ ᠪᠣᠰᠣᠳ ᠢ ᠬᠦᠳᠬᠡᠬᠦ᠂ ᠪᠣᠰᠣᠳ ᠢ ᠬᠢᠯᠢᠰᠳᠡᠬᠦᠯᠥᠨ ᠬᠤᠣᠷᠯᠠᠪᠠᠯ ᠬᠠᠣᠯᠢ ᠶᠢᠨ ᠬᠠᠷᠢᠭᠤᠴᠠᠯᠭ᠎ᠠ ᠶᠢ ᠬᠠᠣᠯᠢ | ᠶᠣᠰᠣᠭᠠᠷ ᠨᠡᠬᠡᠮᠵᠢᠯᠡᠨ᠎ᠡ︔ ᠭᠡᠷᠪᠡ ᠢᠯᠡᠴᠢᠯᠡᠨ ᠮᠡᠳᠡᠭᠦᠯᠦᠭᠴᠢ ᠳᠤ ᠬᠤᠷᠣᠰᠣᠨ ᠦᠰᠢᠶ᠎ᠠ ᠬᠠᠷᠢᠭᠤ ᠠᠪᠣᠪᠠᠯ ᠬᠠᠣᠯᠢ | ᠶᠣᠰᠣ ᠪᠠᠷ ᠬᠦᠨᠳᠣ ᠴᠢᠩᠭ᠎ᠠ ᠰᠢᠳᠬᠡᠨ᠎ᠡ᠃ | ᠲᠣᠰ ᠵᠠᠷᠯᠠᠯ ᠢ ᠵᠠᠷᠯᠠᠭᠰᠠᠨ ᠡᠳᠦᠷ ᠠᠴᠠ ᠡᠬᠢᠯᠡᠵᠣ 2020 ᠣᠨ ᠤ 12 ᠰᠠᠷ᠎ᠠ ᠶᠢᠨ 31 ᠬᠦᠷᠳᠡᠯ᠎ᠠ | ᠬᠦᠴᠦᠨ ᠪᠣᠯᠳᠠᠯ᠎ᠠ ᠬᠡᠷᠡᠭᠵᠢᠬᠦᠯᠥᠨ᠎ᠠ᠃ | | ᠦᠦᠰᠢᠨ ᠬᠤᠰᠢᠭᠤᠨ ᠤ ᠲᠣᠳᠣᠭᠠᠳᠣ ᠶᠢ ᠬᠠᠮᠠᠭᠠᠯᠠᠬᠤ ᠲᠣᠪᠴᠢᠶᠠᠨ ᠤ ᠬᠠᠷ᠎ᠠ ᠪᠦᠯᠦᠭᠳᠡᠨ | ᠬᠠᠷᠬᠢᠰ ᠬᠦᠴᠦᠨ ᠢ ᠠᠷᠢᠯᠭᠠᠬᠤ ᠲᠡᠮᠡᠴᠡᠯ ᠤᠨ ᠣᠳᠣᠷᠢᠳᠬᠤ ᠲᠣᠭᠤᠶᠢᠯᠠᠩ | 2018 ᠣᠨ ᠤ 11 ᠰᠠᠷ᠎ᠠ ᠶᠢᠨ 13 ᠤ ᠡᠳᠣᠷ |