ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠴᠠᠭᠠᠨ ᠰᠤᠳᠤᠯᠤᠯᠳᠠ ᠶᠢᠨ ᠲᠤᠭᠤᠶᠢᠯᠠᠩ ᠤᠨ ᠬᠢᠨ ᠮᠠᠨ ᠤ ᠬᠤᠰᠢᠭᠤᠨ ᠳᠤ ᠢᠷᠠᠵᠤ ︽ᠲᠠᠯᠪᠢᠬᠤ ᠬᠠᠮᠢᠶᠠᠷᠬᠤ ᠥᠢᠯᠡᠴᠢᠯᠠᠭᠦ︾ ᠥᠭᠡᠷᠡᠴᠢᠯᠠᠯᠳᠠ ᠶᠢᠨ ᠠᠵᠢᠯ ᠳᠤ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2018-11-30
     
     11 ᠰᠠᠷ᠎ᠠ ᠶᠢᠨ 26 ᠤ ᠡᠳᠤᠷ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠡᠷᠭᠢᠯᠡᠭᠴᠢ ᠵᠠᠩ ᠶᠤᠸᠠᠢ ᠴᠢᠩ ᠨᠠᠷ ᠮᠠᠨ ᠤ ᠬᠤᠰᠢᠭᠤᠨ ᠳᠤ ᠢᠷᠠᠵᠤ ︽ᠲᠠᠯᠪᠢᠬᠤ ᠬᠠᠮᠢᠶᠠᠷᠬᠤ ᠥᠢᠯᠡᠴᠢᠯᠠᠭᠦ︾ ᠥᠭᠡᠷᠡᠴᠢᠯᠠᠯᠳᠠ ᠶᠢᠨ ᠠᠵᠢᠯ ᠳᠤ ᠪᠠᠶᠢᠴᠠᠭᠠᠨ ᠰᠤᠳᠤᠯᠤᠯᠳᠠ ᠭᠢᠭᠦ ᠶᠢᠨ ᠬᠠᠮᠳᠤ ᠰᠠᠭᠤᠳᠠᠯ ᠤᠨ ᠬᠤᠷᠠᠯ ᠬᠤᠷᠠᠯᠳᠤᠭᠤᠯᠤᠭᠰᠠᠨ ᠪᠠᠶᠢᠨ᠎ᠠ᠃ ᠬᠤᠰᠢᠭᠤ ᠤᠳᠤᠷᠢᠳᠤᠯᠭ᠎ᠠ ᠴᠢᠶᠤᠤ ᠠᠢ ᠫᠢᠩ᠂ ᠯᠢ ᠰᠢᠤ ᠹᠧᠩ᠂ ᠬᠤᠰᠢᠭᠤ ᠠᠷᠠᠳ ᠤᠨ ᠲᠥᠯᠥᠭᠡᠯᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠳ᠋ ᠤᠨ ᠵᠠᠰᠠᠭ ᠠᠵᠤ ᠠᠬᠤᠢ ᠶᠢᠨ ᠵᠥᠪᠯᠠᠯ᠂ ᠤᠷᠤᠨ ᠲᠤᠭᠠᠨ ᠤ ᠵᠥᠪᠯᠠᠯ ᠤᠨ ᠠᠯᠪᠠᠨ ᠭᠡᠷ᠂ ᠥᠭᠡᠷᠡᠴᠢᠯᠠᠯᠳᠠ ᠭᠥᠭᠵᠢᠭᠦᠯᠥᠯᠳᠠ ᠶᠢᠨ ᠲᠤᠪᠴᠢᠶ᠎ᠠ᠂ ᠥᠢᠯᠡᠳᠪᠤᠷᠢ ᠬᠤᠳᠠᠯᠳᠤᠭᠠᠨ ᠤ ᠲᠤᠪᠴᠢᠶ᠎ᠠ᠂ ᠵᠠᠰᠠᠭ ᠤᠨ ᠶᠠᠪᠤᠳᠠᠯ ᠤᠨ ᠥᠢᠯᠡᠴᠢᠯᠠᠭᠡᠨ ᠤ ᠲᠥᠪ ᠵᠡᠷᠭᠡ ᠰᠠᠯᠠᠭ᠎ᠠ ᠮᠥᠴᠢᠷ ᠤᠨ ᠬᠠᠷᠢᠭᠤᠴᠠᠭᠠᠯᠳᠠᠨ ᠪᠠᠶᠢᠴᠠᠭᠠᠨ ᠰᠤᠳᠤᠯᠤᠯᠲᠠ ᠰᠠᠭᠤᠳᠠᠯ  ᠤᠨ ᠬᠤᠷᠠᠯ ᠳᠤ ᠤᠷᠤᠯᠴᠠᠪᠠ᠃      ᠬᠤᠷᠠᠯ ᠲᠡᠭᠡᠷ᠎ᠡ ᠴᠢᠶᠤᠤ ᠠᠢ ᠫᠢᠩ ᠮᠠᠨ ᠤ ᠬᠤᠰᠢᠭᠤᠨ ᠤ ︽ᠲᠠᠯᠪᠢᠬᠤ ᠬᠠᠮᠢᠶᠠᠷᠬᠤ ᠥᠢᠯᠡᠴᠢᠯᠠᠭᠦ︾ ᠥᠭᠡᠷᠡᠴᠢᠯᠠᠯᠳᠠ ᠶᠢᠨ ᠠᠵᠢᠯ ᠤᠨ ᠪᠠᠶᠢᠳᠠᠯ ᠳᠤ ᠬᠠᠷᠢᠭᠤ ᠮᠡᠳᠡᠭᠦᠯᠥᠯᠳᠠ ᠭᠢᠵᠤ᠂ ᠬᠤᠰᠢᠭᠤ ᠰᠢᠭᠤᠳ ᠬᠠᠷᠢᠶ᠎ᠠ ᠬᠤᠯᠪᠤᠭᠳᠠᠯ ᠪᠥᠭᠦᠢ ᠰᠠᠯᠠᠭ᠎ᠠ ᠮᠥᠴᠢᠷ ᠨᠥᠭᠦᠪᠤᠷᠢᠯᠠᠯᠳᠠ ᠭᠢᠭᠰᠡᠨ ᠪᠠᠶᠢᠨ᠎ᠠ᠃
      ᠬᠤᠷᠠᠯ ᠠᠴᠠ ᠵᠢᠭᠠᠵᠤ ᠭᠠᠷᠭᠠᠬᠤ ᠳᠤ ᠪᠠᠨ᠂ ᠪᠥᠭᠦ ᠬᠤᠰᠢᠭᠤ ᠪᠠᠷ ᠢᠶᠠᠨ ᠵᠢᠯ ᠤᠨ ᠡᠭᠢᠨ ᠳᠤ ᠲᠤᠭᠳᠠᠭᠠᠭᠰᠠᠨ ᠡᠯ᠎ᠠ ᠲᠥᠷᠥᠯ ᠤᠨ ᠬᠠᠷᠠᠯᠳᠠ ᠡᠭᠦᠷᠭᠡ ᠶᠢᠨ ᠲᠤᠭᠤᠷᠢᠨ ᠳᠤ ᠲᠤᠭᠳᠠᠭᠤᠨ ᠤ ᠲᠤᠮᠳᠠ ᠤᠷᠤᠭᠰᠢᠯᠠᠬᠤ ᠠᠵᠢᠯ ᠤᠨ ᠶᠠᠷᠤᠩᠭᠡᠢ ᠭᠥᠭ ᠠᠶᠠᠰ ᠢ ᠪᠠᠷᠢᠮᠳᠠᠯᠠᠨ᠂ ︽ᠲᠠᠯᠪᠢᠬᠤ ᠬᠠᠮᠢᠶᠠᠷᠬᠤ ᠥᠢᠯᠡᠴᠢᠯᠠᠭᠦ︾ ᠥᠭᠡᠷᠡᠴᠢᠯᠠᠯᠳᠠ ᠶᠢ ᠪᠥᠭᠦ ᠭᠥᠴᠤᠨ ᠢᠶᠠᠷ ᠲᠥᠯᠭᠢᠨ ᠠᠭᠢᠭᠤᠯᠵᠤ᠂ ᠠᠷᠠᠳ ᠲᠤ ᠲᠥᠭᠦᠮ ᠠᠷᠠᠳ ᠲᠤ ᠠᠰᠢᠭᠳᠠᠢ᠂ ᠠᠵᠤ ᠠᠬᠤᠶᠢᠯᠠᠯ ᠳᠤ ᠲᠥᠭᠦᠮ ᠠᠵᠤ ᠠᠬᠤᠶᠢᠯᠠᠯ ᠳᠤ ᠠᠰᠢᠭᠳᠠᠢ ᠠᠵᠢᠯ ᠤᠨ ᠬᠠᠷᠠᠯᠳᠠ ᠶᠢ ᠪᠠᠶᠠᠯᠠᠭᠦᠯᠭᠦ ᠭᠡᠷᠡᠭᠳᠠᠢ᠃ ᠠᠵᠢᠯ ᠤᠨ ᠵᠠᠷᠴᠢᠮ ᠢ ᠲᠤᠳᠤᠷᠬᠠᠶᠢᠯᠠᠨ᠂ ᠱᠠᠭᠠᠷᠳᠠᠨ ᠪᠠᠶᠢᠴᠠᠭᠠᠯᠳᠠ ᠭᠢᠨᠠᠨ ᠵᠢᠯᠤᠭᠤᠳᠤᠯᠭ᠎ᠠ ᠶᠢ ᠴᠢᠩᠭᠠᠳᠬᠠᠨ᠂ ᠠᠵᠢᠯ ᠢ ᠪᠤᠳᠠᠳᠠᠢ ᠬᠦᠢᠴᠡᠳᠬᠡᠬᠦ ᠭᠡᠷᠡᠭᠳᠠᠢ᠃ ︽ᠲᠠᠯᠪᠢᠬᠤ ᠬᠠᠮᠢᠶᠠᠷᠬᠤ ᠥᠢᠯᠡᠴᠢᠯᠠᠭᠦ︾ ᠥᠭᠡᠷᠡᠴᠢᠯᠠᠯᠳᠠ ᠶᠢ ᠭᠥᠨᠵᠡᠭᠡᠢ ᠠᠭᠢᠭᠤᠯᠵᠤ᠂ ᠤᠯᠠᠨ ᠲᠥᠮᠡᠨ ᠤ ᠬᠠᠨᠤᠮᠵᠢ ᠶᠢᠨ ᠭᠡᠮᠵᠢᠶ᠎ᠠ ᠶᠢ ᠲᠠᠰᠤᠷᠠᠯᠳᠠ ᠥᠭᠡᠢ ᠲᠡᠭᠡᠭᠰᠢᠯᠡᠭᠦᠯᠭᠦ ᠭᠡᠷᠡᠭᠳᠠᠢ ᠭᠡᠵᠡᠢ᠃      ᠬᠤᠷᠠᠯ ᠤᠨ ᠲᠠᠷᠠᠭ᠎ᠠ᠂ ᠵᠠᠩ ᠶᠤᠸᠠᠢ ᠴᠢᠩ ᠨᠠᠷ ᠮᠠᠨ ᠤ ᠬᠤᠰᠢᠭᠤᠨ ᠤ ᠵᠠᠰᠠᠭ ᠤᠨ ᠶᠠᠪᠤᠳᠠᠯ ᠤᠨ ᠥᠢᠯᠡᠴᠢᠯᠡᠭᠡᠨ ᠤ ᠲᠦᠪ᠂ ᠬᠤᠰᠢᠭᠤ ᠲᠤᠮᠤ ᠳ᠋ᠠᠶᠢᠲ᠋ᠠ ᠶᠢᠨ ᠲᠥᠪ᠂ ᠰᠤᠶᠤᠯ ᠤᠨ ᠪᠥᠳᠥᠭᠡᠯᠳᠠ ᠠᠵᠤ ᠥᠢᠯᠡᠰ  ᠤᠨ ᠭᠥᠷᠢᠶᠠᠯᠠᠩ᠂ ᠬᠤᠷᠠᠬᠤ ᠨᠠᠶᠢᠭᠡᠮ ᠲᠤᠭᠤᠷᠢᠭ ᠵᠡᠷᠭᠡ ᠭᠠᠵᠠᠷ ᠢᠶᠠᠷ ᠭᠥᠷᠴᠤ ᠪᠠᠶᠢᠴᠠᠭᠠᠨ ᠰᠤᠳᠤᠯᠤᠯᠳᠠ ᠭᠢᠪᠠ᠃
     ᠪᠠᠶᠢᠴᠠᠭᠠᠨ ᠰᠤᠳᠤᠯᠤᠯᠳᠠ ᠲᠤᠮᠳᠠ ᠵᠠᠩ ᠶᠤᠸᠠᠢ ᠴᠢᠩ ᠮᠠᠨ ᠤ ᠬᠤᠰᠢᠭᠤᠨ ᠤ ︽ᠲᠠᠯᠪᠢᠬᠤ ᠬᠠᠮᠢᠶᠠᠷᠬᠤ ᠥᠢᠯᠡᠴᠢᠯᠠᠭᠦ︾ ᠥᠭᠡᠷᠡᠴᠢᠯᠠᠯᠳᠠ ᠶᠢᠨ ᠠᠵᠢᠯ ᠳᠤ ᠤᠯᠤᠭᠰᠠᠨ ᠠᠮᠵᠢᠯᠳᠠ ᠪᠥᠳᠥᠮᠵᠢ ᠳᠤ ᠭᠥᠢᠴᠡᠳ ᠨᠤᠳᠠᠯᠠᠯᠳᠠ ᠥᠭᠴᠤ᠂ ᠮᠠᠨ ᠤ ᠬᠤᠰᠢᠭᠤᠨ ᠤ ᠡᠯ᠎ᠠ ᠰᠠᠯᠠᠭ᠎ᠠ ᠮᠥᠴᠢᠷ ᠤᠨ ᠬᠢᠨ ᠢ ᠥᠵᠠᠯ ᠰᠠᠨᠠᠭ᠎ᠠ ᠲᠠᠨᠢᠯᠳᠠ ᠪᠠᠨ ᠤᠯᠠᠮ ᠨᠢᠭᠡ ᠠᠯᠬᠤᠮ ᠲᠡᠭᠡᠭᠰᠢᠯᠡᠭᠦᠯᠤᠨ᠂ ︽ᠲᠠᠯᠪᠢᠬᠤ ᠬᠠᠮᠢᠶᠠᠷᠬᠤ ᠥᠢᠯᠡᠴᠢᠯᠠᠭᠦ︾ ᠥᠭᠡᠷᠡᠴᠢᠯᠠᠯᠳᠠ ᠶᠢᠨ ᠠᠵᠢᠯ ᠢ ᠲᠡᠭᠡᠳᠤ ᠭᠡᠮᠵᠢᠶ᠎ᠠ ᠪᠠᠷ ᠴᠢᠬᠤᠯᠠᠴᠢᠯᠠᠨ ᠥᠵᠠᠵᠤ᠂ ᠥᠢᠯᠡᠴᠢᠯᠡᠭᠡᠨ ᠤ ᠴᠢᠳᠠᠪᠤᠷᠢ ᠭᠢᠷᠢ ᠲᠥᠪᠰᠢᠨ ᠢᠶᠠᠨ ᠲᠠᠰᠤᠷᠠᠯᠳᠠ ᠥᠭᠡᠢ ᠲᠡᠭᠡᠭᠰᠢᠯᠠᠭᠦᠯᠵᠤ᠂ ᠲᠥᠷᠢᠮ ᠤᠨ ᠪᠠᠶᠢᠭᠤᠯᠤᠯᠳᠠ᠂ ᠰᠤᠷᠳᠠᠯ ᠤᠨ ᠪᠠᠶᠢᠭᠤᠯᠤᠯᠳᠠ ᠶᠢ ᠴᠢᠩᠭᠠᠳᠬᠠᠨ᠂ ᠱᠠᠭᠠᠷᠳᠠᠨ ᠪᠠᠶᠢᠴᠠᠭᠠᠯᠲᠠ ᠭᠢᠨᠠᠨ ᠬᠠᠮᠢᠶᠠᠷᠤᠯᠳᠠ ᠶᠢᠨ ᠥᠢᠯᠡᠳᠤᠯ ᠢᠶᠠᠨ ᠪᠠᠳᠠᠷᠠᠭᠤᠯᠬᠤ ᠶᠢ ᠬᠦᠰᠡᠭᠰᠡᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号