| | | | 11 ᠰᠠᠷ᠎ᠠ ᠶᠢᠨ 27 ᠤ ᠡᠳᠤᠷ᠂ ᠮᠠᠨ ᠤ ᠬᠤᠰᠢᠭᠤᠨ ᠤ ᠣᠳᠠᠭᠠᠨ ᠴᠢᠨᠠᠷᠳᠠᠢ ᠡᠪᠡᠳᠴᠢᠨ ᠢ | ᠶᠡᠷᠦᠩᠬᠡᠶᠢᠯᠡᠨ ᠰᠡᠷᠬᠡᠶᠢᠯᠡᠬᠦ ᠵᠢᠱᠢᠶᠡᠴᠢ ᠣᠷᠣᠨ ᠤ ᠪᠦᠲᠦᠬᠡᠨ ᠪᠠᠶᠢᠭᠤᠯᠣᠯᠲᠠ ᠶᠢᠨ ᠳᠣᠬᠠᠢ ᠶᠢᠨ ᠳᠠᠯᠠᠪᠠᠢ ᠶᠢᠨ | ᠬᠢᠨᠠᠨ ᠰᠢᠯᠭᠠᠯᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠣᠭᠰᠠᠨ ᠪᠠᠶᠢᠨ᠎ᠠ᠃ ᠦᠪᠡᠷᠳᠡᠭᠡᠨ | ᠵᠠᠰᠠᠬᠤ ᠣᠷᠣᠨ᠂ ᠬᠤᠳᠠ ᠶᠢᠨ ᠬᠢᠨᠠᠨ ᠰᠢᠯᠭᠠᠯᠲᠠ ᠶᠢᠨ ᠳᠣᠭᠤᠶᠢᠯᠠᠩ ᠪᠤᠯᠤᠨ ᠬᠤᠰᠢᠭᠤ ᠳᠡᠳ᠋ ᠳᠠᠷᠤᠭ᠎ᠠ | ᠪᠠᠶᠠᠨᠴᠢᠮᠡᠭ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ᠂ ᠬᠤᠰᠢᠭᠤ | ᠡᠷᠡᠬᠦᠯ ᠬᠠᠮᠠᠭᠠᠯᠠᠯ ᠲᠦᠯᠦᠪᠯᠡᠭᠡᠲᠦ ᠬᠦᠩᠬᠡᠵᠢᠯ ᠤᠨ ᠳᠣᠪᠴᠢᠶᠠᠨ ᠤ ᠣᠳᠣᠷᠢᠳᠬᠤ ᠪᠠᠭ ᠤᠨ ᠪᠦᠷᠢᠯᠳᠤᠭᠦᠨ ᠪᠠ | ᠬᠠᠷᠢᠶᠠᠲᠤ ᠪᠠᠶᠢᠭᠤᠯᠭ᠎ᠠ ᠨᠢᠭᠡᠴᠢ᠂ ᠬᠠᠮᠢᠶ᠎ᠠ ᠪᠦᠬᠦᠢ ᠰᠠᠯᠠᠭ᠎ᠠ ᠲᠠᠰᠤᠭ ᠤᠨ ᠬᠠᠷᠢᠭᠤᠴᠠᠯᠭᠠᠳᠠᠨ ᠬᠤᠷᠠᠯ ᠳᠤ | ᠣᠷᠣᠯᠴᠠᠪᠠ᠃ | ᠬᠤᠷᠠᠯ ᠳᠡᠭᠡᠷ᠎ᠡ ᠦᠪᠡᠷᠳᠡᠭᠡᠨ ᠵᠠᠰᠠᠬᠤ ᠣᠷᠣᠨ ᠤ ᠶᠡᠷᠤᠩᠭᠡᠶᠢᠯᠡᠭᠰᠡᠨ ᠬᠢᠵᠢᠭ ᠢ ᠰᠡᠷᠭᠡᠶᠢᠯᠡᠬᠦ ᠲᠦᠪ ᠤᠨ | ᠣᠳᠠᠭᠠᠨ ᠴᠢᠨᠠᠷᠳᠠᠢ ᠡᠪᠡᠳᠴᠢᠨ ᠤ ᠰᠠᠯᠠᠭᠠᠨ ᠤ ᠳᠠᠷᠤᠭ᠎ᠠ ᠰᠢ ᠶᠦᠨ ᠹᠧᠩ ᠲᠤᠰ ᠤᠳᠠᠭᠠᠨ ᠤ ᠳᠣᠬᠠᠢ ᠶᠢᠨ | ᠳᠠᠯᠠᠪᠠᠢ ᠶᠢᠨ ᠬᠢᠨᠠᠨ ᠰᠢᠯᠭᠠᠯᠲᠠ ᠶᠢᠨ ᠠᠵᠢᠯ ᠳᠤ ᠵᠢᠭᠠᠪᠤᠷᠢ ᠦᠭᠭᠦᠭᠰᠡᠨ ᠪᠠᠶᠢᠨ᠎ᠠ᠃ | | | | | | | ᠪᠠᠶᠠᠨᠴᠢᠮᠡᠭ᠂ ᠮᠠᠨ ᠤ ᠬᠤᠰᠢᠭᠤᠨ ᠤ ᠠᠵᠤ ᠠᠬᠤᠢ ᠶᠢᠨ ᠬᠦᠭᠵᠢᠯᠲᠡ ᠶᠢᠨ ᠪᠠᠶᠢᠳᠠᠯ᠂ ᠣᠳᠠᠭᠠᠨ ᠴᠢᠨᠠᠷᠳᠠᠢ | ᠡᠪᠡᠳᠴᠢᠨ ᠢ ᠶᠡᠷᠦᠩᠬᠡᠶᠢᠯᠡᠨ ᠰᠡᠷᠬᠡᠶᠢᠯᠡᠬᠦ ᠵᠢᠱᠢᠶᠡᠴᠢ ᠣᠷᠣᠨ ᠤ ᠪᠦᠲᠦᠬᠡᠨ ᠪᠠᠶᠢᠭᠤᠯᠣᠯᠲᠠ ᠶᠢᠨ ᠠᠵᠢᠯ ᠢ | ᠦᠷᠨᠢᠭᠦᠯᠵᠤ ᠪᠠᠶᠢᠭ᠎ᠠ ᠪᠠᠶᠢᠳᠠᠯ᠂ ᠳᠠᠭᠠᠯᠳᠤᠭᠤᠯᠤᠯ ᠠᠵᠢᠯ ᠪᠠ ᠭᠢᠯᠠᠰ ᠴᠡᠭ ᠵᠠᠷᠭᠡ ᠭᠤᠷᠪᠠᠨ ᠲᠠᠯ᠎ᠠ ᠠᠴᠠ ᠬᠠᠷᠢᠭᠤ | ᠮᠡᠳᠡᠬᠦᠯᠦᠯᠲᠡ ᠬᠢᠬᠦ ᠶᠢᠨ ᠬᠠᠮᠲᠣ ᠳᠠᠷᠠᠭᠠᠴᠢ ᠶᠢᠨ ᠠᠯᠬᠤᠮ ᠤᠨ ᠠᠵᠢᠯ ᠳᠤ ᠲᠠᠶᠢᠯᠪᠤᠷᠢᠯᠠᠯᠲᠠ ᠪᠠ | ᠲᠤᠳᠤᠷᠬᠠᠶᠢᠯᠠᠯᠲᠠ ᠬᠢᠭᠰᠡᠨ ᠪᠠᠶᠢᠨ᠎ᠠ᠃ ᠪᠠᠶᠠᠨᠴᠢᠮᠡᠭ ᠵᠢᠭᠠᠬᠤ ᠳᠤ ᠪᠠᠨ᠂ ᠳᠠᠷᠠᠭᠠᠴᠢ ᠶᠢᠨ ᠠᠯᠬᠤᠮ ᠳᠤ ᠮᠠᠨ ᠤ | ᠬᠤᠰᠢᠭᠤ ᠳᠣᠰᠬᠠᠢ ᠮᠡᠷᠭᠡᠵᠢᠯᠳᠡᠨ ᠢᠶᠠᠷ ᠵᠢᠯᠣᠭᠤᠳᠣᠭᠤᠯᠵᠣ ᠣᠳᠠᠭᠠᠨ ᠴᠢᠨᠠᠷᠳᠠᠢ ᠡᠪᠡᠳᠴᠢᠨ ᠢ ᠶᠡᠷᠦᠩᠬᠡᠶᠢᠯᠡᠨ | ᠰᠡᠷᠬᠡᠶᠢᠯᠡᠬᠦ ᠵᠢᠱᠢᠶᠡᠴᠢ ᠣᠷᠣᠨ ᠤ ᠪᠦᠲᠦᠬᠡᠨ ᠪᠠᠶᠢᠭᠤᠯᠣᠯᠲᠠ ᠶᠢᠨ ᠠᠵᠢᠯ ᠢ ᠪᠦᠬᠦ ᠣᠯᠣᠰ ᠤᠨ ᠬᠤᠰᠢᠭᠤ ᠰᠢᠶᠠᠨ | ᠤ ᠳᠡᠰ ᠤᠨ ᠪᠣᠯᠪᠠᠰᠣᠨ ᠬᠤᠳᠠ ᠶᠢ ᠡᠭᠦᠳᠤᠨ ᠪᠠᠶᠢᠭᠤᠯᠬᠤ᠂ ᠡᠷᠡᠬᠦᠯ ᠡᠩᠬᠡ ᠶᠢᠨ ᠦᠢᠯᠡᠰ ᠢ ᠠᠬᠢᠭᠤᠯᠣᠭᠰᠠᠨ | ᠬᠤᠰᠢᠭᠤ ᠶᠢ ᠪᠠᠶᠢᠭᠤᠯᠬᠤ ᠵᠢᠴᠢ ᠣᠯᠣᠰ ᠢᠶᠠᠨ ᠬᠠᠶᠢᠷᠠᠯᠬᠠᠣ ᠡᠷᠡᠬᠦᠯ ᠬᠠᠮᠠᠭᠠᠯᠠᠯ ᠤᠨ ᠠᠵᠢᠯᠯᠠᠭ᠎ᠠ᠂ ᠣᠯᠠᠨ ᠨᠡᠶᠢᠳᠡ | ᠶᠢᠨ ᠡᠷᠡᠬᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡ ᠵᠡᠷᠬᠡ ᠠᠵᠢᠯ ᠲᠠᠢ ᠣᠶᠠᠯᠳᠣᠭᠤᠯᠨ ᠶᠡᠷᠦᠩᠬᠡᠶᠢᠯᠡᠨ | ᠠᠬᠢᠭᠤᠯᠵᠣ᠂ ᠡᠷᠡᠬᠦᠯ ᠡᠩᠬᠡ ᠠᠮᠢᠳᠣᠷᠠᠯ ᠢ ᠳᠦᠬᠡᠮᠡᠯᠵᠢᠬᠦᠯᠵᠦ᠂ ᠡᠷᠡᠬᠦᠯ ᠡᠩᠬᠡ ᠶᠢᠨ ᠦᠢᠯᠡᠴᠢᠯᠡᠭᠡ ᠶᠢ | ᠰᠢᠯᠢᠳᠡᠭᠵᠢᠬᠦᠯᠵᠦ᠂ ᠡᠷᠡᠬᠦᠯ ᠡᠩᠬᠡ ᠶᠢᠨ ᠪᠠᠳᠣᠯᠠᠭ᠎ᠠ ᠶᠢ ᠳᠡᠬᠦᠯᠳᠡᠷᠵᠢᠬᠦᠯᠵᠦ᠂ ᠡᠷᠡᠬᠦᠯ ᠡᠩᠬᠡ ᠶᠢᠨ ᠣᠷᠴᠢᠨ | ᠳᠣᠭᠤᠷᠢᠨ ᠢ ᠪᠤᠢ ᠪᠤᠯᠭᠠᠵᠤ᠂ ᠡᠷᠡᠬᠦᠯ ᠡᠩᠬᠡ ᠶᠢᠨ ᠠᠵᠣ ᠦᠢᠯᠡᠰ ᠢ ᠬᠦᠭᠵᠢᠬᠦᠯᠬᠦ ᠪᠠᠷ ᠭᠤᠣᠯᠳᠠᠯᠭ᠎ᠠ ᠪᠠᠨ | ᠪᠣᠯᠭᠠᠵᠣ᠂ ᠡᠳ᠋ ᠤᠨ ᠵᠠᠰᠠᠭ ᠤᠨ ᠣᠷᠣᠭᠤᠯᠣᠯᠲᠠ ᠶᠢ ᠴᠢᠩᠭᠠᠳᠬᠠᠵᠣ᠂ ᠣᠯᠠᠨ ᠨᠡᠶᠢᠳᠡ ᠶᠢᠨ ᠰᠠᠭᠤᠷᠢ | ᠳᠦᠬᠦᠬᠡᠷᠦᠮᠵᠢ ᠶᠢ ᠳᠠᠰᠣᠷᠠᠯᠳᠠ ᠦᠬᠡᠢ ᠳᠡᠬᠦᠯᠳᠡᠷᠵᠢᠬᠦᠯᠵᠦ᠂ ᠣᠳᠠᠭᠠᠨ ᠴᠢᠨᠠᠷᠳᠠᠢ ᠡᠪᠡᠳᠴᠢᠨ ᠢ ᠶᠡᠷᠦᠩᠬᠡᠶᠢᠯᠡᠨ | ᠰᠡᠷᠬᠡᠶᠢᠯᠡᠬᠦ ᠵᠢᠱᠢᠶᠡᠴᠢ ᠣᠷᠣᠨ ᠤ ᠪᠦᠲᠦᠬᠡᠨ ᠪᠠᠶᠢᠭᠤᠯᠣᠯᠲᠠ ᠶᠢᠨ ᠦᠷ᠎ᠡ ᠠᠰᠢᠭ ᠢ ᠪᠦᠬᠦ ᠬᠦᠴᠦᠨ ᠢᠶᠠᠷ | ᠪᠠᠳᠣᠵᠢᠭᠤᠯᠵᠣ᠂ ᠪᠦᠬᠦ ᠬᠤᠰᠢᠭᠤᠨ ᠤ ᠠᠷᠠᠳ ᠲᠦᠮᠡᠨ ᠳᠤ ᠪᠦᠬᠦ ᠳᠠᠯ᠎ᠠ ᠶᠢᠨ ᠪᠦᠬᠦ ᠬᠤᠭᠤᠴᠠᠭᠠᠲᠣ ᠡᠷᠡᠬᠦᠯ | ᠡᠩᠬᠡ ᠶᠢᠨ ᠪᠠᠳᠣᠯᠠᠭ᠎ᠠ ᠬᠠᠩᠭᠠᠨ᠎ᠠ ᠬᠡᠪᠡ᠃ | ᠬᠤᠷᠠᠯ ᠳᠡᠭᠡᠷ᠎ᠡ ᠡᠯ᠎ᠡ ᠬᠠᠷᠢᠭᠤᠴᠠᠯᠭᠠᠳᠠᠳ ᠮᠠᠨ ᠤ ᠬᠤᠰᠢᠭᠤᠨ ᠤ ᠣᠳᠠᠭᠠᠨ ᠴᠢᠨᠠᠷᠳᠠᠢ ᠡᠪᠡᠳᠴᠢᠨ ᠢ | ᠶᠡᠷᠦᠩᠬᠡᠶᠢᠯᠡᠨ ᠰᠡᠷᠬᠡᠶᠢᠯᠡᠬᠦ ᠵᠢᠱᠢᠶᠡᠴᠢ ᠣᠷᠣᠨ ᠤ ᠪᠦᠲᠦᠬᠡᠨ ᠪᠠᠶᠢᠭᠤᠯᠣᠯᠲᠠ ᠶᠢᠨ ᠳᠣᠰᠬᠠᠢ ᠰᠡᠳᠣᠪᠲᠣ ᠹᠢᠯᠢᠮ ᠢ | ᠦᠵᠡᠪᠡ᠃ |