ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 27 ᠤ ᠡᠳᠦᠷ᠂ ᠤᠯᠤᠰ ᠤᠨ ᠲᠡᠷᠢᠬᠦᠯᠡᠭᠴᠢ | ᠰᠢ ᠶᠢᠨ ᠫᠢᠩ ᠮᠠᠳ᠋ᠷᠢᠳ᠋ ᠶᠢᠨ ᠰᠠᠰᠦ᠋᠊ ᠊ ᠠᠶᠢᠯᠠ ᠤᠷᠳᠤᠨ ᠳᠤ ᠢᠰᠫᠠᠨᠢ ᠶᠢᠨ ᠤᠯᠤᠰ ᠤᠨ ᠸᠠᠩ ᠹᠢᠯᠢᠫᠸᠢ | ᠵᠢᠷᠭᠤᠳᠤᠭᠠᠷ ᠲᠠᠢ ᠠᠭᠤᠯᠵᠠᠪᠠ᠃ | ᠰᠢ ᠶᠢᠨ ᠫᠢᠩ᠂ ᠤᠯᠤᠰ ᠤᠨ ᠸᠠᠩ ᠹᠢᠯᠢᠫᠸᠢ ᠵᠢᠷᠭᠤᠳᠤᠭᠠᠷ ᠤᠨ ᠵᠤᠷᠢᠯᠭ᠎ᠠ ᠪᠠᠷ ᠦᠵᠡᠰᠬᠦᠯᠡᠩᠳᠦ ᠰᠠᠶᠢᠬᠠᠨ | ᠢᠰᠫᠠᠨᠢ ᠳᠤ ᠢᠷᠡᠭᠰᠡᠨ ᠳᠡᠭᠡᠨ ᠮᠠᠰᠢ ᠪᠠᠶᠠᠷᠳᠠᠢ ᠪᠠᠶᠢᠨ᠎ᠠ᠃ 2005 ᠤᠨ ᠳᠤ ᠳᠤᠮᠳᠠᠳᠤ ᠢᠰᠫᠠᠨᠢ ᠪᠦᠬᠦ | ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠳᠠᠨ ᠤ ᠬᠠᠷᠢᠯᠴᠠᠭ᠎ᠠ ᠶᠢ ᠪᠠᠶᠢᠭᠤᠯᠤᠭᠰᠠᠨ ᠠᠴᠠ ᠨᠠᠰᠢ᠂ ᠬᠤᠶᠠᠷ | ᠤᠯᠤᠰ ᠤᠨ ᠬᠠᠷᠢᠯᠴᠠᠭᠠᠨ ᠤ ᠲᠦᠪᠰᠢᠨ ᠳᠠᠰᠤᠷᠠᠯᠳᠠ ᠦᠭᠡᠢ ᠲᠡᠭᠡᠭᠰᠢᠯᠡᠵᠤ᠂ ᠤᠯᠤᠰ ᠲᠦᠷᠦ ᠶᠢᠨ ᠢᠳᠡᠭᠡᠯᠴᠡᠭᠡ | ᠡᠳᠦᠷ ᠢᠷᠡᠬᠦᠶ᠎ᠠ ᠨᠡᠮᠡᠭᠳᠡᠨ᠂ ᠬᠠᠮᠳᠤᠷᠠᠯᠴᠠᠭᠠᠨ ᠤ ᠬᠦᠷᠢᠶ᠎ᠠ ᠳᠠᠰᠤᠷᠠᠯᠳᠠ ᠦᠭᠡᠢ ᠦᠷᠭᠡᠵᠢᠵᠦ᠂ ᠠᠷᠠᠳ ᠤᠨ | ᠬᠤᠭᠤᠷᠤᠨᠳᠤᠬᠢ ᠶᠠᠪᠤᠯᠴᠠᠭ᠎ᠠ ᠨᠡᠩ ᠨᠢᠬᠳᠠᠷᠠᠪᠠ᠃ ᠳᠤᠮᠳᠠᠳᠤ ᠢᠰᠫᠠᠨᠢ ᠶᠢᠨ ᠬᠠᠷᠢᠯᠴᠠᠭ᠎ᠠ ᠲᠡᠦᠭᠡ ᠶᠢᠨ ᠬᠠᠮᠤᠭ ᠤᠨ | ᠰᠠᠶᠢᠨ ᠴᠠᠭ ᠦᠶ᠎ᠠ ᠳᠤ ᠤᠷᠤᠭᠠᠳ ᠪᠤᠢ᠃ | ᠳᠤᠮᠳᠠᠳᠤ ᠢᠰᠫᠠᠨᠢ ᠶᠢᠨ ᠬᠠᠷᠢᠯᠴᠠᠭᠠᠨ ᠤ ᠬᠦᠭᠵᠢᠯᠳᠠ ᠶᠢᠨ ᠠᠯᠤᠰ ᠢᠷᠡᠭᠡᠳᠦᠢ ᠳᠤ ᠪᠢ ᠢᠳᠡᠭᠡᠯ | ᠲᠦᠭᠦᠷᠡᠩ ᠪᠠᠶᠢᠨ᠎ᠠ᠃ ᠲᠤᠰ ᠤᠳᠠᠭ᠎ᠠ ᠶᠢᠨ ᠢᠰᠫᠠᠨᠢ ᠳᠠᠬᠢ ᠠᠶᠢᠯᠴᠢᠯᠠᠯᠲᠠ ᠪᠤᠯ ᠮᠢᠨᠤ ᠳᠤᠮᠳᠠᠳᠤ ᠤᠯᠤᠰ ᠤᠨ | ᠤᠯᠤᠰ ᠤᠨ ᠲᠡᠷᠢᠬᠦᠯᠡᠭᠴᠢ ᠶᠢᠨ ᠲᠤᠰᠢᠶᠠᠯ ᠢ ᠦᠷᠭᠦᠯᠵᠢᠯᠡᠨ ᠬᠠᠷᠢᠭᠤᠴᠠᠬᠰᠠᠨ ᠤ ᠳᠠᠷᠠᠭᠠᠬᠢ ᠡᠸᠦ᠋ᠷᠦᠫᠠ ᠲᠢᠪ ᠲᠠᠬᠢ | ᠠᠩᠬᠠᠳᠠᠬᠴᠢ ᠠᠶᠢᠯᠴᠢᠯᠠᠯᠳᠠ ᠪᠤᠯᠬᠤ ᠪᠦᠭᠡᠳ ᠲᠤᠰ ᠤᠳᠠᠭ᠎ᠠ ᠶᠢᠨ ᠡᠸᠦ᠋ᠷᠦᠫᠠ ᠲᠢᠪ ᠯᠠᠲ᠋ᠢᠨ ᠠᠮᠧᠷᠢᠺᠠ ᠲᠢᠪ ᠤᠨ | ᠠᠶᠠᠯᠠᠯ ᠤᠨ ᠠᠩᠬᠠᠳᠠᠬᠴᠢ ᠦᠷᠳᠡᠭᠡ ᠪᠤᠯᠤᠨ᠎ᠠ᠂ ᠲᠤᠰ ᠤᠳᠠᠭ᠎ᠠ ᠶᠢᠨ ᠠᠶᠢᠯᠴᠢᠯᠠᠯᠳᠠ ᠪᠠᠷ ᠳᠠᠮᠵᠢᠨ ᠬᠤᠶᠠᠷ | ᠤᠯᠤᠰ ᠤᠨ ᠨᠦᠬᠦᠷᠯᠡᠯ ᠢ ᠪᠠᠬᠢᠵᠢᠬᠦᠯᠵᠦ᠂ ᠬᠠᠮᠳᠤᠷᠠᠯᠴᠠᠭᠠᠨ ᠤ ᠲᠦᠪᠰᠢᠨ ᠢ ᠳᠡᠭᠡᠭᠰᠢᠯᠡᠬᠦᠯᠤᠨ᠂ ᠳᠤᠮᠳᠠᠳᠤ | ᠢᠰᠫᠠᠨᠢ ᠶᠢᠨ ᠬᠠᠷᠢᠯᠴᠠᠭ᠎ᠠ ᠶᠢ ᠠᠯᠤᠰ ᠢ ᠵᠤᠷᠢᠨ ᠲᠤᠭᠳᠠᠭᠤᠨ ᠢᠶᠠᠷ ᠤᠷᠤᠬᠰᠢᠯᠠᠭᠤᠯᠬᠤ ᠶᠢ ᠬᠦᠰᠡᠵᠦ ᠪᠠᠶᠢᠨ᠎ᠠ ᠭᠡᠵᠦ | ᠢᠯᠡᠳᠭᠡᠪᠡ᠃ | ᠰᠢ ᠶᠢᠨ ᠫᠢᠩ᠂ ᠳᠤᠮᠳᠠᠳᠤ ᠤᠯᠤᠰ ᠳᠤᠷᠠᠳᠠᠶ᠎ᠠ ᠢᠰᠫᠠᠨᠢ ᠲᠠᠢ ᠬᠠᠮᠳᠦ ᠲᠤᠰ ᠲᠤᠰ ᠤᠨ ᠭᠤᠤᠯᠯᠠᠬᠴᠢ | ᠠᠰᠢᠬ ᠲᠤᠰᠠ ᠪᠠ ᠠᠩᠬᠠᠷᠤᠯ ᠲᠠᠯᠪᠢᠵᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠦᠷᠬᠦᠯᠵᠢᠯᠡᠨ | ᠬᠠᠷᠢᠯᠴᠠᠨ ᠲᠠᠮᠵᠢᠯᠴᠡᠨᠡ᠃ ᠬᠤᠶᠠᠷ ᠲᠠᠯ᠎ᠠ ᠪᠠᠷ ᠢᠶᠠᠨ ︽ᠨᠢᠭᠡ ᠪᠦᠰᠡ ᠨᠢᠭᠡ ᠵᠠᠮ︾ ᠤᠨ ᠪᠤᠷᠤ ᠲᠦᠯᠦᠪ ᠤᠨ | ᠳᠤᠳᠤᠷ᠎ᠠ ᠠᠵᠤ ᠠᠬᠤᠢ ᠠᠷᠠᠯᠵᠢᠶ᠎ᠠ᠂ ᠵᠢᠭᠤᠯᠴᠢᠯᠠᠯ᠂ ᠭᠤᠷᠪᠠᠳᠠᠬᠴᠢ ᠲᠠᠯ᠎ᠠ ᠶᠢᠨ ᠵᠠᠬ᠎ᠠ ᠳᠡᠯᠭᠡᠬᠦᠷ ᠵᠡᠷᠭᠡ | ᠬᠠᠮᠳᠤᠷᠠᠯᠴᠠᠭ᠎ᠠ ᠪᠠᠨ ᠴᠢᠩᠭᠠᠳᠬᠠᠵᠦ᠂ ᠳᠤᠮᠳᠠᠳᠤ ᠢᠰᠫᠠᠨᠢ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ | ᠬᠠᠨᠢᠳᠠᠨ ᠤ ᠬᠠᠷᠢᠯᠴᠠᠭ᠎ᠠ ᠶᠢ ᠰᠢᠨ᠎ᠠ ᠴᠠᠭ ᠦᠶ᠎ᠠ ᠳᠤ ᠰᠢᠨ᠎ᠠ ᠳᠡᠭᠳᠡᠷ ᠲᠤ ᠭᠠᠷᠭᠠᠵᠦ᠂ ᠬᠤᠶᠠᠷ ᠤᠯᠤᠰ ᠤᠨ ᠠᠷᠠᠳ | ᠲᠦᠮᠡᠨ ᠳᠤ ᠨᠡᠩ ᠤᠯᠠᠨ ᠪᠤᠶᠠᠨ ᠦᠢᠯᠡᠳᠦᠶᠠ ᠭᠡᠵᠦ ᠴᠢᠬᠤᠯᠠᠴᠢᠯᠠᠵᠠᠢ᠃ | ᠰᠢ ᠶᠢᠨ ᠫᠢᠩ᠂ ᠲᠤᠮᠳᠠᠳᠤ ᠤᠯᠤᠰ ᠠᠴᠠ ᠡᠸᠦ᠋ᠷᠦᠫᠠ ᠲᠢᠪ ᠤᠨ ᠬᠢᠨ ᠦᠷᠭᠦᠯᠵᠢᠯᠡᠨ ᠨᠢᠭᠡ | ᠴᠤᠬᠴᠠᠵᠢᠯᠳᠠ ᠶᠢᠨ ᠠᠬᠢᠴᠠ ᠪᠠᠨ ᠠᠬᠢᠭᠤᠯᠬᠤ ᠶᠢ ᠤᠯᠵᠤ ᠬᠠᠷᠠᠬᠤ ᠲᠤᠷᠠᠳᠠᠢ ᠶᠤᠮ᠂ ᠢᠰᠫᠠᠨᠢ ᠶᠢᠨ ᠬᠢᠨ | ᠲᠤᠮᠳᠠᠳᠤ ᠡᠸᠦ᠋ᠷᠦᠫᠠ ᠶᠢᠨ ᠪᠦᠬᠦ ᠲᠠᠯ᠎ᠡ ᠶᠢᠨ ᠪᠠᠶᠢᠯᠳᠤᠬᠤ ᠪᠤᠳᠤᠯᠭ᠎ᠠ ᠶᠢᠨ ᠬᠠᠨᠢᠳᠠᠨ ᠤ ᠬᠠᠷᠢᠯᠴᠠᠭ᠎ᠠ ᠶᠢᠨ | ᠬᠦᠭᠵᠢᠯᠳᠡ ᠶᠢ ᠦᠷᠬᠦᠯᠵᠢᠯᠡᠨ ᠠᠬᠢᠭᠤᠯᠬᠤ ᠳᠤ ᠢᠳᠡᠪᠬᠢᠳᠠᠢ ᠦᠢᠯᠡᠳᠦᠯ ᠦᠵᠡᠭᠦᠯᠬᠦ ᠶᠢ ᠬᠦᠰᠡᠵᠤ ᠪᠠᠶᠢᠨ᠎ᠡ ᠭᠡᠵᠤ | ᠵᠢᠭᠠᠵᠤ ᠭᠠᠷᠭᠠᠪᠠ᠃ | ᠹᠢᠯᠢᠫᠸᠢ ᠵᠢᠷᠭᠤᠳᠤᠭᠠᠷ᠂ ᠲᠡᠷᠢᠬᠦᠯᠡᠭᠴᠢ ᠰᠢ ᠶᠢᠨ ᠫᠢᠩ ᠤᠨ ᠢᠰᠫᠠᠨᠢ ᠳᠤ ᠲᠦᠷᠦ ᠶᠢᠨ ᠶᠠᠪᠤᠳᠠᠯ ᠤᠨ | ᠠᠶᠢᠯᠴᠢᠯᠠᠯᠳᠠ ᠬᠢᠵᠤ ᠪᠠᠶᠢᠬᠤ ᠶᠢ ᠪᠠᠶᠠᠷᠯᠡᠨ ᠤᠬᠳᠤᠵᠤ ᠪᠠᠶᠢᠨ᠎ᠡ᠃ ᠡᠨᠡ ᠵᠢᠯ ᠪᠤᠯ ᠢᠰᠫᠠᠨᠢ ᠲᠤᠮᠳᠠᠳᠤ ᠶᠢᠨ | ᠬᠠᠷᠢᠯᠴᠠᠭ᠎ᠠ ᠪᠠᠶᠢᠭᠤᠯᠤᠬᠰᠡᠨ 45 ᠵᠢᠯ ᠤᠨ ᠤᠢ ᠪᠤᠯᠬᠤ ᠪᠦᠭᠡᠳ ᠪᠠᠰᠠ ᠢᠰᠫᠠᠨᠢ ᠶᠢᠨ ᠤᠤᠯ ᠤᠨ ᠤᠯᠤᠰ ᠤᠨ | ᠸᠠᠩ ᠬᠤ ᠊ ᠠᠨ · ᠺᠠᠯᠤᠰ ᠨᠢᠭᠡᠳᠦᠭᠡᠷ ᠠᠩᠬ᠎ᠠ ᠤᠳᠠᠭ᠎ᠠ ᠲᠤᠮᠳᠠᠳᠤ ᠤᠯᠤᠰ ᠲᠤ ᠠᠶᠢᠯᠴᠢᠯᠠᠬᠰᠡᠨ 40 ᠵᠢᠯ ᠤᠨ | ᠤᠢ ᠪᠤᠯᠤᠨ᠎ᠡ᠃ ᠢᠰᠫᠠᠨᠢ ᠶᠢᠨ ᠬᠢᠨ ᠲᠤᠮᠳᠠᠳᠤ ᠤᠯᠤᠰ ᠯᠤᠭ᠎ᠠ ᠶᠢᠨ ᠨᠦᠬᠦᠷᠰᠡᠭ ᠶᠠᠪᠤᠯᠴᠠᠭ᠎ᠠ ᠪᠠ | ᠬᠠᠮᠳᠤᠷᠠᠯᠴᠠᠭ᠎ᠠ ᠪᠠᠨ ᠨᠠᠨᠳᠢᠩᠨᠠᠨᠡ᠃ ᠬᠤᠶᠠᠷ ᠤᠯᠤᠰ ᠬᠠᠷᠢᠯᠴᠠᠭ᠎ᠠ ᠪᠠᠶᠢᠭᠤᠯᠤᠬᠰᠡᠨ ᠠᠴᠠ ᠨᠠᠰᠢ᠂ ᠲᠤᠰ | ᠲᠤᠰ ᠤᠨ ᠢᠶᠠᠨ ᠭᠤᠤᠯᠯᠠᠬᠴᠢ ᠠᠰᠢᠭ ᠲᠤᠰᠠ ᠲᠠᠢ ᠬᠤᠯᠪᠤᠬᠲᠠᠬᠰᠠᠨ ᠠᠰᠠᠭᠤᠳᠠᠯ ᠳᠤ ᠢᠮᠠᠬᠳᠠ ᠬᠠᠷᠢᠯᠴᠠᠨ | ᠬᠦᠨᠳᠦᠳᠭᠡᠨ ᠲᠠᠮᠵᠢᠯᠴᠡᠭᠰᠡᠭᠡᠷ ᠢᠷᠠᠪᠠ᠃ | ᠬᠤᠶᠠᠷ ᠲᠠᠯ᠎ᠡ ᠶᠢᠨ ᠬᠢᠨ ᠤ ᠬᠠᠮᠳᠤ ᠶᠢᠨ ᠴᠢᠷᠮᠠᠶᠢᠯᠭ᠎ᠠ ᠲᠤᠤᠷ᠎ᠡ ᠬᠤᠶᠠᠷ ᠤᠯᠤᠰ ᠤᠨ ᠪᠦ᠋ᠬᠦ ᠲᠠᠯ᠎ᠡ ᠶᠢᠨ | ᠪᠠᠶᠢᠯᠳᠤᠬᠤ ᠪᠤᠳᠤᠯᠭ᠎ᠠ ᠶᠢᠨ ᠬᠠᠨᠢᠳᠠᠨ ᠤ ᠬᠠᠷᠢᠯᠴᠠᠭ᠎ᠠ ᠲᠠᠰᠤᠷᠠᠯᠳᠠ ᠦᠭᠡᠢ ᠰᠢᠨ᠎ᠡ ᠬᠦᠭᠵᠢᠯᠳᠠ ᠪᠠᠨ ᠤᠯᠵᠠᠢ᠃ | ᠢᠰᠫᠠᠨᠢ ᠶᠢᠨ ᠬᠢᠨ ᠲᠤᠷᠠᠳᠠᠶ᠎ᠡ ᠲᠤᠮᠳᠠᠳᠤ ᠤᠯᠤᠰ ᠲᠠᠢ ᠨᠢᠬᠳᠠ ᠶᠠᠪᠤᠯᠴᠠᠭ᠎ᠠ ᠪᠠᠨ ᠦᠷᠬᠦᠯᠵᠢᠯᠡᠨ ᠪᠠᠷᠢᠮᠳᠠᠯᠠᠵᠤ᠂ | ᠪᠤᠳᠠᠳᠠᠢ ᠶᠢ ᠡᠷᠬᠢᠮᠯᠡᠬᠦ ᠬᠠᠮᠳᠤᠷᠠᠯᠴᠠᠭᠠᠨ ᠤ ᠲᠦᠪᠰᠢᠨ ᠢᠶᠠᠨ ᠲᠡᠭᠡᠭᠰᠢᠯᠡᠬᠦᠯᠵᠤ᠂ ᠤᠯᠠᠨ ᠲᠡᠯᠠᠳᠤ ᠬᠡᠷᠡᠭ | ᠶᠠᠪᠤᠳᠠᠯ ᠤᠨ ᠲᠤᠮᠳᠠᠬᠢ ᠤᠯᠤᠯᠴᠠᠭ᠎ᠠ ᠪᠡ ᠵᠤᠬᠢᠴᠠᠭᠤᠯᠭ᠎ᠠ ᠪᠠᠨ ᠴᠢᠩᠭᠠᠳᠬᠠᠨ᠂ ᠡᠸᠦ᠋ᠷᠦᠫᠠ ᠲᠤᠮᠳᠠᠳᠤ ᠶᠢᠨ | ᠬᠠᠷᠢᠯᠴᠠᠭ᠎ᠠ ᠶᠢ ᠬᠦᠨᠵᠡᠭᠡᠶᠢᠷᠠᠬᠦᠯᠬᠦ ᠶᠢ ᠢᠳᠡᠪᠬᠢᠳᠠᠢ ᠠᠬᠢᠭᠤᠯᠤᠨ᠎ᠡ ᠭᠡᠵᠤ ᠢᠯᠡᠳᠭᠡᠵᠠᠢ᠃ | ᠸᠠᠩ ᠢ ᠠᠭᠤᠯᠵᠠᠯᠳᠠ ᠳᠤ ᠤᠷᠤᠯᠴᠠᠪᠠ᠃ | ᠲᠤᠰ ᠡᠳᠦᠷ ᠤᠨ ᠤᠷᠤᠢ᠂ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠹᠢᠯᠢᠫᠸᠢ ᠵᠢᠷᠭᠤᠳᠤᠭᠠᠷ | ᠪᠤᠯᠤᠨ ᠸᠠᠩ ᠤᠨ ᠬᠠᠳᠤᠨ ᠯᠠᠶᠢᠳᠢᠰᠢᠶᠠ ᠶᠢᠨ ᠡᠷᠬᠢᠯᠡᠭᠰᠡᠨ ᠬᠡᠷ ᠤᠨ ᠲᠠᠶᠢᠯᠠᠯᠭ᠎ᠠ ᠳᠤ ᠤᠷᠤᠯᠴᠠᠪᠠ᠃ |