︽ᠵᠠᠭᠤᠨ ᠠᠵᠤ ᠠᠬᠤᠶᠢᠯᠠᠯ ᠵᠠᠭᠤᠨ ᠭᠠᠴᠠᠭ᠎ᠠ ᠲᠤᠰᠬᠤᠨ ᠢ ᠲᠠᠮᠵᠢᠵᠤ︾ ᠭᠠᠴᠠᠭ᠎ᠠ ᠲᠤᠰᠬᠤᠨ ᠤ ᠬᠠᠮᠳᠤ  ᠶᠢᠨ ᠠᠵᠤ ᠠᠬᠤᠢ ᠶᠢ ᠭᠥᠭᠵᠢᠭᠦᠯᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠳᠤ ᠲᠤᠰᠠᠯᠠᠬᠤ ᠲᠤᠰᠬᠠᠢ ᠰᠡᠳᠤᠪᠳᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-11-05
     10 ᠰᠠᠷ᠎ᠠ ᠶᠢᠨ 29 ᠤ ᠡᠳᠦᠷ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋ ︽ᠵᠠᠭᠤᠨ ᠠᠵᠤ ᠠᠬᠤᠶᠢᠯᠠᠯ ᠵᠠᠭᠤᠨ ᠭᠠᠴᠠᠭ᠎ᠠ ᠲᠤᠰᠬᠤᠨ ᠢ ᠲᠠᠮᠵᠢᠵᠤ︾ ᠭᠠᠴᠠᠭ᠎ᠠ ᠲᠤᠰᠬᠤᠨ ᠤ ᠬᠠᠮᠳᠤ ᠶᠢᠨ ᠠᠵᠤ ᠠᠬᠤᠢ ᠶᠢ ᠭᠥᠭᠵᠢᠭᠦᠯᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠳᠤ ᠲᠤᠰᠠᠯᠠᠬᠤ ᠲᠤᠰᠬᠠᠢ ᠰᠡᠳᠤᠪᠳᠤ ᠬᠤᠷᠠᠯ ᠢ ᠡᠷᠭᠢᠯᠠᠨ ᠪᠠᠶᠢᠴᠠᠭᠠᠨ ᠰᠤᠳᠤᠯᠤᠯᠲᠠ ᠪᠠᠶᠢᠷᠢᠯᠠᠭᠤᠯᠤᠯᠲᠠ ᠬᠢᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠤᠭᠢᠶᠠᠨ ᠪᠠᠶᠢᠭᠤᠯᠬᠤ ᠭᠡᠯᠳᠡᠰ ᠤᠨ ᠲᠠᠷᠤᠭ᠎ᠠ ᠸᠠᠩ ᠯᠢ ᠫᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠲᠡᠳ᠋ ᠲᠠᠷᠤᠭ᠎ᠠ ᠵᠠᠩ ᡁᠢ ᠰᠢᠦ᠋ᠩ ᠬᠤᠷᠠᠯ ᠳᠤ ᠰᠠᠭᠠᠲᠠᠵᠤ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ᠂ ᠵᠠᠰᠠᠭ  ᠤᠨ ᠤᠷᠳᠤᠨ ᠤ ᠠᠯᠪᠠᠨ ᠭᠡᠷ᠂ ᠠᠵᠤ ᠠᠬᠤᠢ ᠠᠷᠠᠯᠵᠢᠶ᠎ᠠ ᠴᠢᠮᠡᠭᠡ ᠵᠠᠩᠭᠢᠴᠢᠯᠠᠯᠳᠠ ᠶᠢᠨ ᠲᠤᠪᠴᠢᠶ᠎ᠠ᠂ ᠨᠡᠭᠦᠷᠡᠰᠦᠨ ᠲᠤᠪᠴᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠤᠭᠠᠲᠤ ᠬᠤᠷᠠᠯ᠂ ᠡᠨᠧᠷᠬᠢ ᠶᠢᠨ ᠰᠤᠷᠪᠤᠯᠵᠢ ᠶᠢᠨ ᠠᠯᠪᠠᠨ ᠭᠡᠷ ᠂ ᠶᠠᠳᠠᠭᠤ ᠶᠢ ᠲᠠᠳᠭᠦᠭᠦ ᠠᠯᠪᠠᠨ ᠭᠡᠷ ᠵᠡᠷᠭᠡ ᠬᠤᠯᠪᠤᠭᠳᠠᠯ ᠪᠥᠭᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃
     ᠵᠤᠤ ᠹᠸᠢ ᠯᠤ᠋ ᠬᠤᠷᠠᠯ ᠲᠡᠭᠡᠷ᠎ᠡ ᠴᠢᠬᠤᠯᠠᠴᠢᠯᠠᠬᠤ ᠳᠤ ᠪᠠᠨ᠂ ︽ᠵᠠᠭᠤᠨ ᠠᠵᠤ ᠠᠬᠤᠶᠢᠯᠠᠯ ᠵᠠᠭᠤᠨ ᠭᠠᠴᠠᠭ᠎ᠠ ᠲᠤᠰᠬᠤᠨ ᠢ ᠲᠠᠮᠵᠢᠭᠦ︾ ᠠᠵᠢᠯᠯᠠᠭ᠎ᠠ ᠪᠤᠯ ᠲᠥᠪ᠂ ᠥᠪᠠᠷᠳᠡᠭᠡᠨ ᠵᠠᠰᠠᠬᠤ ᠤᠷᠤᠨ᠂ ᠬᠤᠳᠠ ᠶᠢᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠲᠤᠬᠠᠢ ᠴᠢᠬᠤᠯᠠ ᠶᠡᠭᠡ ᠰᠢᠢᠳᠪᠦᠷᠢᠲᠤ ᠪᠠᠶᠢᠷᠢᠯᠠᠭᠤᠯᠤᠯᠳᠠ  ᠶᠢᠨ ᠠᠷᠭ᠎ᠠ ᠪᠠᠷᠢᠯ᠂ ᠤᠨᠢᠨ ᠲᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ  ᠢ ᠰᠠᠶᠢᠨ ᠭᠢᠭᠦ ᠴᠢᠬᠤᠯᠠ ᠠᠷᠭ᠎ᠠ ᠵᠠᠮ ᠪᠤᠯᠤᠨ ᠭᠠᠷᠳᠠᠴᠠ ᠪᠤᠯᠤᠨ᠎ᠠ᠃ ᠡᠯ᠎ᠡ ᠬᠤᠯᠪᠤᠭᠳᠠᠯ ᠪᠥᠭᠦᠢ ᠰᠠᠯᠠᠭ᠎ᠠ ᠮᠥᠴᠢᠷ ᠂ ᠡᠯ᠎ᠠ ᠰᠤᠮᠤ ᠪᠠᠯᠭᠠᠰᠤ ᠲᠠᠭᠠᠭᠤᠯᠤᠭᠴᠢ ᠶᠢᠨ ᠥᠢᠯᠡᠳᠤᠯ ᠢᠶᠠᠨ ᠪᠠᠳᠠᠷᠠᠭᠤᠯᠤᠨ ᠡᠮᠤᠨ᠎ᠠ ᠬᠤᠭᠤᠴᠠᠭᠠᠨ ᠤ ᠪᠠᠶᠢᠴᠠᠭᠠᠯᠳᠠ ᠶᠢᠨ ᠠᠵᠢᠯ ᠢ ᠰᠠᠶᠢᠨ ᠭᠢᠵᠤ ᠲᠠᠳᠭᠦᠨ ᠲᠠᠮᠵᠢᠭᠦ ᠴᠢᠬᠤᠯᠠ ᠲᠠᠢ ᠭᠠᠴᠠᠭ᠎ᠠ ᠲᠤᠰᠬᠤᠨ ᠢ ᠲᠤᠭᠳᠠᠭᠠᠨ ᠭᠠᠷᠭᠠᠬᠤ ᠭᠡᠷᠡᠭᠳᠠᠢ᠃ ᠤᠷᠤᠨ ᠨᠤᠲᠤᠭ ᠲᠤ ᠰᠠᠭᠤᠷᠢᠰᠢᠭ᠎ᠠ ᠠᠵᠤ ᠠᠬᠤᠶᠢᠯᠠᠯ ᠲᠠᠢ ᠢᠯᠡᠭᠦᠭᠡᠨ ᠬᠠᠷᠢᠯᠴᠠᠨ ᠠᠵᠤ ᠠᠬᠤᠶᠢᠯᠠᠯ ᠤᠨ ᠥᠪᠠᠷ ᠤᠨ ᠪᠠᠶ᠎ᠠ ᠶᠢᠨ ᠭᠥᠭᠵᠢᠯᠳᠠ ᠶᠢ ᠠᠭᠢᠭᠤᠯᠬᠤ ᠶᠢ ᠵᠤᠷᠢᠭᠵᠢᠭᠤᠯᠬᠤ ᠶᠢᠨ ᠲᠠᠭᠠᠤ ᠨᠠᠶᠢᠭᠡᠮ  ᠤᠨ ᠬᠠᠷᠢᠭᠤᠴᠠᠯᠭ᠎ᠠ ᠶᠢ ᠢᠳᠡᠪᠬᠢᠲᠠᠢ ᠡᠭᠦᠷᠭᠡᠯᠠᠨ᠂ ᠤᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠲᠤᠮᠳᠠ ᠤᠷᠤᠯᠴᠠᠵᠤ ᠮᠠᠯᠴᠢᠨ ᠲᠠᠷᠢᠶᠠᠴᠢᠨ ᠤ ᠥᠢᠯᠡᠳᠪᠤᠷᠢᠯᠠᠯ ᠠᠮᠢᠳᠤᠷᠠᠯ ᠤᠨ ᠨᠥᠭᠦᠴᠠᠯ ᠢ ᠳᠠᠰᠤᠷᠠᠯᠲᠠ ᠥᠭᠡᠢ ᠰᠠᠶᠢᠵᠢᠷᠠᠭᠤᠯᠤᠨ ᠭᠠᠴᠠᠭ᠎ᠠ ᠲᠤᠰᠬᠤᠨ ᠤ ᠭᠥᠭᠵᠢᠯᠳᠠ ᠶᠢᠨ ᠤᠷᠴᠢᠨ ᠢ ᠰᠢᠯᠢᠳᠡᠭᠵᠢᠭᠦᠯᠵᠤ ᠭᠠᠴᠠᠭ᠎ᠠ ᠲᠤᠰᠬᠤᠨ ᠢ ᠲᠠᠮᠵᠢᠨ ᠬᠠᠮᠳᠤ ᠶᠢᠨ ᠠᠵᠤ ᠠᠬᠤᠢ ᠶᠢᠨ ᠤᠷᠤᠯᠭ᠎ᠠ ᠶᠢᠨ ᠲᠤᠭᠳᠠᠭᠤᠨ ᠨᠠᠮᠡᠭᠳᠠᠯ ᠢ ᠪᠠᠶᠠᠯᠠᠭᠦᠯᠭᠦ ᠶᠢ ᠲᠠᠶᠢᠴᠢᠯᠠᠬᠤ ᠭᠡᠷᠡᠭᠳᠠᠢ᠃ ᠡᠯ᠎ᠠ ᠭᠠᠴᠠᠭ᠎ᠠ ᠲᠤᠰᠬᠤᠨ ᠲᠤᠬᠠᠢ ᠶᠢᠨ ᠭᠠᠵᠠᠷ ᠤᠨ ᠨᠥᠭᠦᠴᠠᠯ ᠤᠨ ᠲᠤᠭᠤᠷᠢᠨ ᠳᠤ ᠪᠤᠳᠠᠳᠠᠢ ᠲᠠᠳᠭᠦᠨ ᠲᠠᠮᠵᠢᠭᠦ ᠠᠷᠭ᠎ᠠ ᠶᠢ ᠲᠤᠭᠳᠠᠭᠠᠵᠤ᠂ ᠬᠠᠮᠳᠤ ᠶᠢᠨ ᠠᠵᠤ ᠠᠬᠤᠢ  ᠶᠢᠨ ᠰᠢᠨ᠎ᠠ ᠨᠡᠮᠡᠭᠳᠠᠯ ᠤᠨ ᠴᠡᠭ ᠢ ᠵᠥᠪ ᠡᠷᠢᠨ ᠭᠠᠴᠠᠭ᠎ᠠ ᠲᠤᠰᠬᠤᠨ ᠤ ᠶᠠᠳᠠᠭᠤ ᠠᠴᠠ ᠠᠩᠭᠢᠵᠢᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠲᠤᠮᠳᠠᠭᠢ ᠢᠳᠡᠪᠭᠢ ᠥᠢᠯᠡᠳᠤᠯ ᠢ ᠭᠥᠢᠴᠠᠳ ᠪᠠᠳᠠᠷᠠᠭᠤᠯᠬᠤ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号