| | | | | 10 ᠰᠠᠷ᠎ᠠ ᠶᠢᠨ 31 ᠤ ᠡᠳᠦᠷ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠤᠷᠤᠯᠠᠭᠴᠢ | ᠲᠠᠷᠤᠭ᠎ᠠ ᠵᠤᠤ ᠹᠧᠢ ᠯᠤ᠋᠂ ᠬᠤᠰᠢᠭᠤ ᠵᠠᠰᠠᠭ ᠤᠨ ᠤᠷᠳᠤᠨ ᠤ 2018 ᠤᠨ ᠤ 8 ᠳ᠋ᠤᠭᠠᠷ ᠤᠳᠠᠭᠠᠨ ᠤ ᠪᠠᠶᠢᠩᠭᠤ | ᠶᠢᠨ ᠠᠵᠢᠯ ᠤᠨ ᠬᠤᠷᠠᠯ ᠢ ᠡᠷᠭᠢᠯᠠᠨ ᠬᠤᠷᠠᠯᠳᠤᠭᠤᠯᠵᠤ ︽ᠬᠤᠰᠢᠭᠤ ᠰᠢᠶᠠᠨ ᠤ ᠬᠡᠪᠴᠢᠶᠠᠨ ᠳᠠᠬᠢ ᠬᠤᠳᠠ | ᠭᠥᠳᠡᠭᠡ ᠶᠢᠨ ᠠᠯᠪᠠᠨ ᠵᠢᠷᠤᠮ ᠤᠨ ᠰᠤᠷᠭᠠᠨ ᠭᠥᠮᠤᠵᠢᠯ ᠢ ᠨᠢᠭᠡ ᠴᠤᠭᠴᠠᠵᠢᠭᠤᠯᠬᠤ ᠥᠭᠡᠷᠡᠴᠢᠯᠠᠯᠳᠠ ᠶᠢᠨ | ᠭᠥᠭᠵᠢᠯᠳᠠ ᠶᠢ ᠠᠭᠢᠭᠤᠯᠬᠤ ᠲᠤᠬᠠᠢ ᠭᠡᠷᠡᠭᠵᠢᠭᠦᠯᠭᠦ ᠲᠥᠰᠥᠯ︾᠂ ︽ᠥᠥᠰᠢᠨ ᠬᠤᠰᠢᠭᠤᠨ ᠤ ᠭᠡᠰᠡᠭ ᠭᠠᠵᠠᠷ | ᠤᠷᠤᠨ ᠤ ᠴᠢᠮᠡᠭᠡ ᠬᠤᠯᠪᠤᠭᠠᠨ ᠤ ᠲᠤᠭᠢᠶ᠎ᠠ ᠮᠠᠭᠤ ᠪᠠᠶᠢᠬᠤ ᠠᠰᠠᠭᠤᠳᠠᠯ ᠢ ᠰᠶᠢᠳᠪᠤᠷᠢᠯᠠᠭᠦ ᠲᠥᠰᠥᠯ︾᠂ ︽ | ᠥᠥᠰᠢᠨ ᠬᠤᠰᠢᠭᠤᠨ ᠤ ᠮᠠᠯᠵᠢᠬᠤ ᠲᠠᠷᠢᠶᠠᠯᠠᠬᠤ ᠤᠷᠤᠨ ᠤ ᠠᠮᠢᠳᠤᠷᠠᠯ ᠤᠨ ᠬᠤᠭ ᠨᠤᠪᠰᠢ᠂ ᠪᠤᠵᠠᠷ ᠤᠰᠤ ᠶᠢ | ᠰᠶᠢᠳᠪᠤᠷᠢᠯᠠᠭᠦ ᠪᠤᠯᠤᠨ ᠵᠤᠷᠯᠤᠩ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠭᠡᠷᠡᠭᠵᠢᠭᠦᠯᠭᠦ | ᠲᠥᠰᠥᠯ︾ ᠵᠡᠷᠭᠡ ᠶᠢᠨ ᠮᠠᠲ᠋ᠧᠷᠢᠶᠠᠯ ᠢ ᠭᠢᠨᠠᠨ ᠵᠥᠪᠯᠠᠵᠤ ︽ᠪᠤᠷᠤᠳᠤᠬᠤᠢ ᠶᠢᠨ ᠭᠥᠮᠤᠨ︾ ᠪᠤᠯᠤᠨ ᠰᠤᠶᠤᠯ ᠤᠨ | ᠢᠯᠡᠷᠡᠭᠦᠯᠥᠯᠳᠠ ᠶᠢᠨ 95 ᠵᠢᠯ ᠤᠨ ᠤᠢ ᠶᠢ ᠲᠤᠷᠠᠰᠬᠠᠬᠤ ᠡᠷᠳᠡᠮ ᠰᠢᠨᠵᠢᠯᠠᠭᠡᠨ ᠤ ᠰᠤᠳᠤᠯᠤᠨ ᠶᠠᠷᠢᠯᠴᠠᠬᠤ ᠬᠤᠷᠠᠯ | ᠂ ᠮᠠᠯᠵᠢᠬᠤ ᠲᠠᠷᠢᠶᠠᠯᠠᠬᠤ ᠤᠷᠤᠨ ᠤ ᠵᠠᠮ ᠢ ᠵᠠᠰᠠᠬᠤ ᠵᠡᠷᠭᠡ ᠶᠢᠨ ᠶᠠᠪᠤᠳᠠᠯ ᠢ ᠰᠤᠳᠤᠯᠵᠤ ᠤᠷᠴᠢᠮ ᠤᠨ | ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠳᠤ ᠪᠠᠶᠢᠷᠢᠯᠠᠭᠤᠯᠤᠯᠳᠠ ᠲᠤᠭᠢᠷᠠᠭᠤᠯᠤᠯᠳᠠ ᠭᠢᠭᠰᠡᠨ ᠪᠠᠶᠢᠨ᠎ᠠ᠃ | ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠤᠷᠤᠯᠠᠭᠴᠢ ᠲᠠᠷᠤᠭ᠎ᠠ ᠵᠤᠤ ᠹᠧᠢ ᠯᠤ᠋᠂ ᠬᠤᠰᠢᠭᠤ ᠨᠠᠮ | ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠲᠡᠳ᠋ ᠲᠠᠷᠤᠭ᠎ᠠ ᠵᠠᠩ ᡁᠢ ᠰᠢᠥ᠋ᠩ᠂ ᠬᠤᠰᠢᠭᠤ ᠳᠡᠳ᠋ | ᠳᠠᠷᠤᠭ᠎ᠠ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠳᠠᠷᠤᠭ᠎ᠠ ᠭᠤᠤ ᠬᠤ᠋᠂ ᠬᠤᠰᠢᠭᠤ ᠳᠡᠳ᠋ ᠳᠠᠷᠤᠭ᠎ᠠ ᠵᠸᠤ | ᠱᠤᠸᠠᠢ᠂ ᠬᠤᠰᠢᠭᠤ ᠳᠡᠳ᠋ ᠳᠠᠷᠤᠭ᠎ᠠ ᠡᠳ᠋ ᠤᠨ ᠵᠠᠰᠠᠭ ᠤᠨ ᠲᠤᠪᠴᠢᠶᠠᠨ ᠳᠠᠷᠤᠭ᠎ᠠ ᠪᠠᠶᠠᠨᠴᠡᠩᠬᠡᠯ᠂ ᠬᠤᠰᠢᠭᠤ ᠳᠡᠳ᠋ | ᠳᠠᠷᠤᠭ᠎ᠠ ᠪᠠᠶᠠᠠᠴᠢᠮᠡᠭ᠂ ᠬᠤᠰᠢᠭᠤ ᠳᠡᠳ᠋ ᠳᠠᠷᠤᠭ᠎ᠠ ᠯᠢ ᠬᠤᠩ ᠯᠢᠶᠠᠩ ᠬᠤᠷᠠᠯ ᠳᠤ ᠰᠠᠭᠠᠲᠠᠪᠠ᠃ ᠬᠤᠰᠢᠭᠤ ᠨᠠᠮ | ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠠᠪᠰᠡᠭᠳᠤ ᠭᠥᠴᠤᠨ ᠤ ᠤᠯᠤᠰ ᠲᠥᠷᠥ ᠶᠢᠨ ᠭᠡᠰᠢᠭᠦᠨ ᠵᠠᠩ ᠱᠤ᠋ | ᠰᠢᠤᠸᠠᠨ ᠬᠤᠷᠠᠯ ᠳᠤ ᠰᠤᠯᠠ ᠤᠷᠤᠯᠴᠠᠪᠠ᠃ ᠬᠤᠰᠢᠭᠤ ᠰᠢᠭᠤᠳ ᠬᠠᠷᠢᠶ᠎ᠠ ᠬᠤᠯᠪᠤᠭᠳᠠᠯ ᠪᠥᠭᠦᠢ ᠰᠠᠯᠠᠭ᠎ᠠ ᠮᠥᠴᠢᠷ | ᠪᠤᠯᠤᠨ ᠰᠤᠮᠤ ᠪᠠᠯᠭᠠᠰᠤᠨ ᠤ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃ | ᠬᠤᠷᠠᠯ ᠠᠴᠠ ᠵᠢᠭᠠᠵᠤ ᠭᠠᠷᠭᠠᠬᠤ ᠳᠤ ᠪᠠᠨ᠂ ᠰᠢᠨ᠎ᠠ ᠴᠠᠭ ᠥᠶ᠎ᠠ ᠳᠤ ᠪᠥᠭᠦ ᠬᠤᠰᠢᠭᠤᠨ ᠤ ᠤᠯᠠᠨ ᠲᠥᠮᠡᠨ | ᠤ ᠴᠢᠨᠠᠷ ᠰᠠᠶᠢᠳᠠᠢ ᠰᠤᠷᠭᠠᠨ ᠭᠥᠮᠤᠵᠢᠯ ᠤᠨ ᠭᠡᠷᠡᠭᠴᠡᠭᠡ ᠲᠠᠰᠣᠷᠠᠯᠲᠠ ᠥᠭᠡᠢ ᠨᠡᠮᠡᠭᠳᠡᠵᠦ ᠪᠠᠶᠢᠨ᠎ᠠ᠃ ᠪᠡᠯᠡ ᠮᠥᠩᠭᠦ | ᠶᠢ ᠲᠡᠮᠡᠴᠡᠨ ᠤᠯᠬᠤ ᠪᠤᠯᠤᠨ ᠲᠥᠷᠤᠯ ᠵᠥᠢᠯ ᠤᠨ ᠪᠥᠳᠥᠭᠡᠨ ᠪᠠᠶᠢᠭᠤᠯᠤᠯᠳᠠ ᠶᠢᠨ ᠠᠷᠭ᠎ᠠ ᠭᠡᠯᠪᠠᠷᠢ ᠶᠢᠨ ᠰᠢᠨ᠎ᠠ ᠶᠢ | ᠡᠭᠦᠳᠴᠤ ᠰᠤᠷᠭᠠᠭᠤᠯᠢ᠂ ᠭᠡᠤᠭᠡᠳ ᠤᠨ ᠴᠡᠴᠡᠷᠯᠢᠭ ᠤᠨ ᠰᠤᠷᠭᠠᠨ ᠭᠥᠮᠤᠵᠢᠯ ᠤᠨ ᠰᠠᠭᠤᠷᠢ ᠲᠥᠭᠦᠭᠡᠷᠤᠮᠵᠢ ᠶᠢᠨ | ᠪᠥᠳᠥᠭᠡᠨ ᠪᠠᠶᠢᠭᠤᠯᠤᠯᠳᠠ ᠶᠢ ᠲᠥᠷᠭᠡᠨ ᠰᠠᠶᠢᠵᠢᠷᠠᠭᠤᠯᠬᠤ ᠭᠡᠷᠡᠭᠳᠠᠢ᠃ ᠰᠤᠷᠭᠠᠨ ᠭᠥᠮᠤᠵᠢᠯ ᠤᠨ ᠥᠭᠡᠷᠡᠴᠢᠯᠡᠯᠲᠡ | ᠶᠢ ᠭᠥᠨᠵᠡᠭᠡᠢ ᠠᠭᠢᠭᠤᠯᠵᠤ ᠪᠠᠭᠰᠢ ᠶᠢᠨ ᠡᠩᠨᠡᠭᠡᠨ ᠤ ᠰᠤᠯᠢᠯᠴᠠᠭ᠎ᠠ ᠥᠷᠨᠢᠭᠦᠯᠭᠦ᠂ ᠪᠤᠯᠪᠠᠰᠤᠷᠠᠯ ᠭᠢᠭᠦ᠂ | ᠤᠷᠮᠠᠰᠢᠭᠤᠯᠬᠤ ᠲᠤᠭᠳᠠᠯᠴᠠᠭ᠎ᠠ ᠶᠢ ᠲᠠᠭᠦᠯᠳᠡᠷᠵᠢᠭᠦᠯᠵᠤ ᠬᠤᠳᠠ ᠭᠥᠳᠡᠭᠡ ᠶᠢᠨ ᠰᠤᠷᠭᠠᠨ ᠭᠥᠮᠤᠵᠢᠯ ᠤᠨ ᠡᠭᠢ | ᠪᠠᠶᠠᠯᠢᠭ ᠤᠨ ᠲᠠᠩᠴᠠᠭᠦᠷᠢᠳᠠᠢ ᠲᠤᠭᠢᠷᠠᠭᠤᠯᠤᠯᠳᠠ ᠶᠢ ᠠᠭᠢᠭᠤᠯᠤᠨ ᠥᠷᠭᠡᠨ ᠤᠯᠠᠨ ᠰᠤᠷᠭᠠᠨ ᠭᠥᠮᠤᠵᠢᠯ ᠤᠨ | ᠠᠵᠢᠯᠳᠠᠳ ᠤᠨ ᠵᠢᠭᠠᠨ ᠰᠤᠷᠭᠠᠯᠳᠠ ᠶᠢᠨ ᠢᠳᠡᠪᠭᠢ ᠴᠢᠨᠠᠷ ᠢ ᠲᠠᠶᠢᠴᠢᠯᠠᠵᠦ ᠰᠤᠷᠭᠠᠨ ᠭᠥᠮᠤᠵᠢᠯ ᠤᠨ ᠵᠢᠭᠠᠨ | ᠰᠤᠷᠭᠠᠯᠳᠠ ᠶᠢᠨ ᠶᠠᠰᠤ ᠴᠢᠨᠠᠷ ᠢ ᠲᠡᠭᠡᠭᠰᠢᠯᠡᠭᠦᠯᠭᠦ ᠭᠡᠷᠡᠭᠲᠡᠢ ᠭᠡᠵᠡᠢ᠃ | ᠬᠤᠷᠠᠯ ᠠᠴᠠ ᠱᠠᠭᠠᠷᠳᠠᠬᠤ ᠳᠤ ᠪᠠᠨ ᠴᠢᠮᠡᠭᠡ ᠬᠤᠯᠪᠤᠭᠠᠨ ᠤ ᠲᠤᠭᠢᠶ᠎ᠠ ᠶᠢᠨ ᠪᠥᠷᠭᠦᠴᠠ᠂ ᠮᠠᠯᠵᠢᠬᠤ | ᠲᠠᠷᠢᠶᠠᠯᠠᠬᠤ ᠤᠷᠤᠨ ᠤ ᠵᠠᠮ ᠢ ᠰᠠᠯᠪᠢᠨ ᠵᠠᠰᠠᠬᠤ ᠠᠵᠢᠯ ᠪᠤᠯ ᠠᠷᠠᠳ ᠤᠨ ᠠᠮᠢᠳᠤᠷᠠᠯ ᠤᠨ ᠠᠰᠠᠭᠤᠳᠠᠯ ᠭᠥᠭᠵᠢᠯᠳᠠ | ᠶᠢᠨ ᠠᠰᠠᠭᠤᠳᠠᠯ ᠪᠠᠶᠢᠵᠤ ᠤᠯᠠᠨ ᠲᠥᠮᠡᠨ ᠤ ᠡᠳᠤᠷ ᠲᠤᠳᠤᠮ ᠤᠨ ᠤᠷᠤᠵᠤ ᠭᠠᠷᠬᠤ ᠪᠠ ᠬᠠᠷᠢᠯᠴᠠᠵᠤ | ᠨᠠᠪᠳᠠᠷᠠᠯᠴᠠᠭᠦ ᠲᠠᠢ ᠬᠤᠯᠪᠤᠭᠳᠠᠵᠤ ᠮᠠᠯᠴᠢᠨ ᠲᠠᠷᠢᠶ᠋ᠴᠢᠨ ᠵᠠᠬ᠎ᠠ ᠲᠡᠯᠭᠡᠭᠦᠷ ᠲᠠᠢ ᠤᠶᠢᠷᠠᠲᠤᠵᠦ ᠲᠠᠶᠢᠯᠭᠦ ᠡᠰᠡᠬᠦ ᠲᠠᠢ | ᠬᠤᠯᠪᠤᠭᠳᠠᠵᠤ ᠪᠠᠶᠢᠳᠠᠭ᠃ ᠬᠤᠯᠪᠤᠭᠳᠠᠯ ᠪᠥᠭᠦᠢ ᠰᠠᠯᠠᠭ᠎ᠠ ᠮᠥᠴᠢᠷ ᠲᠥᠷᠥᠯ ᠵᠥᠢᠯ ᠤᠨ ᠵᠤᠭᠢᠶᠠᠨ ᠪᠠᠶᠢᠭᠤᠯᠤᠯᠳᠠ | ᠶᠢᠨ ᠭᠡᠷᠡᠭᠵᠢᠭᠦᠯᠥᠯᠳᠠ ᠶᠢ ᠲᠥᠷᠭᠡᠳᠭᠡᠨ ᠠᠷᠠᠳ ᠤᠨ ᠠᠮᠢᠳᠤᠷᠠᠯ ᠤᠨ ᠪᠤᠳᠠᠳᠤ ᠤᠴᠢᠷ ᠢ ᠵᠤᠭᠢᠰᠳᠠᠢ | ᠰᠶᠢᠳᠪᠤᠷᠢᠯᠠᠵᠤ ᠤᠯᠠᠨ ᠲᠥᠮᠡᠨ ᠤ ᠭᠡᠷᠡᠭᠴᠡᠭᠡ ᠶᠢ ᠬᠠᠩᠭᠠᠬᠤ ᠭᠡᠷᠡᠭᠳᠠᠢ ᠭᠡᠵᠡᠢ᠃ | ᠬᠤᠷᠠᠯ ᠠᠴᠠ ᠴᠢᠬᠤᠯᠠᠴᠢᠯᠠᠬᠤ ᠳᠤ ᠪᠠᠨ᠂ ᠮᠠᠯᠵᠢᠬᠤ ᠲᠠᠷᠢᠶᠠᠯᠠᠬᠤ ᠤᠷᠤᠨ ᠤ ᠭᠥᠮᠤᠨ ᠤ ᠤᠷᠤᠰᠢᠨ | ᠰᠠᠭᠤᠬᠤ ᠤᠷᠴᠢᠨ ᠲᠤᠭᠤᠷᠢᠨ ᠢ ᠴᠡᠭᠴᠡᠯᠠᠨ ᠵᠠᠰᠠᠬᠤ ᠠᠵᠢᠯ ᠢ ᠥᠷᠨᠢᠭᠦᠯᠭᠦ ᠪᠤᠯ ᠭᠥᠳᠡᠭᠡ ᠲᠤᠰᠬᠤᠨ ᠢ | ᠭᠥᠭᠵᠢᠭᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠡᠷᠡᠭᠵᠢᠭᠦᠯᠵᠤ ᠮᠠᠯᠵᠢᠬᠤ ᠲᠠᠷᠢᠶᠠᠯᠠᠬᠤ ᠤᠷᠤᠨ ᠤ | ᠭᠥᠷᠤᠯᠴᠠᠭᠦᠢ ᠲᠠᠯ᠎ᠠ ᠶᠢ ᠨᠥᠭᠦᠪᠤᠷᠢᠯᠠᠨ ᠮᠠᠯᠴᠢᠨ ᠲᠠᠷᠢᠶᠠᠴᠢᠨ ᠤ ᠰᠠᠶᠢᠨ ᠰᠠᠶᠢᠬᠠᠨ ᠠᠮᠢᠳᠤᠷᠠᠯ ᠤᠨ ᠭᠥᠰᠡᠯ | ᠡᠷᠡᠮᠡᠯᠵᠡᠯ ᠢ ᠪᠠᠶᠠᠯᠠᠭᠦᠯᠭᠦ ᠨᠢᠭᠡ ᠲᠥᠷᠥᠯ ᠤᠨ ᠴᠢᠬᠤᠯᠠ ᠠᠵᠢᠯ ᠪᠤᠯᠤᠨ᠎ᠠ᠃ ᠪᠥᠭᠦᠳᠡᠭᠡᠷ ᠢᠶᠠᠨ ᠥᠵᠠᠯ ᠰᠠᠨᠠᠭ᠎ᠠ | ᠲᠠᠨᠢᠯᠳᠠ ᠪᠠᠨ ᠲᠡᠭᠡᠭᠰᠢᠯᠡᠭᠦᠯᠤᠨ ᠡᠷᠤᠭᠡ ᠳᠤ ᠬᠦᠷᠴᠤ ᠤᠬᠠᠭᠤᠯᠭ᠎ᠠ ᠭᠢᠵᠤ ᠵᠤᠷᠯᠤᠩ ᠤᠨ ᠥᠭᠡᠷᠡᠴᠢᠯᠡᠯᠲᠡ ᠪᠤᠯᠤᠨ | ᠪᠤᠵᠠᠷ ᠤᠰᠤ᠂ ᠬᠤᠭ ᠨᠤᠪᠰᠢ ᠶᠢ ᠰᠶᠢᠳᠪᠤᠷᠢᠯᠠᠭᠦ ᠲᠥᠭᠦᠭᠡᠷᠤᠮᠵᠢ ᠶᠢᠨ ᠲᠥᠯᠥᠪᠵᠢᠭᠦᠯᠭᠡ ᠪᠥᠳᠥᠭᠡᠨ | ᠪᠠᠶᠢᠭᠤᠯᠤᠯᠳᠠ ᠶᠢ ᠲᠥᠷᠭᠡᠳᠭᠡᠨ ᠠᠭᠢᠭᠤᠯᠵᠤ ᠲᠤᠰᠬᠤᠨ ᠤ ᠲᠥᠷᠢᠮ ᠠᠷᠠᠳ ᠤᠨ ᠭᠡᠷ᠎ᠡ ᠶᠢ ᠲᠤᠭᠳᠠᠭᠠᠨ | ᠥᠵᠡᠰᠭᠦᠯᠡᠩᠳᠤ ᠰᠠᠶᠢᠬᠠᠨ ᠭᠥᠳᠡᠭᠡ ᠲᠤᠰᠬᠤᠨ ᠤ ᠪᠥᠳᠥᠭᠡᠨ ᠪᠠᠶᠢᠭᠤᠯᠤᠯᠳᠠ ᠶᠢ ᠡᠮᠭᠢ ᠴᠡᠭᠴᠡᠲᠡᠢ ᠠᠭᠢᠭᠤᠯᠬᠤ | ᠭᠡᠷᠡᠭᠳᠠᠢ᠃ ᠠᠶᠤᠯᠭᠦᠢ ᠶᠢᠨ ᠤᠨᠤᠯᠵᠢᠭᠤᠨ ᠢ ᠪᠤᠢ ᠪᠤᠯᠭᠠᠨ ᠠᠶᠤᠯᠭᠦᠢ ᠥᠢᠯᠠᠳᠪᠤᠷᠢᠯᠠᠯ ᠤᠨ ᠭᠤᠤᠯ ᠴᠤᠭᠴᠠ ᠶᠢᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠠᠶᠤᠯᠭᠦᠢ ᠥᠢᠯᠡᠳᠪᠤᠷᠢᠯᠠᠯ ᠤᠨ ᠬᠠᠤᠯᠢ ᠴᠠᠭᠠᠵᠠ ᠬᠠᠤᠯᠢ | ᠲᠥᠷᠢᠮ ᠢ ᠴᠢᠩᠭ᠎ᠠ ᠭᠡᠷᠡᠭᠵᠢᠭᠦᠯᠤᠨ ᠪᠥᠭᠦ ᠠᠷᠠᠳ ᠤᠨ ᠠᠮᠤᠷ ᠲᠥᠪᠰᠢᠨ ᠤ ᠲᠠᠨᠢᠯᠳᠠ ᠶᠢ ᠲᠡᠭᠡᠭᠰᠢᠯᠡᠭᠦᠯᠵᠤ ᠠᠵᠤ | ᠠᠬᠤᠢ ᠨᠡᠶᠢᠭᠡᠮ ᠤᠨ ᠴᠢᠨᠠᠷ ᠰᠠᠶᠢᠳᠠᠢ ᠭᠥᠭᠵᠢᠯᠳᠠ ᠳᠤ ᠪᠠᠳᠤ ᠪᠠᠭᠢ ᠠᠮᠤᠷ ᠲᠥᠪᠰᠢᠨ ᠤ ᠪᠠᠲᠤᠯᠠᠭ᠎ᠠ ᠬᠠᠩᠭᠠᠬᠤ | ᠭᠡᠷᠡᠭᠳᠠᠢ ᠭᠡᠵᠡᠢ᠃ | ᠬᠤᠷᠠᠯ ᠠᠴᠠ ᠴᠢᠬᠤᠯᠠᠴᠢᠯᠠᠬᠤ ᠳᠤ ᠪᠠᠨ᠂ ᠤᠷᠴᠢᠮ ᠤᠨ ᠵᠢᠯ ᠠᠴᠠ ᠨᠠᠰᠢ ᠮᠠᠨ ᠤ ᠬᠤᠰᠢᠭᠤ ᠰᠢᠷᠬᠤᠰᠤ | ᠰᠤᠶᠤᠯ ᠤᠨ ᠪᠠᠭᠤᠷᠢ ᠶᠢᠨ ᠲᠤᠭᠤᠷᠢᠨ ᠳᠤ ᠰᠤᠶᠤᠯ ᠵᠤᠭᠠᠴᠠᠯ ᠢ ᠠᠭᠤᠰᠤᠯᠴᠠᠭᠤᠯᠤᠨ ᠭᠥᠭᠵᠢᠭᠦᠯᠭᠦ ᠨᠡᠷᠡᠲᠤ | ᠲᠡᠮᠳᠡᠭ ᠢ ᠡᠭᠦᠳᠤᠨ ᠤᠯᠤᠰ ᠤᠨ ᠲᠤᠳᠤᠭᠠᠳᠤ ᠭᠠᠳᠠᠭᠠᠳᠤ ᠳᠤ ᠨᠠᠷᠠ ᠠᠯᠳᠠᠷ ᠲᠠᠢ ᠪᠤᠯᠤᠭᠰᠠᠨ ᠪᠠᠶᠢᠨ᠎ᠠ᠃ | ᠬᠤᠯᠪᠤᠭᠳᠠᠯ ᠪᠥᠭᠦᠢ ᠰᠠᠯᠠᠭ᠎ᠠ ᠮᠥᠴᠢᠷ ᠲᠤᠰ ᠤᠳᠠᠭᠠᠨ ᠤ ᠰᠤᠳᠤᠯᠤᠨ ᠶᠠᠷᠢᠯᠴᠠᠬᠤ ᠠᠵᠢᠯᠯᠠᠭᠠᠨ ᠤ ᠪᠡᠯᠡᠳᠭᠡᠯ | ᠠᠵᠢᠯ ᠢ ᠰᠠᠶᠢᠨ ᠭᠢᠵᠤ ᠰᠤᠶᠤᠯ ᠬᠠᠭᠤᠴᠢ ᠰᠤᠳᠤᠯᠭᠠᠳᠠᠳ ᠢ ᠤᠷᠢᠵᠤ ᠤᠷᠤᠯᠴᠠᠭᠤᠯᠬᠤ ᠭᠡᠷᠡᠭᠳᠠᠢ᠃ ᠠᠵᠢᠯᠯᠠᠭᠠᠨ | ᠢ ᠡᠷᠭᠢᠯᠠᠭᠦ ᠪᠠᠷ ᠲᠠᠮᠵᠢᠭᠤᠯᠤᠨ ᠤᠬᠠᠭᠤᠯᠭ᠎ᠠ ᠪᠠᠨ ᠴᠢᠩᠭᠠᠳᠬᠠᠨ ᠰᠢᠷᠬᠤᠰᠤ ᠰᠤᠶᠤᠯ ᠤᠨ ᠨᠡᠷᠡᠲᠤ ᠲᠠᠮᠳᠡᠭ ᠤᠨ | ᠨᠥᠯᠥᠭᠡᠯᠡᠭᠦ ᠭᠥᠴᠤᠨ ᠢ ᠨᠡᠮᠡᠭᠳᠡᠭᠦᠯᠵᠤ ᠨᠡᠩ ᠤᠯᠠᠨ ᠵᠤᠭᠠᠴᠠᠭᠰᠠᠳ ᠢ ᠲᠠᠳᠠᠨ ᠨᠡᠷᠡᠲᠤ ᠲᠠᠮᠳᠡᠭ ᠤᠨ ᠲᠠᠪᠠᠭᠤᠯᠢᠭ | ᠢ ᠠᠵᠤ ᠠᠬᠤᠢ ᠶᠢᠨ ᠲᠠᠪᠠᠭᠤᠯᠢᠭ ᠪᠤᠯᠭᠠᠨ ᠬᠤᠪᠢᠷᠠᠭᠤᠯᠬᠤ ᠬᠡᠷᠡᠭᠲᠡᠢ ᠭᠡᠵᠡᠢ᠃ | ᠬᠤᠷᠠᠯ ᠠᠴᠠ ᠱᠭᠠᠷᠳᠠᠬᠤ ᠳᠤ ᠪᠠᠨ᠂ ᠭᠥᠷᠥᠯᠴᠠᠭᠦᠢ ᠪᠠᠨ ᠨᠥᠭᠦᠪᠤᠷᠢᠯᠠᠨ ᠭᠡᠯᠭᠢᠶᠠᠵᠢᠯ ᠢ ᠤᠷᠳᠤᠳᠬᠠᠵᠤ | ᠴᠢᠨᠠᠷ ᠰᠠᠶᠢᠳᠠᠢ ᠭᠥᠭᠵᠢᠯᠳᠠ ᠶᠢ ᠠᠭᠢᠭᠤᠯᠤᠨ ᠲᠥᠷᠥᠯ ᠵᠥᠢᠯ ᠪᠤᠯᠤᠨ ᠪᠠᠯᠠ ᠮᠥᠩᠭᠦ ᠶᠢ ᠲᠠᠮᠠᠴᠠᠨ ᠤᠯᠵᠤ | ᠠᠷᠠᠯᠵᠢᠶᠠᠴᠢᠨ ᠤᠷᠢᠵᠤ ᠪᠠᠯᠠ ᠤᠷᠤᠭᠤᠯᠬᠤ ᠭᠥᠴᠥᠯᠠᠴᠠ ᠪᠠᠨ ᠨᠡᠮᠡᠭᠳᠡᠭᠦᠯᠤᠨ ᠤᠷᠤᠨ ᠵᠠᠢ ᠶᠢ ᠥᠷᠭᠡᠳᠭᠡᠵᠤ ᠪᠥᠭᠦ | ᠬᠤᠰᠢᠭᠤᠨ ᠤ ᠬᠤᠵᠢᠮ ᠤᠨ ᠭᠥᠭᠵᠢᠯᠳᠠ ᠳᠤ ᠰᠠᠶᠢᠨ ᠰᠠᠭᠤᠷᠢ ᠲᠠᠯᠪᠢᠬᠤ ᠭᠡᠷᠡᠭᠳᠠᠢ᠃ ᠪᠥᠭᠦ ᠵᠢᠯ ᠤᠨ ᠡᠯ᠎ᠠ | ᠲᠥᠷᠥᠯ ᠤᠨ ᠭᠤᠤᠯᠳᠠᠯᠭ᠎ᠠ ᠲᠠᠢ ᠠᠵᠢᠯ ᠳᠤ ᠲᠤᠭᠢᠷᠠᠭᠤᠯᠤᠯᠳᠠ ᠭᠢᠵᠤ ᠲᠤᠳᠠᠭᠤ ᠪᠠᠨ ᠡᠷᠢᠨ ᠭᠥᠷᠤᠯᠴᠠᠭᠦᠢ ᠪᠠᠨ | ᠨᠥᠭᠦᠪᠤᠷᠢᠯᠠᠨ ᠰᠠᠳᠭᠢᠯ ᠢᠶᠠᠨ ᠨᠢᠭᠡᠳᠤᠭᠦᠯᠤᠨ ᠭᠥᠴᠤᠨ ᠢᠶᠠᠨ ᠬᠠᠮᠳᠤᠳᠬᠠᠵᠤ ᠵᠢᠯ ᠤᠨ ᠡᠭᠢᠨ ᠤ ᠡᠯ᠎ᠠ ᠲᠥᠷᠥᠯ | ᠤᠨ ᠬᠠᠷᠠᠯᠳᠠ ᠡᠭᠦᠷᠭᠡ ᠪᠤᠯᠤᠨ ᠭᠤᠤᠯᠳᠠᠯᠭ᠎ᠠ ᠲᠠᠢ ᠠᠵᠢᠯ ᠢᠶᠠᠨ ᠴᠢᠨᠠᠷ ᠲᠠᠢ ᠪᠠᠶᠠᠯᠠᠭᠦᠯᠭᠦ ᠶᠢ ᠪᠠᠳᠤᠯᠠᠬᠤ ᠭᠡᠷᠡᠭᠳᠠᠢ | ᠭᠡᠵᠡᠢ᠃ |