ᠰᠢ ᠶᠢᠨ ᠫᠢᠩ᠄ ᠨᠠᠶᠢᠳᠠ ᠶᠢᠨ ᠦᠮᠴᠢᠯᠡᠯ ᠤᠨ ᠪᠤᠰᠤ ᠠᠵᠥ ᠠᠬᠤᠢ ᠶᠢᠨ ᠬᠦᠭᠵᠢᠯᠳᠡ ᠶᠢ ᠡᠷᠡᠰ ᠭᠤᠶᠢᠪᠢᠰᠢ ᠦᠬᠡᠢ ᠵᠤᠷᠢᠬᠵᠢᠭᠤᠯᠵᠤ ᠳᠡᠮᠵᠢᠬᠦ ᠪᠦᠭᠡᠳ ᠬᠦᠳᠦᠯᠦᠨ ᠵᠢᠯᠤᠭᠤᠳᠴᠤ ᠠᠷᠠᠳ ᠤᠨ ᠡᠵᠡᠩᠨᠡᠯᠳᠡ ᠶᠢᠨ ᠠᠵᠥ ᠠᠬᠤᠶᠢᠯᠠᠯ ᠤᠨ ᠬᠦᠭᠵᠢᠯᠳᠡ ᠶᠢ ᠨᠡᠩ ᠬᠡᠬᠡᠨ ᠰᠠᠷᠠᠭᠤᠯ ᠢᠷᠡᠬᠡᠳᠦᠢ ᠲᠠᠢ ᠪᠤᠯᠭᠠᠨ᠎ᠠ
ᠨᠡᠶᠢᠲᠡᠯᠡᠭᠰᠡᠨ ᠴᠠᠭ᠄
2018-11-05
    ᠸᠠᠩ ᠶᠠᠩ ᠸᠠᠩ ᠬᠤ᠋ ᠨᠢᠩ ᠬᠠᠨ ᠵᠧᠩ ᠤᠷᠤᠯᠴᠠᠪᠠ          ᠰᠢᠨᠬᠤᠸᠠ ᠬᠤᠷᠢᠶᠠᠨ ᠤ ᠪᠡᠬᠡᠵᠢᠩ ᠤᠨ 11 ᠰᠠᠷ᠎ᠠ ᠶᠢᠨ 1 ᠤ ᠴᠠᠬᠢᠯᠭᠠᠨ ᠮᠡᠳᠡᠭᠡ ᠨᠠᠮ ᠤᠨ ᠳᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠳᠡᠷᠢᠬᠦᠯᠡᠭᠴᠢ᠂ ᠳᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠳᠡᠷᠢᠬᠦᠯᠡᠭᠴᠢ ᠰᠢ ᠶᠢᠨ ᠫᠢᠩ 1 ᠤ ᠦᠳᠡ ᠶᠢᠨ ᠡᠮᠤᠨ᠎ᠡ ᠪᠡᠬᠡᠵᠢᠩ ᠳᠤ ᠠᠷᠠᠳ ᠤᠨ ᠡᠵᠡᠩᠨᠡᠯᠳᠡ ᠶᠢᠨ ᠠᠵᠥ ᠠᠬᠤᠶᠢᠯᠠᠯ ᠤᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠬᠤ ᠶᠢᠨ ᠬᠠᠮᠳᠤ ᠴᠢᠬᠤᠯᠠ ᠶᠠᠷᠢᠶ᠎ᠠ ᠳᠠᠯᠪᠢᠪᠠ᠃ ᠳᠡᠷᠡ᠂ ᠨᠡᠶᠢᠳᠡ ᠶᠢᠨ ᠦᠮᠴᠢᠯᠡᠯ ᠢᠶᠠᠷ ᠭᠤᠤᠯ ᠴᠤᠬᠴᠠ ᠪᠤᠯᠭᠠᠬᠰᠠᠨ᠂ ᠤᠯᠠᠨ ᠵᠦᠢᠯ ᠤᠨ ᠦᠮᠴᠢᠯᠠᠯ ᠤᠨ ᠠᠵᠥ ᠠᠬᠤᠢ ᠬᠠᠮᠳᠤ ᠪᠠᠷ ᠬᠦᠭᠵᠢᠬᠦ ᠦᠨᠳᠦᠰᠦᠨ ᠠᠵᠥ ᠠᠬᠤᠢ ᠶᠢᠨ ᠳᠦᠷᠢᠮ ᠪᠤᠯ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮᠳᠤ ᠪᠠᠶᠢᠭᠤᠯᠤᠯ ᠤᠨ ᠴᠢᠬᠤᠯᠠ ᠪᠦᠷᠢᠯᠳᠦᠬᠦᠨ ᠬᠡᠰᠡᠭ ᠮᠦᠨ᠂ ᠪᠠᠰᠠ ᠴᠤ ᠨᠡᠶᠢᠬᠡᠮ ᠵᠢᠷᠤᠮ ᠤᠨ ᠵᠠᠬ᠎ᠠ ᠳᠡᠯᠬᠡᠬᠦᠷ ᠤᠨ ᠠᠵᠥ ᠠᠬᠤᠢ ᠶᠢᠨ ᠪᠠᠶᠢᠭᠤᠯᠤᠮᠵᠢ ᠶᠢ ᠳᠡᠬᠦᠯᠳᠡᠷᠵᠢᠬᠦᠯᠬᠦ ᠵᠠᠶᠢᠯᠠᠰᠢ ᠦᠭᠡᠢ ᠱᠠᠭᠠᠷᠳᠠᠯᠭ᠎ᠠ ᠪᠤᠯᠤᠨ᠎ᠡ᠃ ᠨᠡᠶᠢᠳᠡ ᠶᠢᠨ ᠦᠮᠴᠢᠯᠡᠯ ᠤᠨ ᠪᠤᠰᠤ ᠠᠵᠥ ᠠᠬᠤᠢ ᠶᠢᠨ ᠮᠠᠨ ᠤ ᠤᠯᠤᠰ ᠤᠨ ᠠᠵᠥ ᠠᠬᠤᠢ ᠨᠡᠶᠢᠬᠡᠮ ᠤᠨ ᠬᠦᠭᠵᠢᠯᠳᠡ ᠳᠠᠬᠢ ᠪᠠᠶᠢᠷᠢ ᠰᠠᠭᠤᠷᠢ ᠪᠤᠯᠤᠨ ᠦᠢᠯᠡᠳᠦᠯ ᠨᠢ ᠬᠤᠪᠢᠷᠠᠭ᠎ᠠ ᠦᠬᠡᠢ᠂ ᠪᠢᠳᠡᠡ ᠤ ᠨᠡᠶᠢᠳᠡ ᠶᠢᠨ ᠦᠮᠴᠢᠯᠡᠯ ᠤᠨ ᠪᠤᠰᠤ ᠠᠵᠥ ᠠᠬᠤᠢ ᠶᠢᠨ ᠬᠦᠭᠵᠢᠯᠳᠡ ᠶᠢ ᠡᠷᠡᠰ ᠭᠤᠶᠢᠪᠢᠰᠢ ᠦᠬᠡᠢ ᠪᠠᠷ ᠵᠤᠷᠢᠬᠵᠢᠭᠤᠯᠬᠤ᠂ ᠳᠡᠮᠵᠢᠬᠦ᠂ ᠬᠦᠳᠦᠯᠦᠨ ᠵᠢᠯᠤᠭᠤᠳᠬᠤ ᠴᠢᠭᠯᠡᠯᠲᠡ ᠳᠦᠷᠦ ᠶᠢᠨ ᠪᠤᠳᠤᠯᠭ᠎ᠠ ᠬᠤᠪᠢᠷᠠᠭ᠎ᠠ ᠦᠬᠡᠢ᠂ ᠪᠢᠳᠡᠨ ᠤ ᠨᠡᠶᠢᠳᠡ ᠶᠢᠨ ᠦᠮᠴᠢᠯᠡᠯ ᠤᠨ ᠪᠤᠰᠤ ᠠᠵᠥ ᠠᠬᠤᠢ ᠶᠢᠨ ᠬᠦᠭᠵᠢᠯᠳᠡ ᠳᠤ ᠰᠠᠶᠢᠨ ᠰᠠᠶᠢᠬᠠᠨ ᠤᠷᠴᠢᠨ ᠡᠬᠦᠳᠴᠤ ᠦᠭᠭᠦ ᠪᠠ ᠨᠡᠩ ᠤᠯᠠᠨ ᠠᠵᠠ ᠳᠤᠬᠢᠶᠠᠯ ᠬᠠᠩᠭᠠᠬᠤ ᠴᠢᠭᠯᠡᠯᠳᠡ ᠳᠦᠷᠦ ᠶᠢᠨ ᠪᠤᠳᠤᠯᠭ᠎ᠠ ᠬᠤᠪᠢᠷᠠᠭ᠎ᠠ ᠦᠬᠡᠢ᠃ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠪᠡᠶᠡᠯᠡᠬᠦᠯᠬᠦ ᠶᠢᠨ ᠤᠯᠠᠮ ᠢᠶᠠᠷ ᠨᠡᠶᠢᠬᠡᠮ ᠵᠢᠷᠤᠮ ᠤᠨ ᠤᠳᠤᠬᠢᠴᠢᠯᠠᠬᠰᠠᠨ ᠤᠯᠤᠰ ᠢ ᠪᠦᠬᠦ ᠳᠠᠯ᠎ᠠ ᠪᠠᠷ ᠪᠦᠳᠦᠬᠡᠨ ᠪᠠᠶᠢᠭᠤᠯᠬᠤ ᠰᠢᠨ᠎ᠠ ᠠᠶᠠᠨ ᠳᠤ᠂ ᠮᠠᠨ ᠤ ᠤᠯᠤᠰ ᠤᠨ ᠠᠷᠠᠳ ᠤᠨ ᠡᠵᠡᠩᠨᠡᠯᠳᠡ ᠶᠢᠨ ᠠᠵᠥ ᠠᠬᠤᠢ ᠶᠢ ᠪᠤᠵᠠᠭᠠᠶᠢᠷᠠᠭᠤᠯᠬᠤ ᠠᠴᠠ ᠪᠢᠰᠢ ᠪᠠᠭᠤᠷᠠᠢ ᠪᠤᠯᠭᠠᠬᠤ ᠦᠬᠡᠢ᠂ ᠳᠡᠷᠡ ᠮᠦᠷᠳᠡᠬᠡᠨ ᠨᠡᠩ ᠬᠡᠬᠡᠨ ᠰᠠᠷᠠᠭᠤᠯ ᠢᠷᠡᠬᠡᠳᠦᠢ ᠲᠠᠢ ᠪᠤᠯᠭᠠᠨ᠎ᠠ ᠬᠡᠵᠥ ᠴᠢᠬᠤᠯᠠᠴᠢᠯᠠᠪᠠ᠃      ᠨᠠᠮ ᠤᠨ ᠳᠦᠪ ᠬᠤᠷᠢᠶᠠᠨ ᠤ ᠤᠯᠤᠰ ᠳᠦᠷᠦ ᠶᠢᠨ ᠳᠤᠪᠴᠢᠶ᠎ᠠ ᠶᠢᠨ ᠪᠠᠶᠢᠩᠭᠤ ᠶᠢᠨ ᠬᠡᠰᠢᠬᠦᠨ᠂ ᠪᠦᠬᠦ ᠤᠯᠤᠰ ᠤᠨ ᠤᠯᠤᠰ ᠳᠦᠷᠦ ᠶᠢᠨ ᠵᠦᠪᠯᠡᠯᠬᠡᠨ ᠤ ᠳᠡᠷᠢᠬᠦᠯᠡᠭᠴᠢ ᠸᠠᠩ ᠶᠠᠩ᠂ ᠨᠠᠮ ᠤᠨ ᠳᠦᠪ ᠬᠤᠷᠢᠶᠠᠨ ᠤ ᠤᠯᠤᠰ ᠳᠦᠷᠦ ᠶᠢᠨ ᠳᠤᠪᠴᠢᠶ᠎ᠠ ᠶᠢᠨ ᠪᠠᠶᠢᠩᠭᠤ ᠶᠢᠨ ᠬᠡᠰᠢᠬᠦᠨ᠂ ᠳᠦᠪ ᠤᠨ ᠱᠦᠵᠢ ᠨᠠᠷ ᠤᠨ ᠭᠠᠵᠠᠷ ᠤᠨ ᠱᠦᠵᠢ ᠸᠠᠩ ᠬᠤ᠋ ᠨᠢᠩ᠂ ᠨᠠᠮ ᠤᠨ ᠳᠦᠪ ᠬᠤᠷᠢᠶᠠᠨ ᠤ ᠤᠯᠤᠰ ᠳᠦᠷᠦ ᠶᠢᠨ ᠳᠤᠪᠴᠢᠶ᠎ᠠ ᠶᠢᠨ ᠪᠠᠶᠢᠩᠭᠤ ᠶᠢᠨ ᠬᠡᠰᠢᠬᠦᠨ᠂ ᠳᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠬᠠᠨ ᠵᠧᠩ ᠶᠠᠷᠢᠯᠴᠠᠬᠤ ᠬᠤᠷᠠᠯ ᠳᠤ ᠤᠷᠤᠯᠴᠠᠪᠠ      ᠶᠠᠷᠢᠯᠴᠠᠬᠤ ᠬᠤᠷᠡᠯ ᠲᠡᠭᠡᠷ᠎ᠡ᠂ ᠯᠢᠦ ᠵᠢᠢ ᠷᠧᠨ᠂ ᠯᠥ ᠸᠧᠢ ᠳ᠋ᠢᠩ᠂ ᠸᠠᠩ ᠰᠢᠶᠤᠤ ᠯᠠᠨ᠂ ᠰᠦᠨ ᠫᠢᠶᠤᠤ ᠶᠠᠩ᠂ ᠯᠥ ᠶᠦᠩ᠂ ᠲᠠᠩ ᠰᠢᠶᠤᠤ ᠡᠸᠥ᠂ ᠯᠢᠦ ᠬᠠᠨ ᠶᠤᠸᠠᠨ᠂ ᠲᠠᠨ ᠵᠢᠶᠠᠨ ᠹᠧᠩ᠂ ᠯᠢᠦ ᠢ᠂ ᠭᠧᠩ ᠵᠧ ᠵᠡᠷᠬᠡ 10 ᠠᠵᠥ ᠠᠬᠤᠶᠢᠯᠠᠯᠳᠠᠨ ᠤ ᠲᠦᠯᠥᠬᠡᠯᠡᠭᠴᠢ ᠤᠷᠢᠳ ᠬᠤᠵᠢᠳ ᠦᠬᠡ ᠬᠡᠯᠡᠵᠥ᠂ ᠰᠢᠨ᠎ᠡ ᠪᠠᠶᠢᠳᠠᠯ ᠲᠤᠤᠷ᠎ᠡ ᠠᠷᠠᠳ ᠤᠨ ᠡᠵᠡᠩᠨᠡᠯᠳᠡ ᠶᠢᠨ ᠠᠵᠥ ᠠᠬᠤᠶᠢᠯᠠᠯ ᠤᠨ ᠬᠦᠭᠵᠢᠯᠳᠡ ᠶᠢ ᠲᠡᠮᠵᠢᠬᠦ ᠲᠤᠬᠠᠢ ᠰᠠᠨᠠᠯ ᠪᠤᠯᠤᠨ ᠰᠠᠨᠠᠭᠤᠯᠭ᠎ᠠ ᠲᠤᠷᠠᠳᠪᠠ᠃ ᠲᠡᠲᠡ ᠦᠬᠡ ᠬᠡᠯᠡᠬᠦ ᠲᠤᠮᠳᠠ᠂ ᠰᠢ ᠶᠢᠨ ᠫᠢᠩ ᠪᠠᠶᠢᠨ ᠪᠠᠶᠢᠨ ᠠᠰᠠᠭᠤᠯᠳᠠ ᠲᠤᠷᠠᠳᠤᠨ ᠠᠰᠠᠭᠤᠬᠤ ᠪᠠ ᠦᠬᠡ ᠡᠯᠬᠦᠨ ᠬᠡᠯᠡᠵᠤ᠂ ᠵᠠᠷᠢᠮ ᠠᠰᠠᠭᠤᠳᠠᠯ ᠤᠨ ᠲᠤᠬᠠᠢ ᠠᠷᠠᠳ ᠤᠨ ᠡᠵᠡᠩᠨᠡᠯᠳᠡ ᠶᠢᠨ ᠠᠵᠥ ᠠᠬᠤᠶᠢᠯᠠᠯᠳᠠᠳ ᠲᠠᠢ ᠰᠠᠨᠠᠯ ᠢᠶᠠᠨ ᠬᠦᠨᠵᠡᠬᠡᠢ ᠰᠤᠯᠢᠯᠴᠠᠵᠥ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠢ ᠨᠠᠷᠢᠨ ᠬᠢᠨᠠᠮᠠᠭᠠᠢ ᠰᠤᠳᠤᠯᠵᠥ᠂ ᠲᠤᠬᠢᠳᠠᠢ ᠰᠢᠢᠳᠪᠤᠷᠢᠯᠡᠬᠦ ᠬᠡᠷᠡᠭᠳᠡᠢ ᠬᠡᠵᠥ ᠱᠠᠭᠠᠷᠳᠠᠪᠠ᠃ ᠲᠤᠬᠠᠢ ᠶᠢᠨ ᠲᠠᠯᠠᠪᠠᠢ ᠶᠢᠨ ᠪᠠᠶᠢᠳᠠᠯ ᠬᠦᠷ ᠬᠦᠭᠵᠢᠶᠡᠨᠳᠡᠢ ᠪᠠᠶᠢᠯ᠎ᠠ᠃      ᠤᠯᠠᠨ ᠤ ᠶᠠᠷᠢᠬᠤ ᠶᠢ ᠨᠠᠷᠢᠨ ᠬᠢᠨᠠᠮᠠᠭᠠᠢ ᠰᠤᠨᠤᠰᠤᠭᠰᠠᠠ ᠤ ᠲᠠᠷᠠᠭ᠎ᠠ᠂ ᠶᠡᠷᠤᠩᠬᠡᠢ ᠱᠦᠵᠢ ᠰᠢ ᠶᠢᠨ ᠫᠢᠩ ᠲᠦᠢᠯ ᠤᠨ ᠴᠢᠬᠤᠯᠠ ᠶᠡᠷᠢᠶ᠎ᠡ ᠲᠠᠯᠪᠢᠪᠠ᠃ ᠲᠡᠷᠡ᠂ ᠮᠠᠨ ᠤ ᠤᠯᠤᠰ ᠤᠨ ᠨᠡᠶᠢᠳᠡ ᠶᠢᠨ ᠦᠮᠴᠢᠯᠡᠯ ᠤᠨ ᠪᠤᠰᠤ ᠠᠵᠥ ᠠᠬᠤᠢ ᠪᠤᠯ ᠦᠭᠡᠷᠡᠴᠢᠯᠡᠯᠳᠡ ᠨᠡᠬᠡᠬᠡᠯᠳᠡ ᠬᠢᠭᠰᠡᠡ ᠠᠴᠠ ᠨᠠᠭᠠᠰᠢ ᠨᠠᠮ ᠤᠨ ᠴᠢᠭᠯᠡᠯᠳᠡ ᠲᠦᠷᠦ ᠶᠢᠨ ᠪᠤᠳᠤᠯᠭ᠎ᠠ ᠶᠢᠨ ᠵᠢᠯᠤᠭᠤᠳᠤᠯᠭ᠎ᠠ ᠲᠤᠤᠷ᠎ᠡ ᠬᠦᠭᠵᠢᠵᠥ ᠭᠠᠷᠴᠤ ᠢᠷᠡᠭᠰᠡᠡ ᠶᠤᠮ᠃ ᠨᠠᠮ ᠤᠨ ᠠᠷᠪᠠᠨ ᠨᠢᠬᠡᠳᠦᠭᠡᠷ ᠬᠤᠭᠤᠴᠠᠭᠠᠨ ᠤ ᠲᠦᠪ ᠬᠤᠷᠢᠶᠡᠨ ᠤ ᠭᠤᠷᠪᠠᠳᠤᠭᠠᠷ ᠪᠦᠬᠦᠳᠡ ᠬᠤᠷᠡᠯ ᠠᠴᠠ ᠰᠡᠭᠦᠯᠡᠷ᠂ ᠮᠠᠨ ᠤ ᠨᠠᠮ ᠦᠮᠴᠢᠯᠡᠯ ᠤᠨ ᠲᠦᠷᠢᠮ ᠤᠨ ᠠᠰᠠᠭᠤᠳᠠᠯ ᠲᠡᠬᠡᠷᠡᠬᠢ ᠤᠯᠠᠮᠵᠢᠯᠠᠯᠳᠤ ᠦᠵᠡᠯᠳᠡ ᠤᠶᠢᠯᠠᠭᠠᠭᠲᠠᠬᠤᠨ ᠤ ᠬᠦᠯᠢᠶᠡᠰᠦᠯᠡᠯ ᠢ ᠡᠪᠳᠡᠵᠥ᠂ ᠨᠡᠶᠢᠳᠡ ᠶᠢᠨ ᠦᠮᠴᠢᠯᠡᠯ ᠤᠨ ᠪᠤᠰᠤ ᠠᠵᠥ ᠠᠬᠤᠢ ᠳᠤ ᠬᠦᠭᠵᠢᠯᠳᠡ ᠶᠢᠨ ᠡᠬᠦᠳᠡ ᠶᠢ ᠨᠡᠬᠡᠬᠡᠵᠤ ᠦᠭᠭᠦᠭᠰᠡᠡ ᠪᠠᠶᠢᠨ᠎ᠠ᠃ 40 ᠵᠢᠯ ᠤᠨ ᠲᠤᠷᠰᠢ᠂ ᠮᠠᠨ ᠤ ᠤᠯᠤᠰ ᠤᠨ ᠠᠷᠠᠳ ᠤᠨ ᠡᠵᠡᠩᠨᠡᠯᠳᠡ ᠶᠢᠨ ᠠᠵᠥ ᠠᠬᠤᠢ ᠨᠢᠬᠡᠨᠳᠡ ᠮᠠᠨ ᠤ ᠤᠯᠤᠰ ᠤᠨ ᠬᠦᠭᠵᠢᠯᠳᠡ ᠶᠢ ᠠᠬᠢᠭᠤᠯᠬᠤ ᠲᠤᠳᠠᠭᠳᠠᠵᠥ ᠪᠤᠯᠤᠰᠢ ᠦᠭᠡᠢ ᠬᠦᠴᠦᠨ ᠪᠤᠯᠵᠥ᠂ ᠦᠢᠯᠡᠰ ᠪᠤᠰᠬᠠᠬᠤ ᠠᠵᠢᠯ ᠤᠯᠭᠤᠯᠳᠠ ᠶᠢᠨ ᠭᠤᠤᠯ ᠬᠦᠷᠢᠶ᠎ᠡ᠂ ᠮᠡᠷᠬᠡᠵᠢᠯ ᠤᠨ ᠰᠢᠨ᠎ᠡ ᠶᠢ ᠡᠭᠦᠳᠬᠦ ᠴᠢᠬᠤᠯᠠ ᠭᠤᠤᠯ ᠴᠤᠭᠴᠠ᠂ ᠤᠯᠤᠰ ᠤᠨ ᠭᠠᠶᠢᠯᠢ ᠶᠢᠨ ᠤᠷᠤᠯᠭ᠎ᠠ ᠶᠢᠨ ᠴᠢᠬᠤᠯᠠ ᠢᠷᠡᠯᠳᠡ ᠪᠤᠯᠵᠥ᠂ ᠮᠠᠨ ᠤ ᠤᠯᠤᠰ ᠤᠨ ᠨᠡᠶᠢᠬᠡᠮ ᠵᠢᠷᠤᠮ ᠤᠨ ᠵᠠᠬ᠎ᠠ ᠲᠡᠯᠬᠡᠬᠦᠷ ᠤᠨ ᠠᠵᠥ ᠠᠬᠤᠢ ᠶᠢ ᠬᠦᠭᠵᠢᠭᠦᠯᠬᠦ᠂ ᠵᠠᠰᠠᠭ ᠤᠨ ᠤᠷᠳᠤᠨ ᠤ ᠡᠬᠦᠷᠬᠡ ᠴᠢᠳᠡᠪᠬᠢ ᠶᠢ ᠬᠤᠪᠢᠷᠠᠭᠤᠯᠬᠤ᠂ ᠬᠦᠳᠡᠭᠡ ᠲᠤᠰᠬᠤᠨ ᠤ ᠦᠯᠡᠬᠦᠤ ᠬᠦᠳᠡᠯᠮᠤᠷᠢ ᠬᠦᠴᠦᠨ ᠢ ᠰᠢᠯᠵᠢᠬᠦᠯᠬᠦ᠂ ᠤᠯᠠᠨ ᠤᠯᠤᠰ ᠲᠠᠬᠢ ᠵᠠᠬ᠎ᠠ ᠲᠡᠯᠬᠡᠬᠦᠷ ᠢ ᠦᠷᠬᠡᠳᠬᠡᠬᠦ ᠵᠡᠷᠬᠡ ᠳᠤ ᠴᠢᠬᠤᠯᠠ ᠦᠢᠯᠡᠳᠦᠯ ᠦᠵᠡᠬᠦᠯᠥᠭᠰᠡᠡ ᠪᠠᠶᠢᠨ᠎ᠠ᠃ ᠤᠷᠳᠤ ᠬᠤᠭᠤᠴᠠᠭᠠᠨ ᠤ ᠲᠤᠷᠰᠢ᠂ ᠦᠷᠬᠡᠨ ᠤᠯᠠᠨ ᠠᠷᠠᠳ ᠤᠨ ᠡᠵᠡᠩᠨᠡᠯᠳᠡ ᠶᠢᠨ ᠠᠵᠥ ᠠᠬᠤᠶᠢᠯᠠᠯᠳᠠᠳ ᠵᠤᠷᠢᠬᠲᠠᠢ ᠪᠠᠷ ᠬᠦᠮᠦᠨ ᠠᠴᠠ ᠤᠷᠢᠳ ᠢᠶᠠᠷ ᠬᠢᠬᠦ ᠰᠢᠨ᠎ᠡ ᠶᠢ ᠡᠭᠦᠳᠬᠦ ᠤᠬᠠᠮᠰᠠᠷ᠂ ᠰᠢᠨᠳᠠᠷᠠᠰᠢ ᠦᠭᠡᠢ ᠴᠢᠷᠮᠠᠶᠢᠬᠤ ᠲᠡᠮᠡᠴᠡᠯ ᠤᠨ ᠵᠤᠷᠢᠭ ᠰᠠᠨᠠᠭ᠎ᠠ ᠪᠠᠷ᠂ ᠲᠦᠭ ᠲᠦᠮᠡᠨ ᠬᠦᠳᠡᠯᠮᠤᠷᠢᠴᠢᠳ ᠢ ᠵᠤᠬᠢᠶᠠᠨ ᠪᠠᠶᠢᠭᠤᠯᠤᠨ ᠲᠠᠶᠢᠴᠢᠯᠠᠵᠥ ᠬᠦᠴᠦᠯᠡᠨ ᠴᠢᠷᠮᠡᠶᠢᠵᠥ᠂ ᠲᠡᠰᠪᠦᠷᠢ ᠬᠠᠳᠠᠭᠤᠵᠢᠯᠳᠠᠢ ᠪᠠᠷ ᠦᠢᠯᠡᠰ ᠪᠤᠰᠬᠠᠵᠥ᠂ ᠲᠠᠰᠤᠷᠠᠯᠳᠡ ᠦᠭᠡᠢ ᠰᠢᠨ᠎ᠡ ᠶᠢ ᠡᠬᠦᠳᠪᠠ᠃ ᠮᠠᠨ ᠤ ᠤᠯᠤᠰ ᠤᠨ ᠠᠵᠥ ᠠᠬᠤᠢ ᠶᠢᠨ ᠬᠦᠭᠵᠢᠯᠳᠡ ᠲᠤᠮᠳᠠᠳᠤ ᠤᠯᠤᠰ ᠤᠨ ᠭᠠᠶᠢᠬᠠᠮᠰᠢᠭ ᠢ ᠡᠬᠦᠳᠦᠭᠰᠡᠡ ᠨᠢ ᠠᠷᠠᠳ ᠤᠨ ᠡᠵᠡᠩᠨᠡᠯᠳᠡ ᠶᠢᠨ ᠠᠵᠥ ᠠᠬᠤᠢ ᠶᠢᠨ ᠦᠵᠡᠭᠦᠯᠦᠭᠰᠡᠨ ᠭᠠᠪᠢᠶ᠎ᠠ ᠵᠢᠳᠬᠦᠯ ᠠᠴᠠ ᠰᠠᠯᠵᠤ ᠪᠤᠯᠤᠰᠢ ᠦᠭᠡᠢ ᠶᠤᠮ ᠬᠡᠵᠥ ᠢᠯᠡᠳᠬᠡᠪᠡ᠃      ᠰᠢ ᠶᠢᠨ ᠫᠢᠩ᠂ ᠮᠠᠨ ᠤ ᠨᠠᠮ ᠤᠨ ᠦᠨᠳᠦᠰᠦᠨ ᠠᠵᠥ ᠠᠬᠤᠢ ᠶᠢᠨ ᠲᠦᠷᠢᠮ ᠢ ᠪᠠᠷᠢᠮᠳᠠᠯᠠᠬᠤ ᠲᠡᠯ᠎ᠡ ᠪᠠᠷ ᠬᠢ ᠦᠵᠡᠯᠳᠡ ᠪᠤᠯ ᠲᠤᠳᠤᠷᠬᠠᠢ ᠶᠤᠮ᠂ ᠢᠮᠠᠬᠳᠠ ᠶᠢᠨ ᠶᠤᠮ᠂ ᠶᠡᠷᠤ ᠠᠴᠠ ᠭᠤᠶᠢᠪᠢᠯᠵᠠᠭᠰᠠᠠ ᠦᠭᠡᠢ ᠶᠤᠮ᠃ ᠮᠠᠨ ᠤ ᠤᠯᠤᠰ ᠤᠨ ᠨᠡᠶᠢᠳᠡ ᠶᠢᠨ ᠦᠮᠴᠢᠯᠡᠯ ᠤᠨ ᠠᠵᠥ ᠠᠬᠤᠢ ᠪᠤᠯ ᠤᠷᠳᠤ ᠬᠤᠭᠤᠴᠠᠭᠠᠨ ᠤ ᠲᠤᠷᠰᠢ ᠤᠯᠤᠰ ᠤᠨ ᠬᠦᠭᠵᠢᠯᠳᠡ ᠶᠢᠨ ᠲᠡᠤᠬᠡᠨ ᠶᠠᠪᠤᠴᠠ ᠲᠤᠮᠲᠠ ᠪᠦᠷᠢᠯᠳᠦᠵᠥ᠂ ᠶᠡᠭᠡ ᠬᠡᠮᠵᠢᠶᠡᠨ ᠤ ᠦᠪ ᠬᠦᠷᠦᠩᠬᠡ ᠶᠢ ᠬᠤᠷᠠᠮᠳᠤᠭᠤᠯᠤᠭᠰᠠᠠ ᠶᠤᠮ᠂ ᠡᠨᠡ ᠪᠤᠯ ᠪᠦᠬᠦ ᠠᠷᠠᠳ ᠲᠦᠮᠡᠨ ᠤ ᠬᠠᠮᠳᠤ ᠶᠢᠨ ᠦᠪ ᠬᠦᠷᠦᠩᠬᠡ ᠮᠥᠨ᠂ ᠡᠷᠬᠡᠪᠰᠢ ᠰᠠᠶᠢᠳᠤᠷ ᠬᠠᠮᠢᠶᠠᠷᠴᠦ᠂ ᠰᠠᠶᠢᠳᠤᠷ ᠬᠡᠷᠡᠭᠯᠡᠵᠥ᠂ ᠰᠠᠶᠢᠳᠤᠷ ᠬᠦᠭᠵᠢᠬᠦᠯᠬᠦ ᠬᠡᠷᠡᠭᠳᠡᠢ᠃ ᠪᠢᠳᠡ ᠨᠡᠶᠢᠳᠡ ᠶᠢᠨ ᠦᠮᠴᠢᠯᠡᠯ ᠤᠨ ᠠᠵᠥ ᠠᠬᠤᠢ ᠶᠢ ᠰᠠᠶᠢᠳᠤᠷ ᠪᠠᠬᠢᠵᠢᠬᠦᠯᠬᠦ᠂ ᠰᠠᠶᠢᠳᠤᠷ ᠬᠦᠭᠵᠢᠬᠦᠯᠬᠦ ᠶᠢ ᠴᠢᠬᠤᠯᠠᠴᠢᠯᠠᠵᠥ ᠪᠠᠶᠢᠬᠤ ᠨᠢ ᠨᠡᠶᠢᠳᠡ ᠶᠢᠨ ᠦᠮᠴᠢᠯᠡᠯ ᠤᠨ ᠪᠤᠰᠤ ᠠᠵᠥ ᠠᠬᠤᠢ ᠶᠢᠨ ᠬᠦᠭᠵᠢᠯᠳᠡ ᠶᠢ ᠵᠤᠷᠢᠬᠵᠢᠭᠤᠯᠬᠤ᠂ ᠲᠡᠮᠵᠢᠬᠦ᠂ ᠬᠦᠳᠦᠯᠥᠨ ᠲᠠᠭᠠᠭᠤᠯᠬᠤ ᠲᠠᠢ ᠡᠰᠡᠷᠬᠦᠴᠡᠯᠳᠤᠬᠦ ᠶᠠᠪᠤᠳᠠᠯ ᠪᠢᠰᠢ᠂ ᠬᠠᠷᠢᠨ ᠤᠷᠭᠠᠨᠢᠭ ᠢᠶᠠᠷ ᠨᠢᠬᠡᠳᠬᠡᠵᠥ ᠪᠠᠶᠢᠭ᠎ᠠ ᠶᠠᠪᠤᠳᠠᠯ ᠶᠤᠮ᠃ ᠨᠡᠶᠢᠳᠠ ᠶᠢᠨ ᠦᠮᠴᠢᠯᠠᠯ ᠤᠨ ᠠᠵᠤ ᠠᠬᠤᠢ ᠪᠤᠯᠤᠨ ᠨᠡᠶᠢᠲᠡ ᠶᠢᠨ ᠦᠮᠴᠢᠯᠡᠯ ᠤᠨ ᠪᠤᠰᠤ ᠠᠵᠤ ᠠᠬᠤᠢ ᠬᠠᠷᠢᠯᠴᠠᠨ ᠨᠦᠭᠦᠪᠤᠷᠢᠯᠠᠵᠤ ᠬᠠᠷᠢᠯᠴᠠᠨ ᠨᠦᠭᠦᠴᠡᠯᠳᠤᠵᠤ᠂ ᠬᠠᠷᠢᠯᠴᠠᠨ ᠬᠠᠪᠰᠤᠷᠤᠯᠴᠠᠵᠤ ᠬᠠᠷᠢᠯᠴᠠᠨ ᠲᠤᠪᠤᠶᠢᠯᠭᠠᠪᠠᠯ ᠵᠤᠬᠢᠨ᠎ᠠ᠂ ᠬᠠᠷᠢᠨ ᠬᠠᠷᠢᠯᠴᠠᠨ ᠭᠠᠳᠠᠭᠤᠷᠴᠢᠯᠠᠵᠤ᠂ ᠬᠠᠷᠢᠯᠴᠠᠨ ᠬᠤᠬᠢᠷᠠᠭᠤᠯᠵᠤ ᠪᠤᠯᠬᠤ ᠦᠭᠡᠢ᠃ ᠮᠠᠨ ᠤ ᠤᠯᠤᠰ ᠤᠨ ᠦᠨᠳᠤᠰᠤᠨ ᠠᠵᠤ ᠠᠬᠤᠢ ᠶᠢᠨ ᠲᠦᠷᠢᠮ ᠢ ᠦᠨᠳᠤᠰᠤᠨ ᠬᠠᠤᠯᠢ᠂ ᠨᠠᠮ ᠤᠨ ᠲᠦᠷᠢᠮ ᠳᠤ ᠪᠢᠴᠢᠨ ᠤᠷᠤᠭᠤᠯᠪᠠ᠂ ᠡᠨᠡ ᠪᠤᠯ ᠬᠤᠪᠢᠷᠠᠬᠤ ᠦᠭᠡᠢ᠂ ᠬᠤᠪᠢᠷᠠᠭᠤᠯᠵᠤ ᠴᠤ ᠪᠤᠯᠬᠤ ᠦᠭᠡᠢ᠃ ᠮᠠᠨ ᠤ ᠤᠯᠤᠰ ᠤᠨ ᠦᠨᠳᠤᠰᠤᠨ ᠠᠵᠤ ᠠᠬᠤᠢ ᠶᠢᠨ ᠲᠦᠷᠢᠮ ᠢ ᠦᠭᠡᠶᠢᠰᠭᠡᠭᠦ᠂ ᠰᠡᠵᠢᠭᠯᠡᠭᠦ᠂ ᠭᠤᠶᠢᠪᠢᠯᠵᠠᠭᠤᠯᠬᠤ ᠦᠢᠯᠠ ᠶᠠᠷᠢᠶ᠎ᠠ ᠨᠢ ᠪᠦᠷ ᠨᠠᠮ ᠪᠤᠯᠤᠨ ᠤᠯᠤᠰ ᠤᠨ ᠴᠢᠭᠯᠡᠯᠲᠡ ᠲᠦᠷᠤ ᠶᠢᠨ ᠪᠤᠳᠤᠯᠭ᠎ᠠ ᠳᠤ ᠵᠤᠬᠢᠴᠠᠬᠤ ᠦᠭᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠢᠯᠠᠯ ᠪᠤᠯᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠳᠠᠨ ᠪᠦᠷᠢᠮᠤᠰᠤᠨ ᠰᠠᠨᠠᠭ᠎ᠠ ᠠᠮᠤᠷ ᠪᠠᠶᠢᠵᠤ᠂ ᠨᠢᠭᠡ ᠯᠡ ᠰᠡᠳᠬᠢᠯ ᠢᠶᠠᠷ ᠭᠦᠭᠵᠢᠯᠳᠠ ᠶᠢ ᠡᠷᠢᠯᠬᠢᠯᠡᠬᠦ ᠬᠡᠷᠡᠭᠲᠡᠢ ᠬᠡᠵᠥ ᠴᠢᠬᠤᠯᠠᠴᠢᠯᠠᠪᠠ᠃      ᠰᠢ ᠶᠢᠨ ᠫᠢᠡᠭ᠂ ᠠᠷᠠᠳ ᠤᠨ ᠡᠵᠡᠩᠨᠡᠯᠳᠠ ᠶᠢᠨ ᠠᠵᠤ ᠠᠬᠤᠢ ᠪᠤᠯ ᠮᠠᠨ ᠤ ᠤᠯᠤᠰ ᠤᠨ ᠠᠵᠤ ᠠᠬᠤᠢ ᠶᠢᠨ ᠳᠦᠷᠢᠮ ᠤᠨ ᠲᠤᠳᠤᠭᠠᠳᠤ ᠡᠯᠧᠮᠧᠨ᠋ᠲ ᠮᠦᠨ᠂ ᠠᠷᠠᠳ ᠤᠨ ᠡᠵᠡᠩᠨᠡᠯᠲᠡ ᠶᠢᠨ ᠠᠵᠤ ᠠᠬᠤᠢ ᠪᠤᠯᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠳᠠᠨ ᠪᠤᠯ ᠪᠢᠳᠠᠨ ᠤ ᠦᠪᠡᠷ ᠤᠨ ᠭᠦᠮᠤᠨ ᠮᠦᠨ᠃ ᠠᠷᠠᠳ ᠤᠨ ᠡᠵᠡᠩᠨᠡᠯᠲᠡ ᠶᠢᠨ ᠠᠵᠤ ᠠᠬᠤᠢ ᠪᠤᠯ ᠨᠡᠶᠢᠬᠡᠮ ᠵᠢᠷᠤᠮ ᠤᠨ ᠵᠠᠬ᠎ᠠ ᠲᠡᠯᠭᠡᠭᠦᠷ ᠤᠨ ᠠᠵᠤ ᠠᠬᠤᠢ ᠬᠦᠭᠵᠢᠭᠰᠡᠡ ᠤ ᠴᠢᠬᠤᠯᠠ ᠦᠷ᠎ᠠ ᠪᠦᠳᠤᠭᠡᠯ ᠮᠦᠨ᠂ ᠨᠡᠶᠢᠬᠡᠮ ᠵᠢᠷᠤᠮ ᠤᠨ ᠵᠠᠬ᠎ᠠ ᠲᠡᠯᠭᠡᠭᠦᠷ ᠤᠨ ᠠᠵᠤ ᠠᠬᠤᠢ ᠶᠢᠨ ᠭᠦᠭᠵᠢᠯᠳᠠ ᠶᠢ ᠠᠬᠢᠭᠤᠯᠬᠤ ᠴᠢᠬᠤᠯᠠ ᠭᠦᠴᠤᠨ ᠮᠦᠨ᠂ ᠬᠠᠨᠭ᠍ᠭᠠᠯᠭ᠎ᠠ ᠶᠢᠨ ᠲᠠᠯ᠎ᠠ ᠶᠢᠨ ᠪᠦᠳᠤᠴᠡ ᠶᠢᠨ ᠴᠢᠨᠠᠷᠳᠠᠢ ᠦᠭᠡᠷᠡᠴᠢᠯᠡᠯᠳᠡ ᠶᠢ ᠠᠬᠢᠭᠤᠯᠬᠤ᠂ ᠴᠢᠨᠠᠷ ᠰᠠᠶᠢᠳᠠᠢ ᠭᠦᠭᠵᠢᠯᠳᠠ ᠶᠢ ᠠᠬᠢᠭᠤᠯᠬᠤ᠂ ᠤᠳᠤᠬᠢᠴᠢᠯᠠᠭᠰᠠᠠ ᠠᠵᠤ ᠠᠬᠤᠢ ᠶᠢᠨ ᠰᠢᠰᠲ᠋ᠧᠮ ᠢ ᠪᠠᠶᠢᠭᠤᠯᠬᠤ ᠶᠢ ᠠᠬᠢᠭᠤᠯᠬᠤ ᠴᠢᠬᠤᠯᠠ ᠭᠤᠤᠯ ᠴᠤᠭᠴᠠ ᠮᠦᠨ᠂ ᠪᠠᠰᠠ ᠴᠤ ᠮᠠᠨ ᠤ ᠨᠠᠮ ᠤᠨ ᠤᠷᠳᠤ ᠬᠤᠭᠤᠴᠠᠭ᠎ᠠ ᠪᠠᠷ ᠲᠦᠷᠤ ᠪᠠᠷᠢᠵᠤ᠂ ᠪᠦᠭᠦ ᠤᠯᠤᠰ ᠤᠨ ᠠᠷᠠᠳ ᠲᠦᠮᠡᠨ ᠢ ᠪᠦᠯᠭᠦᠮᠳᠠᠭᠦᠯᠤᠨ ᠲᠠᠶᠢᠴᠢᠯᠠᠵᠤ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢ ᠪᠡᠶᠡᠯᠡᠬᠦᠯᠬᠦ ᠪᠤᠯᠤᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠴᠢᠬᠤᠯᠠ ᠭᠦᠴᠤᠨ ᠮᠦᠨ᠃ ᠤᠷᠴᠢᠮ ᠤᠨ ᠵᠢᠯ ᠠᠴᠠ ᠨᠠᠭᠠᠰᠢ᠂ ᠭᠡᠰᠡᠭ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠡᠵᠡᠩᠨᠡᠯᠳᠠ ᠭᠦᠭᠵᠢᠯᠳᠠ ᠶᠢᠨ ᠲᠤᠮᠳᠠ ᠪᠠᠨ ᠵᠠᠬ᠎ᠠ ᠲᠡᠯᠭᠡᠭᠦᠷ᠂ ᠪᠡᠯᠡ ᠮᠦᠩᠭᠦ ᠴᠤᠭᠯᠠᠭᠤᠯᠬᠤ᠂ ᠬᠡᠯᠪᠡᠷᠢ ᠪᠠᠨ ᠬᠤᠪᠢᠷᠠᠭᠤᠯᠬᠤ ᠵᠡᠷᠭᠡ ᠲᠠᠯ᠎ᠠ ᠳᠤ ᠭᠦᠴᠢᠷᠳᠠᠯ ᠪᠤᠯᠤᠨ ᠠᠰᠠᠭᠤᠳᠠᠯ ᠲᠤᠯᠭᠠᠷᠠᠪᠠ᠂ ᠠᠰᠠᠭᠤᠳᠠᠯ ᠲᠤᠯᠭᠠᠷᠠᠭᠰᠠᠨ ᠰᠢᠯᠳᠠᠭᠠᠨ ᠨᠢ ᠤᠯᠠᠨ ᠲᠠᠯ᠎ᠠ ᠶᠢᠨ ᠪᠠᠶᠢᠳᠠᠭ᠂ ᠭᠠᠳᠠᠭᠠᠳᠤ ᠡᠯᠧᠮᠧᠨ᠋ᠲ ᠲᠤᠳᠤᠭᠠᠳᠤ ᠡᠯᠧᠮᠧᠨ᠋ᠲ᠂ ᠪᠤᠰᠤᠳᠴᠢ ᠰᠢᠯᠳᠠᠭᠠᠨ ᠪᠤᠯᠤᠨ ᠪᠡᠶᠡᠴᠢ ᠰᠢᠯᠳᠠᠭᠠᠨ ᠵᠡᠷᠭᠡ ᠤᠯᠠᠨ ᠵᠦᠷᠢᠴᠡᠯ ᠬᠠᠷᠰᠢᠯᠳᠤᠭᠰᠠᠠ ᠤ ᠦᠷ᠎ᠠ ᠳ᠋ᠦᠡᠭ ᠪᠤᠯᠤᠨ᠎ᠠ᠃ ᠡᠳᠡᠭᠡᠷ ᠭᠦᠴᠢᠷᠳᠡᠯ ᠪᠤᠯ ᠭᠦᠭᠵᠢᠯᠳᠠ ᠶᠢᠨ ᠲᠤᠮᠳᠠᠬᠢ ᠭᠦᠴᠢᠷᠳᠠᠯ᠂ ᠤᠷᠤᠭᠰᠢᠯᠠᠯᠳᠠ ᠶᠢᠨ ᠲᠤᠮᠳᠠᠬᠢ ᠠᠰᠠᠭᠤᠳᠠᠯ᠂ ᠪᠤᠶᠢᠵᠢᠯᠳᠠ ᠶᠢᠨ ᠲᠤᠮᠳᠠᠬᠢ ᠵᠤᠪᠠᠨᠢᠯ ᠪᠤᠯᠬᠤ ᠶᠤᠮ᠂ ᠭᠦᠭᠵᠢᠯᠳᠠ ᠶᠢᠨ ᠲᠤᠮᠳᠠ ᠯᠠᠪᠳᠠᠢ ᠰᠢᠢᠳᠪᠤᠷᠢᠯᠠᠵᠤ ᠲᠡᠶᠢᠯᠦᠨ᠎ᠡ ᠭᠡᠵᠤ ᠵᠢᠭᠠᠵᠤ ᠭᠠᠷᠭᠠᠪᠠ᠃      ᠰᠢ ᠶᠢᠨ ᠫᠢᠩ᠂ ᠳᠤᠬᠳᠠᠯ ᠬᠦᠴᠦᠨ ᠢᠶᠠᠨ ᠪᠠᠲᠤᠯᠠᠨ᠂ ᠢᠳᠡᠬᠡᠯ ᠵᠤᠷᠢᠭ ᠢᠶᠠᠨ ᠴᠢᠩᠭᠠᠳᠬᠠᠵᠥ᠂ ᠤᠶᠤᠨ ᠴᠢᠲᠠᠯ ᠢᠶᠠᠨ ᠳᠦᠪᠯᠡᠷᠡᠬᠦᠯᠦᠨ ᠦᠪᠡᠷ ᠤᠨ ᠶᠠᠪᠤᠳᠠᠯ ᠢᠶᠠᠨ ᠰᠠᠶᠢᠳᠤᠷ ᠬᠢᠬᠦ ᠨᠢ ᠪᠢᠳᠡᠨ ᠤ ᠡᠯ᠎ᠡ ᠵᠦᠢᠯ ᠤᠨ ᠠᠶᠤᠯ ᠳᠦᠭᠰᠢᠬᠦᠷᠢ ᠦᠷᠢᠰᠦᠯᠳᠦᠬᠡᠨ ᠢ ᠠᠷᠭᠠᠴᠠᠬᠤ ᠶᠢᠨ ᠵᠠᠩᠬᠢᠯᠠᠭ᠎ᠠ ᠪᠤᠯᠤᠨ᠎ᠡ᠃ ᠤᠳᠤᠬᠠᠨ ᠳᠤ᠂ ᠮᠠᠨ ᠤ ᠤᠯᠤᠰ ᠤᠨ ᠠᠵᠥ ᠠᠬᠤᠢ ᠶᠢᠨ ᠠᠵᠢᠯᠯᠠᠭᠠᠨ ᠶᠡᠷᠦᠩᠬᠡᠢ ᠳᠡᠭᠡᠨ ᠳᠤᠬᠳᠠᠭᠤᠨ᠂ ᠳᠤᠬᠳᠠᠭᠤᠨ ᠤ ᠳᠤᠮᠳᠠ ᠠᠬᠢᠵᠥ᠂ ᠭᠤᠤᠯ ᠪᠤᠯᠬᠤ ᠵᠢᠭᠠᠯᠳᠠ ᠳᠤᠭ᠎ᠠ ᠵᠤᠬᠢᠰᠳᠠᠢ ᠬᠡᠪᠴᠢᠶ᠎ᠡ ᠳᠡᠭᠡᠨ ᠪᠤᠢ᠃ ᠡᠭᠦᠨ ᠤ ᠬᠠᠮᠳᠤ᠂ ᠮᠠᠨ ᠤ ᠤᠯᠤᠰ ᠤᠨ ᠠᠵᠥ ᠠᠬᠤᠢ ᠶᠢᠨ ᠬᠦᠭᠵᠢᠯᠳᠡ ᠶᠢᠨ ᠳᠤᠬᠳᠠᠭᠠᠯᠳᠤ ᠪᠤᠰᠤ ᠴᠢᠨᠠᠷ ᠮᠡᠳᠡᠭᠳᠡᠮ᠎ᠡ ᠳᠡᠭᠡᠭᠰᠢᠯᠡᠵᠥ᠂ ᠤᠷᠤᠭᠤᠳᠠᠬᠤ ᠳᠠᠷᠤᠯᠳᠠ ᠡᠳᠦᠢ ᠳᠡᠳᠦᠢ ᠨᠡᠮᠡᠭᠳᠡᠵᠥ᠂ ᠠᠵᠥ ᠠᠬᠤᠶᠢᠯᠠᠯ ᠤᠨ ᠡᠵᠡᠩᠨᠡᠯᠳᠡ ᠶᠢᠨ ᠬᠦᠴᠢᠷᠳᠡᠯ ᠤᠯᠠᠰᠢᠷᠠᠪᠠ᠃ ᠡᠳᠡᠬᠡᠷ ᠨᠢ ᠪᠦᠷ ᠤᠷᠤᠬᠰᠢᠯᠠᠯᠳᠠ ᠶᠢᠨ ᠶᠠᠪᠤᠴᠠ ᠳᠤ ᠵᠠᠶᠢᠯᠠᠰᠢ ᠳᠤᠯᠭᠠᠷᠠᠬᠤ ᠠᠰᠠᠭᠤᠳᠠᠯ ᠪᠤᠯᠤᠨ᠎ᠡ᠃ ᠪᠢᠳᠡ ᠠᠰᠢᠬᠳᠠᠢ ᠨᠦᠬᠦᠴᠡᠯ ᠢ ᠤᠯᠵᠥ ᠬᠠᠷᠠᠨ᠂ ᠮᠠᠨ ᠤ ᠤᠯᠤᠰ ᠤᠨ ᠠᠵᠥ ᠠᠬᠤᠢ ᠶᠢᠨ ᠬᠦᠭᠵᠢᠯᠳᠡ ᠯᠠᠪᠲᠠᠢ ᠠᠮᠵᠢᠯᠲᠠ ᠤᠯᠬᠤ ᠭᠡᠳᠡᠭ ᠲᠤ ᠢᠳᠡᠬᠡᠯ ᠢᠶᠠᠨ ᠴᠢᠩᠭᠠᠷᠠᠭᠤᠯᠬᠤ ᠬᠡᠷᠡᠭᠳᠡᠢ᠃ ᠮᠠᠨ ᠤ ᠤᠯᠤᠰ ᠯᠤᠳᠤ ᠶᠡᠭᠡ ᠬᠦᠭᠵᠢᠯᠳᠡ ᠶᠢᠨ ᠬᠠᠷᠢᠮᠠᠬᠠᠢ ᠴᠢᠨᠠᠷ᠂ ᠲᠠᠯᠲᠠ ᠬᠦᠴᠦᠨ ᠪᠤᠯᠤᠨ ᠡᠷᠬᠢᠯᠳᠦᠬᠦ ᠤᠷᠴᠢᠨ ᠵᠠᠢ ᠲᠠᠢ ᠶᠤᠮ᠂ ᠮᠠᠨ ᠤ ᠤᠯᠤᠰ ᠲᠤ 13 ᠳ᠋ᠦᠩᠰᠢᠭᠤᠷ ᠢᠯᠡᠬᠦᠦ ᠬᠦᠮᠦᠨ ᠠᠮᠠ ᠶᠢᠨ ᠳᠤᠳᠤᠭᠠᠳᠤ ᠬᠡᠷᠡᠭᠴᠡᠭᠡ ᠶᠢᠨ ᠵᠠᠬ᠎ᠠ ᠳᠡᠯᠬᠡᠬᠦᠷ ᠲᠠᠢ ᠪᠠᠶᠢᠵᠥ᠂ ᠶᠠᠬ ᠰᠢᠨ᠎ᠡ ᠬᠡᠯᠪᠡᠷᠢ ᠶᠢᠨ ᠠᠵᠥ ᠦᠢᠯᠡᠳᠪᠦᠷᠢᠵᠢᠯᠳᠡ᠂ ᠮᠡᠳᠡᠭᠡ ᠵᠠᠩᠬᠢᠵᠢᠯᠳᠠ᠂ ᠬᠤᠳᠠ ᠪᠠᠯᠭᠠᠰᠤᠵᠢᠯᠳᠠ᠂ ᠬᠦᠳᠡᠭᠡ ᠠᠵᠥ ᠠᠬᠤᠢ ᠶᠢᠨ ᠤᠳᠤᠬᠢᠴᠢᠯᠠᠯᠳᠠ ᠢᠵᠢᠯᠢ ᠠᠯᠬᠤᠮ ᠢᠶᠠᠷ ᠬᠦᠭᠵᠢᠬᠦ ᠱᠠᠳᠤᠨ ᠳᠤ ᠤᠷᠤᠰᠢᠵᠥ᠂ ᠳᠤᠮᠳᠠ ᠵᠡᠷᠬᠡ ᠶᠢᠨ ᠤᠷᠤᠯᠭ᠎ᠠ ᠲᠠᠢ ᠬᠦᠮᠦᠰ ᠤᠯᠠᠰᠢᠷᠠᠬᠰᠠᠨ ᠨᠢ ᠶᠡᠭᠡ ᠬᠡᠪᠴᠢᠶᠡᠨ ᠤ ᠬᠡᠷᠡᠭᠯᠡᠭᠡ ᠶᠢᠨ ᠳᠡᠰ ᠳᠡᠪᠰᠢᠬᠦ ᠬᠡᠷᠡᠭᠴᠡᠭᠡ ᠶᠢ ᠪᠦᠷᠢᠯᠳᠦᠬᠦᠯᠵᠥ᠂ ᠬᠤᠳᠠ ᠬᠦᠳᠡᠭᠡ ᠤᠷᠤᠨ ᠪᠦᠰᠡ ᠶᠢᠨ ᠬᠦᠭᠵᠢᠯᠳᠡ ᠳᠡᠩᠴᠡᠬᠦᠷᠢ ᠦᠬᠡᠢ ᠪᠠᠶᠢᠬᠤ ᠳᠤ ᠨᠡᠯᠢᠶᠡᠳ ᠶᠡᠭᠡ ᠬᠦᠭᠵᠢᠯᠳᠡ ᠶᠢᠨ ᠤᠷᠤᠨ ᠵᠠᠢ ᠨᠢᠭᠤᠬᠳᠠᠵᠥ ᠪᠠᠶᠢᠭ᠎ᠠ ᠶᠤᠮ᠃ ᠮᠠᠨ ᠤ ᠤᠯᠤᠰ ᠲᠤ ᠨᠡᠯᠢᠶᠡᠳ ᠰᠠᠶᠢᠨ ᠬᠦᠭᠵᠢᠯᠳᠡ ᠶᠢᠨ ᠨᠦᠬᠦᠴᠡᠯ ᠪᠤᠯᠤᠨ ᠪᠤᠳᠠᠰ ᠤᠨ ᠰᠠᠭᠤᠷᠢ ᠲᠠᠢ᠂ ᠪᠦᠬᠦ ᠪᠦᠮᠪᠦᠷᠴᠡᠭ ᠲᠤ ᠬᠠᠮᠤᠭ ᠤᠨ ᠪᠦᠷᠢᠨ ᠲᠦᠬᠦᠷ ᠠᠵᠥ ᠦᠢᠯᠡᠰ ᠤᠨ ᠰᠢᠰᠲ᠋ᠧᠮ ᠪᠤᠯᠤᠨ ᠲᠠᠰᠤᠷᠠᠯᠳᠡ ᠦᠭᠡᠢ ᠴᠢᠩᠭᠠᠷᠠᠵᠥ ᠪᠠᠶᠢᠭ᠎ᠠ ᠰᠢᠨᠵᠢᠯᠡᠬᠦ ᠤᠬᠠᠭᠠᠨ ᠮᠡᠷᠬᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠲᠠᠢ ᠪᠠᠶᠢᠵᠤ᠂ ᠶᠡᠷᠤᠩᠬᠡᠢ ᠬᠠᠳᠠᠭᠠᠯᠠᠮᠵᠢ ᠮᠥᠨ ᠨᠡᠯᠢᠶᠡᠳ ᠦᠨᠳᠤᠷ ᠲᠦᠪᠰᠢᠨ ᠳᠤ ᠪᠠᠶᠢᠨ᠎ᠠ᠃ ᠮᠠᠨ ᠤ ᠤᠯᠤᠰ ᠤᠨ ᠬᠦᠮᠥᠨ ᠤ ᠬᠦᠴᠦᠨ ᠤ ᠬᠦᠷᠦᠩᠬᠡ ᠪᠠᠶᠠᠯᠢᠭ᠂ ᠬᠦᠳᠡᠯᠮᠤᠷᠢ ᠬᠦᠴᠦᠨ ᠤ ᠬᠠᠷᠢᠴᠠᠭᠤᠯᠤᠭᠰᠠᠠ ᠲᠠᠪᠠᠭᠤᠯᠢᠭ ᠮᠥᠨ ᠢᠯᠡᠳᠲᠡ ᠪᠠᠶᠢᠨ᠎ᠠ᠃ ᠮᠠᠨ ᠤ ᠤᠯᠤᠰ ᠤᠨ ᠠᠵᠥ ᠠᠬᠤᠢ ᠶᠢᠨ ᠬᠦᠭᠵᠢᠯᠳᠡ ᠡᠷᠡᠬᠦᠯ ᠲᠤᠭᠳᠠᠭᠤᠨ ᠪᠠᠶᠢᠬᠤ ᠦᠨᠳᠦᠰᠦᠨ ᠪᠠᠶᠢᠲᠠᠯ ᠬᠤᠪᠢᠷᠠᠭ᠎ᠠ ᠦᠭᠡᠢ᠂ ᠴᠢᠨᠠᠷ ᠰᠠᠶᠢᠳᠠᠢ ᠬᠦᠭᠵᠢᠯᠳᠡ ᠶᠢ ᠲᠤᠯᠭᠠᠭᠤᠷᠢᠯᠠᠬᠤ ᠦᠢᠯᠡᠳᠪᠤᠷᠢᠯᠡᠯ ᠤᠨ ᠴᠢᠬᠤᠯᠠ ᠡᠯᠧᠮᠧᠨ᠋ᠲ ᠤᠨ ᠨᠦᠬᠦᠴᠡᠯ ᠬᠤᠪᠢᠷᠠᠭ᠎ᠠ ᠦᠭᠡᠢ᠂ ᠤᠷᠳᠤ ᠬᠤᠭᠤᠴᠠᠭ᠎ᠠ ᠪᠠᠷ ᠲᠤᠭᠳᠠᠭᠤᠨ ᠤ ᠲᠤᠮᠳᠠ ᠰᠠᠶᠢᠵᠢᠷᠠᠬᠤ ᠶᠡᠷᠤᠩᠬᠡᠢ ᠬᠠᠨᠳᠤᠰᠢ ᠬᠤᠪᠢᠷᠠᠭ᠎ᠠ ᠦᠭᠡᠢ᠃ ᠪᠢᠳᠡᠨ ᠳᠤ ᠨᠠᠮ ᠤᠨ ᠪᠠᠳᠤ ᠴᠢᠩᠭ᠎ᠠ ᠤᠳᠤᠷᠢᠳᠤᠯᠭ᠎ᠠ ᠲᠠᠢ᠂ ᠬᠦᠴᠦᠨ ᠢᠶᠠᠨ ᠲᠦᠪᠯᠡᠷᠡᠬᠦᠯᠥᠨ ᠶᠡᠭᠡ ᠶᠠᠪᠤᠳᠠᠯ ᠢ ᠪᠦᠳᠦᠬᠡᠬᠦ ᠤᠯᠤᠰ ᠲᠦᠷᠦ ᠶᠢᠨ ᠲᠠᠪᠠᠭᠤᠯᠢᠭ ᠲᠠᠢ᠂ ᠦᠭᠡᠷᠡᠴᠢᠯᠡᠯᠳᠡ ᠶᠢ ᠪᠦᠬᠦ ᠲᠡᠯ᠎ᠡ ᠪᠠᠷ ᠬᠦᠨᠵᠡᠬᠡᠶᠢᠷᠡᠬᠦᠯᠵᠤ ᠪᠠᠶᠢᠭ᠎ᠠ ᠠᠴᠠ ᠬᠦᠭᠵᠢᠯᠳᠡ ᠶᠢᠨ ᠬᠦᠳᠡᠯᠬᠡᠬᠦ ᠬᠦᠴᠦᠨ ᠢ ᠲᠠᠰᠤᠷᠠᠯᠳᠡ ᠦᠭᠡᠢ ᠬᠦᠭᠵᠢᠭᠡᠵᠤ᠂ ᠬᠤᠷᠸ᠎ᠠ ᠡᠵᠡᠮᠰᠢᠯ ᠲᠤᠬᠢᠷᠠᠭᠤᠯᠭ᠎ᠠ ᠶᠢᠨ ᠴᠢᠳᠠᠪᠤᠷᠢ ᠶᠢ ᠲᠠᠰᠤᠷᠠᠯᠳᠡ ᠦᠭᠡᠢ ᠴᠢᠩᠭᠠᠷᠠᠭᠤᠯᠵᠤ ᠪᠠᠶᠢᠨ᠎ᠠ᠃ ᠪᠢᠳᠡ ᠪᠠᠶᠢᠯᠳᠤᠬᠤ ᠪᠤᠳᠤᠯᠭ᠎ᠠ ᠶᠢᠨ ᠲᠤᠭᠳᠠᠯ ᠬᠦᠴᠦᠨ ᠢᠶᠠᠨ ᠪᠠᠳᠤᠯᠠᠵᠥ᠂ ᠲᠤᠭᠳᠠᠭᠤᠨ ᠤ ᠲᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠤᠩᠬᠡᠢ ᠬᠦᠰ ᠠᠶᠠᠰ ᠢ ᠪᠠᠷᠢᠮᠳᠠᠯᠠᠵᠥ᠂ ᠬᠠᠩᠭᠠᠯᠭ᠎ᠠ ᠶᠢᠨ ᠲᠡᠯ᠎ᠡ ᠶᠢᠨ ᠪᠦᠳᠦᠴᠡ ᠶᠢᠨ ᠴᠢᠨᠠᠷᠳᠠᠢ ᠦᠬᠡᠷᠡᠴᠢᠯᠡᠯᠳᠡ ᠪᠠᠷ ᠭᠤᠤᠯ ᠱᠤᠭᠤᠮ ᠪᠤᠯᠭᠠᠵᠥ᠂ ᠦᠭᠡᠷᠡᠴᠢᠯᠡᠯᠳᠡ ᠨᠡᠭᠡᠭᠡᠯᠲᠡ ᠶᠢ ᠪᠦᠬᠦ ᠲᠡᠯ᠎ᠡ ᠪᠠᠷ ᠬᠦᠨᠵᠡᠬᠡᠶᠢᠷᠡᠬᠦᠯᠳᠡᠭ ᠯᠡ ᠶᠤᠮ ᠪᠤᠯ ᠮᠠᠨ ᠤ ᠤᠯᠤᠰ ᠤᠨ ᠠᠵᠥ ᠠᠬᠤᠢ ᠯᠠᠪᠳᠠᠢ ᠴᠢᠨᠠᠷ ᠰᠠᠶᠢᠳᠠᠢ ᠬᠦᠭᠵᠢᠯᠳᠡ ᠶᠢᠨ ᠵᠠᠮ ᠳᠤ ᠲᠦᠷᠬᠡᠨ ᠰᠢᠯᠵᠢᠵᠥ᠂ ᠨᠡᠩ ᠬᠡᠷᠡᠯ ᠰᠠᠴᠤᠷᠠᠩᠭᠤᠢ ᠬᠦᠭᠵᠢᠯᠳᠡ ᠶᠢᠨ ᠢᠷᠡᠬᠡᠳᠤᠢ ᠪᠠᠨ ᠤᠬᠳᠤᠬᠤ ᠶᠤᠮ ᠬᠡᠵᠥ ᠴᠢᠬᠤᠯᠠᠴᠢᠯᠠᠪᠠ᠃      ᠰᠢ ᠶᠢᠨ ᠫᠢᠩ᠂ ᠮᠠᠨ ᠤ ᠤᠯᠤᠰ ᠤᠨ ᠠᠵᠤ ᠠᠬᠤᠢ ᠶᠢᠨ ᠬᠦᠭᠵᠢᠯᠳᠠ ᠶᠢᠨ ᠠᠬᠢᠴᠠ ᠲᠤᠮᠲᠠ᠂ ᠠᠷᠠᠳ ᠤᠨ ᠡᠵᠡᠩᠨᠡᠯᠳᠠ ᠶᠢᠨ ᠠᠵᠤ ᠠᠬᠤᠢ ᠳᠤ ᠲᠠᠰᠤᠷᠠᠯᠳᠠ ᠦᠬᠡᠢ ᠪᠠᠷ ᠨᠡᠩ ᠰᠠᠶᠢᠨ ᠬᠦᠭᠵᠢᠯᠳᠠ ᠶᠢᠨ ᠤᠷᠴᠢᠨ ᠲᠤᠭᠤᠷᠢᠨ ᠢ ᠪᠤᠢ ᠪᠤᠯᠭᠠᠨ ᠦᠭᠴᠤ᠂ ᠠᠷᠠᠳ ᠤᠨ ᠡᠵᠡᠩᠨᠠᠯᠳᠠ ᠶᠢᠨ ᠠᠵᠤ ᠠᠬᠤᠢ ᠶᠢ ᠬᠠᠪᠰᠤᠷᠤᠨ ᠬᠦᠭᠵᠢᠯᠳᠠ ᠶᠢᠨ ᠶᠠᠪᠤᠴᠠ ᠳᠠᠬᠢ ᠬᠦᠴᠢᠷᠳᠠᠯ ᠢ ᠨᠢ ᠰᠢᠢᠳᠪᠤᠷᠢᠯᠠᠨ ᠦᠭᠴᠤ᠂ ᠲᠠᠷᠤᠯᠳᠠ ᠶᠢ ᠬᠦᠳᠡᠯᠬᠡᠬᠦ ᠬᠦᠴᠤᠨ ᠪᠤᠯᠭᠠᠨ ᠬᠤᠪᠢᠷᠠᠭᠤᠯᠵᠤ᠂ ᠠᠷᠠᠳ ᠤᠨ ᠡᠵᠡᠩᠨᠠᠯᠳᠠ ᠶᠢᠨ ᠠᠵᠤ ᠠᠬᠤᠢ ᠶᠢᠨ ᠰᠢᠨ᠎ᠠ ᠶᠢ ᠡᠬᠦᠳᠬᠦ ᠡᠬᠢ ᠪᠤᠯᠠᠬ ᠢ ᠬᠦᠢᠴᠡᠳ ᠪᠤᠷᠬᠢᠯᠠᠭᠤᠯᠵᠤ᠂ ᠠᠷᠠᠳ ᠤᠨ ᠡᠵᠡᠩᠨᠠᠯᠳᠠ ᠶᠢᠨ ᠠᠵᠤ ᠠᠬᠤᠢ ᠶᠢᠨ ᠡᠬᠦᠳᠤᠯᠳᠠ ᠶᠢᠨ ᠠᠮᠢᠵᠢᠷᠠᠯ ᠤᠨ ᠬᠦᠴᠤᠨ ᠢ ᠬᠦᠢᠴᠡᠳ ᠬᠦᠭᠵᠢᠬᠡᠬᠦ ᠭᠡᠷᠡᠭᠳᠠᠢ᠃ ᠤᠳᠤᠬᠠᠨ ᠳᠤ 6 ᠲᠠᠯ᠎ᠠ ᠶᠢᠨ ᠲᠦᠷᠤ ᠶᠢᠨ ᠪᠤᠳᠤᠯᠭ᠎ᠠ ᠠᠷᠭ᠎ᠠ ᠬᠡᠮᠵᠢᠶ᠎ᠠ ᠶᠢ ᠨᠠᠶᠢᠳᠠᠪᠤᠷᠢᠵᠢᠭᠤᠯᠬᠤ ᠭᠡᠷᠡᠭᠳᠠᠢ᠃ ᠨᠢᠬᠡ ᠳᠤ ᠠᠵᠤ ᠠᠬᠤᠶᠢᠯᠠᠯ ᠤᠨ ᠭᠠᠶᠢᠯᠢ ᠰᠦᠢᠳᠬᠡᠯ ᠤᠨ ᠲᠠᠷᠤᠭᠠᠰᠤ ᠶᠢ ᠬᠦᠩᠬᠡᠷᠡᠬᠦᠯᠬᠦ ᠭᠡᠷᠡᠭᠳᠠᠢ᠃ ᠬᠠᠩᠭᠠᠯᠭ᠎ᠠ ᠶᠢᠨ ᠲᠠᠯ᠎ᠠ ᠶᠢᠨ ᠪᠦᠳᠤᠴᠠ ᠶᠢᠨ ᠴᠢᠨᠠᠷᠳᠠᠢ ᠦᠬᠡᠷᠡᠴᠢᠯᠠᠯᠳᠠ ᠪᠠᠷ ᠦᠪᠡᠷ ᠤᠨ ᠦᠷᠳᠡᠭ ᠢ ᠪᠠᠭᠤᠷᠠᠭᠤᠯᠬᠤ ᠠᠵᠢᠯᠯᠠᠭ᠎ᠠ ᠶᠢᠨ ᠡᠯ᠎ᠠ ᠵᠦᠢᠯ ᠤᠨ ᠠᠵᠢᠯ ᠢ ᠰᠠᠶᠢᠳᠤᠷ ᠠᠳᠬᠤᠵᠤ᠂ ᠨᠡᠮᠡᠭᠳᠡᠯ ᠦᠷᠳᠡᠭ ᠵᠡᠷᠬᠡ ᠪᠤᠳᠠᠳᠤ ᠴᠢᠨᠠᠷᠳᠠᠢ ᠭᠠᠶᠢᠯᠢ ᠶᠢ ᠬᠠᠰᠤᠬᠤ ᠠᠵᠢᠯ ᠢ ᠠᠬᠢᠭᠤᠯᠵᠤ᠂ ᠪᠠᠭ᠎ᠠ ᠵᠢᠵᠢᠭ ᠠᠵᠤ ᠠᠬᠤᠶᠢᠢᠯᠠᠯ᠂ ᠰᠢᠨᠵᠢᠯᠡᠬᠦ ᠤᠬᠠᠭᠠᠨ ᠮᠡᠷᠬᠡᠵᠢᠯ ᠤᠨ ᠮᠠᠶ᠋ᠢᠬ ᠤᠨ ᠠᠩᠬ᠎ᠠ ᠪᠠᠶᠢᠭᠤᠯᠵᠤ ᠪᠠᠶᠢᠭ᠎ᠠ ᠠᠵᠤ ᠠᠬᠤᠶᠢᠢᠯᠠᠯ ᠳᠤ ᠨᠡᠶᠢᠳᠡᠮ ᠬᠠᠷᠭᠠᠯᠵᠠᠬᠤ ᠴᠢᠨᠠᠷᠳᠠᠢ ᠭᠠᠶᠢᠯᠢ ᠠᠴᠠ ᠭᠡᠯᠳᠤᠷᠢᠬᠦᠯᠬᠦ ᠲᠦᠷᠤ ᠶᠢᠨ ᠪᠤᠳᠤᠯᠭ᠎ᠠ ᠶᠢ ᠭᠡᠷᠡᠭᠵᠢᠬᠦᠯᠵᠤ ᠪᠤᠯᠤᠨ᠎ᠠ ᠂ ᠪᠤᠳᠠᠳᠠᠢ ᠪᠠᠶᠢᠳᠠᠯ ᠢ ᠦᠨᠳᠤᠰᠤᠯᠠᠨ ᠨᠡᠶᠢᠬᠡᠮ ᠤᠨ ᠲᠠᠭᠠᠳᠬᠠᠯ ᠤᠨ ᠰᠦᠢᠳᠬᠡᠯ ᠳᠤ ᠬᠠᠷᠢᠶᠠᠯᠠᠬᠳᠠᠬᠤ ᠰᠦᠢᠳᠭᠡᠯ ᠤᠨ ᠨᠤᠷᠮ᠎ᠠ ᠶᠢ ᠪᠠᠭᠤᠷᠠᠭᠤᠯᠵᠤ᠂ ᠵᠠᠰᠠᠬ ᠵᠠᠬᠢᠷᠭᠠᠨ ᠤ ᠬᠢᠨᠠᠨ ᠵᠦᠪᠰᠢᠶᠡᠷᠡᠬᠦ ᠲᠦᠷᠤᠯ ᠵᠦᠢᠯ ᠪᠤᠯᠤᠨ ᠠᠵᠤ ᠠᠬᠤᠶᠢᠯᠠᠯ ᠳᠤ ᠬᠤᠯᠪᠤᠬᠳᠠᠬᠤ ᠰᠦᠢᠳᠭᠡᠯ ᠢ ᠴᠡᠭᠴᠡᠯᠡᠨ ᠴᠡᠪᠡᠷᠯᠡᠬᠦ ᠪᠤᠶᠤ ᠴᠤᠮᠬᠠᠳᠬᠠᠵᠤ ᠭᠡᠷᠡᠭᠳᠠᠢ᠃ ᠬᠤᠶᠠᠷ ᠲᠤ ᠠᠷᠠᠳ ᠤᠨ ᠡᠵᠡᠩᠨᠠᠯᠳᠠ ᠶᠢᠨ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠳᠤ ᠬᠦᠴᠢᠷ᠂ ᠪᠡᠯᠡ ᠬᠤᠷᠠᠮᠳᠤᠭᠤᠯᠬᠤ ᠳᠤ ᠦᠨᠡᠨᠳᠠᠢ ᠪᠠᠶᠢᠭ᠎ᠠ ᠠᠰᠠᠭᠤᠳᠠᠯ ᠢ ᠰᠢᠢᠳᠪᠤᠷᠢᠯᠡᠬᠦ ᠭᠡᠷᠡᠭᠳᠠᠢ᠃ ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢᠨ ᠬᠢᠨᠠᠨ ᠬᠠᠮᠢᠶᠠᠷᠴᠤ ᠰᠢᠯᠭᠠᠨ ᠪᠠᠶᠢᠴᠠᠭᠠᠬᠤ ᠪᠠ ᠳᠤᠳᠤᠭᠠᠳᠤ ᠶᠢᠨ ᠵᠤᠷᠢᠬᠵᠢᠭᠤᠯᠬᠤ ᠲᠤᠭᠳᠠᠴᠠ ᠳᠤ ᠦᠬᠡᠷᠡᠴᠢᠯᠠᠯᠳᠠ ᠬᠢᠬᠦ ᠪᠠ ᠲᠡᠬᠦᠯᠳᠡᠵᠢᠬᠦᠯᠵᠤ᠂ ᠮᠦᠩᠬᠦᠨ ᠬᠦᠢᠯᠬᠡᠬᠡᠨ ᠤ ᠵᠠᠬ᠎ᠠ ᠲᠡᠯᠬᠡᠬᠦᠷ ᠲᠤ ᠤᠷᠤᠬᠤ ᠶᠢ ᠵᠦᠪᠰᠢᠶᠡᠷᠡᠬᠦ ᠶᠢ ᠦᠷᠬᠡᠳᠬᠡᠵᠤ᠂ ᠠᠷᠠᠳ ᠤᠨ ᠡᠵᠡᠩᠨᠠᠯᠳᠠ ᠶᠢᠨ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠠᠷᠭ᠎ᠠ ᠵᠠᠮ ᠢ ᠦᠷᠬᠡᠳᠬᠡᠵᠤ᠂ ᠠᠵᠤ ᠠᠬᠤᠢ ᠶᠢᠨ ᠪᠦᠳᠤᠴᠠ ᠶᠢ ᠰᠢᠯᠢᠳᠡᠭᠵᠢᠬᠦᠯᠤᠨ ᠲᠡᠰ ᠲᠡᠪᠰᠢᠬᠦᠯᠬᠦ ᠴᠢᠭᠯᠡᠯ ᠳᠤ ᠨᠡᠶᠢᠴᠡᠬᠦ᠂ ᠬᠦᠭᠵᠢᠯᠲᠡ ᠶᠢᠨ ᠢᠷᠡᠭᠡᠳᠦᠢ ᠲᠠᠢ ᠠᠷᠠᠳ ᠤᠨ ᠡᠵᠡᠩᠨᠠᠯᠳᠠ ᠶᠢᠨ ᠠᠵᠤ ᠠᠬᠤᠶᠢᠯᠠᠯ ᠳᠤ ᠴᠢᠬᠤᠯᠠ ᠪᠦᠬᠦᠢ ᠡᠳ᠋ ᠤᠨ ᠵᠠᠰᠠᠬ ᠤᠨ ᠲᠤᠰᠠᠯᠠᠮᠵᠢ ᠬᠠᠩᠭᠠᠵᠤ᠂ ᠮᠤᠵᠢ ᠶᠢᠨ ᠲᠡᠰ ᠤᠨ ᠵᠠᠰᠠᠬ ᠤᠨ ᠤᠷᠳᠤᠨ ᠪᠤᠯᠤᠨ ᠲᠤᠰᠠᠭᠠᠷ ᠲᠦᠯᠤᠪᠯᠡᠬᠡᠳᠤ ᠬᠤᠳᠠ ᠶᠢᠨ ᠬᠢᠨ ᠦᠪᠡᠷ ᠢᠶᠠᠨ ᠪᠡᠯᠡ ᠮᠦᠩᠬᠦ ᠬᠤᠷᠠᠮᠳᠤᠭᠤᠯᠵᠤ ᠲᠦᠷᠤ ᠶᠢᠨ ᠪᠤᠳᠤᠯᠭ᠎ᠠ ᠶᠢᠨ ᠴᠢᠨᠠᠷᠳᠠᠢ ᠲᠤᠰᠠᠯᠠᠮᠵᠢ ᠶᠢᠨ ᠰᠠᠭᠤᠷᠢ ᠮᠦᠩᠬᠦ ᠪᠠᠶᠢᠭᠤᠯᠵᠤ ᠪᠤᠯᠤᠨ᠎ᠠ᠂ ᠵᠠᠷᠢᠮ ᠵᠠᠰᠠᠬ ᠤᠨ ᠤᠷᠳᠤᠨ ᠤ ᠰᠠᠯᠠᠭ᠎ᠠ ᠮᠦᠴᠢᠷ᠂ ᠲᠤᠮᠤ ᠠᠵᠤ ᠠᠬᠤᠶᠢᠯᠠᠯ ᠲᠠᠪᠠᠭᠤᠯᠢᠬ ᠪᠠᠶᠢᠷᠢ ᠰᠠᠭᠤᠷᠢ ᠪᠠᠨ ᠠᠰᠢᠬᠯᠠᠵᠤ ᠶᠡᠭᠡ ᠨᠢ ᠪᠠᠭ᠎ᠠ ᠪᠠᠨ ᠲᠠᠷᠤᠯᠠᠬᠤ᠂ ᠠᠷᠠᠳ ᠤᠨ ᠡᠵᠡᠩᠨᠠᠯᠳᠠ ᠶᠢᠨ ᠠᠵᠤ ᠠᠬᠤᠶᠢᠯᠠᠯ ᠳᠤ ᠦᠷᠢᠳᠤᠬᠦ ᠠᠵᠢᠯᠯᠠᠭ᠎ᠠ ᠶᠢ ᠵᠠᠯᠠᠷᠠᠭᠤᠯᠬᠤ ᠭᠡᠷᠡᠭᠳᠠᠢ᠃ ᠭᠤᠷᠪᠠ ᠳᠤ ᠡᠷᠬᠡ ᠲᠡᠭᠰᠢ ᠪᠠᠷ ᠦᠷᠢᠰᠤᠯᠳᠤᠬᠦ ᠤᠷᠴᠢᠨ ᠲᠤᠭᠤᠷᠢᠨ ᠢ ᠪᠤᠢ ᠪᠤᠯᠭᠠᠬᠤ ᠭᠡᠷᠡᠭᠳᠠᠢ᠃ ᠡᠯ᠎ᠠ ᠵᠦᠢᠯ ᠤᠨ ︽ᠡᠪᠬᠡᠮᠡᠯ ᠬᠠᠭᠠᠯᠭ᠎ᠠ︾᠂ ︽ᠰᠢᠯ ᠬᠠᠭᠠᠯᠭ᠎ᠠ︾ ︽ᠡᠷᠬᠢᠯᠳᠤᠬᠡ ᠬᠠᠭᠠᠯᠭ᠎ᠠ︾ ᠶᠢ ᠡᠪᠳᠡᠵᠤ᠂ ᠵᠠᠬ᠎ᠠ ᠲᠡᠯᠬᠡᠬᠦᠷ ᠲᠤ ᠤᠷᠤᠬᠤ ᠶᠢ ᠵᠦᠪᠰᠢᠶᠡᠷᠡᠬᠦ᠂ ᠬᠢᠨᠠᠨ ᠵᠦᠪᠰᠢᠶᠡᠷᠡᠬᠦ᠂ ᠡᠵᠡᠩᠨᠠᠬᠦ᠂ ᠲᠠᠭᠠᠭᠠᠴᠢᠯᠠᠯᠳᠠ ᠵᠠᠷᠯᠠᠬᠤ ᠪᠠ ᠲᠠᠭᠠᠭᠠᠴᠢᠯᠠᠯᠳᠠ ᠬᠦᠯᠢᠶᠡᠬᠦ᠂ ᠴᠡᠷᠢᠭ ᠠᠷᠠᠳ ᠤᠨ ᠭᠡᠷᠡᠭᠯᠡᠭᠡ ᠶᠢ ᠠᠭᠤᠰᠤᠯᠴᠠᠭᠤᠯᠤᠨ ᠬᠦᠭᠵᠢᠬᠦᠯᠬᠦ ᠵᠡᠷᠬᠡ ᠲᠠᠯ᠎ᠠ ᠪᠠᠷ᠂ ᠠᠷᠠᠳ ᠤᠨ ᠡᠵᠡᠩᠨᠠᠯᠳᠠ ᠶᠢᠨ ᠠᠵᠤ ᠠᠬᠤᠶᠢᠯᠠᠯ ᠳᠤ ᠡᠷᠬᠡ ᠲᠡᠭᠰᠢ ᠪᠠᠷ ᠦᠷᠢᠰᠤᠯᠳᠤᠬᠦ ᠤᠷᠴᠢᠨ ᠲᠤᠭᠤᠷᠢᠨ ᠢ ᠪᠤᠢ ᠪᠤᠯᠭᠠᠵᠤ ᠦᠭᠬᠦ ᠭᠡᠷᠡᠭᠳᠠᠢ᠃ ᠲᠦᠷᠪᠡ ᠳᠤ ᠲᠦᠷᠤ ᠶᠢᠨ ᠪᠤᠳᠤᠯᠭ᠎ᠠ ᠶᠢ ᠭᠡᠷᠡᠭᠵᠢᠬᠦᠯᠬᠦ ᠠᠷᠭ᠎ᠠ ᠪᠠᠷᠢᠯ ᠢ ᠲᠡᠬᠦᠯᠳᠡᠷᠵᠢᠬᠦᠯᠬᠦ ᠭᠡᠷᠡᠭᠳᠠᠢ᠃ ᠲᠦᠷᠤ ᠶᠢᠨ ᠪᠤᠳᠤᠯᠭ᠎ᠠ ᠶᠢᠨ ᠵᠤᠬᠢᠴᠠᠭᠤᠯᠬᠤ ᠴᠢᠨᠠᠷ ᠢ ᠴᠢᠩᠭᠠᠳᠬᠠᠵᠤ᠂ ᠬᠤᠯᠪᠤᠬᠳᠠᠯ ᠪᠦᠬᠦᠢ ᠲᠦᠬᠦᠷᠵᠢᠭᠰᠡᠡ ᠠᠷᠭ᠎ᠠ ᠬᠡᠮᠵᠢᠶ᠎ᠠ ᠶᠢ ᠲᠤᠭᠳᠠᠭᠠᠵᠤ᠂ ᠡᠯ᠎ᠠ ᠵᠦᠢᠯ ᠤᠨ ᠲᠦᠷᠤ ᠶᠢᠨ ᠪᠤᠳᠤᠯᠭ᠎ᠠ ᠶᠢ ᠪᠤᠳᠠᠳᠠᠢ ᠨᠠᠷᠢᠯᠢᠬ ᠨᠠᠶᠢᠳᠠᠪᠤᠷᠢᠵᠢᠭᠤᠯᠵᠤ᠂ ᠠᠷᠠᠳ ᠤᠨ ᠡᠵᠡᠩᠨᠠᠯᠳᠠ ᠶᠢᠨ ᠠᠵᠤ ᠠᠬᠤᠶᠢᠯᠠᠯ ᠢ ᠲᠦᠷᠤ ᠶᠢᠨ ᠪᠤᠳᠤᠯᠭ᠎ᠠ ᠶᠢ ᠭᠡᠷᠡᠭᠵᠢᠬᠦᠯᠬᠦ ᠶᠠᠪᠤᠴᠠ ᠲᠤᠮᠲᠠ ᠠᠴᠠ ᠬᠦᠷᠳᠡᠮᠵᠢ ᠶᠢᠨ ᠲᠦᠷᠦᠭᠳᠡᠯ ᠤᠯᠭᠤᠬᠤ ᠭᠡᠷᠡᠭᠳᠠᠢ᠃ ᠦᠯᠡᠭᠦᠤ ᠤᠶᠢᠯᠡᠳᠪᠤᠷᠢᠯᠠᠯ ᠤᠨ ᠴᠢᠳᠠᠪᠤᠷᠢ ᠶᠢ ᠪᠠᠭᠠᠰᠬᠠᠬᠤ᠂ ᠬᠦᠰᠢᠬᠦᠷᠬᠡ ᠶᠢ ᠪᠠᠭᠠᠰᠬᠠᠬᠤ ᠳᠤ ᠡᠯ᠎ᠠ ᠵᠦᠢᠯ ᠤᠨ ᠦᠮᠴᠢᠯᠠᠯ ᠤᠨ ᠠᠵᠤ ᠠᠬᠤᠶᠢᠯᠠᠯ ᠳᠤ ᠠᠳᠠᠯᠢ ᠪᠠᠷᠢᠮᠵᠢᠶ᠎ᠠ ᠭᠡᠷᠡᠭᠵᠢᠬᠦᠯᠵᠤ᠂ ᠠᠶᠤᠯᠬᠦᠢ ᠦᠢᠯᠡᠳᠪᠦᠷᠢᠯᠡᠯ ᠤᠨ ᠬᠢᠨᠠᠯᠳᠠ᠂ ᠤᠷᠴᠢᠨ ᠲᠤᠭᠤᠷᠢᠨ ᠤ ᠬᠠᠮᠠᠭᠠᠯᠠᠯᠳᠠ ᠵᠡᠷᠬᠡ ᠬᠦᠷᠢᠶᠠᠨ ᠤ ᠪᠢᠴᠢᠯ ᠬᠠᠤᠯᠢ ᠭᠡᠷᠡᠭᠵᠢᠬᠦᠯᠬᠦ ᠶᠠᠪᠤᠴᠠ ᠳᠤ ᠲᠦᠬᠦᠮ ᠲᠦᠲᠡ ᠪᠠᠷ ︽ᠨᠢᠬᠡ ᠯᠡ ᠠᠳᠠᠯᠢ ᠪᠤᠯᠭᠠᠬᠤ︾ ᠠᠴᠠ ᠵᠠᠶᠢᠯᠠᠰᠬᠢᠬᠦ ᠭᠡᠷᠡᠭᠳᠠᠢ᠃ ᠲᠠᠪᠤ ᠳᠤ ᠲᠤᠳᠤᠨᠤ ᠴᠢᠬᠡᠴᠢ ᠰᠢᠨ᠎ᠠ ᠮᠠᠶ᠋ᠢᠬ ᠤᠨ ᠵᠠᠰᠠᠬ ᠬᠤᠳᠠᠯᠳᠤᠭᠠᠨ ᠤ ᠬᠠᠷᠢᠴᠠᠭ᠎ᠠ ᠶᠢ ᠪᠠᠶᠢᠭᠤᠯᠬᠤ ᠭᠡᠷᠡᠭᠳᠠᠢ᠃ ᠡᠯ᠎ᠠ ᠱᠠᠳᠤᠨ ᠤ ᠨᠠᠮ ᠤᠨ ᠬᠤᠷᠢᠶ᠎ᠠ ᠪᠤᠯᠤᠨ ᠵᠠᠰᠠᠬ ᠤᠨ ᠤᠷᠳᠤᠨ ᠲᠤᠳᠤᠨᠤ ᠴᠢᠬᠡᠴᠢ ᠰᠢᠨ᠎ᠠ ᠮᠠᠶ᠋ᠢᠬ ᠤᠨ ᠵᠠᠰᠠᠬ ᠬᠤᠳᠠᠯᠳᠤᠭᠠᠨ ᠤ ᠬᠠᠷᠢᠴᠠᠭ᠎ᠠ ᠶᠢ ᠪᠠᠶᠢᠭᠤᠯᠬᠤ ᠱᠠᠭᠠᠷᠳᠠᠯᠭ᠎ᠠ ᠶᠢ ᠪᠤᠳᠠᠳᠠᠢ ᠨᠠᠶᠢᠳᠠᠪᠤᠷᠢᠵᠢᠭᠤᠯᠵᠤ᠂ ᠠᠷᠠᠳ ᠤᠨ ᠡᠵᠡᠩᠨᠠᠯᠳᠠ ᠶᠢᠨ ᠠᠵᠤ ᠠᠬᠤᠶᠢᠯᠠᠯ ᠤᠨ ᠬᠦᠭᠵᠢᠯᠳᠠ ᠶᠢ ᠲᠡᠮᠵᠢᠬᠦ ᠶᠢ ᠴᠢᠬᠤᠯᠠ ᠡᠬᠦᠷᠬᠡ ᠪᠤᠯᠭᠠᠵᠤ᠂ ᠨᠡᠩ ᠶᠡᠭᠡ ᠴᠠᠬ ᠬᠦᠴᠤᠨ ᠵᠠᠷᠤᠴᠠᠭᠤᠯᠵᠤ ᠪᠠᠶᠢᠭᠠᠳ ᠠᠷᠠᠳ ᠤᠨ ᠡᠵᠡᠩᠨᠠᠯᠳᠠ ᠶᠢᠨ ᠠᠵᠤ ᠠᠬᠤᠶᠢᠯᠠᠯ ᠤᠨ ᠬᠦᠭᠵᠢᠯᠳᠠ᠂ ᠠᠷᠠᠳ ᠤᠨ ᠡᠵᠡᠩᠨᠠᠯᠳᠠ ᠶᠢᠨ ᠠᠵᠤ ᠠᠬᠤᠶᠢᠯᠠᠯᠳᠠᠠ ᠤ ᠦᠰᠦᠯᠲᠡ ᠪᠤᠶᠢᠵᠢᠯᠳᠠ ᠶᠢ ᠬᠠᠯᠠᠮᠵᠢᠯᠠᠵᠤ᠂ ᠠᠷᠠᠳ ᠤᠨ ᠡᠵᠡᠩᠨᠠᠯᠳᠠ ᠶᠢᠨ ᠠᠵᠤ ᠠᠬᠤᠶᠢᠯᠠᠯ ᠤᠨ ᠲᠤᠰᠬᠠᠯ ᠪᠤᠯᠤᠨ ᠭᠤᠮᠤᠳᠠᠯ ᠢ ᠦᠷᠬᠦᠯᠵᠢ ᠰᠤᠨᠤᠰᠴᠤ᠂ ᠢᠯᠠᠩᠭᠤᠶ᠎ᠠ ᠠᠷᠠᠳ ᠤᠨ ᠡᠵᠡᠩᠨᠠᠯᠳᠠ ᠶᠢᠨ ᠠᠵᠤ ᠠᠬᠤᠶᠢᠯᠠᠯ ᠬᠦ᠋ᠴᠢᠷᠳᠠᠯ ᠪᠤᠯᠤᠨ ᠠᠰᠠᠭᠤᠳᠠᠯ ᠳᠤ ᠲᠤᠯᠭᠠᠷᠠᠬᠰᠠᠨ ᠪᠠᠶᠢᠳᠠᠯ ᠲᠤᠤᠷ᠎ᠠ ᠨᠡᠩ ᠢᠳᠡᠪᠬᠢᠳᠠᠢ ᠠᠵᠢᠯ ᠬᠢᠵᠤ᠂ ᠢᠳᠡᠪᠬᠢᠳᠠᠢ ᠤᠶᠢᠯᠡᠴᠢᠯᠠᠵᠤ᠂ ᠪᠤᠳᠠᠳᠠᠢ ᠬᠦᠴᠢᠷᠳᠠᠯ ᠢ ᠨᠢ ᠬᠠᠪᠰᠤᠷᠤᠨ ᠰᠢᠢᠳᠪᠤᠷᠢᠯᠠᠵᠤ ᠦᠭᠬᠦ ᠭᠡᠷᠡᠭᠳᠠᠢ᠃ ᠶᠠᠷᠢᠶ᠎ᠠ ᠬᠡᠯᠡᠯᠴᠡᠭᠡ ᠪᠠᠷ ᠬᠦᠲᠦᠯᠦᠨ ᠲᠠᠭᠠᠭᠤᠯᠬᠤ ᠪᠠᠨ ᠴᠢᠩᠭᠠᠳᠬᠠᠵᠤ᠂ ᠨᠠᠮ ᠪᠤᠯᠤᠨ ᠤᠯᠤᠰ ᠤᠨ ᠶᠡᠭᠡ ᠪᠤᠳᠤᠯᠭ᠎ᠠ ᠴᠢᠭᠯᠡᠯᠳᠠ ᠶᠢ ᠵᠦᠪ ᠤᠨᠤᠪᠴᠢᠲᠠᠢ ᠤᠬᠠᠭᠤᠯᠵᠤ᠂ ᠵᠠᠷᠢᠮ ᠪᠤᠷᠤᠭᠤ ᠦᠬᠡ ᠶᠠᠷᠢᠶ᠎ᠠ ᠶᠢ ᠴᠠᠬ ᠲᠤᠬᠠᠢ ᠳᠤᠨᠢ ᠢᠯᠭᠠᠨ ᠲᠤᠲᠤᠯᠠᠵᠤ ᠵᠠᠯᠠᠷᠠᠭᠤᠯᠬᠤ ᠭᠡᠷᠡᠭᠳᠠᠢ᠃ ᠵᠢᠷᠭᠤᠭ᠎ᠠ ᠳᠤ ᠠᠵᠤ ᠠᠬᠤᠶᠢᠯᠠᠯᠳᠠᠨ ᠤ ᠠᠮᠢ ᠨᠠᠰᠤ ᠡᠳ᠋ ᠬᠦᠷᠤᠩᠬᠡ ᠶᠢᠨ ᠠᠮᠤᠷ ᠲᠦᠪᠰᠢᠨ ᠢ ᠬᠠᠮᠠᠭᠠᠯᠠᠬᠤ ᠭᠡᠷᠡᠭᠳᠠᠢ ᠃ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨ ᠬᠠᠷᠢᠭᠤᠴᠠᠯᠭ᠎ᠠ ᠪᠠᠨ ᠬᠦᠢᠴᠡᠳᠬᠡᠬᠦ ᠶᠠᠪᠤᠴᠠ ᠳᠤ᠂ ᠠᠰᠠᠭᠤᠳᠠᠯ ᠢ ᠳᠤᠳᠤᠷᠬᠠᠢ ᠪᠠᠶᠢᠴᠠᠭᠠᠬᠤ ᠪᠠᠷ ᠪᠠᠷᠠᠬᠤ ᠦᠬᠡᠢ᠂ ᠠᠮᠢ ᠨᠠᠰᠤ ᠪᠤᠯᠤᠨ ᠡᠳ᠋ ᠬᠦᠷᠤᠩᠬᠡ ᠶᠢᠨ ᠬᠠᠤᠯᠢ ᠶᠤᠰᠤᠨ ᠤ ᠡᠷᠬᠡ ᠠᠰᠢᠬ ᠢ ᠪᠠᠳᠤᠯᠠᠵᠤ᠂ ᠠᠵᠤ ᠠᠬᠤᠶᠢᠯᠠᠯ ᠤᠨ ᠬᠠᠤᠯᠢ ᠶᠤᠰᠤᠨ ᠤ ᠡᠵᠡᠩᠨᠠᠯᠳᠠ ᠶᠢ ᠪᠠᠳᠤᠯᠠᠵᠤ᠂ ᠠᠵᠤ ᠠᠬᠤᠶᠢᠯᠠᠯᠳᠠᠠ ᠢ ᠦᠵᠡᠯ ᠰᠠᠨᠠᠭᠠᠨ ᠤ ᠲᠠᠷᠤᠭᠠᠰᠤ ᠪᠠᠨ ᠬᠠᠶᠠᠵᠤ᠂ ᠰᠡᠳᠬᠢᠯ ᠰᠠᠨᠠᠭᠠᠨ ᠤ ᠲᠡᠭᠡᠭᠡᠷ᠎ᠡ ᠦᠭᠡᠢ ᠪᠠᠷ ᠤᠷᠤᠬᠰᠢᠯᠠᠨ ᠲᠠᠪᠰᠢᠬᠤ ᠪᠤᠯᠭᠠᠬᠤ ᠭᠡᠷᠡᠭᠳᠠᠢ ᠬᠡᠵᠤ ᠵᠢᠭᠠᠵᠤ ᠭᠠᠷᠭᠠᠪᠠ᠃ ᠰᠢ ᠶᠢᠨ ᠫᠢᠡᠭ᠂ ᠦᠷᠭᠡᠨ ᠤᠯᠠᠨ ᠠᠷᠠᠳ ᠤᠨ ᠡᠵᠡᠩᠨᠡᠯᠳᠡ ᠶᠢᠨ ᠠᠵᠤ ᠠᠬᠤᠢ ᠶᠢᠨ ᠬᠦᠮᠦᠰ ᠦᠪᠡᠷ ᠪᠡᠶ᠎ᠠ ᠶᠢᠨ ᠰᠤᠷᠤᠯᠴᠠᠯᠭ᠎ᠠ᠂ ᠦᠪᠡᠷ ᠢ ᠪᠠᠨ ᠭᠦᠮᠤᠵᠢᠬᠦᠯᠬᠦ᠂ ᠦᠪᠡᠷ ᠢ ᠪᠠᠨ ᠲᠡᠭᠡᠭᠰᠢᠯᠡᠬᠦᠯᠬᠦ ᠶᠢ ᠴᠢᠩᠭᠠᠳᠬᠠᠵᠤ᠂ ᠦᠪᠡᠷ ᠪᠡᠶ᠎ᠠ ᠶᠢᠨ ᠨᠡᠶᠢᠭᠡᠮ ᠤᠨ ᠲᠦᠷᠢ ᠲᠦᠷᠭᠦ ᠪᠠᠨ ᠭᠦᠨᠳᠤᠳᠭᠡᠨ ᠦᠵᠡᠵᠤ᠂ ᠤᠯᠤᠰ ᠢᠶᠠᠨ ᠬᠠᠶᠢᠷᠠᠯᠠᠵᠤ ᠦᠢᠯᠡᠰ ᠢᠶᠠᠨ ᠲᠡᠭᠡᠳᠤᠯᠡᠬᠦ᠂ ᠬᠠᠤᠯᠢ ᠶᠢ ᠵᠢᠷᠤᠮᠯᠠᠨ ᠡᠵᠡᠩᠨᠡᠬᠦ᠂ ᠦᠢᠯᠡᠰ ᠪᠤᠰᠬᠠᠵᠤ ᠰᠢᠨ᠎ᠠ ᠶᠢ ᠡᠭᠦᠳᠬᠦ᠂ ᠨᠡᠶᠢᠭᠡᠮ ᠳᠤ ᠠᠴᠢ ᠬᠠᠷᠢᠭᠤᠯᠬᠤ ᠵᠢᠱᠢᠶᠡᠴᠢ ᠪᠤᠯᠬᠤ ᠶᠢ ᠬᠦᠰᠡᠵᠥ ᠪᠠᠶᠢᠨ᠎ᠠ᠃ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯᠳᠠᠠ ᠲᠦᠪ ᠰᠤᠷᠳᠠᠯ ᠢ ᠡᠷᠬᠢᠮᠯᠡᠵᠥ᠂ ᠵᠦᠪ ᠵᠠᠮ ᠢᠶᠠᠷ ᠶᠠᠪᠤᠵᠤ᠂ ᠤᠶᠤᠨ ᠰᠠᠨᠠᠭ᠎ᠠ ᠪᠠᠨ ᠲᠦᠪᠯᠡᠷᠡᠭᠦᠯᠤᠨ ᠠᠵᠤ ᠠᠬᠤᠶᠢᠯᠠᠯ ᠢᠶᠠᠨ ᠡᠵᠡᠩᠨᠡᠵᠤ᠂ ᠬᠠᠤᠯᠢ ᠰᠠᠬᠢᠯᠭ᠎ᠠ ᠶᠢ ᠵᠢᠷᠤᠮᠯᠡᠨ ᠡᠵᠡᠩᠨᠡᠯᠳᠠ ᠬᠢᠵᠤ᠂ ᠬᠠᠤᠯᠢ ᠶᠢ ᠵᠢᠷᠤᠮᠯᠠᠨ ᠲᠦᠷᠢᠮ ᠢ ᠪᠠᠷᠢᠮᠲᠠᠯᠠᠬᠤ ᠲᠤᠮᠳᠠ ᠠᠵᠤ ᠠᠬᠤᠶᠢᠯᠠᠯ ᠤᠨ ᠦᠷᠢᠰᠤᠯᠳᠤᠭᠦ ᠭᠦᠴᠤᠨ ᠢᠶᠠᠨ ᠲᠡᠭᠡᠭᠰᠢᠯᠡᠭᠦᠯᠭᠦ ᠭᠡᠷᠡᠭᠳᠠᠢ᠃ ᠠᠵᠤ ᠠᠬᠤᠶᠢᠯᠠᠯ ᠤᠨ ᠲᠤᠳᠤᠷ ᠲᠠᠮᠢᠷ ᠢᠶᠠᠨ ᠰᠠᠶᠢᠳᠤᠷ ᠪᠤᠯᠪᠠᠰᠤᠷᠠᠭᠤᠯᠬᠤ ᠭᠡᠷᠡᠭᠳᠠᠢ᠂ ᠤᠨᠴᠠᠭᠠᠶᠢᠯᠠᠨ ᠡᠵᠡᠭᠨᠡᠯᠳᠠ ᠶᠢᠨ ᠴᠢᠳᠠᠪᠤᠷᠢ᠂ ᠬᠠᠮᠢᠶᠠᠷᠤᠯᠳᠠ ᠶᠢᠨ ᠬᠢᠷᠢ ᠲᠦᠪᠰᠢᠨ ᠢᠶᠠᠨ ᠲᠡᠭᠡᠭᠰᠢᠯᠡᠭᠦᠯᠵᠤ᠂ ᠬᠠᠤᠯᠢ ᠶᠢᠨ ᠡᠷᠬᠡᠲᠡᠨ ᠤ ᠵᠠᠰᠠᠯᠳᠠ ᠶᠢᠨ ᠪᠦᠳᠤᠴᠠ ᠶᠢ ᠲᠡᠭᠦᠯᠳᠡᠷᠵᠢᠭᠦᠯᠬᠦ ᠬᠡᠷᠡᠭᠲᠡᠢ᠂ ᠨᠦᠭᠦᠴᠠᠯ ᠲᠠᠢ ᠠᠷᠠᠳ ᠤᠨ ᠡᠵᠡᠩᠨᠡᠯᠳᠠ ᠶᠢᠨ ᠠᠵᠤ ᠠᠬᠤᠶᠢᠯᠠᠯ ᠤᠳᠤᠬᠢᠴᠢᠯᠠᠭᠰᠠᠠ ᠠᠵᠤ ᠠᠬᠤᠶᠢᠯᠠᠯ ᠤᠨ ᠲᠦᠷᠢᠮ ᠪᠠᠶᠢᠭᠤᠯᠬᠤ ᠶᠢ ᠵᠤᠷᠢᠭᠵᠢᠭᠤᠯᠤᠨ᠎ᠠ᠃ ᠰᠢᠨ᠎ᠠ ᠨᠢᠭᠡ ᠦᠶ᠎ᠠ ᠶᠢᠨ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯᠳᠠᠨ ᠡᠬᠠᠠᠮᠠᠳ ᠨᠢᠭᠡ ᠦᠶ᠎ᠠ ᠶᠢᠨ ᠬᠢᠨ ᠤ ᠲᠡᠰᠪᠦᠷᠢ ᠬᠠᠳᠠᠭᠤᠵᠢᠯᠳᠠᠢ ᠲᠡᠮᠡᠴᠡᠵᠤ᠂ ᠵᠤᠷᠢᠭᠳᠠᠢ ᠲᠤᠷᠰᠢᠵᠤ ᠵᠤᠷᠢᠬᠲᠠᠢ ᠬᠢᠵᠤ᠂ ᠠᠵᠤ ᠦᠢᠯᠡᠰ ᠲᠤ ᠠᠩᠬᠠᠷᠤᠯ ᠢᠶᠠᠨ ᠲᠦᠪᠯᠡᠷᠡᠭᠦᠯᠵᠤ᠂ ᠭᠤᠤᠯ ᠠᠵᠢᠯ ᠢᠶᠠᠨ ᠨᠠᠷᠢᠯᠢᠭ ᠬᠢᠬᠦ ᠵᠤᠷᠢᠭ ᠰᠠᠨᠠᠭ᠎ᠠ ᠶᠢ ᠨᠢ ᠤᠯᠠᠮᠵᠢᠯᠠᠨ ᠪᠠᠳᠠᠷᠠᠭᠤᠯᠵᠤ᠂ ᠠᠵᠤ ᠠᠬᠤᠶᠢᠯᠠᠯ ᠢᠶᠠᠨ ᠬᠦᠴᠦᠷᠬᠡᠭᠵᠢᠭᠦᠯᠤᠨ ᠰᠢᠯᠢᠳᠡᠭᠵᠢᠭᠦᠯᠭᠦ ᠭᠡᠷᠡᠭᠳᠠᠢ᠃ ᠪᠠᠰᠠ ᠲᠡᠯᠡᠬᠡᠢ ᠶᠢᠨ ᠬᠠᠷᠠᠭᠠᠰᠤ ᠪᠠᠨ ᠦᠷᠭᠡᠳᠭᠡᠵᠤ᠂ ᠰᠢᠨ᠎ᠠ ᠶᠢ ᠡᠭᠦᠳᠭᠦ ᠴᠢᠳᠠᠪᠤᠷᠢ ᠪᠤᠯᠤᠨ ᠭᠤᠤᠯᠯᠠᠭᠴᠢ ᠦᠷᠢᠰᠤᠯᠳᠤᠭᠦ ᠭᠦᠴᠤᠨ ᠢᠶᠠᠨ ᠴᠢᠩᠭᠠᠳᠬᠠᠵᠤ᠂ ᠪᠦᠭᠦ ᠪᠦᠮᠪᠤᠷᠴᠡᠭ ᠲᠤ ᠦᠷᠢᠰᠤᠯᠳᠤᠭᠦ ᠭᠦᠴᠤᠨ ᠲᠠᠢ ᠲᠡᠯᠡᠭᠡᠢ ᠶᠢᠨ ᠲᠡᠷᠢᠭᠦᠨ ᠵᠡᠷᠭᠡ ᠶᠢᠨ ᠠᠵᠤ ᠠᠬᠤᠶᠢᠯᠠᠯ ᠢ ᠪᠦᠷᠢᠯᠳᠤᠭᠦᠯᠭᠦ ᠭᠡᠷᠡᠭᠳᠠᠢ ᠭᠡᠵᠤ ᠴᠢᠬᠤᠯᠠᠴᠢᠯᠠᠪᠠ᠃      ᠳ᠋ᠢᠩ ᠰᠢᠤᠸᠠᠢ ᠰᠢᠶᠠᠩ᠂ ᠯᠢᠤ ᠾᠧ᠂ ᠬᠤ᠋ ᠴᠦᠨ ᠬᠤᠸᠠ᠂ ᠬᠤᠸᠠᠩ ᠺᠦᠨ ᠮᠢᠩ᠂ ᠶᠸᠤ ᠴᠢᠤᠸᠠᠨ᠂ ᠾᠧ ᠯᠢ ᠹᠸᠡᠭ ᠨᠠᠷ ᠶᠠᠷᠢᠯᠴᠠᠬᠤ ᠬᠤᠷᠠᠯ ᠳᠤ ᠤᠷᠤᠯᠴᠠᠪᠠ᠃      ᠲᠦᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠠᠮᠢᠶ᠎ᠠ ᠪᠦᠭᠦᠢ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠳᠠᠨ᠂ ᠪᠦᠭᠦ ᠤᠯᠤᠰ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠬ ᠠᠵᠤ ᠠᠬᠤᠢ ᠶᠢᠨ ᠵᠦᠪᠯᠡᠯ᠂ ᠪᠦᠭᠦ ᠤᠯᠤᠰ ᠤᠨ ᠤᠯᠤᠰ ᠲᠦᠷᠤ ᠶᠢᠨ ᠵᠦᠪᠯᠡᠯᠭᠡᠨ ᠤ ᠠᠵᠤ ᠠᠬᠤᠢ ᠶᠢᠨ ᠵᠦᠪᠯᠡᠯ ᠤᠨ ᠭᠤᠤᠯ ᠬᠠᠷᠢᠭᠤᠴᠠᠯᠭᠠᠳᠠᠨ᠂ ᠤᠯᠤᠰ ᠤᠨ ᠬᠢᠨᠠᠨ ᠪᠠᠶᠢᠴᠠᠭᠠᠬᠤ ᠬᠤᠷᠢᠶ᠎ᠠ ᠶᠢᠨ ᠬᠠᠷᠢᠭᠤᠴᠠᠯᠭᠠᠳᠠᠨ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠲᠡᠭᠡᠳᠤ ᠪᠠᠶᠢᠴᠠᠭᠠᠬᠤ ᠬᠤᠷᠢᠶ᠎ᠠ ᠶᠢᠨ ᠬᠠᠷᠢᠭᠤᠴᠠᠯᠭᠠᠳᠠᠨ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠳᠠᠨ᠂ ᠬᠠᠮᠢᠶ᠎ᠠ ᠪᠦᠭᠦᠢ ᠠᠷᠠᠳ ᠤᠨ ᠪᠦᠯᠭᠦᠮ ᠤᠨ ᠬᠠᠷᠢᠭᠤᠴᠠᠯᠭᠠᠳᠠᠨ᠂ ᠠᠷᠠᠳ ᠤᠨ ᠡᠵᠡᠩᠨᠡᠯᠳᠠ ᠶᠢᠨ ᠠᠵᠤ ᠠᠬᠤᠶᠢᠯᠠᠯ ᠤᠨ ᠲᠦᠯᠤᠭᠡᠯᠡᠭᠴᠢ ᠪᠤᠯᠤᠨ ᠬᠠᠮᠢᠶ᠎ᠠ ᠪᠦᠭᠦᠢ ᠮᠦᠡᠭᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠦᠯᠤᠭᠡᠯᠡᠭᠴᠢᠳ ᠶᠠᠷᠢᠯᠴᠠᠬᠤ ᠬᠤᠷᠠᠯ ᠳᠤ ᠤᠷᠤᠯᠴᠠᠪᠠ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号