ᠸᠠᠩ ᠬᠤ᠋ ᠨᠢᠩ ᠤᠷᠤᠯᠴᠠᠪᠠ | | ᠰᠢᠨᠬᠤᠸᠠ ᠬᠤᠷᠢᠶᠠᠨ ᠤ ᠪᠡᠬᠡᠵᠢᠩ ᠤᠨ 11 ᠰᠠᠷ᠎ᠠ ᠶᠢᠨ 2 ᠤᠨ ᠴᠠᠬᠢᠯᠭᠠᠨ ᠮᠡᠳᠡᠭᠡ ᠨᠠᠮ ᠤᠨ ᠳᠦᠪ | ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠳᠡᠷᠢᠬᠦᠯᠡᠭᠴᠢ᠂ ᠳᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ | ᠳᠡᠷᠢᠬᠦᠯᠡᠭᠴᠢ ᠰᠢ ᠶᠢᠨ ᠫᠢᠩ 2 ᠤᠨ ᠡᠳᠤᠷ ᠤᠨ ᠦᠳᠡ ᠶᠢᠨ ᠡᠮᠤᠨ᠎ᠡ ᠵᠦᠩ ᠨᠠᠨ ᠬᠠᠢ ᠳᠤ ᠪᠦᠬᠦ ᠤᠯᠤᠰ ᠤᠨ | ᠡᠮᠡᠭᠳᠡᠶᠢᠴᠤᠳ ᠤᠨ ᠬᠤᠯᠪᠤᠭ᠎ᠠ ᠶᠢᠨ ᠰᠢᠨ᠎ᠡ ᠨᠢᠬᠡ ᠬᠤᠭᠤᠴᠠᠭᠠᠨ ᠤ ᠤᠳᠤᠷᠢᠳᠬᠤ ᠪᠠᠭ ᠤᠨ ᠪᠦᠷᠢᠯᠳᠦᠬᠦᠨ ᠲᠠᠢ | ᠬᠠᠮᠳᠤ ᠶᠢᠨ ᠶᠠᠷᠢᠯᠴᠠᠭ᠎ᠠ ᠬᠢᠬᠦ ᠶᠢᠨ ᠬᠠᠮᠳᠤ ᠴᠢᠬᠤᠯᠠ ᠶᠠᠷᠢᠶ᠎ᠠ ᠳᠠᠯᠪᠢᠵᠠᠢ᠃ ᠰᠢ ᠶᠢᠨ ᠫᠢᠩ᠂ ᠨᠠᠮ ᠤᠨ | ᠡᠮᠡᠭᠳᠡᠶᠢᠴᠤᠳ ᠤᠨ ᠠᠵᠢᠯ ᠢ ᠰᠠᠶᠢᠳᠤᠷ ᠬᠢᠬᠦ ᠨᠢ ᠮᠠᠨ ᠤ ᠤᠯᠤᠰ ᠤᠨ ᠬᠦᠮᠦᠨ ᠠᠮᠠ ᠶᠢᠨ ᠬᠠᠭᠠᠰ ᠳᠤᠭ᠎ᠠ ᠶᠢ | ᠡᠵᠡᠯᠡᠬᠦ ᠡᠮᠡᠭᠳᠡᠶᠢᠴᠤᠳ ᠢ ᠪᠦᠯᠬᠦᠮᠳᠡᠬᠦᠯᠦᠨ ᠨᠢᠬᠳᠠᠷᠠᠭᠤᠯᠬᠤ ᠲᠠᠢ ᠬᠤᠯᠪᠤᠬᠳᠠᠨ᠎ᠠ᠂ ᠨᠠᠮ ᠪᠤᠯᠤᠨ ᠠᠷᠠᠳ | ᠳᠦᠮᠡᠨ ᠤ ᠠᠵᠢᠯ ᠦᠢᠯᠡᠰ ᠤᠨ ᠬᠦᠭᠵᠢᠯᠳᠡ ᠳᠤ ᠴᠢᠩᠭ᠎ᠠ ᠬᠦᠴᠦᠷᠬᠡᠭ ᠬᠦᠴᠦᠨ ᠬᠠᠩᠭᠠᠬᠤ ᠳᠤ ᠬᠤᠯᠪᠤᠬᠳᠠᠨ᠎ᠠ᠃ | ᠡᠶᠢᠨ ᠬᠦ ᠨᠠᠮ ᠤᠨ ᠡᠮᠡᠭᠳᠡᠶᠢᠴᠤᠳ ᠤᠨ ᠠᠵᠢᠯ ᠳᠠᠬᠢ ᠤᠳᠤᠷᠢᠳᠤᠯᠭ᠎ᠠ ᠶᠢ ᠴᠢᠩᠭᠠᠳᠬᠠᠵᠥ᠂ ᠳᠤᠮᠳᠠᠳᠤ ᠤᠯᠤᠰ ᠤᠨ | ᠤᠨᠴᠠᠯᠢᠭ ᠲᠠᠢ ᠨᠡᠶᠢᠬᠡᠮ ᠵᠢᠷᠤᠮ ᠤᠨ ᠡᠮᠡᠭᠳᠡᠶᠢᠴᠤᠳ ᠤᠨ ᠬᠦᠭᠵᠢᠯᠳᠡ ᠶᠢᠨ ᠵᠠᠮ ᠢ ᠪᠠᠷᠢᠮᠳᠠᠯᠠᠵᠥ᠂ ᠳᠤᠮᠳᠠᠳᠤ ᠶᠢᠨ | ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠳᠤᠮᠳᠠᠳᠤ ᠶᠢᠨ ᠵᠡᠬᠦᠳᠤ ᠶᠢ ᠳᠡᠷᠬᠡᠯᠰᠢᠬᠦᠯᠬᠦ ᠡᠨᠡ ᠬᠦ | ᠤᠳᠤ ᠦᠶ᠎ᠡ ᠶᠢᠨ ᠳᠤᠮᠳᠠᠳᠤ ᠤᠯᠤᠰ ᠤᠨ ᠡᠮᠡᠭᠳᠡᠶᠢᠴᠤᠳ ᠤᠨ ᠬᠦᠳᠡᠯᠬᠡᠬᠡᠨ ᠤ ᠴᠠᠬ ᠦᠶ᠎ᠡ ᠶᠢᠨ ᠭᠤᠤᠯ ᠰᠡᠳᠦᠪ ᠢ | ᠡᠵᠡᠮᠳᠡᠵᠤ᠂ ᠡᠷᠡᠭᠳᠡᠢ ᠡᠮᠡᠭᠳᠡᠢ ᠡᠷᠬᠡ ᠳᠡᠭᠰᠢ ᠪᠠᠶᠢᠬᠤ ᠶᠢ ᠠᠬᠢᠭᠤᠯᠵᠥ᠂ ᠡᠮᠡᠭᠳᠡᠶᠢᠴᠤᠳ ᠤᠨ ᠡᠯ᠎ᠡ ᠳᠠᠯ᠎ᠠ ᠶᠢᠨ | ᠠᠵᠢᠯ ᠳᠠᠬᠢ ᠢᠳᠡᠪᠬᠢ ᠦᠢᠯᠡᠳᠦᠯ ᠢ ᠪᠠᠳᠠᠷᠠᠭᠤᠯᠵᠥ᠂ ᠡᠮᠡᠭᠳᠡᠶᠢᠴᠤᠳ ᠢ ᠵᠤᠬᠢᠶᠠᠨ ᠪᠠᠶᠢᠭᠤᠯᠵᠤ ᠳᠠᠶᠢᠴᠢᠯᠠᠨ ᠴᠠᠬ | ᠦᠶ᠎ᠡ ᠶᠢᠨ ᠡᠮᠤᠨ᠎ᠡ ᠭᠠᠪᠰᠢᠭᠠᠶᠢᠯᠠᠵᠥ᠂ ᠦᠬᠡᠷᠡᠴᠢᠯᠡᠯᠳᠡ ᠬᠦᠭᠵᠢᠯᠳᠡ ᠳᠤᠬᠳᠠᠭᠤᠨ ᠤ ᠡᠮᠤᠨ᠎ᠡ ᠹᠷᠤᠨᠲ ᠲᠤ | ᠭᠠᠪᠢᠶ᠎ᠠ ᠪᠠᠶᠢᠭᠤᠯᠵᠥ ᠦᠢᠯᠡᠰ ᠪᠦᠳᠦᠬᠡᠬᠦ ᠬᠡᠷᠡᠭᠳᠡᠢ ᠬᠡᠵᠥ ᠴᠢᠬᠤᠯᠠᠴᠢᠯᠠᠪᠠ᠃ | | | | | 11 ᠰᠠᠷ᠎ᠠ ᠶᠢᠨ 2 ᠤᠨ ᠡᠳᠦᠷ᠂ ᠨᠠᠮ ᠤᠨ ᠳᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ | ᠳᠡᠷᠢᠬᠦᠯᠡᠭᠴᠢ᠂ ᠳᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠳᠡᠷᠢᠬᠦᠯᠡᠭᠴᠢ ᠰᠢ ᠶᠢᠨ ᠫᠢᠩ ᠵᠦᠩ ᠨᠠᠨ | ᠬᠠᠢ ᠳᠤ ᠪᠦᠬᠦ ᠤᠯᠤᠰ ᠤᠨ ᠡᠮᠡᠭᠳᠡᠶᠢᠴᠤᠳ ᠤᠨ ᠬᠤᠯᠪᠤᠭ᠎ᠠ ᠶᠢᠨ ᠰᠢᠨ᠎ᠡ ᠨᠢᠬᠡ ᠬᠤᠭᠤᠴᠠᠭᠠᠨ ᠤ ᠤᠳᠤᠷᠢᠳᠬᠤ | ᠪᠠᠭ ᠤᠨ ᠪᠦᠷᠢᠯᠳᠦᠬᠦᠨ ᠲᠠᠢ ᠬᠠᠮᠳᠤ ᠶᠢᠨ ᠶᠠᠷᠢᠯᠴᠠᠭ᠎ᠠ ᠬᠢᠬᠦ ᠶᠢᠨ ᠬᠠᠮᠳᠤ ᠴᠢᠬᠤᠯᠠ ᠶᠠᠷᠢᠶ᠎ᠠ ᠳᠠᠯᠪᠢᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠢᠦᠢ ᠫᠧᠩ ᠰᠡᠭᠦᠳᠡᠷᠯᠡᠪᠡ | | ᠨᠠᠮ ᠤᠨ ᠳᠦᠪ ᠬᠤᠷᠢᠶᠠᠨ ᠤ ᠤᠯᠤᠰ ᠳᠦᠷᠦ ᠶᠢᠨ ᠳᠤᠪᠴᠢᠶ᠎ᠠ ᠶᠢᠨ ᠪᠠᠶᠢᠩᠭᠤ ᠶᠢᠨ ᠬᠡᠰᠢᠬᠦᠨ᠂ ᠳᠦᠪ ᠤᠨ | ᠱᠦᠵᠢ ᠨᠠᠷ ᠤᠨ ᠭᠠᠵᠠᠷ ᠤᠨ ᠱᠦᠵᠢ ᠸᠠᠩ ᠬᠤ᠋ ᠨᠢᠩ ᠬᠠᠮᠳᠤ ᠶᠢᠨ ᠶᠠᠷᠢᠯᠴᠠᠭ᠎ᠠ ᠳᠤ ᠤᠷᠤᠯᠴᠠᠪᠠ᠃ ᠰᠢ ᠶᠢᠨ ᠫᠢᠩ | ᠡᠩ ᠳᠡᠷᠢᠬᠦᠨ ᠳᠤ᠂ ᠳᠤᠮᠳᠠᠳᠤ ᠤᠯᠤᠰ ᠤᠨ ᠡᠮᠡᠭᠳᠡᠶᠢᠴᠤᠳ ᠤᠨ ᠠᠷᠪᠠᠨ ᠬᠤᠶᠠᠳᠤᠭᠠᠷ ᠤᠳᠠᠭ᠎ᠠ ᠶᠢᠨ ᠪᠦᠬᠦ | ᠤᠯᠤᠰ ᠤᠨ ᠳᠦᠯᠦᠬᠡᠯᠡᠭᠴᠢᠳ ᠤᠨ ᠶᠡᠭᠡ ᠬᠤᠷᠠᠯ ᠠᠮᠵᠢᠯᠳᠠ ᠲᠠᠢ ᠳᠡᠬᠦᠰᠪᠡ᠃ ᠶᠡᠭᠡ ᠬᠤᠷᠠᠯ ᠠᠴᠠ ᠨᠠᠮ ᠤᠨ | ᠳᠦᠪ ᠬᠤᠷᠢᠶᠠᠨ ᠤ ᠱᠠᠭᠠᠷᠳᠠᠯᠭ᠎ᠠ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠥ᠂ ᠤᠳᠤᠬᠠᠨ ᠤ ᠪᠠ | ᠬᠤᠶᠢᠰᠢᠳᠡ ᠶᠢᠨ ᠨᠢᠭᠡ ᠬᠤᠭᠤᠴᠠᠭᠠᠨ ᠤ ᠡᠮᠡᠭᠳᠡᠶᠢᠴᠤᠳ ᠤᠨ ᠠᠵᠢᠯ ᠦᠢᠯᠡᠰ ᠪᠤᠯᠤᠨ ᠡᠮᠡᠭᠳᠡᠶᠢᠴᠤᠳ ᠤᠨ | ᠠᠵᠢᠯ ᠤᠨ ᠳᠤᠬᠠᠢ ᠪᠠᠶᠢᠷᠢᠯᠠᠭᠤᠯᠤᠯᠳᠠ ᠬᠢᠵᠥ᠂ ᠡᠯ᠎ᠡ ᠵᠦᠢᠯ ᠤᠨ ᠵᠦᠪᠯᠡᠬᠦ ᠵᠦᠢᠯᠡᠰ ᠢᠶᠠᠨ ᠪᠡᠶᠡᠯᠡᠬᠦᠯᠤᠯᠡ ᠬᠡᠵᠥ | ᠢᠯᠡᠳᠬᠡᠪᠡ᠃ ᠰᠢ ᠶᠢᠨ ᠫᠢᠩ ᠨᠠᠮ ᠤᠨ ᠳᠦᠪ ᠬᠤᠷᠢᠶᠠᠨ ᠤ ᠡᠮᠤᠨ᠎ᠡ ᠠᠴᠠ ᠶᠡᠭᠡ ᠬᠤᠷᠠᠯ ᠤᠨ ᠠᠮᠵᠢᠯᠳᠠ ᠲᠠᠢ | ᠬᠤᠷᠠᠯᠳᠤᠬᠰᠠᠨ ᠪᠠ ᠪᠦᠬᠦ ᠤᠯᠤᠰ ᠤᠨ ᠡᠮᠡᠭᠳᠡᠶᠢᠴᠤᠳ ᠤᠨ ᠬᠤᠯᠪᠤᠭ᠎ᠠ ᠶᠢᠨ ᠰᠢᠨ᠎ᠡ ᠨᠢᠬᠡ ᠬᠤᠭᠤᠴᠠᠭᠠᠨ ᠤ | ᠤᠳᠤᠷᠢᠳᠬᠤ ᠪᠠᠭ ᠤᠨ ᠬᠢᠨ ᠳᠤ ᠬᠠᠯᠠᠭᠤᠨ ᠪᠠᠶᠠᠷ ᠬᠦᠷᠬᠡᠵᠥ ᠪᠠᠶᠢᠬᠤ ᠪᠠᠨ ᠢᠯᠡᠳᠬᠡᠪᠡ᠃ | ᠰᠢ ᠶᠢᠨ ᠫᠢᠩ᠂ ᠤᠯᠠᠨ ᠤ ᠶᠠᠷᠢᠶᠠᠨ ᠳᠤᠮᠳᠠ ᠠᠴᠠ ᠪᠦᠬᠦ ᠤᠯᠤᠰ ᠤᠨ ᠡᠮᠡᠭᠳᠡᠶᠢᠴᠤᠳ ᠤᠨ ᠬᠤᠯᠪᠤᠭ᠎ᠠ ᠶᠢᠨ | ᠰᠢᠨ᠎ᠡ ᠨᠢᠬᠡ ᠬᠤᠭᠤᠴᠠᠭᠠᠨ ᠤ ᠤᠳᠤᠷᠢᠳᠬᠤ ᠪᠠᠬ ᠤᠨ ᠬᠢᠨ ᠨᠠᠮ ᠤᠨ ᠳᠦᠪ ᠬᠤᠷᠢᠶᠠᠨ ᠤ ᠰᠢᠢᠳᠪᠤᠷᠢᠳᠤ | ᠪᠤᠳᠤᠯᠭ᠎ᠠ ᠪᠠᠶᠢᠷᠢᠯᠠᠭᠤᠯᠤᠯᠳᠠ ᠶᠢ ᠳᠤᠭᠤᠰᠢᠯᠠᠭᠤᠯᠬᠤ ᠤᠪᠤᠷ ᠰᠢᠭᠤᠷᠬᠠᠢ ᠢᠳᠡᠬᠡᠯ ᠪᠠᠲᠦ ᠴᠢᠩᠭ᠎ᠠ ᠪᠠᠶᠢᠬᠤ ᠶᠢ | ᠦᠵᠡᠵᠤ ᠭᠠᠷᠤᠨ᠎ᠠ᠃ ᠨᠠᠮ ᠤᠨ ᠳᠦᠪ ᠬᠤᠷᠢᠶ᠎ᠠ ᠠᠴᠠ ᠳᠠ ᠨᠠᠷ ᠲᠤ ᠨᠠᠨᠳᠢᠨ ᠬᠦᠰᠡᠯ ᠲᠠᠯᠪᠢᠵᠤ ᠪᠠᠶᠢᠨ᠎ᠠ ᠬᠡᠵᠥ | ᠢᠯᠡᠳᠬᠡᠪᠡ᠃ ᠰᠢ ᠶᠢᠨ ᠫᠢᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠳᠦᠪ | ᠬᠤᠷᠢᠶ᠎ᠠ ᠨᠠᠮ ᠪᠠ ᠤᠯᠤᠰ ᠤᠨ ᠠᠵᠢᠯ ᠦᠢᠯᠡᠰ ᠤᠨ ᠬᠦᠭᠵᠢᠯᠳᠡ ᠶᠢᠨ ᠪᠦᠬᠦ ᠳᠠᠯ᠎ᠠ ᠠᠴᠠ ᠡᠭᠦᠰᠴᠤ᠂ | ᠡᠮᠡᠭᠳᠡᠶᠢᠴᠤᠳ ᠤᠨ ᠠᠵᠢᠯ ᠢ ᠳᠡᠬᠡᠳᠤ ᠬᠡᠮᠵᠢᠶ᠎ᠡ ᠪᠠᠷ ᠴᠢᠬᠤᠯᠠᠴᠢᠯᠠᠵᠥ ᠢᠳᠡᠪᠬᠢᠳᠡᠢ ᠠᠬᠢᠭᠤᠯᠪᠠ᠃ ᠦᠩᠭᠡᠷᠡᠭᠰᠡᠡ 5 | ᠵᠢᠯ ᠳᠤ᠂ ᠡᠮᠡᠭᠲᠡᠶᠢᠴᠤᠳ ᠤᠨ ᠬᠤᠯᠪᠤᠭ᠎ᠠ ᠨᠠᠮ ᠤᠨ ᠲᠦᠪ ᠬᠤᠷᠢᠶᠠᠨ ᠤ ᠡᠮᠡᠭᠲᠡᠶᠢᠴᠤᠳ ᠤᠨ ᠬᠤᠯᠪᠤᠭᠠᠨ ᠤ | ᠦᠭᠡᠷᠡᠴᠢᠯᠡᠯᠲᠡ ᠶᠢᠨ ᠲᠤᠬᠠᠢ ᠰᠢᠢᠳᠪᠦᠷᠢᠲᠤ ᠪᠤᠳᠤᠯᠭ᠎ᠠ ᠪᠠᠶᠢᠷᠢᠯᠠᠭᠤᠯᠤᠯᠲᠠ ᠶᠢ ᠵᠤᠬᠢᠶᠠᠨ ᠪᠠᠶᠢᠭᠤᠯᠤᠨ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠮᠡᠭᠲᠡᠶᠢᠴᠤᠳ ᠲᠤ ᠦᠵᠡᠯ ᠰᠠᠨᠠᠭ᠎ᠠ ᠤᠯᠤᠰ ᠲᠦᠷᠦ ᠶᠢᠨ ᠲᠠᠯ᠎ᠠ ᠪᠠᠷ | ᠬᠦᠲᠦᠯᠦᠨ ᠲᠠᠭᠠᠭᠤᠯᠬᠤ ᠶᠢ ᠴᠢᠩᠭᠠᠳᠬᠠᠵᠤ᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠦᠨᠳᠦᠰᠦᠨ ᠤᠯᠤᠰ ᠤᠨ | ᠪᠤᠳᠤᠯᠭ᠎ᠠ ᠶᠢ ᠨᠠᠶᠢᠳᠠᠪᠤᠷᠢᠵᠢᠭᠤᠯᠬᠤ᠂ ᠡᠮᠡᠭᠲᠡᠢ ᠤᠯᠠᠨ ᠲᠦᠮᠡᠨ ᠲᠠᠢ ᠬᠠᠷᠢᠯᠴᠠᠬᠤ ᠪᠠ ᠲᠡᠳᠡᠨ ᠳᠤ ᠦᠢᠯᠡᠴᠢᠯᠡᠬᠦ᠂ | ᠡᠮᠡᠭᠲᠡᠶᠢᠴᠤᠳ ᠤᠨ ᠬᠠᠤᠯᠢ ᠶᠤᠰᠤᠨ ᠤ ᠡᠷᠬᠡ ᠠᠰᠢᠬ ᠢ ᠬᠠᠤᠯᠢ ᠶᠤᠰᠤᠭᠠᠷ ᠬᠠᠮᠠᠭᠠᠯᠠᠬᠤ᠂ ᠡᠮᠡᠭᠲᠡᠶᠢᠴᠤᠳ ᠤᠨ | ᠬᠤᠯᠪᠤᠭᠠᠨ ᠤ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠡᠷᠭᠡ ᠲᠠᠯ᠎ᠠ ᠳᠤ ᠶᠡᠭᠡ ᠬᠡᠮᠵᠢᠶᠡᠨ ᠤ ᠠᠵᠢᠯ ᠬᠢᠵᠦ᠂ ᠮᠠᠨ ᠤ | ᠤᠯᠤᠰ ᠤᠨ ᠡᠮᠡᠭᠲᠡᠶᠢᠴᠤᠳ ᠤᠨ ᠠᠵᠢᠯ ᠦᠢᠯᠡᠰ ᠰᠢᠨ᠎ᠡ ᠠᠯᠬᠤᠮ ᠢ ᠠᠯᠬᠤᠬᠤ᠂ ᠡᠮᠡᠭᠲᠡᠶᠢᠴᠤᠳ ᠤᠨ ᠠᠵᠢᠯ ᠤᠨ | ᠲᠡᠤᠬᠡᠲᠤ ᠴᠢᠨᠠᠷᠲᠠᠢ ᠠᠮᠵᠢᠯᠲᠠ ᠤᠯᠬᠤ ᠶᠢ ᠠᠬᠢᠭᠤᠯᠪᠠ᠃ ᠡᠮᠡᠭᠲᠡᠶᠢᠴᠤᠳ ᠤᠨ ᠬᠤᠯᠪᠤᠭᠠᠨ ᠤ ᠠᠵᠢᠯ ᠢ ᠨᠡᠮ ᠤᠨ | ᠲᠦᠪ ᠬᠤᠷᠢᠶ᠎ᠠ ᠠᠴᠠ ᠭᠦᠢᠴᠡᠳ ᠨᠤᠲᠠᠯᠠᠵᠤ ᠪᠠᠶᠢᠨ᠎ᠠ ᠬᠡᠵᠥ ᠵᠢᠭᠠᠵᠥ ᠭᠠᠷᠭᠠᠪᠠ᠃ | ᠰᠢ ᠶᠢᠨ ᠫᠢᠩ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠪᠤᠯ ᠨᠠᠮ ᠤᠨ ᠡᠮᠡᠭᠲᠡᠶᠢᠴᠦᠳ ᠤᠨ ᠠᠵᠢᠯ ᠢ | ᠰᠠᠶᠢᠳᠤᠷ ᠬᠢᠬᠦ ᠦᠨᠳᠦᠰᠦᠨ ᠪᠠᠲᠤᠯᠠᠭ᠎ᠠ ᠮᠦᠨ᠃ ︽ᠳᠦᠷᠪᠡᠨ ᠤᠬᠠᠮᠰᠠᠷ︾ ᠢ ᠪᠠᠲᠤ ᠪᠤᠢ ᠪᠤᠯᠭᠠᠵᠤ᠂ ︽ | ᠲᠦᠷᠪᠡᠨ ᠢᠲᠡᠭᠡᠯ︾ ᠢ ᠪᠠᠲᠤᠳᠬᠠᠵᠤ᠂ ᠨᠠᠮ ᠤᠨ ᠲᠦᠪ ᠬᠤᠷᠢᠶᠠᠨ ᠤ ᠡᠷᠬᠡ ᠰᠦᠷ ᠪᠠ ᠲᠦᠪᠯᠡᠷᠡᠩᠭᠦᠢ | ᠨᠢᠭᠡᠳᠦᠯᠲᠡᠢ ᠤᠳᠤᠷᠢᠳᠤᠯᠭ᠎ᠠ ᠶᠢ ᠤᠬᠠᠮᠰᠠᠷ ᠠᠴᠠ ᠪᠠᠨ ᠬᠠᠮᠠᠭᠠᠯᠠᠵᠤ᠂ ᠦᠵᠡᠯ ᠰᠠᠨᠠᠭ᠎ᠠ ᠤᠯᠤᠰ ᠲᠦᠷᠦ ᠦᠢᠯᠡ | ᠠᠵᠢᠯᠯᠠᠭ᠎ᠠ ᠳᠡᠭᠡᠷ᠎ᠡ ᠪᠠᠨ ᠢᠮᠠᠬᠲᠠ ᠨᠠᠮ ᠤᠨ ᠲᠦᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ | ᠬᠡᠷᠡᠭᠲᠡᠢ᠃ ᠡᠮᠡᠭᠲᠡᠶᠢᠴᠤᠳ ᠢ ᠬᠦᠲᠦᠯᠦᠨ ᠲᠠᠭᠠᠭᠤᠯᠵᠤ ᠰᠢᠨ᠎ᠠ ᠴᠠᠬ ᠦᠶ᠎ᠡ ᠶᠢᠨ ᠳᠤᠮᠳᠠᠳᠤ ᠤᠯᠤᠰ ᠤᠨ | ᠤᠨᠴᠠᠯᠢᠬ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠬ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠦᠰᠡᠯᠡᠩ ᠢᠲᠡᠭᠡᠯ ᠪᠢᠰᠢᠷᠡᠯ ᠤᠨ ᠬᠦᠮᠦᠵᠢᠯ ᠢ | ᠦᠷᠨᠢᠭᠦᠯᠵᠦ᠂ ᠨᠠᠮ ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠤᠳᠤᠯᠭ᠎ᠠ ᠶᠢᠨ | ᠲᠤᠬᠠᠢ ᠤᠯᠤᠰ ᠲᠦᠷᠦ ᠶᠢᠨ ᠲᠠᠨᠢᠯᠲᠠ᠂ ᠦᠵᠠᠯ ᠰᠠᠨᠠᠭᠠᠨ ᠤ ᠲᠠᠨᠢᠯᠲᠠ᠂ ᠰᠡᠳᠬᠢᠯ ᠰᠠᠨᠠᠭᠠᠨ ᠤ ᠲᠠᠯ᠎ᠠ ᠪᠠᠷ ᠬᠢ | ᠲᠠᠨᠢᠯᠲᠠ ᠪᠠᠨ ᠨᠡᠮᠡᠭᠳᠡᠭᠦᠯᠵᠦ᠂ ᠨᠠᠮ ᠤᠨ ᠦᠭᠡ ᠶᠢ ᠰᠤᠨᠤᠰᠴᠤ᠂ ᠨᠠᠮ ᠢᠶᠠᠨ ᠳᠠᠭᠠᠵᠤ ᠤᠷᠤᠭᠰᠢᠯᠠᠬᠤ ᠢᠲᠡᠭᠡᠯ | ᠪᠢᠰᠢᠷᠡᠯ ᠢᠲᠡᠭᠡᠯ ᠵᠤᠷᠢᠬ ᠢ ᠪᠠᠲᠤᠳᠬᠠᠬᠤ ᠬᠡᠷᠡᠭᠲᠡᠢ᠃ ᠦᠵᠡᠯ ᠰᠠᠨᠠᠭ᠎ᠠ ᠤᠯᠤᠰ ᠲᠦᠷᠦ ᠶᠢᠨ ᠲᠠᠯ᠎ᠠ ᠪᠠᠷ | ᠬᠦᠲᠦᠯᠦᠨ ᠲᠠᠭᠠᠭᠤᠯᠬᠤ ᠶᠢ ᠡᠮᠡᠭᠲᠡᠶᠢᠴᠦᠳ ᠤᠨ ᠬᠤᠯᠪᠤᠭ᠎ᠠ ᠶᠢᠨ ᠦᠷᠨᠢᠭᠦᠯᠬᠦ ᠡᠯ᠎ᠡ ᠵᠦᠢᠯ ᠤᠨ ᠠᠵᠢᠯᠯᠠᠭ᠎ᠠ ᠳᠤ | ᠲᠤᠭᠤᠰᠢᠯᠠᠭᠤᠯᠵᠤ᠂ ᠡᠮᠡᠭᠲᠡᠶᠢᠴᠤᠳ ᠢ ᠬᠦᠲᠦᠯᠦᠨ ᠲᠠᠭᠠᠭᠤᠯᠵᠤ ᠪᠠᠶᠢᠭᠠᠳ ᠳᠤᠮᠳᠠᠳᠤ ᠤᠯᠤᠰ ᠤᠨ ᠤᠨᠴᠠᠯᠢᠬ ᠲᠠᠢ | ᠨᠡᠶᠢᠭᠡᠮ ᠵᠢᠷᠤᠮ ᠤᠨ ᠵᠠᠮ ᠤᠨ ᠢᠲᠡᠭᠡᠯ᠂ ᠤᠨᠤᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠤᠶᠤᠯ ᠤᠨ | ᠢᠲᠡᠭᠡᠯ ᠢ ᠨᠡᠮᠡᠭᠳᠡᠭᠦᠯᠵᠦ᠂ ᠤᠬᠠᠮᠰᠠᠷ ᠠᠴᠠ ᠪᠠᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ | ᠬᠠᠮᠲᠤ ᠶᠢᠨ ᠬᠦᠰᠡᠯᠡᠩ ᠤᠨ ᠲᠦᠯᠦᠭᠡ ᠲᠡᠮᠡᠴᠡᠬᠦ ᠪᠤᠯᠭᠠᠬᠤ ᠬᠡᠷᠡᠭᠲᠡᠢ᠃ ᠦᠵᠡᠯ ᠰᠠᠨᠠᠭ᠎ᠠ ᠶᠢ ᠨᠢᠭᠡᠳᠬᠡᠵᠦ᠂ | ᠬᠦᠮᠦᠰ ᠤᠨ ᠰᠡᠳᠬᠢᠯ ᠢ ᠨᠢᠬᠲᠠᠷᠠᠭᠤᠯᠵᠤ᠂ ᠵᠦᠷᠢᠴᠡᠯ ᠢ ᠨᠠᠮᠳᠠᠭᠤᠯᠵᠤ᠂ ᠬᠠᠶᠢᠷ᠎ᠠ ᠰᠡᠳᠬᠢᠯᠭᠡ ᠶᠢ ᠨᠡᠮᠡᠭᠳᠡᠬᠦᠯᠬᠦ | ᠠᠵᠢᠯ ᠢ ᠢᠯᠡᠬᠦᠬᠡᠨ ᠬᠢᠵᠦ᠂ ᠡᠮᠡᠭᠲᠡᠶᠢᠴᠤᠳ ᠢ ᠬᠦᠲᠦᠯᠦᠨ ᠲᠠᠭᠠᠭᠤᠯᠵᠤ ᠪᠠᠶᠢᠭᠠᠳ ᠵᠦᠪ ᠴᠢᠭᠯᠡᠯ ᠪᠠ ᠬᠦᠰᠡᠯᠡᠩ | ᠬᠠᠷᠠᠯᠲᠠ ᠶᠢᠨ ᠵᠦᠭ ᠭᠤᠶᠢᠪᠢᠰᠢ ᠦᠭᠡᠢ ᠪᠠᠷ ᠦᠷᠬᠦᠯᠵᠢᠯᠡᠨ ᠲᠡᠮᠡᠴᠡᠨ ᠤᠷᠤᠬᠰᠢᠯᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠡᠮᠡᠭᠲᠡᠶᠢᠴᠤᠳ ᠤᠨ ᠬᠤᠯᠪᠤᠭ᠎ᠠ ᠡᠮᠡᠭᠲᠡᠶᠢᠴᠤᠳ ᠤᠨ ᠡᠷᠬᠡ ᠠᠰᠢᠬ ᠢ ᠲᠦᠯᠦᠭᠡᠯᠡᠬᠦ | ᠪᠦᠭᠡᠳ ᠬᠠᠮᠠᠭᠠᠯᠠᠬᠤ᠂ ᠡᠷᠡᠭᠲᠡᠢ ᠡᠮᠡᠭᠲᠡᠢ ᠶᠢᠨ ᠡᠷᠬᠡ ᠲᠡᠭᠰᠢ ᠪᠠᠶᠢᠬᠤ ᠪᠠ ᠡᠮᠡᠭᠲᠡᠶᠢᠴᠤᠳ ᠤᠨ ᠪᠦᠬᠦ ᠲᠠᠯ᠎ᠠ ᠶᠢᠨ | ᠬᠦᠭᠵᠢᠯᠲᠡ ᠶᠢ ᠠᠬᠢᠭᠤᠯᠬᠤ ᠴᠢᠬᠤᠯᠠ ᠡᠭᠦᠷᠭᠡ ᠶᠢ ᠰᠠᠶᠢᠳᠤᠷ ᠡᠭᠦᠷᠭᠡᠯᠡᠬᠦ ᠬᠡᠷᠡᠭᠲᠡᠢ᠃ ᠬᠦᠲᠦᠯᠦᠨ ᠲᠠᠭᠠᠭᠤᠯᠬᠤ᠂ | ᠦᠢᠯᠡᠴᠢᠯᠡᠬᠦ᠂ ᠬᠠᠷᠢᠯᠴᠠᠬᠤ ᠠᠵᠢᠯ ᠢ ᠰᠠᠶᠢᠳᠤᠷ ᠬᠢᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠳᠤ | ᠳᠤᠷᠠᠳᠤᠬᠰᠠᠨ ᠬᠠᠷᠠᠯᠲᠠ ᠡᠭᠦᠷᠭᠡ ᠶᠢᠨ ᠪᠠᠷᠢᠮᠵᠢᠶ᠎ᠠ ᠪᠠᠷ ᠬᠠᠷᠭᠤᠭᠤᠯᠬᠤ ᠬᠡᠷᠡᠭᠲᠡᠢ᠂ ︽ᠲᠠᠪᠤ ᠶᠢ ᠨᠢᠭᠡ | ᠴᠤᠬᠴᠠᠵᠢᠭᠤᠯᠤᠬᠰᠠᠨ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠲᠦᠯᠦᠪᠵᠢᠭᠦᠯᠦᠨ ᠠᠬᠢᠭᠤᠯᠵᠤ᠂ ︽ | ᠳᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠶᠢ ᠵᠤᠬᠢᠴᠠᠩᠭᠤᠢ ᠠᠬᠢᠭᠤᠯᠬᠤ ᠶᠢᠨ | ᠲᠤᠭᠤᠷᠢᠨ ᠳᠤ᠂ ᠰᠢᠨ᠎ᠡ ᠬᠦᠭᠵᠢᠯᠲᠡ ᠶᠢᠨ ᠤᠶᠢᠯᠠᠭᠠᠬᠳᠠᠬᠤᠨ ᠢ ᠲᠤᠭᠤᠰᠢᠯᠠᠭᠤᠯᠵᠤ᠂ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠠᠩᠬᠠᠷᠤᠯ ᠢᠶᠠᠨ ᠲᠦᠪᠯᠡᠷᠡᠭᠦᠯᠵᠤ᠂ | ᠡᠮᠡᠭᠲᠡᠶᠢᠴᠤᠳ ᠤᠨ ᠤᠨᠴᠠᠯᠢᠬ ᠲᠠᠢ ᠭᠠᠪᠢᠶ᠎ᠠ ᠪᠠᠶᠢᠭᠤᠯᠤᠨ ᠦᠢᠯᠡᠰ ᠪᠤᠰᠬᠠᠬᠤ ᠠᠵᠢᠯᠯᠠᠭ᠎ᠠ ᠶᠢ ᠦᠷᠨᠢᠭᠦᠯᠵᠦ᠂ | ᠡᠮᠡᠭᠲᠡᠶᠢᠴᠤᠳ ᠤᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠬᠠᠮᠤᠬ ᠤᠨ ᠶᠡᠭᠡ | ᠬᠡᠮᠵᠢᠶ᠎ᠡ ᠪᠠᠷ ᠳᠠᠶᠢᠴᠢᠯᠠᠬᠤ ᠬᠡᠷᠡᠭᠲᠡᠢ᠃ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠤᠨᠢᠨ | ᠲᠡᠭᠡᠷ᠎ᠠ ᠨᠢ ᠶᠠᠳᠠᠭᠤ ᠠᠴᠠ ᠠᠩᠬᠢᠵᠢᠷᠠᠭᠤᠯᠬᠤ᠂ ᠪᠤᠬᠢᠷᠳᠤᠯ ᠢ ᠰᠡᠷᠭᠡᠶᠢᠯᠡᠨ ᠵᠠᠰᠠᠬᠤ ᠭᠤᠷᠪᠠᠨ ᠶᠡᠭᠡ ᠪᠤᠭᠤᠮᠳᠠ | ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠤᠯᠬᠤ ᠪᠤᠯ ᠤᠳᠤᠬᠠᠨ ᠤ ᠪᠦᠭᠦ ᠨᠠᠮ ᠪᠦᠭᠦ ᠤᠯᠤᠰ ᠤᠨ ᠴᠢᠬᠤᠯᠠ | ᠶᠡᠭᠡ ᠡᠭᠦᠷᠭᠡ ᠮᠦᠨ᠂ ᠡᠮᠡᠭᠳᠠᠶᠢᠴᠤᠳ ᠤᠨ ᠬᠤᠯᠪᠤᠭᠠᠨ ᠤ ᠵᠤᠬᠢᠶᠠᠨ ᠪᠠᠶᠢᠭᠤᠯᠤᠯᠳᠠ ᠶᠡᠭᠡ ᠦᠢᠯᠠᠳᠤᠯ ᠢ | ᠪᠠᠳᠠᠷᠠᠭᠤᠯᠪᠠᠯ ᠵᠤᠬᠢᠨ᠎ᠠ᠃ ᠡᠮᠡᠭᠳᠠᠶᠢᠴᠤᠳ ᠤᠨ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ | ᠡᠵᠡᠮᠳᠠᠵᠤ᠂ ᠡᠮᠡᠭᠳᠠᠶᠢᠴᠤᠳ ᠲᠠᠢ ᠬᠠᠷᠢᠯᠴᠠᠬᠤ᠂ ᠡᠮᠡᠭᠳᠠᠶᠢᠴᠤᠳ ᠲᠤ ᠦᠢᠯᠠᠴᠢᠯᠠᠭᠦ ᠡᠯ᠎ᠡ ᠵᠦᠢᠯ ᠤᠨ ᠠᠵᠢᠯ ᠢ | ᠬᠠᠨᠳᠤᠯᠭᠠᠳᠤ ᠴᠢᠨᠠᠷ ᠲᠠᠢ ᠪᠠᠷ ᠰᠠᠶᠢᠳᠤᠷ ᠬᠢᠵᠤ᠂ ᠨᠡᠩ ᠢᠯᠡᠭᠦᠤ ᠠᠩᠬᠠᠷᠤᠯ ᠢᠶᠠᠨ ᠬᠠᠮᠤᠭ ᠤᠨ ᠡᠭᠡᠯ ᠵᠢᠷ ᠤᠨ | ᠡᠮᠡᠭᠳᠠᠶᠢᠴᠤᠳ ᠤᠨᠴᠠᠭᠠᠶᠢᠯᠠᠨ ᠶᠠᠳᠠᠭᠤ ᠭᠦᠴᠢᠷᠳᠠᠯᠳᠠᠢ ᠡᠮᠡᠭᠳᠠᠶᠢᠴᠤᠳ ᠤᠨ ᠪᠡᠶ᠎ᠠ ᠳᠡᠬᠡᠷ᠎ᠡ ᠲᠠᠯᠪᠢᠵᠤ᠂ ᠶᠠᠳᠠᠭᠤ | ᠭᠦᠴᠢᠷᠳᠠᠯᠳᠠᠢ ᠡᠮᠡᠭᠳᠠᠶᠢᠴᠤᠳ᠂ ᠵᠡᠮᠳᠡᠭ ᠡᠮᠡᠭᠳᠠᠶᠢᠴᠤᠳ᠂ ᠬᠡᠷ ᠲᠡᠭᠡᠨ ᠬᠤᠴᠤᠷᠤᠭᠰᠠᠨ ᠡᠮᠡᠭᠳᠠᠶᠢᠴᠤᠳ ᠵᠡᠷᠭᠡ | ᠭᠦᠴᠢᠷᠳᠠᠯᠳᠠᠢ ᠡᠮᠡᠭᠳᠠᠶᠢᠴᠤᠳ ᠢ ᠤᠨᠴᠠᠭᠠᠶᠢᠯᠠᠨ ᠬᠠᠯᠠᠮᠵᠢᠯᠠᠵᠤ᠂ ᠲᠡᠳᠠᠨ ᠳᠤ ᠰᠠᠶᠢᠨ ᠶᠠᠪᠤᠳᠠᠯ ᠬᠢᠵᠤ ᠦᠭᠴᠤ᠂ | ᠭᠦᠴᠢᠷ ᠠᠰᠠᠭᠤᠳᠠᠯ ᠢ ᠨᠢ ᠰᠢᠢᠳᠪᠤᠷᠢᠯᠡᠵᠤ ᠦᠭᠴᠤ᠂ ᠪᠤᠳᠠᠳᠤ ᠶᠠᠪᠤᠳᠠᠯ ᠬᠢᠵᠥ ᠦᠭᠭᠦ ᠭᠡᠷᠡᠭᠳᠠᠢ ᠬᠡᠵᠥ ᠵᠢᠭᠠᠵᠥ | ᠭᠠᠷᠭᠠᠪᠠ᠃ | ᠰᠢ ᠶᠢᠨ ᠫᠢᠡᠭ᠂ ᠡᠷᠡᠭᠳᠠᠢ ᠡᠮᠡᠭᠳᠠᠢ ᠡᠷᠭᠡ ᠲᠡᠭᠰᠢ ᠪᠠᠶᠢᠬᠤ ᠦᠨᠳᠤᠰᠤᠨ ᠤᠯᠤᠰ ᠤᠨ ᠪᠤᠳᠤᠯᠭ᠎ᠠ ᠶᠢ | ᠪᠠᠷᠢᠮᠳᠠᠯᠠᠵᠤ᠂ ᠡᠮᠡᠭᠳᠠᠶᠢᠴᠤᠳ ᠭᠡᠤᠭᠡᠳ ᠤᠨ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠬᠤ ᠭᠡᠷᠡᠭᠳᠠᠢ᠃ ᠤᠷᠳᠤ | ᠬᠤᠭᠤᠴᠠᠭᠠᠨ ᠤ ᠲᠤᠷᠰᠢ᠂ ᠡᠷᠡᠭᠳᠠᠢ ᠡᠮᠡᠭᠳᠠᠢ ᠡᠷᠭᠡ ᠲᠡᠭᠰᠢ ᠪᠠᠶᠢᠬᠤ᠂ ᠡᠮᠡᠭᠳᠠᠶᠢᠴᠤᠳ ᠢ ᠭᠦᠨᠳᠤᠳᠭᠡᠭᠦ | ᠦᠢᠯᠠᠭᠠᠭᠳᠠᠬᠤᠨ ᠤᠯᠠᠮ ᠠᠴᠠ ᠤᠯᠠᠮ ᠭᠦᠮᠤᠰ ᠤᠨ ᠰᠡᠳᠬᠢᠯ ᠳᠤ ᠭᠦᠨᠵᠡᠬᠡᠶᠢᠷᠡᠪᠠ᠂ ᠡᠭᠦᠨ ᠤ ᠬᠠᠮᠳᠤ | ᠡᠮᠡᠭᠳᠠᠶᠢᠴᠤᠳ ᠲᠤ ᠬᠠᠨᠳᠤᠭᠤᠯᠤᠬᠰᠠᠨ ᠭᠠᠳᠠᠭᠤᠷᠴᠢᠯᠠᠯ ᠮᠦᠨ ᠯᠠ ᠤᠷᠤᠰᠢᠵᠤ ᠪᠠᠶᠢᠨ᠎ᠠ᠃ ᠡᠳᠠᠭᠡᠷ ᠠᠰᠠᠭᠤᠳᠠᠯ ᠢ | ᠰᠢᠢᠳᠪᠤᠷᠢᠯᠡᠭᠦ ᠳᠤ᠂ ᠤᠯᠤᠰ ᠤᠨ ᠲᠠᠯ᠎ᠠ ᠠᠴᠠ ᠵᠠᠰᠠᠬᠤ ᠬᠡᠷᠡᠭᠲᠡᠢ ᠪᠠᠶᠢᠨ᠎ᠠ᠂ ᠡᠮᠡᠭᠳᠠᠶᠢᠴᠤᠳ ᠤᠨ ᠡᠷᠭᠡ ᠠᠰᠢᠭ ᠲᠤ | ᠬᠦᠨᠳᠦ ᠨᠤᠴᠢᠲᠠᠢ ᠬᠠᠯᠳᠠᠭᠰᠠᠨ ᠶᠠᠯᠠᠲᠦ ᠠᠵᠢᠯᠯᠠᠭ᠎ᠠ ᠳᠤ ᠬᠠᠤᠯᠢ ᠶᠤᠰᠤ ᠪᠠᠷ ᠴᠤᠬᠢᠯᠳᠠ ᠦᠭᠴᠤ᠂ ᠪᠤᠷᠤᠭᠤ ᠦᠭᠡ | ᠶᠠᠷᠢᠶ᠎ᠠ ᠶᠢ ᠴᠠᠭ ᠲᠤᠬᠠᠢ ᠳᠤᠨᠢ ᠰᠢᠭᠦᠮᠵᠢᠯᠠᠨ ᠨᠢᠴᠤᠭᠠᠬᠤ ᠬᠡᠷᠡᠭᠲᠡᠢ᠃ ᠡᠮᠡᠭᠲᠡᠶᠢᠴᠤᠳ ᠤᠨ ᠬᠤᠯᠪᠤᠭ᠎ᠠ | ᠰᠠᠨᠠᠭᠠᠴᠢᠯᠠᠭ᠎ᠠ ᠲᠠᠢ ᠪᠠᠷ ᠠᠵᠢᠯ ᠬᠢᠵᠤ᠂ ᠠᠯᠢ ᠭᠠᠵᠠᠷ ᠤᠨ ᠡᠮᠡᠭᠳᠠᠶᠢᠴᠤᠳ ᠤᠨ ᠬᠠᠤᠯᠢ ᠶᠤᠰᠤᠨ ᠤ ᠡᠷᠭᠡ ᠠᠰᠢᠭ | ᠬᠠᠯᠳᠠᠯᠭ᠎ᠠ ᠳᠤ ᠤᠴᠠᠷᠠᠪᠠᠯ᠂ ᠲᠡᠷᠡ ᠭᠠᠵᠠᠷ ᠤᠨ ᠡᠮᠡᠭᠳᠠᠶᠢᠴᠤᠳ ᠤᠨ ᠬᠤᠯᠪᠤᠭᠠᠨ ᠤ ᠵᠤᠬᠢᠶᠠᠨ ᠪᠠᠶᠢᠭᠤᠯᠤᠯᠳᠠ | ᠭᠠᠷᠴᠤ ᠢᠷᠡᠵᠤ ᠦᠭᠡ ᠬᠡᠯᠡᠵᠤ᠂ ᠬᠠᠤᠯᠢ ᠶᠤᠰᠤᠭᠠᠷ ᠲᠦᠷᠢᠮ ᠶᠤᠰᠤᠭᠠᠷ ᠡᠮᠡᠭᠳᠠᠶᠢᠴᠤᠳ ᠤᠨ ᠪᠦᠭᠦ ᠲᠠᠯ᠎ᠠ ᠪᠠᠷ | ᠭᠦᠭᠵᠢᠭᠦ ᠳᠤ ᠤᠷᠴᠢᠨ ᠡᠭᠦᠳᠴᠤ ᠦᠭᠴᠤ᠂ ᠬᠠᠷᠰᠢ ᠰᠠᠭᠠᠳ ᠢ ᠠᠷᠢᠯᠭᠠᠵᠤ᠂ ᠨᠦᠭᠦᠴᠠᠯ ᠪᠦ᠋ᠷᠢᠯᠳᠤᠭᠦᠯᠵᠤ ᠦᠭᠭᠦ | ᠭᠡᠷᠡᠭᠳᠠᠢ ᠭᠡᠵᠤ ᠴᠢᠬᠤᠯᠠᠴᠢᠯᠠᠪᠠ᠃ | ᠰᠢ ᠶᠢᠨ ᠫᠢᠡᠭ᠂ ᠭᠡᠷ ᠪᠦᠯᠢ ᠶᠢᠨ ᠠᠵᠢᠯ ᠢ ᠰᠠᠶᠢᠳᠤᠷ ᠬᠢᠵᠤ᠂ ᠡᠮᠡᠭᠳᠠᠶᠢᠴᠤᠳ ᠤᠨ ᠨᠡᠶᠢᠭᠡᠮ ᠤᠨ ᠠᠮᠢᠳᠤᠷᠠᠯ | ᠪᠤᠯᠤᠨ ᠭᠡᠷ ᠪᠦᠯᠢ ᠶᠢᠨ ᠠᠮᠢᠳᠤᠷᠠᠯ ᠲᠤᠮᠳᠠᠬᠢ ᠤᠨᠴᠠᠭᠠᠢ ᠦᠢᠯᠠᠳᠤᠯ ᠢ ᠪᠠᠳᠠᠷᠠᠭᠤᠯᠬᠤ ᠪᠤᠯ ᠡᠮᠡᠭᠳᠠᠶᠢᠴᠤᠳ ᠤᠨ | ᠬᠤᠯᠪᠤᠭᠠᠨ ᠤ ᠵᠤᠬᠢᠶᠠᠨ ᠪᠠᠶᠢᠭᠤᠯᠤᠯᠳᠠ ᠶᠢᠨ ᠶᠡᠭᠡ ᠲᠠᠯ᠎ᠠ ᠳᠤ ᠦᠢᠯᠡᠴᠢᠯᠡᠬᠦ᠂ ᠡᠮᠡᠭᠳᠠᠶᠢᠴᠤᠳ ᠲᠤ | ᠦᠢᠯᠡᠴᠢᠯᠡᠭᠦ ᠶᠢᠨ ᠴᠢᠬᠤᠯᠠ ᠬᠦᠴᠦᠯᠡᠬᠦ ᠴᠡᠭ ᠪᠤᠯᠤᠨ᠎ᠠ᠃ ᠭᠡᠷ ᠪᠦᠯᠢ᠂ ᠭᠡᠷ ᠤᠨ ᠰᠤᠷᠭᠠᠯ᠂ ᠭᠡᠷ ᠤᠨ ᠰᠤᠷᠳᠠᠯ ᠢ | ᠭᠦᠨᠳᠤᠳᠭᠡᠨ ᠦᠵᠡᠵᠤ᠂ ᠭᠡᠷ ᠪᠦᠯᠢ ᠶᠢᠨ ᠭᠦᠷᠢᠶᠠᠨ ᠳᠤ ᠢᠯᠡᠷᠡᠭᠰᠠᠨ ᠰᠢᠨ᠎ᠠ ᠪᠠᠶᠢᠳᠠᠯ ᠰᠢᠨ᠎ᠠ ᠠᠰᠠᠭᠤᠳᠠᠯ ᠢ ᠨᠠᠷᠢᠨ | ᠬᠢᠨᠠᠮᠠᠭᠠᠢ ᠰᠤᠳᠤᠯᠵᠤ᠂ ᠭᠡᠷ ᠪᠦᠯᠢ ᠶᠢᠨ ᠠᠵᠢᠯ ᠢ ᠠᠬᠢᠭᠤᠯᠬᠤ ᠶᠢ ᠨᠢᠭᠡ ᠵᠦᠢᠯ ᠤᠨ ᠤᠷᠳᠤ ᠬᠤᠭᠤᠴᠠᠭᠠᠨ ᠤ | ᠡᠭᠦᠷᠭᠡ ᠪᠤᠯᠭᠠᠨ ᠪᠤᠳᠠᠲᠠᠢ ᠠᠳᠬᠤᠵᠤ ᠴᠢᠩᠭ᠎ᠠ ᠠᠳᠬᠤᠬᠤ ᠭᠡᠷᠡᠭᠳᠠᠢ᠃ ᠨᠡᠶᠢᠭᠡᠮ ᠵᠢᠷᠤᠮ ᠤᠨ ᠭᠤᠤᠯᠯᠠᠭᠴᠢ | ᠦᠷᠲᠡᠭ ᠤᠨ ᠦᠵᠡᠯᠳᠠ ᠪᠠᠷ ᠶᠡᠷᠦᠩᠬᠡᠶᠢᠯᠡᠨ ᠵᠢᠯᠤᠭᠤᠲᠤᠭᠤᠯᠬᠤ ᠶᠢ ᠪᠠᠷᠢᠮᠳᠠᠯᠠᠵᠤ᠂ ᠡᠮᠡᠭᠳᠠᠶᠢᠴᠤᠳ ᠢ ᠬᠦᠲᠦᠯᠦᠨ | ᠲᠠᠭᠠᠭᠤᠯᠵᠤ ᠪᠠᠶᠢᠭᠠᠳ ᠪᠠᠭ᠎ᠠ ᠬᠡᠷ ᠢᠶᠠᠨ ᠬᠠᠶᠢᠷᠠᠯᠠᠬᠤ ᠪᠠᠷ ᠦᠯᠤ ᠪᠠᠷᠠᠮ ᠤᠯᠤᠰ ᠢᠶᠠᠨ ᠬᠠᠶᠢᠷᠠᠯᠠᠬᠤ ᠪᠤᠯᠭᠠᠵᠤ᠂ | ᠭᠡᠷ ᠪᠦᠯᠢ ᠶᠢᠨ ᠪᠦᠷᠢᠯᠳᠤᠭᠦᠨ ᠢᠶᠠᠨ ᠲᠠᠶᠢᠴᠢᠯᠠᠨ ᠤᠯᠤᠰ ᠢᠶᠠᠨ ᠬᠠᠶᠢᠷᠠᠯᠠᠵᠤ ᠭᠡᠷ ᠪᠦᠯᠢ ᠪᠠᠨ ᠬᠠᠶᠢᠷᠠᠯᠠᠬᠤ | ᠤᠯᠤᠰ ᠤᠨ ᠪᠤᠳᠤᠯ ᠰᠡᠳᠬᠢᠯ ᠢᠶᠠᠨ ᠨᠡᠮᠡᠭᠳᠡᠬᠦᠯᠬᠦ᠂ ᠬᠠᠷᠢᠯᠴᠠᠨ ᠬᠠᠶᠢᠷᠠᠯᠠᠵᠤ ᠰᠠᠨᠠᠬᠤ ᠭᠡᠷ ᠪᠦᠯᠢ ᠶᠢᠨ | ᠬᠠᠷᠢᠴᠠᠭ᠎ᠠ ᠶᠢ ᠪᠠᠶᠢᠭᠤᠯᠬᠤ᠂ ᠤᠷᠤᠭᠰᠢᠯᠠᠨ ᠲᠠᠪᠰᠢᠬᠤ ᠡᠨᠡᠷᠢᠩᠭᠦᠢ ᠶᠢ ᠡᠷᠬᠢᠮᠯᠡᠬᠦ ᠭᠡᠷ ᠪᠦᠯᠢ ᠶᠢᠨ ᠰᠠᠶᠢᠨ ᠰᠠᠶᠢᠬᠠᠨ | ᠰᠤᠷᠳᠠᠯ ᠢ ᠪᠠᠳᠠᠷᠠᠭᠤᠯᠬᠤ᠂ ᠬᠠᠮᠳᠤ ᠪᠠᠷ ᠪᠠᠶᠢᠭᠤᠯᠵᠤ ᠬᠠᠮᠳᠤ ᠪᠠᠷ ᠡᠳ᠋ᠯᠡᠭᠦ ᠭᠡᠷ ᠪᠦᠯᠢ ᠶᠢᠨ ᠭᠦᠭᠡᠭᠡᠴᠡᠯᠳᠤᠯ ᠢ | ᠢᠯᠡᠷᠡᠭᠦᠯᠬᠦ ᠪᠤᠯᠭᠠᠵᠤ᠂ ᠭᠡᠷ ᠪᠦᠯᠢ ᠪᠠᠷ ᠢᠶᠠᠨ ᠡᠶ᠎ᠡ ᠡᠪᠲᠡᠢ᠂ ᠡᠯᠢᠭᠡᠨ ᠰᠠᠳᠤᠨ ᠢᠶᠠᠷ ᠢᠶᠠᠨ ᠬᠠᠷᠢᠯᠴᠠᠨ | ᠬᠠᠶᠢᠷᠠᠯᠠᠯᠴᠠᠵᠤ᠂ ᠬᠤᠶᠢᠴᠢ ᠦᠶ᠎ᠠ ᠶᠢᠨ ᠬᠢᠨ ᠤ ᠡᠷᠡᠭᠦᠯ ᠢᠶᠠᠷ ᠪᠤᠶᠢᠵᠢᠬᠤ᠂ ᠨᠠᠰᠤᠳᠠᠶᠢᠴᠤᠳ ᠦᠳᠡᠯᠪᠡᠯ | ᠠᠰᠠᠷᠠᠮᠵᠢ ᠲᠠᠢ ᠪᠠᠶᠢᠬᠤ ᠵᠡᠷᠭᠡ ᠲᠠᠯ᠎ᠠ ᠶᠢ ᠠᠬᠢᠭᠤᠯᠬᠤ ᠲᠠᠪᠠᠭᠤᠯᠢᠭ ᠢᠶᠠᠨ ᠪᠠᠳᠠᠷᠠᠭᠤᠯᠬᠤ᠂ ᠬᠠᠷᠢᠭᠤᠴᠠᠯᠭ᠎ᠠ ᠪᠠᠨ | ᠡᠭᠦᠷᠭᠡᠯᠡᠭᠦ ᠪᠤᠯᠭᠠᠬᠤ ᠭᠡᠷᠡᠭᠳᠠᠢ᠃ ᠡᠮᠡᠭᠳᠠᠶᠢᠴᠤᠳ ᠢ ᠬᠦᠳᠤᠯᠤᠨ ᠲᠠᠭᠠᠭᠤᠯᠵᠤ ᠪᠠᠶᠢᠭᠠᠳ ᠭᠡᠷ ᠪᠦᠯᠢ ᠪᠠᠨ | ᠲᠠᠶᠢᠴᠢᠯᠠᠨ ᠨᠠᠰᠤᠳᠠᠨ ᠢᠶᠠᠨ ᠬᠦᠨᠳᠤᠳᠬᠡᠵᠤ ᠨᠢᠯᠬᠠᠰ ᠢᠶᠠᠨ ᠬᠠᠶᠢᠷᠠᠯᠠᠬᠤ᠂ ᠡᠷᠡᠭᠳᠠᠢ ᠡᠮᠡᠭᠳᠠᠢ ᠡᠷᠬᠡ ᠲᠡᠭᠰᠢ ᠪᠠᠶᠢᠬᠤ᠂ | ᠡᠷ᠎ᠠ ᠡᠮ᠎ᠠ ᠡᠶ᠎ᠡ ᠨᠠᠶᠢᠷᠳᠠᠢ ᠪᠠᠶᠢᠬᠤ᠂ ᠠᠵᠢᠯᠴᠢ ᠠᠷᠪᠢᠴᠢ ᠪᠠᠷ ᠠᠵᠤ ᠲᠦᠷᠤᠬᠦ᠂ ᠬᠦᠷᠰᠢ ᠵᠡᠷᠬᠡᠯᠡᠳᠡᠭᠡ ᠲᠠᠢ ᠪᠠᠨ | ᠪᠦᠯᠬᠦᠮᠳᠡᠬᠦ ᠳᠤᠮᠳᠠᠳᠤ ᠶᠢᠨ ᠦᠨᠳᠤᠰᠤᠳᠠᠨ ᠤ ᠤᠯᠠᠮᠵᠢᠯᠠᠯᠳᠤ ᠰᠠᠶᠢᠨ ᠰᠠᠶᠢᠬᠠᠨ ᠰᠤᠷᠳᠠᠯ ᠢ ᠪᠠᠳᠠᠷᠠᠭᠤᠯᠵᠤ᠂ | ᠭᠠᠵᠢᠭᠤ ᠰᠤᠷᠳᠠᠯ ᠢ ᠡᠰᠡᠷᠬᠦᠴᠡᠵᠤ᠂ ᠴᠢᠬᠡᠴᠢ ᠰᠤᠷᠳᠠᠯ ᠲᠦᠪ ᠤᠪᠤᠷ ᠢ ᠪᠠᠳᠠᠷᠠᠭᠤᠯᠵᠤ᠂ ᠰᠠᠶᠢᠨ ᠰᠠᠶᠢᠬᠠᠨ | ᠭᠡᠷ ᠤᠨ ᠰᠤᠷᠳᠠᠯ ᠢᠶᠠᠷ ᠰᠠᠶᠢᠨ ᠰᠠᠶᠢᠬᠠᠨ ᠨᠡᠶᠢᠬᠡᠮ ᠤᠨ ᠰᠤᠷᠳᠠᠯ ᠢ ᠲᠤᠯᠭᠠᠭᠤᠷᠢᠯᠠᠬᠤ ᠭᠡᠷᠡᠭᠳᠠᠢ᠃ ᠡᠮᠡᠭᠳᠠᠶᠢᠴᠤᠳ ᠢ | ᠬᠠᠪᠰᠤᠷᠤᠨ ᠭᠡᠷ ᠪᠦᠯᠢ ᠪᠤᠯᠤᠨ ᠠᠵᠢᠯ ᠤᠨ ᠬᠠᠷᠢᠴᠠᠭ᠎ᠠ ᠶᠢ ᠰᠠᠶᠢᠳᠤᠷ ᠰᠢᠢᠳᠪᠤᠷᠢᠯᠠᠵᠤ᠂ ᠨᠡᠶᠢᠬᠡᠮ ᠳᠤ | ᠬᠠᠷᠢᠭᠤᠴᠠᠯᠭ᠎ᠠ ᠲᠠᠢ᠂ ᠭᠡᠷ ᠪᠦᠯᠢ ᠳᠡᠭᠡᠨ ᠬᠤᠪᠢ ᠨᠡᠮᠡᠷᠢ ᠲᠠᠢ ᠰᠢᠨ᠎ᠠ ᠴᠠᠬ ᠦᠶ᠎ᠠ ᠶᠢᠨ ᠡᠮᠡᠭᠳᠠᠶᠢᠴᠤᠳ ᠪᠤᠯᠭᠠᠬᠤ | ᠭᠡᠷᠡᠭᠳᠠᠢ᠃ ᠡᠮᠡᠭᠳᠠᠶᠢᠴᠤᠳ ᠢ ᠬᠦᠳᠤᠯᠤᠨ ᠲᠠᠭᠠᠭᠤᠯᠵᠤ ᠪᠠᠶᠢᠭᠠᠳ ᠤᠯᠤᠰ ᠢᠶᠠᠨ ᠬᠠᠶᠢᠷᠠᠯᠠᠵᠤ ᠬᠠᠷᠠᠮ ᠦᠬᠡᠢ | ᠵᠤᠷᠢᠭᠤᠯᠬᠤ ᠵᠤᠷᠢᠬ ᠰᠠᠨᠠᠭ᠎ᠠ ᠶᠢ ᠪᠠᠳᠠᠷᠠᠭᠤᠯᠵᠤ᠂ ᠪᠡᠶ᠎ᠠ ᠪᠠᠨ ᠬᠦᠨᠳᠤᠳᠬᠡᠵᠤ ᠪᠠᠶ᠎ᠠ ᠪᠠᠨ ᠢᠳᠡᠬᠡᠵᠤ ᠪᠠᠶ᠎ᠠ ᠪᠠᠨ | ᠲᠠᠭᠠᠭᠠᠵᠤ ᠦᠪᠡᠷ ᠢ ᠪᠠᠨ ᠬᠦᠴᠦᠷᠭᠡᠭᠵᠢᠬᠦᠯᠵᠤ᠂ ᠠᠵᠢᠯᠯᠠᠭ᠎ᠠ ᠪᠠᠷ ᠢᠶᠠᠨ ᠰᠢᠨ᠎ᠠ ᠴᠠᠬ ᠦᠶ᠎ᠠ ᠳᠤ ᠬᠤᠪᠢ ᠨᠡᠮᠡᠷᠢ | ᠦᠵᠡᠬᠦᠯᠵᠤ᠂ ᠲᠡᠮᠡᠴᠡᠯ ᠢᠶᠠᠷ ᠢᠶᠠᠨ ᠰᠠᠶᠢᠨ ᠰᠠᠶᠢᠬᠠᠨ ᠠᠮᠢᠳᠤᠷᠠᠯ ᠢᠶᠠᠨ ᠴᠤᠬᠴᠠᠯᠠᠵᠤ᠂ ᠡᠬᠡ ᠤᠯᠤᠰ ᠤᠨ | ᠦᠬᠡᠷᠡᠴᠢᠯᠠᠯᠳᠠ ᠬᠦᠭᠵᠢᠯᠳᠠ ᠶᠢᠨ ᠠᠭᠤᠤ ᠶᠡᠭᠡ ᠤᠶᠢᠯᠡᠰ ᠲᠤᠮᠲᠠ ᠲᠤᠰ ᠪᠠᠶ᠎ᠠ ᠶᠢᠨ ᠬᠦᠭᠵᠢᠯᠳᠠ ᠪᠠᠨ | ᠪᠡᠶᠡᠯᠡᠬᠦᠯᠵᠤ᠂ ᠠᠷᠠᠳ ᠲᠦᠮᠡᠨ ᠲᠡᠤᠬᠡ ᠶᠢ ᠡᠬᠦᠳᠦᠨ ᠪᠦᠲᠦᠭᠡᠬᠦ ᠠᠭᠤᠤ ᠶᠡᠭᠡ ᠲᠡᠮᠡᠴᠡᠯ ᠲᠤᠮᠲᠠ ᠬᠦᠮᠤᠨ ᠤ | ᠠᠮᠢᠳᠤᠷᠠᠯ ᠤᠨ ᠦᠡᠭᠭᠡ ᠭᠢᠯᠪᠠᠭ᠎ᠠ ᠪᠠᠨ ᠰᠠᠴᠤᠷᠠᠭᠤᠯᠬᠤ ᠭᠡᠷᠡᠭᠳᠠᠢ ᠬᠡᠵᠥ ᠵᠢᠭᠠᠵᠥ ᠭᠠᠷᠭᠠᠪᠠ᠃ | ᠰᠢ ᠶᠢᠨ ᠫᠢᠩ᠂ ᠨᠡᠩ ᠪᠤᠳᠠᠳᠠᠢ ᠠᠷᠭ᠎ᠠ ᠬᠡᠮᠵᠢᠶ᠎ᠠ ᠪᠠᠷ ᠡᠮᠡᠭᠳᠠᠶᠢᠴᠳ ᠤᠨ ᠬᠤᠯᠪᠤᠭ᠎ᠠ ᠶᠢᠨ | ᠦᠬᠡᠷᠡᠴᠢᠯᠠᠯᠳᠠ ᠶᠢ ᠠᠬᠢᠭᠤᠯᠵᠤ᠂ ᠦᠨᠳᠤᠰᠤᠳᠠᠨ ᠱᠠᠳᠤᠨ ᠤ ᠡᠮᠡᠭᠳᠠᠶᠢᠴᠤᠳ ᠤᠨ ᠵᠤᠬᠢᠶᠠᠨ ᠪᠠᠶᠢᠭᠤᠯᠤᠯᠳᠠ ᠶᠢᠨ | ᠦᠬᠡᠷᠡᠴᠢᠯᠠᠯᠳᠠ ᠶᠢ ᠬᠦᠨᠵᠡᠬᠡᠶᠢᠷᠡᠬᠦᠯᠵᠤ᠂ ᠪᠠᠶᠢᠭᠤᠯᠭ᠎ᠠ ᠶᠢᠨ ᠺᠠᠳ᠋ᠷ ᠤᠨ ᠠᠵᠢᠯ ᠤᠨ ᠰᠤᠷᠳᠠᠯ ᠢ ᠰᠠᠶᠢᠵᠢᠷᠠᠭᠤᠯᠵᠤ᠂ | ᠤᠶᠢᠯᠡᠴᠢᠯᠡᠬᠡᠨ ᠤ ᠴᠢᠳᠠᠪᠤᠷᠢ ᠶᠢ ᠲᠡᠭᠡᠭᠰᠢᠯᠡᠬᠦᠯᠵᠤ᠂ ᠪᠡᠷᠭᠡ ᠶᠢ ᠲᠠᠪᠠᠵᠤ ᠬᠦᠴᠢᠷ ᠢ ᠲᠤᠭᠤᠯᠬᠤ ᠡᠷᠴᠢᠮ ᠢᠶᠠᠨ | ᠴᠢᠩᠭᠠᠷᠠᠭᠤᠯᠵᠤ᠂ ᠦᠬᠡᠷᠡᠴᠢᠯᠠᠯᠳᠠ ᠶᠢ ᠦᠨᠳᠤᠰᠤᠳᠠᠨ ᠱᠠᠳᠤᠨ ᠳᠤ ᠬᠦᠨᠵᠡᠬᠡᠶᠢᠷᠡᠬᠦᠯᠬᠦ ᠶᠢ ᠪᠠᠳᠤᠯᠠᠬᠤ ᠭᠡᠷᠡᠭᠳᠠᠢ᠃ | ᠡᠮᠡᠭᠳᠠᠶᠢᠴᠤᠳ ᠲᠠᠢ ᠬᠠᠷᠢᠯᠴᠠᠬᠤ ᠪᠠ ᠡᠮᠡᠭᠳᠠᠶᠢᠴᠤᠳ ᠲᠤ ᠤᠶᠢᠯᠡᠴᠢᠯᠡᠬᠦ ᠶᠢ ᠠᠵᠢᠯ ᠤᠨ ᠠᠮᠢᠨ ᠰᠤᠳᠠᠰᠤ ᠪᠤᠯᠭᠠᠵᠤ᠂ | ᠡᠮᠡᠭᠳᠠᠶᠢᠴᠤᠳ ᠤᠨ ᠢᠳᠡᠬᠡᠮᠵᠢᠳᠠᠢ᠂ ᠨᠠᠶᠢᠳᠠᠪᠤᠷᠢᠳᠠᠢ᠂ ᠰᠠᠯᠵᠤ ᠲᠡᠶᠢᠯᠦᠰᠢ ᠦᠬᠡᠢ ᠲᠦᠷᠬᠦᠮ ᠤᠨ ᠬᠦᠮᠤᠨ ᠨᠢ | ᠪᠤᠯᠬᠤ ᠭᠡᠷᠡᠭᠳᠠᠢ᠃ ᠡᠮᠡᠭᠳᠠᠶᠢᠴᠤᠳ ᠤᠨ ᠬᠤᠯᠪᠤᠭ᠎ᠠ ᠶᠢᠨ ᠺᠠᠳ᠋ᠷ ᠤᠨ ᠡᠩᠨᠡᠬᠡᠨ ᠤ ᠪᠠᠶᠢᠭᠤᠯᠤᠯᠳᠠ ᠶᠢ ᠴᠢᠩᠭᠠᠳᠬᠠᠵᠤ | ᠂ ᠦᠨᠳᠤᠷ ᠮᠡᠳᠡᠯᠬᠡ ᠪᠤᠯᠪᠠᠰᠤᠷᠠᠯ ᠲᠠᠢ ᠡᠮᠡᠭᠳᠠᠶᠢᠴᠤᠳ ᠤᠨ ᠬᠤᠯᠪᠤᠭ᠎ᠠ ᠶᠢᠨ ᠺᠠᠳ᠋ᠷ ᠢ ᠴᠢᠷᠮᠠᠶᠢᠨ ᠬᠦᠮᠤᠵᠢᠬᠦᠯᠬᠦ | ᠭᠡᠷᠡᠭᠳᠠᠢ᠃ ᠰᠤᠷᠳᠠᠯ ᠤᠨ ᠪᠠᠶᠢᠭᠤᠯᠤᠯᠳᠠ ᠶᠢ ᠨᠡᠩ ᠴᠢᠬᠤᠯᠠ ᠪᠠᠶᠢᠷᠢᠨ ᠳᠤ ᠲᠠᠯᠪᠢᠵᠤ᠂ ᠪᠠᠶᠢᠴᠠᠭᠠᠨ ᠰᠤᠳᠤᠯᠤᠯᠳᠠ | ᠬᠢᠬᠦ ᠰᠤᠷᠳᠠᠯ ᠢ ᠶᠡᠭᠡᠪᠡᠷ ᠪᠠᠳᠠᠷᠠᠭᠤᠯᠵᠤ᠂ ᠡᠮᠡᠭᠳᠠᠶᠢᠴᠤᠳ ᠲᠠᠢ ᠬᠠᠷᠢᠯᠴᠠᠬᠤ ᠠᠷᠭ᠎ᠠ ᠵᠠᠮ ᠢ ᠰᠢᠯᠤᠭᠤᠳᠬᠠᠬᠤ | ᠭᠡᠷᠡᠭᠳᠠᠢ᠃ ᠡᠯ᠎ᠠ ᠱᠠᠳᠤᠨ ᠤ ᠨᠠᠮ ᠤᠨ ᠬᠤᠷᠢᠶᠠᠨ ᠤ ᠬᠢᠨ ᠴᠢᠬᠤᠯᠠᠴᠢᠯᠠᠬᠤ᠂ ᠬᠠᠯᠠᠮᠵᠢᠯᠠᠬᠤ᠂ ᠲᠡᠮᠵᠢᠬᠦ᠂ ᠪᠠᠳᠤᠯᠠᠬᠤ | ᠡᠷᠴᠢᠮ ᠢᠶᠠᠨ ᠴᠢᠩᠭᠠᠷᠠᠭᠤᠯᠵᠤ᠂ ᠡᠮᠡᠭᠳᠠᠢ ᠺᠠᠳ᠋ᠷ ᠢ ᠬᠦᠮᠤᠵᠢᠬᠦᠯᠬᠦ ᠶᠢ ᠴᠢᠬᠤᠯᠠᠴᠢᠯᠠᠵᠤ᠂ ᠡᠮᠡᠭᠳᠠᠶᠢᠴᠤᠳ ᠤᠨ | ᠬᠤᠯᠪᠤᠭ᠎ᠠ ᠶᠢᠨ ᠺᠠᠳ᠋ᠷ ᠤᠨ ᠡᠩᠨᠡᠬᠡᠨ ᠤ ᠪᠠᠶᠢᠭᠤᠯᠤᠯᠳᠠ ᠶᠢ ᠴᠢᠬᠤᠯᠠᠴᠢᠯᠠᠵᠤ᠂ ᠡᠮᠡᠭᠳᠠᠶᠢᠴᠤᠳ ᠤᠨ ᠤᠶᠢᠯᠡᠰ ᠤᠨ | ᠡᠷᠡᠬᠦᠯ ᠢᠶᠠᠷ ᠬᠦᠭᠵᠢᠬᠦ᠂ ᠡᠮᠡᠭᠳᠠᠶᠢᠴᠤᠳ ᠤᠨ ᠬᠤᠯᠪᠤᠭ᠎ᠠ ᠶᠢᠨ ᠵᠤᠬᠢᠶᠠᠨ ᠪᠠᠶᠢᠭᠤᠯᠤᠯᠲᠠ ᠠᠵᠢᠯ ᠢᠶᠠᠨ | ᠦᠷᠨᠢᠬᠦᠯᠬᠦ ᠳᠤ ᠰᠠᠶᠢᠨ ᠰᠠᠶᠢᠬᠠᠨ ᠨᠦᠬᠦᠴᠠᠯ ᠪᠦᠷᠢᠯᠳᠦᠬᠦᠯᠵᠤ ᠦᠭᠬᠦ ᠭᠡᠷᠡᠭᠳᠠᠢ ᠬᠡᠵᠤ ᠴᠢᠬᠤᠯᠠᠴᠢᠯᠠᠪᠠ᠃ ᠪᠦᠬᠦ | ᠤᠯᠤᠰ ᠤᠨ ᠡᠮᠡᠭᠳᠠᠶᠢᠴᠤᠳ ᠤᠨ ᠬᠤᠯᠪᠤᠭ᠎ᠠ ᠶᠢᠨ ᠲᠡᠷᠢᠬᠦᠯᠡᠭᠴᠢ ᠱᠧᠨ ᠶᠤᠸᠠᠢ ᠶᠤᠸᠠᠢ ᠪᠦᠬᠦ ᠤᠯᠤᠰ ᠤᠨ | ᠡᠮᠡᠭᠳᠠᠶᠢᠴᠤᠳ ᠤᠨ ᠬᠤᠯᠪᠤᠭ᠎ᠠ ᠶᠢᠨ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠬ ᠢ ᠲᠦᠯᠤᠬᠡᠯᠡᠨ ᠳᠤᠮᠳᠠᠳᠤ | ᠤᠯᠤᠰ ᠤᠨ ᠡᠮᠡᠭᠳᠠᠶᠢᠴᠤᠳ ᠤᠨ ᠠᠷᠪᠠᠨ ᠬᠤᠶᠠᠳᠤᠭᠠᠷ ᠶᠡᠭᠡ ᠬᠤᠷᠠᠯ ᠢ ᠬᠤᠷᠠᠯᠳᠤᠭᠤᠯᠤᠬᠰᠠᠨ ᠪᠠᠶᠢᠳᠠᠯ ᠪᠤᠯᠤᠨ | ᠡᠮᠡᠭᠳᠠᠶᠢᠴᠤᠳ ᠤᠨ ᠬᠤᠯᠪᠤᠭ᠎ᠠ ᠶᠢᠨ ᠠᠵᠢᠯ ᠢᠶᠠᠨ ᠰᠠᠶᠢᠳᠤᠷ ᠬᠢᠬᠦ ᠲᠤᠬᠠᠢ ᠪᠤᠳᠤᠯᠬᠢᠯᠠᠯ ᠢᠶᠠᠨ ᠬᠠᠷᠢᠭᠤ ᠮᠡᠳᠡᠭᠦᠯᠪᠡ᠃ | ᠪᠦᠬᠦ ᠤᠯᠤᠰ ᠤᠨ ᠡᠮᠡᠭᠳᠠᠶᠢᠴᠤᠳ ᠤᠨ ᠬᠤᠯᠪᠤᠭ᠎ᠠ ᠶᠢᠨ ᠲᠡᠳ᠋ ᠲᠡᠷᠢᠬᠦᠯᠡᠭᠴᠢ ᠬᠤᠸᠠᠩ ᠰᠢᠶᠤᠤ ᠸᠧᠢ᠂ ᠯᠢᠦ ᠶᠠᠩ᠂ | ᠴᠧᠨ ᠬᠤᠸᠠ ᠯᠠᠨ ᠦᠭᠡ ᠬᠡᠯᠡᠵᠡᠢ᠃ | ᠳ᠋ᠢᠩ ᠰᠢᠤᠸᠠᠢ ᠰᠢᠶᠠᠩ᠂ ᠶᠠᠩ ᠰᠢᠶᠤᠤ ᠳ᠋ᠦ᠋᠂ ᠴᠧᠨ ᠰᠢ᠂ ᠬᠦᠸᠧ ᠱᠧᠩ ᠺᠦᠨ᠂ ᠬᠤᠸᠠᠩ ᠺᠦᠨ ᠮᠢᠩ᠂ | ᠶᠸᠤ ᠴᠢᠤᠸᠠᠨ ᠶᠠᠷᠢᠯᠴᠠᠭ᠎ᠠ ᠳᠤ ᠤᠷᠤᠯᠴᠠᠪᠠ᠃ | |