| | | | 10 ᠰᠠᠷ᠎ᠠ ᠶᠢᠨ 31 ᠤ ᠡᠳᠤᠷ ᠠᠴᠠ 11 ᠰᠠᠷ᠎ᠠ ᠶᠢᠨ 1 ᠤ ᠡᠳᠤᠷ ᠪᠤᠯᠲᠠᠯ᠎ᠠ᠂ ᠬᠤᠰᠢᠭᠤ ᠨᠠᠮ ᠤᠨ | ᠬᠤᠷᠢᠶᠠᠨ ᠤ ᠱᠦᠵᠢ ᠡᠷᠳᠡᠨᠢᠪᠢᠯᠢᠭ ᠰᠦᠯᠳᠡ ᠰᠤᠮᠤ᠂ ᠰᠢᠷᠬᠤᠰᠤᠨ ᠪᠠᠯᠭᠠᠰᠤ᠂ ᠤᠯᠠᠭᠠᠨᠲᠤᠯᠤᠭᠠᠢ ᠪᠠᠯᠭᠠᠰᠤ᠂ | ᠲᠤᠭ ᠪᠠᠯᠭᠠᠰᠤᠨ ᠳᠤ ᠬᠦᠷᠴᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ᠂ ᠬᠦᠳᠡᠭᠡ ᠲᠤᠰᠬᠤᠨ ᠢ | ᠬᠦᠭᠵᠢᠬᠦᠯᠦᠨ ᠮᠠᠨᠳᠤᠭᠤᠯᠬᠤ᠂ ᠵᠠᠮ ᠬᠠᠷᠢᠯᠴᠠᠭ᠎ᠠ ᠪᠠ ᠤᠰᠤᠨ ᠠᠰᠢᠭᠯᠠᠯᠳᠠ ᠶᠢᠨ ᠪᠥᠳᠥᠭᠡᠨ ᠪᠠᠶᠢᠭᠤᠯᠤᠯᠳᠠ᠂ | ᠤᠷᠴᠢᠨ ᠲᠤᠭᠤᠷᠢᠨ ᠤ ᠵᠠᠰᠠᠨ ᠴᠡᠭᠴᠡᠯᠡᠯᠳᠡ᠂ ᠦᠨᠳᠦᠰᠦᠨ ᠱᠠᠳᠤᠨ ᠤ ᠨᠠᠮ ᠤᠨ ᠪᠠᠶᠢᠭᠤᠯᠤᠯᠳᠠ ᠵᠡᠷᠭᠡ | ᠭᠤᠤᠯᠳᠠᠯᠭ᠎ᠠ ᠲᠠᠢ ᠠᠵᠢᠯ ᠳᠤ ᠪᠠᠶᠢᠴᠠᠭᠠᠨ ᠰᠤᠳᠤᠯᠤᠯᠳᠠ ᠬᠢᠵᠠᠢ᠃ ᠬᠤᠰᠢᠭᠤ ᠨᠠᠮ ᠤᠨ ᠬᠤᠷᠢᠶᠠᠨ ᠤ ᠪᠠᠶᠢᠩᠭᠤ | ᠶᠢᠨ ᠬᠡᠰᠢᠬᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠤᠤ ᠶᠦᠩ ᠹᠧᠩ᠂ ᠬᠤᠰᠢᠭᠤ | ᠤᠳᠤᠷᠢᠳᠤᠯᠭ᠎ᠠ ᠸᠠᠩ ᠭᠠᠩ᠂ ᠸᠠᠩ ᠵᠢᠷᠭᠠᠯ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ | ᠤᠨ ᠠᠬᠢᠭᠤᠯᠤᠯᠲᠠ ᠶᠢᠨ ᠳᠤᠭᠤᠶᠢᠯᠠᠩ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠪᠠᠷᠠᠳᠠᠨ | ᠪᠠᠶᠢᠴᠠᠭᠠᠪᠠ᠃ | | | | | | | | ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠤᠷᠢᠳᠴᠢᠯᠠᠨ ᠮᠡᠳᠡᠭᠳᠡᠬᠦ ᠦᠭᠡᠢ ᠪᠠᠷ ᠰᠤᠭᠤᠴᠢᠨ | ᠰᠤᠩᠭᠤᠵᠤ ᠡᠷᠤᠬᠡ ᠳᠤ ᠤᠷᠤᠬᠤ ᠠᠷᠭ᠎ᠠ ᠪᠠᠷ 2018 ᠤᠨ ᠤ ᠪᠦᠬᠦ ᠬᠤᠰᠢᠭᠤᠨ ᠤ ᠲᠠᠩᠰᠠ ᠪᠠᠶᠢᠭᠤᠯᠤᠭᠰᠠᠨ | ᠶᠠᠳᠠᠭᠤ ᠡᠷᠦᠬᠡ ᠳᠤ ᠤᠷᠤᠵᠤ᠂ ᠪᠠᠲᠤᠳᠬᠠᠨ ᠴᠢᠨᠡᠭᠡᠯᠢᠭᠵᠢᠭᠦᠯᠬᠦ ᠡᠷᠤᠬᠡ᠂ ᠶᠠᠳᠠᠭᠤ ᠡᠷᠤᠬᠡ ᠶᠢᠨ ᠪᠠᠷᠢᠮᠵᠢᠶᠠᠨ ᠳᠤ | ᠤᠶᠢᠷᠠᠲᠤᠵᠤ ᠪᠠᠶᠢᠭ᠎ᠠ ᠡᠷᠤᠬᠡ ᠳᠤ ᠬᠦᠷᠴᠤ ᠪᠠᠶᠢᠴᠠᠭᠠᠨ ᠰᠤᠳᠤᠯᠤᠯᠲᠠ ᠬᠢᠵᠤ᠂ ᠳᠡᠳᠡᠨ ᠤ ᠦᠢᠯᠡᠳᠪᠤᠷᠢᠯᠡᠯ | ᠠᠮᠢᠳᠤᠷᠠᠯ ᠢ ᠨᠠᠷᠢᠨ ᠤᠶᠢᠯᠠᠭᠠᠨ᠂ ᠬᠦᠷᠲᠡᠵᠤ ᠪᠠᠶᠢᠭ᠎ᠠ ᠰᠤᠷᠭᠠᠨ ᠬᠦᠮᠦᠵᠢᠯ ᠢᠶᠠᠷ ᠶᠠᠳᠠᠭᠤ ᠶᠢ ᠳᠡᠳᠬᠦᠬᠦ᠂ ᠡᠷᠡᠬᠦᠯ | ᠡᠩᠭᠡ ᠶᠢᠨ ᠦᠢᠯᠡᠰ ᠢᠶᠠᠷ ᠶᠠᠳᠠᠭᠤ ᠶᠢ ᠳᠡᠳᠬᠦᠬᠦ᠂ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠲᠠᠯ᠎ᠠ ᠪᠠᠷ ᠬᠢ | ᠶᠠᠳᠠᠭᠤ ᠠᠴᠠ ᠠᠩᠭᠢᠵᠢᠷᠠᠭᠤᠯᠬᠤ ᠠᠷᠭ᠎ᠠ ᠪᠠᠷᠢᠯ ᠢ ᠨᠠᠷᠢᠨ ᠤᠶᠢᠯᠠᠭᠠᠵᠠᠢ᠃ ᠪᠠᠶᠢᠴᠠᠭᠠᠨ ᠰᠤᠳᠤᠯᠤᠯᠲᠠ ᠶᠢᠨ ᠳᠤᠮᠳᠠ | ᠰᠤᠮᠤ ᠪᠠᠯᠭᠠᠰᠤ᠂ ᠳᠠᠭᠠᠭᠠᠴᠢᠯᠠᠨ ᠬᠠᠷᠢᠯᠴᠠᠬᠤ ᠪᠠᠶᠢᠭᠤᠯᠭ᠎ᠠ᠂ ᠭᠠᠴᠠᠭ᠎ᠠ ᠲᠤᠰᠬᠤᠨ ᠤ ᠬᠤᠶᠠᠷ ᠵᠦᠪᠯᠡᠯ᠂ | ᠲᠤᠰᠬᠤᠨ ᠳᠤ ᠰᠠᠭᠤᠭ᠎ᠠ ᠠᠵᠢᠯ ᠤᠨ ᠳᠤᠭᠤᠶᠢᠯᠠᠩ ᠢ ᠰᠤᠭᠤᠴᠢᠨ ᠰᠤᠩᠭᠤᠵᠤ ᠠᠵᠢᠯ ᠤᠨ ᠪᠠᠶᠢᠳᠠᠯ ᠢ ᠪᠠᠶᠢᠴᠠᠭᠠᠨ | ᠦᠵᠡᠭᠰᠡᠨ ᠪᠠᠶᠢᠨ᠎ᠠ᠃ ᠡᠷᠳᠡᠨᠢᠪᠢᠯᠢᠭ ᠴᠢᠬᠤᠯᠠᠴᠢᠯᠠᠬᠤ ᠳᠤ ᠪᠠᠨ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ | ᠰᠢᠪᠲᠤᠯᠬᠤ ᠲᠠᠶᠢᠯᠠᠯᠳᠤᠭᠠᠨ ᠤ ᠢᠯᠡᠯᠲᠠ ᠶᠢ ᠲᠡᠮᠡᠴᠡᠨ ᠤᠯᠬᠤ ᠪᠤᠯ ᠨᠢᠭᠡ ᠲᠦᠷᠦᠯ ᠤᠨ ᠬᠦᠨᠳᠤ ᠴᠢᠬᠤᠯᠠ ᠤᠯᠤᠰ | ᠲᠦᠷᠤ ᠶᠢᠨ ᠡᠭᠦᠷᠭᠡ ᠪᠤᠯᠤᠨ᠎ᠠ᠂ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠰᠢ ᠶᠢᠨ ᠫᠢᠩ ᠤᠨ ᠶᠠᠳᠠᠭᠤ ᠶᠢ | ᠳᠡᠳᠭᠦᠬᠦ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠵᠤ ᠬᠦᠴᠢᠷᠳᠡᠯᠲᠠᠢ ᠡᠷᠤᠬᠡ ᠶᠢᠨ ᠠᠮᠢᠳᠤᠷᠠᠯ ᠤᠨ ᠪᠠᠶᠢᠳᠠᠯ ᠢ | ᠬᠦᠨᠵᠡᠭᠡᠢ ᠤᠶᠢᠯᠠᠭᠠᠨ᠂ ᠨᠠᠮ ᠤᠨ ᠲᠦᠷᠦ ᠶᠢᠨ ᠪᠣᠳᠣᠯᠭ᠎ᠠ ᠶᠢ ᠵᠦᠪ ᠪᠠᠷᠢᠮᠲᠠᠯᠠᠵᠤ᠂ ᠰᠠᠶᠢᠲᠤᠷ ᠬᠡᠷᠡᠭᠵᠢᠭᠦᠯᠦᠨ᠂ | ᠪᠤᠳᠠᠲᠠᠢ ᠨᠠᠶᠢᠳᠠᠪᠤᠷᠢᠵᠢᠭᠤᠯᠬᠤ ᠬᠡᠷᠡᠭᠲᠠᠢ᠃ | | | | | ᠡᠷᠳᠡᠨᠢᠪᠢᠯᠢᠭ ᠨᠠᠷ ᠨᠠᠷᠢᠠᠭᠤᠤᠯ ᠤᠨ ᠤᠰᠤᠨ ᠲᠠᠯᠠᠩ ᠪᠠᠬᠢᠵᠢᠬᠦᠯᠬᠦ ᠢᠨᠵᠧᠨᠧᠷᠢᠩ᠂ ᠲᠤᠯᠢ ᠤᠰᠤᠨ | ᠴᠦᠬᠦᠷᠦᠮ᠂ ᠳ᠋ᠠ ᠼᠣᠣ ᠸᠠᠨ ᠤᠰᠤ ᠬᠠᠩᠭᠠᠬᠤ ᠢᠨᠵᠧᠨᠧᠷᠢᠩ ᠵᠡᠷᠭᠡ ᠴᠢᠬᠤᠯᠠ ᠤᠷᠤᠨ ᠪᠦᠰᠡ ᠳᠤ ᠬᠦᠷᠴᠤ | ᠪᠠᠶᠢᠴᠠᠭᠠᠨ ᠦᠵᠡᠭᠰᠡᠨ ᠤ ᠳᠠᠷᠠᠭ᠎ᠠ ᠴᠢᠬᠤᠯᠠᠴᠢᠯᠠᠬᠤ ᠳᠤ ᠪᠠᠨ᠂ ᠭᠤᠤᠯ ᠤᠨ ᠲᠠᠷᠤᠭ᠎ᠠ ᠶᠢᠨ ᠲᠦᠷᠢᠮ ᠢ ᠴᠢᠩᠭ᠎ᠠ | ᠪᠤᠳᠠᠲᠠᠢ ᠬᠡᠷᠡᠭᠵᠢᠭᠦᠯᠵᠤ᠂ ᠴᠠᠭ ᠲᠤᠬᠠᠢ ᠳᠤ ᠨᠢ ᠤᠰᠤᠨ ᠬᠠᠰᠢᠯᠭ᠎ᠠ ᠶᠢᠨ ᠠᠮᠤᠷ ᠲᠦᠪᠰᠢᠨ ᠤ ᠳᠠᠯᠳᠠ ᠬᠡᠮ ᠢ | ᠪᠠᠶᠢᠴᠠᠭᠠᠨ ᠰᠢᠢᠳᠪᠤᠷᠢᠯᠡᠬᠦ ᠶᠢᠨ ᠬᠠᠮᠲᠤ ᠡᠯ᠎ᠡ ᠤᠰᠤᠨ ᠠᠰᠢᠭᠯᠠᠯᠳᠠ ᠶᠢᠨ ᠢᠨᠵᠧᠨᠧᠷᠢᠩ ᠤᠨ ᠪᠠᠶᠢᠭᠤᠯᠤᠯᠳᠠ ᠶᠢ | ᠴᠢᠩᠭᠠᠳᠬᠠᠵᠤ ᠮᠠᠨ ᠤ ᠬᠤᠰᠢᠭᠤᠨ ᠤ ᠤᠰᠤᠨ ᠠᠰᠢᠭᠯᠠᠯᠳᠠ ᠶᠢᠨ ᠠᠵᠢᠯ ᠤᠨ ᠠᠮᠤᠷ ᠲᠦᠪᠰᠢᠨ ᠡᠮᠬᠢ ᠵᠢᠷᠤᠮ | ᠲᠠᠢ ᠶᠠᠪᠤᠭᠳᠠᠬᠤ ᠶᠢ ᠪᠠᠳᠤᠯᠠᠬᠤ ᠬᠡᠷᠡᠭᠲᠠᠢ ᠬᠡᠵᠡᠢ᠃ | | | | | ᠪᠠᠶᠢᠴᠠᠭᠠᠨ ᠰᠤᠳᠤᠯᠤᠯᠳᠠ ᠲᠤᠮᠳᠠ ᠡᠷᠳᠡᠨᠢᠪᠢᠯᠢᠭ ᠪᠠᠰᠠ ᠰᠢᠷᠬᠤᠰᠤᠨ ᠪᠠᠯᠭᠠᠰᠤᠨ ᠤ ᠤᠷᠳᠤᠪᠡᠶ᠎ᠡ | ᠰᠤᠷᠭᠠᠭᠤᠯᠢ ᠶᠢᠨ ᠪᠠᠭᠰᠢ ᠠᠵᠢᠯᠳᠠᠨ ᠢ ᠪᠤᠯᠭᠤᠭᠠᠨ ᠲᠤᠬᠤᠨᠢᠭᠤᠯᠵᠤ ᠮᠠᠨ ᠤ ᠬᠤᠰᠢᠭᠤᠨ ᠤ ᠦᠨᠳᠦᠰᠦᠨ ᠱᠠᠳᠤᠨ | ᠤ ᠰᠤᠷᠭᠠᠨ ᠬᠦᠮᠦᠵᠢᠯ ᠤᠨ ᠠᠵᠢᠯ ᠤᠨ ᠪᠠᠶᠢᠳᠠᠯ ᠢ ᠨᠠᠷᠢᠨ ᠤᠶᠢᠯᠠᠭᠠᠵᠤ᠂ ᠰᠤᠮᠤ ᠪᠠᠯᠭᠠᠰᠤᠨ ᠤ ᠬᠠᠷᠢᠭᠤᠴᠠᠯᠭᠠᠳᠠᠨ | ᠢ ᠡᠷᠬᠡᠪᠰᠢ ᠦᠨᠳᠦᠰᠦᠨ ᠱᠠᠳᠤᠨ ᠤ ᠰᠤᠷᠭᠠᠨ ᠬᠦᠮᠦᠵᠢᠯ ᠤᠨ ᠠᠵᠢᠯᠳᠠᠨ ᠤ ᠠᠮᠢᠳᠤᠷᠠᠯ ᠳᠤ ᠪᠠᠳᠤᠯᠠᠭ᠎ᠠ ᠬᠠᠩᠭᠠᠵᠤ | ᠬᠤᠶᠢᠴᠢ ᠦᠶ᠎ᠡ ᠶᠢᠨ ᠬᠢᠨ ᠢ ᠬᠦᠮᠦᠵᠢᠬᠦᠯᠬᠦ ᠳᠤ ᠬᠤᠪᠢ ᠨᠡᠮᠡᠷᠢ ᠦᠵᠡᠬᠦᠯᠬᠦ ᠬᠡᠷᠡᠭᠲᠠᠢ ᠬᠡᠵᠡᠢ᠃ | | | | | ᠪᠠᠶᠢᠴᠠᠭᠠᠨ ᠰᠤᠳᠤᠯᠤᠯᠳᠠ ᠶᠢᠨ ᠲᠠᠷᠠᠭ᠎ᠠ ᠡᠷᠳᠡᠨᠢᠪᠢᠯᠢᠭ ᠨᠠᠷ ᠰᠦᠯᠳᠡ ᠰᠤᠮᠤᠨ ᠳᠤ ᠰᠠᠭᠤᠳᠠᠯ ᠤᠨ ᠬᠤᠷᠠᠯ | ᠬᠤᠷᠠᠯᠳᠤᠭᠤᠯᠵᠤ᠂ ᠬᠤᠷᠠᠯ ᠳᠡᠭᠡᠷ᠎ᠡ ᠡᠷᠳᠡᠨᠢᠪᠢᠯᠢᠭ ᠵᠢᠭᠠᠬᠤ ᠳᠤ ᠪᠠᠨ ᠨᠠᠮ ᠤᠨ ᠠᠷᠪᠠ ᠶᠢᠰᠦᠳᠦᠬᠡᠷ ᠶᠡᠭᠡ ᠬᠤᠷᠠᠯ | ᠤᠨ ᠵᠤᠷᠢᠭ ᠰᠠᠨᠠᠭ᠎ᠠ ᠪᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠲᠤ ᠤᠯᠤᠰ ᠤᠨ ᠤᠨᠴᠠᠯᠢᠭ ᠪᠦᠬᠦᠢ | ᠨᠡᠶᠢᠬᠡᠮ ᠵᠢᠷᠤᠮ ᠤᠨ ᠦᠵᠡᠯ ᠰᠠᠨᠠᠭ᠎ᠠ ᠵᠡᠷᠭᠡ ᠶᠢ ᠬᠦᠨᠵᠡᠬᠡᠢ ᠰᠤᠷᠤᠯᠴᠠᠨ ᠲᠤᠭᠤᠰᠢᠯᠠᠭᠤᠯᠵᠤ᠂ ︽ᠭᠤᠷᠪᠠᠨ ᠶᠡᠭᠡ | ᠪᠤᠭᠤᠮᠲᠠ ᠰᠢᠪᠲᠤᠯᠬᠤ ᠳᠠᠶᠢᠯᠠᠯᠳᠤᠭᠠᠨ︾᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ᠂ ᠮᠠᠯᠵᠢᠬᠤ | ᠲᠠᠷᠢᠶᠠᠯᠠᠬᠤ ᠤᠷᠤᠨ ᠤ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠤ ᠵᠠᠰᠠᠨ ᠴᠡᠭᠴᠡᠯᠡᠯᠲᠡ᠂ ᠬᠠᠷ᠎ᠠ | ᠪᠦᠯᠦᠭᠲᠡᠨ ᠬᠠᠷᠬᠢᠰ ᠬᠦᠴᠦᠨ ᠢ ᠠᠷᠢᠯᠭᠠᠬᠤ᠂ ᠭᠦᠳᠡᠭᠡ ᠨᠤᠲᠤᠭ ᠤᠨ ᠪᠤᠯᠪᠠᠰᠤᠨ ᠰᠤᠷᠲᠠᠯ᠂ ᠦᠲᠤᠰᠤᠨ ᠱᠠᠲᠤᠨ | ᠤ ᠵᠤᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ︽ᠭᠤᠷᠪᠠᠨ ᠠᠵᠢᠯ︾ ᠢ ᠨᠡᠭᠡᠭᠡᠯᠲᠡᠲᠠᠢ ᠪᠠᠶᠢᠯᠭᠠᠬᠤ᠂ ᠨᠡᠶᠢᠬᠡᠮ | ᠤᠨ ᠵᠠᠰᠠᠯᠲᠠ ᠵᠡᠷᠭᠡ ᠴᠢᠬᠤᠯᠠ ᠠᠵᠢᠯ ᠢ ᠲᠦᠯᠬᠢᠨ ᠠᠬᠢᠭᠤᠯᠵᠤ᠂ ᠺᠠᠳ᠋ᠷ ᠠᠵᠢᠯᠲᠠᠨ ᠢ ᠬᠠᠯᠠᠮᠵᠢᠯᠠᠨ ᠬᠠᠶᠢᠷᠠᠯᠠᠬᠤ᠂ | ᠠᠶᠤᠯᠭᠦᠢ ᠦᠢᠯᠡᠳᠪᠤᠷᠢᠯᠡᠯ᠂ ᠢᠳᠡᠭᠡᠨ ᠤᠮᠳᠠᠭᠠᠨ ᠤ ᠠᠮᠤᠷ ᠲᠦᠪᠰᠢᠨ᠂ ᠠᠹᠷᠢᠺᠠ ᠲᠢᠪ ᠤᠨ ᠭᠠᠭ᠋ᠠᠢ ᠶᠢᠨ ᠭᠢᠵᠢᠭ | ᠤᠨ ᠰᠡᠷᠭᠡᠶᠢᠯᠡᠯᠲᠡ ᠶᠢᠨ ᠠᠵᠢᠯ ᠵᠡᠷᠭᠡ ᠶᠢ ᠨᠢᠭᠡᠳᠤᠯᠲᠠᠢ ᠲᠦᠯᠦᠪᠵᠢᠭᠦᠯᠦᠨ ᠰᠠᠶᠢᠲᠤᠷ ᠠᠳᠬᠤᠵᠤ᠂ ᠶᠤᠰᠤ | ᠰᠤᠷᠲᠠᠬᠤᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠤᠯᠠᠨ ᠳᠠᠶᠠᠭᠠᠷ ᠢᠶᠠᠨ ᠨᠢᠭᠲᠠᠷᠠᠨ ︽ | ᠦᠤᠰᠢᠨ ᠢᠶᠠᠨ ᠬᠠᠶᠢᠷᠠᠯᠠᠬᠤ᠂ ᠨᠤᠲᠤᠭ ᠢᠶᠠᠨ ᠬᠠᠶᠢᠷᠠᠯᠠᠬᠤ︾ ᠡᠵᠡᠨ ᠬᠦᠮᠦᠨ ᠤ ᠤᠪᠤᠷ ᠰᠤᠷᠲᠠᠯ ᠢᠶᠠᠷ ᠪᠦᠬᠦ | ᠲᠠᠯ᠎ᠠ ᠶᠢᠨ ᠠᠵᠢᠯ ᠢᠶᠠᠨ ᠴᠢᠨᠠᠷᠯᠢᠭ ᠰᠠᠶᠢᠨ ᠪᠡᠶᠡᠯᠡᠭᠦᠯᠬᠦ ᠬᠡᠷᠡᠭᠲᠡᠢ ᠬᠡᠪᠡ᠃ | | | | | | | | ᠡᠷᠳᠡᠨᠢᠪᠢᠯᠢᠭ ᠴᠢᠬᠤᠯᠠᠴᠢᠯᠠᠬᠤ ᠳᠤ ᠪᠠᠨ ᠶᠠᠳᠠᠭᠤ ᠠᠴᠠ ᠠᠩᠬᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠢ | ᠪᠦᠬᠦ ᠬᠦᠴᠦᠨ ᠢᠶᠠᠷ ᠠᠬᠢᠭᠤᠯᠵᠤ᠂ ᠴᠢᠭᠯᠡᠯ ᠱᠤᠭᠤᠮ ᠲᠦᠷᠦ ᠶᠢᠨ ᠪᠤᠳᠤᠯᠭ᠎ᠠ ᠶᠢ ᠤᠨᠤᠪᠴᠢᠲᠠᠢ ᠡᠵᠡᠮᠰᠢᠵᠤ | ᠨᠡᠪᠲᠡ ᠤᠶᠢᠯᠠᠭᠠᠨ ᠶᠠᠳᠠᠭᠤ ᠶᠢ ᠳᠡᠳᠭᠦᠬᠦ ᠲᠦᠷᠦ ᠪᠤᠳᠤᠯᠭ᠎ᠠ ᠶᠢ ᠳᠠᠶᠠᠭᠠᠷ ᠲᠤ ᠮᠡᠳᠡᠭᠳᠡᠬᠦ ᠬᠡᠷᠡᠭᠲᠠᠢ᠃ ︽ᠬᠤᠶᠠᠷ | ᠲᠤ ᠵᠤᠪᠠᠭ᠋ᠤ ᠦᠭᠡᠢ᠂ ᠭᠤᠷᠪᠠ ᠶᠢ ᠪᠠᠲᠤᠯᠠᠬᠤ︾ ᠪᠠᠷᠢᠮᠵᠢᠶ᠎ᠠ ᠪᠠᠷ ᠤᠨᠤᠪᠴᠢᠲᠠᠢ ᠪᠠᠷ ᠶᠠᠳᠠᠭᠤ ᠢ ᠳᠡᠳᠬᠦᠨ ᠶᠠᠳᠠᠭᠤ | ᠠᠴᠠ ᠠᠩᠭᠢᠵᠢᠷᠠᠭᠤᠯᠬᠤ ᠬᠡᠷᠡᠭᠲᠠᠢ᠃ ᠨᠡᠶᠢᠳᠡᠯᠢᠭ ᠵᠢᠱᠢᠶ᠎ᠡ ᠶᠢ ᠰᠤᠩᠭᠤᠨ ᠳᠠᠭᠤᠷᠢᠶᠠᠯ ᠪᠤᠯᠭᠠᠬᠤ᠂ ᠵᠤᠷᠢᠭᠵᠢᠭᠤᠯᠬᠤ | ᠵᠡᠷᠭᠡ ᠬᠡᠯᠪᠡᠷᠢ ᠪᠠᠷ ᠪᠠᠷ ᠶᠠᠳᠠᠭᠤ ᠬᠦᠴᠢᠳᠡᠯᠲᠠᠢ ᠡᠷᠤᠬᠡ ᠶᠢᠨ ᠰᠠᠨᠠᠭᠠᠴᠢᠯᠠᠭᠠᠲᠤ ᠴᠢᠨᠠᠷ ᠪᠠ ᠢᠳᠡᠪᠬᠢᠵᠢᠯ ᠢ | ᠲᠠᠶᠢᠴᠢᠯᠠᠨ ᠶᠠᠳᠠᠭᠤ ᠠᠴᠠ ᠠᠩᠬᠢᠵᠢᠷᠠᠵᠤ ᠪᠠᠶᠠᠵᠢᠯ ᠤᠨ ᠵᠠᠮ ᠢᠶᠠᠷ ᠵᠠᠮᠨᠠᠬᠤ ᠢᠲᠡᠭᠡᠯ ᠵᠤᠷᠢᠭ ᠢ ᠨᠢ ᠬᠦᠪᠴᠢᠯᠡᠬᠦ | ᠬᠡᠷᠡᠭᠲᠡᠢ ᠬᠡᠪᠡ᠃ | | |