ᠮᠠᠨ ᠤ ᠬᠤᠰᠢᠭᠤ᠄ ᠵᠡᠮᠳᠡᠭᠴᠤᠳ ᠤᠨ ᠮᠡᠷᠬᠡᠵᠢᠯ ᠤᠨ ᠪᠤᠯᠪᠠᠰᠤᠷᠠᠯ ᠢᠶᠠᠷ ᠵᠡᠮᠳᠡᠭᠴᠤᠳ ᠤᠨ ᠠᠵᠢᠯ ᠤᠯᠭᠤᠯᠳᠠ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2018-11-05
      ᠣᠶᠢᠷ᠎ᠠ ᠶᠢᠨ ᠵᠢᠯ ᠠᠴᠠ ᠨᠠᠰᠢ᠂ ᠮᠠᠨ ᠤ ᠬᠤᠰᠢᠭᠤᠨ ᠤ ᠵᠡᠮᠳᠡᠭᠴᠤᠳ ᠤᠨ ᠬᠤᠯᠪᠣᠭᠠᠳᠣ ᠬᠤᠷᠠᠯ ᠨᠢ ᠵᠡᠮᠳᠡᠭᠴᠤᠳ ᠤᠨ ᠮᠡᠷᠭᠡᠵᠢᠯ ᠤᠨ ᠪᠤᠯᠪᠠᠰᠤᠷᠠᠯ ᠡᠷᠬᠢᠯᠡᠵᠦ ᠵᠡᠮᠳᠡᠭᠴᠤᠳ ᠤᠨ ᠦᠢᠯᠡᠰ ᠪᠣᠰᠬᠠᠨ ᠠᠵᠢᠯ ᠣᠯᠬᠤ ᠳᠤ ᠰᠢᠯᠢᠳᠡᠭ ᠦᠢᠯᠡᠴᠢᠯᠡᠭᠡ ᠬᠠᠩᠭᠠᠵᠤ ᠪᠠᠶᠢᠨ᠎ᠠ᠃      ᠣᠶᠢᠷ᠎ᠠ ᠶᠢᠨ ᠡᠳᠣᠷ᠂ ᠮᠠᠨ ᠤ ᠬᠤᠰᠢᠭᠤᠨ ᠤ ᠵᠡᠮᠳᠡᠭᠴᠣᠣᠨ ᠤᠨ ᠬᠤᠯᠪᠣᠭᠠᠳᠣ ᠬᠤᠷᠠᠯ ᠨᠢ ᠤᠶᠤᠳᠠᠳ ᠤᠨ ᠰᠢᠨ᠎ᠡ ᠶᠢ ᠡᠬᠦᠳᠦᠨ ᠦᠢᠯᠡᠰ ᠪᠤᠰᠬᠠᠬᠤ ᠬᠦᠷᠢᠶᠡᠯᠡᠩ ᠳᠤ ᠭᠤᠴᠢ ᠭᠠᠷᠣᠢ ᠵᠡᠮᠳᠡᠭᠴᠤᠳ ᠤᠨ ᠤᠷᠤᠯᠴᠠᠯᠭ᠎ᠠ ᠲᠠᠢ ᠮᠤᠩᠭᠤᠯ ᠦᠨᠳᠦᠰᠦᠲᠡᠨ ᠤ ᠲᠤᠯᠤᠭᠠᠢ ᠶᠢᠨ ᠵᠠᠰᠠᠯ ᠶᠢᠨ ᠪᠣᠯᠪᠠᠰᠣᠷᠠᠯ ᠡᠷᠬᠢᠯᠡᠬᠦ ᠠᠴᠠ ᠭᠠᠳᠠᠨ᠎ᠠ ᠪᠠᠰᠠ ᠦᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠪᠠᠭᠰᠢ ᠶᠢ ᠤᠷᠢᠵᠤ ᠲᠡᠵᠢᠬᠡᠨ ᠦᠷᠡᠵᠢᠬᠦᠯᠬᠦ ᠬᠡᠷᠡᠭᠯᠡᠭᠡᠨ ᠤ ᠮᠡᠷᠭᠡᠵᠢᠯ ᠢ ᠮᠤᠩᠭᠤᠯ ᠬᠢᠳᠠᠳ ᠬᠤᠤᠰ ᠬᠡᠯᠡ ᠪᠠᠷ ᠬᠢᠴᠢᠶᠡᠯᠯᠡᠬᠦᠯᠦᠭᠰᠡᠨ ᠪᠤᠯᠪᠠᠰᠤᠷᠠᠯ ᠢ ᠡᠷᠬᠢᠯᠡᠪᠡ᠃      ᠤᠶᠢᠯᠠᠭᠠᠭᠰᠠᠨ ᠢᠶᠠᠷ ᠣᠶᠢᠷ᠎ᠠ ᠶᠢᠨ ᠵᠢᠯ ᠠᠴᠠ ᠨᠠᠰᠢ ᠮᠠᠨ ᠤ ᠬᠤᠰᠢᠭᠤᠨ ᠤ ᠵᠡᠮᠳᠡᠭᠴᠤᠳ ᠤᠨ ᠬᠤᠯᠪᠣᠭᠠᠳᠣ ᠬᠤᠷᠠᠯ ᠨᠢ ᠵᠢᠯ ᠪᠤᠯᠭᠠᠨ ᠵᠡᠮᠳᠡᠭᠴᠤᠳ ᠤᠨ ᠣᠨᠴᠠᠯᠢᠭᠳᠣ ᠪᠤᠯᠪᠠᠰᠤᠷᠠᠯ ᠢ ᠡᠷᠬᠢᠯᠡᠨ ᠬᠢᠵᠦ᠂ ᠪᠤᠯᠪᠠᠰᠤᠷᠠᠯ ᠬᠦᠷᠳᠡᠭᠡᠭᠴᠢ ᠪᠠᠭᠰᠢ ᠲᠠᠢ ᠬᠡᠷ᠎ᠡ ᠲᠤᠭᠳᠠᠨ ᠪᠦᠳᠦᠬᠡᠭᠳᠡᠬᠦᠨ ᠢ ᠪᠤᠷᠤᠯᠠᠭᠤᠯᠬᠤ ᠪᠤᠶᠤ ᠰᠤᠶᠤᠯ ᠤᠨ ᠪᠦᠲᠦᠬᠡᠯᠲᠡ ᠠᠵᠤ ᠦᠢᠯᠡᠰ ᠤᠨ ᠬᠦᠷᠢᠶᠡᠯᠡᠩ ᠳᠤ ᠦᠵᠡᠬᠦᠯᠦᠯᠬᠡ ᠶᠢᠨ ᠲᠢᠩᠬᠢᠮ ᠭᠠᠷᠭᠠᠨ ᠡᠯᠧᠺᠲᠷᠤᠨ ᠬᠤᠳᠠᠯᠳᠤᠭ᠎ᠠ ᠵᠡᠷᠭᠡ  ᠪᠠᠷ ᠲᠠᠮᠵᠢᠨ ᠵᠡᠮᠳᠡᠭᠴᠤᠳ ᠤᠨ ᠬᠢᠭᠰᠡᠨ ᠪᠦᠳᠣᠭᠡᠭᠳᠡᠭᠦᠨ ᠢ ᠪᠤᠷᠤᠯᠠᠭᠤᠯᠵᠤ ᠤᠷᠤᠯᠭ᠎ᠠ ᠶᠢ ᠨᠢ ᠨᠡᠮᠡᠭᠳᠡᠭᠦᠯᠵᠤ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号