ᠡᠨᠡ ᠵᠢᠯ ᠠᠴᠠ ᠨᠠᠰᠢ᠂ ᠥᠥᠰᠢᠨ ᠬᠤᠰᠢᠭᠤ ᠲᠤᠭᠳᠠᠭᠤᠨ ᠤ ᠲᠤᠮᠳᠠ ᠤᠷᠤᠭᠰᠢᠯᠠᠬᠤ ᠠᠵᠢᠯ ᠤᠨ ᠶᠡᠷᠤᠩᠬᠡᠢ | ᠴᠢᠭᠯᠡᠯᠳᠡ ᠶᠢ ᠪᠠᠷᠢᠮᠳᠠᠯᠠᠨ᠂ ᠬᠠᠨᠭ᠍ᠭᠠᠯᠭ᠎ᠠ ᠶᠢᠨ ᠲᠠᠯ᠎ᠠ ᠶᠢᠨ ᠪᠥᠳᠥᠴᠡ ᠶᠢᠨ ᠴᠢᠨᠠᠷᠳᠠᠢ ᠥᠬᠡᠷᠡᠴᠢᠯᠡᠯᠳᠡ ᠶᠢ | ᠠᠬᠢᠭᠤᠯᠵᠦ᠂ ︽ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ︾ ᠢ ᠰᠠᠶᠢᠳᠤᠷ ᠪᠡᠶᠡᠯᠡᠬᠦᠯᠤᠨ᠂ ᠬᠡᠯᠪᠡᠷᠢ | ᠪᠠᠨ ᠬᠤᠪᠢᠷᠠᠭᠤᠯᠤᠨ ᠲᠡᠰ ᠲᠠᠪᠰᠢᠭᠰᠡᠨ ᠥᠷ᠎ᠡ ᠪᠥᠳᠥᠮᠵᠢ ᠢᠯᠡᠷᠬᠡᠢ ᠪᠠᠶᠢᠵᠦ᠂ ᠠᠵᠤ ᠠᠬᠤᠢ ᠶᠢᠨ ᠪᠥᠳᠥᠴᠡ | ᠲᠠᠰᠤᠷᠠᠯᠳᠡ ᠥᠬᠡᠢ ᠰᠢᠯᠢᠳᠡᠭᠵᠢᠨ᠂ ᠪᠥᠬᠦ ᠬᠤᠰᠢᠭᠤᠨ ᠤ ᠠᠵᠤ ᠠᠬᠤᠢ ᠶᠡᠷᠤᠩᠬᠡᠢ ᠴᠤᠭᠴᠠ ᠲᠡᠭᠡᠷ᠎ᠡ ᠪᠠᠨ | ᠲᠤᠭᠳᠠᠭᠤᠨ ᠤ ᠲᠤᠮᠳᠠ ᠲᠡᠭᠡᠭᠰᠢᠯᠡᠭᠰᠡᠨ ᠬᠥᠭᠵᠢᠯᠳᠡ ᠶᠢᠨ ᠪᠠᠶᠢᠳᠠᠯ ᠲᠠᠢ ᠪᠠᠶᠢᠵᠦ᠂ ᠠᠵᠤ ᠠᠬᠤᠢ ᠶᠢᠨ ᠴᠢᠨᠠᠷ | ᠰᠠᠶᠢᠳᠠᠢ ᠬᠥᠭᠵᠢᠯᠳᠡ ᠶᠢᠨ ᠤᠷᠤᠭᠰᠢ ᠲᠠᠪᠰᠢᠬᠤ ᠶᠢ ᠪᠡᠶᠡᠯᠡᠬᠦᠯᠥᠭᠰᠡᠨ ᠪᠠᠶᠢᠨ᠎ᠠ᠃ | ᠭᠠᠵᠠᠷ ᠤᠷᠤᠨ ᠤ ᠤᠢᠢᠯᠡᠳᠪᠤᠷᠢᠯᠡᠯ ᠤᠨ ᠶᠡᠷᠤᠩᠬᠡᠢ ᠥᠷᠳᠡᠭ ᠲᠤᠭᠳᠠᠭᠤᠨ ᠤ ᠲᠤᠮᠳᠠ ᠲᠡᠭᠡᠭᠰᠢᠯᠡᠵᠠᠢ᠃ | ᠲᠡᠭᠡᠷ᠎ᠡ ᠬᠠᠭᠠᠰ ᠵᠢᠯ᠂ ᠪᠥᠬᠦ ᠬᠤᠰᠢᠭᠤᠨ ᠤ ᠭᠠᠵᠠᠷ ᠤᠷᠤᠨ ᠤ ᠤᠢᠢᠯᠡᠳᠪᠤᠷᠢᠯᠡᠯ ᠤᠨ ᠶᠡᠷᠤᠩᠬᠡᠢ ᠥᠷᠳᠡᠭ 191. | 5 ᠳ᠋ᠦᠡᠭᠰᠢᠭᠤᠷ ᠲᠥᠬᠦᠷᠢᠭ ᠢ ᠪᠡᠶᠡᠯᠡᠬᠦᠯᠤᠨ᠂ ᠠᠳᠠᠯᠢ ᠬᠤᠭᠤᠴᠠᠭᠠᠨ ᠤ ᠬᠢ ᠠᠴᠠ 6.4% ᠲᠡᠭᠡᠭᠰᠢᠯᠡᠵᠦ᠂ | ᠨᠡᠮᠡᠭᠳᠡᠯ ᠤᠨ ᠬᠤᠷᠳᠤᠴᠠ ᠪᠥᠬᠦ ᠬᠤᠳᠠ ᠶᠢᠨ ᠬᠤᠶᠠᠳᠤᠭᠠᠷ ᠲᠤ ᠵᠢᠭᠰᠠᠭᠠᠭᠳᠠᠵᠠᠢ᠃ ᠡᠬᠦᠨ ᠤ ᠲᠤᠳᠤᠷ᠎ᠠ᠂ | ᠨᠢᠬᠡᠳᠤᠬᠡᠷ ᠠᠵᠤ ᠤᠢᠢᠯᠡᠰ ᠤᠨ ᠨᠡᠮᠡᠭᠳᠡᠯ ᠥᠷᠳᠡᠭ 1.7 ᠳ᠋ᠦᠡᠭᠰᠢᠭᠤᠷ ᠲᠥᠬᠦᠷᠢᠭ ᠪᠠᠶᠢᠵᠦ᠂ ᠨᠡᠮᠡᠭᠳᠡᠯ | ᠬᠤᠷᠳᠤᠴᠠ ᠨᠢ 2.1%︔ ᠬᠤᠶᠠᠳᠤᠭᠠᠷ ᠠᠵᠤ ᠤᠢᠢᠯᠡᠰ ᠤᠨ ᠨᠡᠮᠡᠭᠳᠡᠯ ᠥᠷᠳᠡᠭ 140.1 ᠳ᠋ᠦᠡᠭᠰᠢᠭᠤᠷ | ᠲᠥᠬᠦᠷᠢᠭ ᠪᠠᠶᠢᠵᠦ᠂ ᠨᠡᠮᠡᠭᠳᠡᠯ ᠬᠤᠷᠳᠤᠴᠠ ᠨᠢ 6.9%︔ ᠡᠬᠦᠨ ᠳᠤ ᠠᠵᠤ ᠤᠢᠢᠯᠡᠳᠪᠤᠷᠢ ᠶᠢᠨ ᠨᠡᠮᠡᠭᠳᠡᠯ ᠤᠨ | ᠥᠷᠳᠡᠭ 132.4 ᠳ᠋ᠦᠡᠭᠰᠢᠭᠤᠷ ᠲᠥᠬᠦᠷᠢᠭ ᠪᠠᠶᠢᠵᠦ᠂ ᠨᠡᠮᠡᠭᠳᠡᠯ ᠬᠤᠷᠳᠤᠴᠠ ᠨᠢ 8.0%︔ ᠭᠤᠷᠪᠠᠳᠤᠭᠠᠷ | ᠠᠵᠤ ᠤᠢᠢᠯᠡᠰ ᠤᠨ ᠨᠡᠮᠡᠭᠳᠡᠯ ᠥᠷᠳᠡᠭ 49.7 ᠳ᠋ᠦᠡᠭᠰᠢᠭᠤᠷ ᠲᠥᠬᠦᠷᠢᠭ ᠪᠠᠶᠢᠵᠦ᠂ ᠨᠡᠮᠡᠭᠳᠡᠯ ᠬᠤᠷᠳᠤᠴᠠ ᠨᠢ 5. | 5% ᠪᠤᠯᠪᠠ᠃ ᠭᠠᠵᠠᠷ ᠤᠷᠤᠨ ᠤ ᠤᠢᠢᠯᠡᠳᠪᠤᠷᠢᠯᠡᠯ ᠤᠨ ᠶᠡᠷᠤᠩᠬᠡᠢ ᠥᠷᠳᠡᠭ ᠤᠨ ᠨᠡᠮᠡᠭᠳᠡᠯ ᠬᠤᠷᠳᠤᠴᠠ ᠶᠢ | ᠨᠢᠬᠡᠳᠤᠬᠡᠷ ᠤᠯᠠᠷᠢᠯ ᠲᠠᠢ ᠬᠠᠷᠢᠴᠠᠭᠤᠯᠪᠠᠯ ᠵᠠᠭᠤᠨ ᠤ ᠬᠤᠪᠢ ᠶᠢᠨ ᠬᠠᠷᠢᠴᠠᠯ ᠢᠶᠠᠷ 4.3 ᠳᠡᠭᠡᠭᠰᠢᠯᠠᠵᠡᠢ᠃ | ᠬᠡᠪᠴᠢᠶᠡᠵᠢᠯ ᠠᠴᠠ ᠲᠡᠭᠡᠭᠰᠢᠬᠢ ᠠᠵᠤ ᠤᠢᠢᠯᠡᠳᠪᠤᠷᠢ ᠶᠢᠨ ᠤᠢᠢᠯᠡᠳᠪᠤᠷᠢᠯᠡᠯ ᠤᠨ ᠨᠡᠮᠡᠭᠳᠡᠯ ᠬᠤᠷᠳᠤᠴᠠ | ᠥᠳᠳᠡᠷ ᠲᠥᠷᠬᠡᠨ ᠪᠤᠯᠪᠠ᠃ ᠲᠡᠬᠡᠷ᠎ᠡ ᠬᠠᠭᠠᠰ ᠵᠢᠯ ᠳᠤ ᠪᠥᠬᠦ ᠬᠤᠰᠢᠭᠤᠨ ᠤ 21 ᠬᠡᠪᠴᠢᠶᠡᠵᠢᠯ ᠠᠴᠠ ᠲᠡᠭᠡᠭᠰᠢᠬᠢ | ᠠᠵᠤ ᠤᠢᠢᠯᠡᠳᠪᠤᠷᠢ ᠠᠵᠤ ᠠᠬᠤᠢᠢᠯᠠᠯ ᠤᠨ ᠶᠡᠷᠤᠩᠬᠡᠢ ᠤᠢᠢᠯᠡᠳᠪᠤᠷᠢᠯᠡᠯ ᠤᠨ ᠥᠷᠳᠡᠭ 169.5 ᠳ᠋ᠦᠡᠭᠰᠢᠭᠤᠷ | ᠲᠥᠬᠦᠷᠢᠭ ᠢ ᠪᠡᠶᠡᠯᠡᠬᠦᠯᠵᠦ᠂ ᠠᠳᠠᠯᠢ ᠬᠤᠭᠤᠴᠠᠭᠠᠨ ᠤ ᠬᠢ ᠠᠴᠠ 91.1% ᠪᠠᠷ ᠲᠡᠭᠡᠭᠰᠢᠯᠡᠵᠦ᠂ ᠲᠡᠭᠡᠷ᠎ᠡ ᠵᠢᠯ ᠤᠨ | ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠤᠪᠢ ᠶᠢᠨ ᠬᠠᠷᠢᠴᠠᠯ ᠢᠶᠠᠷ 74.1 ᠥᠨᠳᠤᠷ ᠪᠤᠯᠵᠠᠢ︔ | ᠬᠡᠪᠴᠢᠶᠡᠵᠢᠯ ᠠᠴᠠ ᠲᠡᠭᠡᠭᠰᠢᠬᠢ ᠠᠵᠤ ᠤᠢᠢᠯᠡᠳᠪᠤᠷᠢ ᠶᠢᠨ ᠨᠡᠮᠡᠭᠳᠡᠯ ᠥᠷᠳᠡᠭ ᠨᠢ ᠠᠳᠠᠯᠢ ᠬᠤᠭᠤᠴᠠᠭᠠᠨ ᠤ ᠬᠢ | ᠠᠴᠠ 10% ᠪᠠᠷ ᠲᠡᠭᠡᠭᠰᠢᠯᠡᠵᠦ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠤᠪᠢ ᠶᠢᠨ | ᠬᠠᠷᠢᠴᠠᠯ ᠢᠶᠠᠷ 3 ᠨᠡᠮᠡᠭᠳᠡᠵᠦ᠂ ᠪᠥᠬᠦ ᠬᠤᠳᠠ ᠶᠢᠨ ᠨᠢᠬᠡᠳᠤᠬᠡᠷ ᠲᠤ ᠪᠠᠶᠢᠷᠢᠯᠠᠵᠠᠢ᠃ ᠪᠥᠬᠦ ᠨᠡᠶᠢᠬᠡᠮ ᠤᠨ ᠴᠠᠬᠢᠯᠭᠠᠨ | ᠵᠠᠷᠤᠳᠠᠯ ᠤᠨ ᠬᠡᠮᠵᠢᠶ᠎ᠡ 20.02 ᠳ᠋ᠦᠡᠭᠰᠢᠭᠤᠷ ᠺᠢᠯᠤᠸᠠᠲ ᠴᠠᠭ ᠲᠤ ᠬᠥᠷᠴᠤ᠂ ᠲᠡᠭᠡᠷ᠎ᠡ ᠵᠢᠯ ᠤᠨ ᠬᠢ ᠠᠴᠠ 3. | 39 ᠺᠢᠯᠤᠸᠠᠲ ᠴᠠᠭ ᠨᠡᠮᠡᠭᠳᠡᠨ᠂ ᠠᠳᠠᠯᠢ ᠬᠤᠭᠤᠴᠠᠭᠠᠨ ᠤ ᠬᠢ ᠠᠴᠠ 20.41% ᠲᠡᠭᠡᠭᠰᠢᠯᠡᠵᠠᠢ᠃ ᠲᠡᠭᠡᠷ᠎ᠡ | ᠬᠠᠭᠠᠰ ᠵᠢᠯ ᠪᠥᠬᠦ ᠬᠤᠰᠢᠭᠤᠨ ᠤ ᠵᠠᠰᠠᠮᠠᠯ ᠵᠠᠮ ᠬᠢᠬᠡᠳ ᠲᠡᠮᠤᠷ ᠵᠠᠮ ᠤᠨ ᠪᠠᠷᠠᠭ᠎ᠠ ᠲᠡᠬᠡᠬᠡᠪᠤᠷᠢ ᠶᠢᠨ ᠬᠡᠮᠵᠢᠶ᠎ᠡ ᠨᠢ | ᠲᠤᠰᠪᠤᠷᠢ 582.2 ᠲᠥᠮᠡᠨ ᠲᠤᠨ ᠪᠠ 532.2 ᠲᠥᠮᠡᠨ ᠲᠤᠨ ᠬᠥᠷᠴᠤ᠂ ᠠᠳᠠᠯᠢ ᠬᠤᠭᠤᠴᠠᠭᠠᠨ ᠤ ᠬᠢ ᠠᠴᠠ | 4.8% ᠪᠠ 27.5% ᠨᠡᠮᠡᠭᠳᠡᠵᠠᠢ᠃ | ᠨᠡᠶᠢᠬᠡᠮ ᠤᠨ ᠬᠡᠷᠡᠭᠯᠡᠬᠡᠨ ᠤ ᠪᠠᠷᠠᠭ᠎ᠠ ᠲᠠᠸᠡᠷ ᠤᠨ ᠵᠠᠬ᠎ᠠ ᠲᠡᠯᠬᠡᠬᠦᠷ ᠤᠨ ᠡᠷᠬᠢᠯᠳᠡ ᠲᠤᠭᠳᠠᠭᠤᠨ ᠢᠶᠠᠨ | ᠪᠠᠳᠤᠯᠠᠪᠠ᠃ ᠲᠡᠬᠡᠷ᠎ᠡ ᠬᠠᠭᠠᠰ ᠵᠢᠯ ᠪᠥᠬᠦ ᠬᠤᠰᠢᠭᠤᠨ ᠤ ᠨᠡᠶᠢᠬᠡᠮ ᠤᠨ ᠬᠡᠷᠡᠭᠯᠡᠬᠡᠨ ᠤ ᠪᠠᠷᠠᠭ᠎ᠠ ᠲᠠᠸᠡᠷ ᠤᠨ ᠵᠢᠵᠢᠭᠯᠡᠨ | ᠬᠤᠳᠠᠯᠳᠤᠬᠤ ᠶᠡᠷᠤᠩᠬᠡᠢ ᠥᠷᠳᠡᠭ 15.6 ᠳ᠋ᠦᠡᠭᠰᠢᠭᠤᠷ ᠲᠥᠬᠦᠷᠢᠭ᠂ ᠨᠡᠮᠡᠭᠳᠡᠯ ᠬᠤᠷᠳᠤᠴᠠ ᠨᠢ 7% ᠬᠥᠷᠴᠠᠢ᠃ | ᠨᠡᠮᠡᠭᠳᠡᠯ ᠬᠤᠷᠳᠤᠴᠠ ᠨᠢ ᠪᠥᠬᠦ ᠬᠤᠳᠠ ᠶᠢᠨ ᠬᠢ ᠲᠠᠢ ᠠᠳᠠᠯᠢ᠂ ᠪᠥᠬᠦ ᠤᠷᠤᠨ ᠤ ᠬᠢ ᠠᠴᠠ ᠵᠠᠭᠤᠨ ᠤ ᠬᠤᠪᠢ ᠶᠢᠨ | ᠬᠠᠷᠢᠴᠠᠯ ᠢᠶᠠᠷ 0.1 ᠥᠨᠳᠤᠷ ᠪᠤᠯᠵᠠᠢ᠃ | ᠰᠠᠭᠤᠭᠠᠯᠢ ᠠᠷᠠᠳ ᠤᠨ ᠤᠷᠤᠯᠭ᠎ᠠ ᠲᠤᠭᠳᠠᠭᠤᠨ ᠢᠶᠠᠷ ᠲᠡᠭᠡᠭᠰᠢᠯᠡᠵᠠᠢ᠃ ᠲᠡᠭᠡᠷ᠎ᠡ ᠬᠠᠭᠠᠰ ᠵᠢᠯ᠂ ᠪᠥᠬᠦ | ᠬᠤᠰᠢᠭᠤᠨ ᠤ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠥᠮᠤᠨ ᠲᠤᠮᠳᠠᠴᠢ ᠲᠤᠬᠢᠷᠠᠭᠤᠯᠵᠦ ᠪᠤᠯᠬᠤ | ᠤᠷᠤᠯᠭ᠎ᠠ ᠨᠢ 21949 ᠲᠥᠬᠦᠷᠢᠭ ᠪᠠᠶᠢᠵᠦ᠂ 7.7% ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠬᠤᠳᠠ | ᠶᠢᠨ ᠨᠠᠢᠮᠠᠳᠤᠭᠠᠷ ᠲᠤ ᠵᠢᠭᠰᠠᠭᠠᠭᠳᠠᠵᠠᠢ︔ ᠬᠥᠳᠡᠭᠡ ᠲᠤᠰᠬᠤᠨ ᠮᠠᠯᠵᠢᠬᠤ ᠤᠷᠤᠨ ᠤ ᠰᠠᠭᠤᠭᠠᠯᠢ ᠠᠷᠠᠳ ᠤᠨ | ᠬᠥᠮᠤᠨ ᠲᠤᠮᠳᠠᠴᠢ ᠶᠢᠨ ᠲᠤᠬᠢᠷᠠᠭᠤᠯᠵᠦ ᠪᠤᠯᠬᠤ ᠤᠷᠤᠯᠭ᠎ᠠ 7421 ᠲᠥᠬᠦᠷᠢᠭ ᠪᠠᠶᠢᠵᠦ᠂ ᠠᠳᠠᠯᠢ | ᠬᠤᠭᠤᠴᠠᠭᠠᠨ ᠤ ᠬᠢ ᠠᠴᠠ 9.7% ᠨᠡᠮᠡᠭᠳᠡᠵᠦ᠂ ᠪᠥᠬᠦ ᠬᠤᠳᠠ ᠶᠢᠨ ᠭᠤᠷᠪᠠᠳᠤᠭᠠᠷ ᠲᠤ ᠵᠢᠭᠰᠠᠭᠠᠭᠳᠠᠨ᠂ ᠲᠡᠭᠡᠷ᠎ᠡ | ᠵᠢᠯ ᠤᠨ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠤᠪᠢ ᠶᠢᠨ ᠬᠠᠷᠢᠴᠠᠯ ᠢᠶᠠᠷ 1.3 ᠲᠡᠭᠡᠭᠰᠢᠯᠡᠵᠦ᠂ ᠬᠤᠳᠠ | ᠪᠠᠯᠭᠠᠰᠤᠨ ᠤ ᠰᠠᠭᠤᠭᠠᠯᠢ ᠠᠷᠠᠳ ᠤᠨ ᠤᠷᠤᠯᠭ᠎ᠠ ᠶᠢᠨ ᠨᠡᠮᠡᠭᠳᠡᠯ ᠬᠤᠷᠳᠤᠴᠠ ᠠᠴᠠ ᠵᠠᠭᠤᠨ ᠤ ᠬᠤᠪᠢ ᠶᠢᠨ | ᠬᠠᠷᠢᠴᠠᠯ ᠢᠶᠠᠷ 2 ᠥᠨᠳᠤᠷ ᠪᠤᠯᠤᠭᠰᠠᠨ ᠪᠠᠶᠢᠨ᠎ᠠ᠃ | ᠬᠠᠨᠭ᠍ᠭᠠᠯᠭ᠎ᠠ ᠶᠢᠨ ᠲᠠᠯ᠎ᠠ ᠶᠢᠨ ᠪᠥᠳᠥᠴᠡ ᠶᠢᠨ ᠴᠢᠨᠠᠷᠳᠠᠢ ᠥᠬᠡᠷᠡᠴᠢᠯᠡᠯᠳᠡ ᠢᠯᠡᠷᠬᠡᠢ ᠥᠷ᠎ᠡ ᠪᠥᠳᠥᠮᠵᠢ | ᠤᠯᠪᠠ᠃ ᠪᠡᠯᠡᠨ ᠬᠡᠷ ᠪᠠᠶᠢᠰᠢᠩ ᠢ ᠰᠢᠩᠬᠡᠬᠡᠵᠥ᠂ ᠪᠠᠷᠢᠯᠭ᠎ᠠ ᠶᠢᠨ ᠠᠵᠤ ᠤᠢᠢᠯᠡᠰ ᠪᠠ ᠬᠡᠷ ᠪᠠᠶᠢᠰᠢᠩ ᠭᠠᠵᠠᠷ | ᠬᠥᠷᠥᠩᠭᠡ ᠶᠢᠨ ᠨᠡᠬᠡᠬᠡᠯᠳᠡ ᠰᠠᠶᠢᠵᠢᠷᠠᠭᠰᠠᠨ ᠪᠠᠶᠢᠨ᠎ᠠ᠃ ᠲᠡᠬᠡᠷ᠎ᠡ ᠬᠠᠭᠠᠰ ᠵᠢᠯ᠂ ᠪᠠᠷᠢᠯᠭ᠎ᠠ ᠶᠢᠨ ᠠᠵᠤ ᠤᠢᠢᠯᠡᠰ ᠤᠨ | ᠶᠡᠷᠤᠩᠬᠡᠢ ᠤᠢᠢᠯᠡᠳᠪᠤᠷᠢᠯᠡᠯ ᠤᠨ ᠥᠷᠳᠡᠭ 1.4 ᠳ᠋ᠦᠡᠭᠰᠢᠭᠤᠷ ᠲᠥᠬᠦᠷᠢᠭ᠂ ᠬᠤᠳᠠᠯᠳᠤᠭᠠᠨ ᠤ ᠤᠷᠤᠯᠭ᠎ᠠ ᠨᠢ 1. | 44 ᠳ᠋ᠦᠡᠭᠰᠢᠭᠤᠷ ᠲᠥᠬᠦᠷᠢᠭ︔ ᠬᠡᠷ ᠪᠠᠶᠢᠰᠢᠩ ᠭᠠᠵᠠᠷ ᠬᠥᠷᠥᠩᠭᠡ ᠶᠢᠨ ᠪᠤᠷᠤᠯᠠᠭᠤᠯᠤᠭᠰᠠᠨ ᠲᠠᠯᠠᠪᠠᠢ ᠨᠢ 0.4 | ᠲᠥᠮᠡᠨ ᠲᠡᠭᠰᠢ ᠲᠥᠷᠪᠡᠯᠵᠢᠨ ᠮᠧᠲᠷ ᠪᠠᠶᠢᠵᠦ᠂ ᠪᠤᠷᠤᠯᠠᠭᠤᠯᠤᠯᠳᠡ ᠶᠢᠨ ᠥᠨ᠎ᠠ ᠨᠢ 0.14 ᠳ᠋ᠦᠡᠭᠰᠢᠭᠤᠷ | ᠲᠥᠬᠦᠷᠢᠭ ᠬᠥᠷᠴᠠᠢ᠃ ᠲᠤᠳᠠᠭᠤᠳᠠᠯ ᠢᠶᠠᠨ ᠨᠥᠬᠦᠪᠤᠷᠢᠯᠡᠨ᠂ ᠤᠯᠠᠨ ᠲᠠᠯ᠎ᠠ ᠠᠴᠠ ᠭᠠᠷᠳᠠᠵᠦ᠂ ᠰᠠᠭᠤᠷᠢ | ᠲᠥᠬᠦᠬᠡᠷᠤᠮᠵᠢ ᠶᠢᠨ ᠪᠡᠯᠨ ᠤᠷᠤᠭᠤᠯᠤᠯᠳᠡ ᠶᠢᠨ ᠬᠥᠴᠥᠯᠡᠴᠡ ᠪᠠᠨ ᠨᠡᠮᠡᠭᠳᠡᠬᠦᠯᠤᠨ᠂ ᠪᠥᠳᠥᠮᠵᠢᠳᠠᠢ ᠪᠡᠯᠡ | ᠤᠷᠤᠭᠤᠯᠤᠯᠳᠡ ᠶᠢ ᠥᠷᠬᠦᠯᠵᠢᠯᠡᠨ ᠥᠷᠬᠡᠳᠬᠡᠵᠦ᠂ ᠪᠥᠳᠥᠴᠡ ᠶᠢᠨ ᠲᠠᠯ᠎ᠠ ᠪᠠᠷ ᠤᠯᠠᠮ ᠨᠢᠬᠡ ᠠᠯᠬᠤᠮ | ᠰᠢᠯᠢᠳᠡᠭᠵᠢᠭᠰᠡᠨ ᠪᠠᠶᠢᠨ᠎ᠠ᠃ | |