ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ ᠪᠥᠭᠦ ᠬᠤᠰᠢᠭᠤᠨ ᠤ ︽ᠵᠠᠭᠤᠨ ᠠᠵᠤ ᠠᠬᠤᠶᠢᠯᠠᠯ ᠵᠠᠭᠤᠨ ᠭᠠᠴᠠᠭ᠎ᠠ ᠲᠤᠰᠬᠤᠨ ᠢ ᠲᠠᠮᠵᠢᠭᠦ︾ ᠰᠠᠭᠤᠳᠠᠯ ᠤᠨ ᠬᠤᠷᠠᠯ ᠢ ᠡᠷᠭᠢᠯᠠᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2018-11-07
     11 ᠰᠠᠷ᠎ᠠ ᠶᠢᠨ 3 ᠤ ᠡᠳᠦᠷ ᠤᠨ ᠦᠳᠡ ᠶᠢᠨ ᠡᠮᠦᠨ᠎ᠡ᠂ ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ ᠪᠥᠭᠦ ᠬᠤᠰᠢᠭᠤᠨ ᠤ ︽ᠵᠠᠭᠤᠨ ᠠᠵᠤ ᠠᠬᠤᠶᠢᠯᠠᠯ ᠵᠠᠭᠤᠨ ᠭᠠᠴᠠᠭ᠎ᠠ ᠲᠤᠰᠬᠤᠨ ᠢ ᠲᠠᠮᠵᠢᠭᠦ︾ ᠰᠠᠭᠤᠳᠠᠯ ᠤᠨ ᠬᠤᠷᠠᠯ ᠢ ᠡᠷᠭᠢᠯᠠᠨ ᠬᠤᠷᠠᠯᠳᠤᠭᠤᠯᠵᠤ᠂ ︽ᠵᠠᠭᠤᠨ ᠠᠵᠤ ᠠᠬᠤᠶᠢᠯᠠᠯ ᠵᠠᠭᠤᠨ ᠭᠠᠴᠠᠭ᠎ᠠ ᠲᠤᠰᠬᠤᠨ  ᠢ ᠲᠠᠮᠵᠢᠭᠦ︾ ᠠᠵᠢᠯ ᠢ ᠰᠤᠳᠤᠯᠤᠨ ᠪᠠᠶᠢᠷᠢᠯᠠᠭᠤᠯᠤᠯᠳᠠ ᠭᠢᠭᠰᠡᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠭᠢᠯᠡᠭᠴᠢ ᠵᠤᠤ ᠶᠥᠩ ᠹᠧᠩ᠂ ᠬᠤᠰᠢᠭᠤ ᠵᠠᠰᠠᠭ ᠤᠨ ᠤᠷᠳᠤᠨ ᠤ ᠳᠡᠳ᠋ ᠳᠠᠷᠤᠭ᠎ᠠ ᠪᠠᠶᠠᠠᠴᠡᠩᠭᠡᠯ᠂ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠬᠦᠯᠡᠭᠴᠢ ᠰᠢᠷᠬᠤᠰᠤᠨ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠭᠠᠩ ᠪᠤᠯᠤᠨ ᠡᠯ᠎ᠠ ᠰᠤᠮᠤ ᠪᠠᠯᠭᠠᠰᠤᠨ ᠤ ᠨᠠᠮ ᠵᠠᠰᠠᠭ ᠤᠨ ᠬᠠᠷᠢᠭᠤᠴᠠᠯᠭᠠᠳᠠᠨ᠂ ᠬᠤᠯᠪᠤᠭᠳᠠᠯ ᠪᠥᠭᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃      
     ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ︽ᠵᠠᠭᠤᠨ ᠠᠵᠤ ᠠᠬᠤᠶᠢᠯᠠᠯ ᠵᠠᠭᠤᠨ ᠭᠠᠴᠠᠭ᠎ᠠ ᠲᠤᠰᠬᠤᠨ ᠢ ᠲᠠᠮᠵᠢᠭᠦ︾ ᠠᠵᠢᠯ ᠢ ᠥᠷᠨᠢᠭᠦᠯᠭᠦ ᠪᠤᠯ ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠦᠷᠢᠲᠦ ᠪᠠᠶᠢᠷᠢᠯᠠᠭᠤᠯᠤᠯᠳᠠ ᠶᠢ ᠨᠠᠶᠢᠳᠠᠪᠤᠷᠢᠵᠢᠭᠤᠯᠬᠤ ᠶᠢᠨ ᠪᠤᠳᠠᠳᠠᠢ ᠠᠷᠭ᠎ᠠ ᠪᠠᠷᠢᠯ᠂ ᠠᠵᠤ ᠠᠬᠤᠶᠢᠯᠠᠯ ᠪᠤᠯᠤᠨ ᠮᠠᠯᠴᠢᠨ ᠲᠠᠷᠢᠶᠠᠴᠢᠨ ᠤ ᠥᠨᠳᠤᠰᠤᠨ ᠠᠰᠢᠭ ᠲᠤᠰᠠ ᠶᠢᠨ ᠬᠤᠯᠪᠤᠭᠠᠳᠤ ᠲᠤᠭᠳᠠᠯᠴᠠᠭ᠎ᠠ ᠶᠢ ᠪᠠᠶᠢᠭᠤᠯᠤᠨ ᠲᠠᠭᠦᠯᠳᠡᠷᠵᠢᠭᠦᠯᠭᠦ ᠶᠢᠨ ᠪᠥᠳᠥᠮᠵᠢᠳᠠᠢ ᠠᠴᠢᠶᠠᠯᠠᠭᠴᠢ ᠪᠤᠯᠤᠨ᠎ᠠ᠃ ᠡᠯ᠎ᠠ ᠭᠠᠵᠠᠷ ᠤᠷᠤᠨ ᠡᠯ᠎ᠠ ᠰᠠᠯᠠᠭ᠎ᠠ ᠮᠥᠴᠢᠷ ᠭᠥᠳᠡᠭᠡ ᠲᠤᠰᠬᠤᠨ ᠢ ᠭᠥᠭᠵᠢᠭᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ᠂ ᠪᠥᠭᠦ ᠤᠷᠤᠨ ᠪᠦᠰᠡ ᠶᠢᠨ ᠵᠢᠭᠤᠯᠴᠢᠯᠠᠯ ᠤᠨ ᠭᠥᠭᠵᠢᠯᠳᠠ ᠵᠡᠷᠭᠡ ᠭᠤᠤᠯᠳᠠᠯᠭ᠎ᠠ  ᠲᠠᠢ ᠠᠵᠢᠯ ᠢ ᠦᠷᠨᠢᠬᠦᠯᠬᠦ ᠲᠠᠢ ᠤᠶᠠᠯᠳᠤᠭᠤᠯᠤᠨ ᠪᠤᠳᠠᠳᠠᠢ ᠠᠵᠢᠯ ᠤᠨ ᠰᠤᠷᠳᠠᠯ᠂ ᠤᠷᠭᠢᠯᠤᠮ᠎ᠠ ᠰᠠᠳᠭᠢᠯᠭᠡ ᠪᠠᠷ ᠰᠠᠭᠤᠷᠢ ᠲᠥᠭᠦᠭᠡᠷᠤᠮᠵᠢ ᠶᠢᠨ ᠪᠥᠳᠥᠭᠡᠨ ᠪᠠᠶᠢᠭᠤᠯᠤᠯᠳᠠ ᠶᠢᠨ ᠭᠥᠷᠢᠶ᠎ᠠ ᠴᠠᠷᠠᠭᠠᠨ ᠤ ᠲᠤᠲᠠᠭᠳᠠᠯ ᠢᠶᠠᠨ ᠨᠥᠭᠦᠪᠤᠷᠢᠯᠠᠭᠦ ᠠᠰᠢᠭᠳᠠᠢ ᠲᠤᠭᠢᠶᠠᠯ ᠢ ᠠᠳᠬᠤᠨ ᠲᠤᠰ ᠭᠠᠵᠠᠷ ᠤᠷᠤᠨ ᠳᠤ ᠪᠠᠨ ᠲᠤᠭᠢᠷᠠᠭᠰᠠᠨ ᠠᠵᠤ ᠥᠢᠯᠡᠰ  ᠤᠨ ᠲᠥᠷᠤᠯ ᠵᠥᠢᠯ ᠢ ᠨᠢᠭᠡᠳᠤᠯᠳᠠᠢ ᠲᠥᠯᠥᠪᠵᠢᠭᠦᠯᠵᠤ᠂ ᠲᠥᠷᠤᠯ ᠵᠥᠢᠯ ᠤᠨ ᠭᠥᠮᠤᠷᠭᠡ ᠶᠢ ᠪᠠᠶᠢᠭᠤᠯᠤᠨ ᠲᠠᠳᠭᠦᠨ ᠲᠠᠮᠵᠢᠭᠦ ᠠᠵᠤ ᠠᠬᠤᠶᠢᠯᠠᠯ ᠲᠠᠢ ᠬᠠᠷᠢᠯᠴᠠᠨ᠂ ᠠᠷᠭ᠎ᠠ ᠭᠡᠮᠵᠢᠶ᠎ᠠ ᠶᠢ ᠨᠠᠶᠢᠳᠠᠪᠤᠷᠢᠵᠢᠭᠤᠯᠵᠤ᠂ ᠠᠭᠢᠭᠤᠯᠤᠯᠳᠠ ᠶᠢ ᠴᠢᠩᠭᠠᠳᠬᠠᠨ ᠭᠠᠴᠠᠭ᠎ᠠ ᠲᠤᠰᠬᠤᠨ ᠤ ᠬᠠᠮᠳᠤ ᠶᠢᠨ ᠠᠵᠤ ᠠᠬᠤᠢ ᠶᠢ ᠪᠤᠵᠠᠭᠠᠶᠢᠷᠠᠭᠤᠯᠵᠤ ᠮᠠᠯᠴᠢᠨ ᠲᠠᠷᠢᠶᠠᠴᠢᠨ ᠤ ᠤᠷᠤᠯᠭ᠎ᠠ ᠪᠠᠨ ᠨᠠᠮᠡᠭᠳᠡᠭᠦᠯᠤᠨ ᠪᠠᠶᠠᠵᠢᠨ ᠴᠢᠨᠡᠭᠡᠯᠢᠭᠵᠢᠭᠦ ᠶᠢ ᠲᠠᠶᠢᠴᠢᠯᠠᠬᠤ ᠭᠡᠷᠡᠭᠳᠠᠢ ᠭᠡᠵᠡᠢ᠃      ᠵᠤᠤ ᠹᠸᠢ ᠯᠤ᠋ ᠴᠢᠬᠤᠯᠠᠴᠢᠯᠠᠬᠤ ᠳᠤ ᠪᠠᠨ᠂ ︽ᠵᠠᠭᠤᠨ ᠠᠵᠤ ᠠᠬᠤᠶᠢᠯᠠᠯ ᠵᠠᠭᠤᠨ ᠭᠠᠴᠠᠭ᠎ᠠ ᠲᠤᠰᠬᠤᠨ ᠢ ᠲᠠᠮᠵᠢᠭᠦ︾  ᠠᠵᠢᠯᠯᠠᠭ᠎ᠠ ᠶᠢ ᠥᠷᠨᠢᠭᠦᠯᠭᠦ ᠪᠠᠷ ᠲᠠᠮᠵᠢᠨ ᠤᠨᠴᠠᠯᠢᠭᠳᠤ ᠠᠵᠤ ᠥᠢᠯᠡᠰ ᠢᠶᠠᠷ ᠲᠠᠳᠭᠦᠨ ᠲᠠᠮᠵᠢᠭᠦ ᠭᠥᠴᠥᠯᠠᠴᠠ ᠶᠢ ᠨᠡᠮᠡᠭᠳᠡᠭᠦᠯᠤᠨ᠂ ᠲᠤᠭᠳᠠᠭᠤᠨ ᠬᠠᠮᠳᠤ ᠶᠢᠨ ᠥᠷ᠎ᠠ ᠠᠰᠢᠭ ᠢ ᠪᠥᠷᠢᠯᠳᠤᠭᠦᠯᠵᠤ᠂ ᠶᠠᠳᠠᠭᠤ ᠭᠥᠴᠢᠷᠳᠠᠯᠳᠠᠢ ᠡᠷᠤᠭᠡ ᠶᠢᠨ ᠤᠷᠤᠯᠭ᠎ᠠ ᠪᠠᠨ ᠨᠡᠮᠡᠭᠳᠡᠭᠦᠯᠤᠨ ᠪᠠᠶᠠᠵᠢᠨ ᠴᠢᠨᠡᠭᠡᠯᠢᠭᠵᠢᠭᠦ ᠶᠢ ᠲᠠᠶᠢᠴᠢᠯᠠᠬᠤ ᠭᠡᠷᠡᠭᠳᠠᠢ᠃ ᠤᠷᠳᠤ ᠬᠤᠭᠤᠴᠠᠭᠠᠳᠤ ᠤᠷᠮᠠᠰᠢᠭᠤᠯᠭ᠎ᠠ ᠶᠢᠨ ᠲᠤᠭᠳᠠᠯᠴᠠᠭ᠎ᠠ ᠶᠢ ᠪᠠᠶᠢᠭᠤᠯᠬᠤ ᠶᠢ ᠴᠢᠬᠤᠯᠠᠴᠢᠯᠠᠨ ᠭᠥᠴᠢᠷᠳᠠᠯᠳᠠᠢ ᠡᠷᠤᠭᠡ ᠶᠢᠨ ᠲᠤᠳᠤᠭᠠᠳᠤ ᠠᠮᠢᠵᠢᠷᠠᠯ ᠤᠨ ᠭᠥᠴᠤᠨ ᠢ ᠪᠠᠳᠠᠷᠠᠭᠤᠯᠵᠤ ᠦᠪᠡᠷ ᠢᠶᠠᠨ ᠴᠢᠨᠡᠭᠡᠯᠢᠭᠵᠢᠬᠦ ᠶᠢ ᠪᠡᠶᠡᠯᠡᠬᠦᠯᠬᠦ ᠭᠡᠷᠡᠭᠳᠠᠢ᠃ ᠶᠠᠳᠠᠭᠤ ᠬᠦᠴᠢᠷᠳᠡᠯᠲᠠᠢ ᠡᠷᠦᠬᠡ ᠶᠢᠨ ᠪᠠᠷᠢᠮᠵᠢᠶᠠᠨ ᠳᠤ ᠤᠶᠢᠷᠠᠳᠤᠵᠤ ᠪᠠᠶᠢᠭ᠎ᠠ ᠡᠷᠦᠬᠡ ᠶᠢ ᠬᠠᠯᠠᠮᠵᠢᠯᠠᠨ ᠭᠥᠭᠵᠢᠯᠳᠠ ᠶᠢᠨ ᠲᠤᠳᠠᠭᠤᠳᠠᠯ ᠢ ᠴᠠᠭ ᠳᠠᠷᠤᠢ ᠳᠤ ᠨᠢ ᠤᠶᠢᠯᠠᠭᠠᠨ ᠲᠠᠳᠠᠨ ᠤ ᠥᠢᠯᠡᠳᠪᠤᠷᠢᠯᠠᠯ ᠠᠮᠢᠳᠤᠷᠠᠯ ᠤᠨ ᠠᠰᠠᠭᠤᠳᠠᠯ ᠢ ᠰᠢᠢᠳᠪᠦᠷᠢᠯᠡᠵᠤ ᠡᠪᠡᠳᠴᠢᠨ ᠠᠴᠠ ᠪᠤᠯᠵᠤ ᠶᠠᠳᠠᠭᠤᠷᠠᠬᠤ ᠶᠢ ᠰᠠᠷᠭᠡᠶᠢᠯᠠᠨ ᠪᠠᠶᠠᠵᠢᠯ ᠴᠢᠨᠡᠭᠡᠯᠢᠭᠵᠢᠯ  ᠤᠨ ᠵᠠᠮ ᠢᠶᠠᠷ ᠵᠠᠮᠨᠠᠬᠤ ᠳᠤ ᠨᠢᠭᠡ ᠶᠢ ᠴᠤ ᠤᠷᠬᠢᠭᠳᠠᠭᠤᠯᠬᠤ ᠥᠭᠡᠢ ᠪᠠᠶᠢᠬᠤ ᠶᠢ ᠪᠠᠳᠤᠯᠠᠬᠤ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号