ᠪᠦᠬᠦ ᠬᠤᠰᠢᠭᠤᠨ ᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠰᠢᠰᠲ᠋ᠧᠮ ᠤᠨ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠳᠦᠷᠢᠮ ᠢ ᠪᠠᠷᠢᠮᠳᠠᠯᠠᠬᠤ ᠪᠠ ᠲᠡᠭᠦᠯᠳᠡᠷᠵᠢᠬᠦᠯᠬᠦ ᠳᠣᠬᠠᠢ ᠴᠢᠬᠤᠯᠠ ᠦᠵᠡᠯ ᠰᠠᠨᠠᠭ᠎ᠠ ᠶᠢ ᠬᠦᠨᠵᠡᠬᠡᠢ ᠰᠣᠷᠣᠯᠴᠠᠨ ᠲᠤᠭᠤᠰᠢᠯᠠᠭᠤᠯᠬᠤ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2018-11-07
     11 ᠰᠠᠷ᠎ᠠ ᠶᠢᠨ 2 ᠤᠨ ᠡᠳᠦᠷ᠂ ᠪᠦᠬᠦ ᠬᠤᠰᠢᠭᠤᠨ ᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ  ᠤᠨ ᠰᠢᠰᠲ᠋ᠧᠮ ᠤᠨ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠳᠦᠷᠢᠮ ᠢ ᠪᠠᠷᠢᠮᠳᠠᠯᠠᠬᠤ ᠪᠠ ᠲᠡᠭᠦᠯᠳᠡᠷᠵᠢᠬᠦᠯᠬᠦ ᠳᠣᠬᠠᠢ ᠴᠢᠬᠤᠯᠠ ᠦᠵᠡᠯ ᠰᠠᠨᠠᠭ᠎ᠠ ᠶᠢ ᠬᠦᠨᠵᠡᠬᠡᠢ ᠰᠣᠷᠣᠯᠴᠠᠨ ᠲᠤᠭᠤᠰᠢᠯᠠᠭᠤᠯᠬᠤ ᠬᠤᠷᠠᠯ ᠬᠤᠷᠠᠯᠳᠣᠪᠠ᠃ ᠬᠤᠰᠢᠭᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠣᠶᠠᠨᠮᠠᠨᠳᠣᠬᠤ᠂ ᠳᠡᠳ᠋ ᠡᠷᠬᠢᠯᠡᠭᠴᠢ ᠯᠢ ᠰᠢᠦ ᠹᠧᠩ᠂ ᠸᠠᠩ ᠵᠢᠷᠭᠠᠯ᠂ ᠬᠤᠰᠢᠭᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠡᠰᠢᠬᠦᠨ᠂ ᠬᠤᠰᠢᠭᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠪᠠᠶᠢᠭᠤᠯᠭ᠎ᠠ  ᠶᠢᠨ ᠪᠦᠬᠦ ᠺᠠᠳ᠋ᠷ ᠠᠵᠢᠯᠳᠠᠳ ᠵᠢᠴᠢ ᠡᠯ᠎ᠡ ᠰᠣᠮᠣ ᠪᠠᠯᠭᠠᠰᠣᠨ ᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ  ᠤᠨ ᠠᠵᠢᠯᠳᠠᠳ ᠬᠤᠷᠠᠯ ᠳᠤ ᠣᠷᠣᠯᠴᠠᠪᠠ᠃      ᠬᠤᠷᠠᠯ ᠠᠴᠠ᠂ 2015 ᠣᠨ ᠠᠴᠠ ᠨᠠᠰᠢᠬᠢ ᠨᠠᠮ ᠤᠨ ᠳᠦᠪ ᠬᠤᠷᠢᠶᠠᠨ ᠠᠴᠠ ᠳᠣᠭᠳᠠᠭᠠᠭᠰᠠᠨ ᠪᠣᠶᠣ ᠳᠠᠮᠵᠢᠭᠤᠯᠣᠨ ᠲᠠᠷᠬᠠᠭᠠᠭᠰᠠᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠢ ᠴᠢᠩᠭᠠᠳᠬᠠᠬᠤ ᠳᠣᠬᠠᠢ 12 ᠴᠢᠬᠤᠯᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠣᠯᠠᠮᠵᠢᠯᠠᠨ ᠰᠣᠷᠣᠯᠴᠠᠪᠠ᠃      ᠬᠤᠷᠠᠯ ᠠᠴᠠ ᠴᠢᠬᠤᠯᠠᠴᠢᠯᠠᠬᠤ ᠳᠠᠭᠠᠨ᠂ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠳᠦᠷᠢᠮ ᠢ ᠪᠠᠷᠢᠮᠳᠠᠯᠠᠬᠤ ᠪᠠ ᠲᠡᠭᠦᠯᠳᠡᠷᠵᠢᠬᠦᠯᠬᠦ ᠳᠣᠬᠠᠢ ᠴᠢᠬᠤᠯᠠ ᠦᠵᠡᠯ ᠰᠠᠨᠠᠭ᠎ᠠ ᠶᠢ ᠬᠦᠨᠵᠡᠬᠡᠢ ᠰᠣᠷᠣᠯᠴᠠᠨ ᠲᠤᠭᠤᠰᠢᠯᠠᠭᠤᠯᠵᠦ᠂ ᠡᠯ᠎ᠡ ᠱᠠᠳᠣᠨ ᠤ ᠨᠠᠮ ᠤᠨ ᠬᠤᠷᠢᠶ᠎ᠠ᠂ ᠠᠷᠠᠳ  ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠯ᠎ᠡ ᠵᠦᠢᠯ ᠤᠨ ᠪᠣᠳᠣᠯᠭ᠎ᠠ ᠪᠠᠶᠢᠷᠢᠯᠠᠭᠤᠯᠣᠯᠲᠠ ᠶᠢ ᠡᠷᠡᠰ ᠲᠤᠭᠤᠰᠢᠯᠠᠭᠤᠯᠵᠦ ᠬᠠᠣᠯᠢ ᠪᠠᠷ ᠵᠠᠰᠠᠬᠤ ᠶᠢ ᠴᠢᠩᠭᠠᠳᠬᠠᠵᠣ ᠪᠦᠬᠦ ᠬᠤᠰᠢᠭᠤᠨ ᠤ ᠠᠵᠣ ᠠᠬᠤᠢ ᠨᠡᠶᠢᠬᠡᠮ ᠤᠨ ᠬᠦᠭᠵᠢᠯᠲᠡ ᠳᠤ ᠬᠠᠣᠯᠢ ᠪᠠᠷ ᠵᠠᠰᠠᠬᠤ ᠪᠠᠳᠣᠯᠠᠭ᠎ᠠ ᠬᠠᠩᠭᠠᠵᠣ᠂ ᠭᠠᠵᠠᠷ ᠣᠷᠣᠨ ᠤ ᠬᠠᠣᠯᠢ ᠳᠣᠭᠳᠠᠭᠠᠬᠤ ᠠᠵᠢᠯ ᠳᠤ ᠰᠠᠶᠢᠳᠣᠷ ᠬᠠᠮᠵᠢᠯᠴᠠᠵᠣ᠂ ᠳᠦᠷᠢᠮᠵᠢᠭᠰᠡᠨ ᠪᠢᠴᠢᠭ ᠮᠠᠲ᠋ᠧᠷᠢᠶᠠᠯ ᠢ ᠳᠠᠩᠰᠠᠨ ᠳᠤ ᠳᠡᠮᠳᠡᠭᠯᠡᠵᠦ ᠪᠠᠶᠢᠴᠠᠭᠠᠬᠤ ᠠᠵᠢᠯ ᠢ ᠰᠠᠶᠢᠳᠣᠷ ᠬᠢᠬᠦ ᠬᠡᠷᠡᠭᠲᠡᠢ᠃ ᠵᠦᠪ ᠣᠨᠣᠪᠴᠢᠲᠠᠢ᠂ ᠦᠷ᠎ᠡ ᠠᠰᠢᠭ ᠲᠠᠢ ᠪᠠᠷ ᠬᠢᠨᠠᠨ ᠪᠠᠶᠢᠴᠠᠭᠠᠵᠣ ᠠᠷᠠᠳ ᠤᠨ ᠳᠦᠯᠦᠬᠡᠯᠡᠭᠴᠢᠳ ‍ᠤᠨ‌ᠠᠵᠢᠯ ᠢ ᠰᠢᠯᠢᠳᠡᠭᠵᠢᠬᠦᠯᠦᠨ ᠠᠷᠠᠳ ᠤᠨ ᠳᠦᠯᠦᠬᠡᠯᠡᠭᠴᠢᠳ  ᠤᠨ ᠴᠢᠳᠠᠪᠬᠢ ᠶᠢ ᠰᠠᠶᠢᠳᠣᠷ ᠪᠠᠳᠠᠷᠠᠭᠤᠯᠵᠣ ᠪᠦᠬᠦ ᠬᠤᠰᠢᠭᠤᠨ ᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ  ᠤᠨ ᠠᠵᠢᠯ ᠤᠨ ᠬᠢᠷᠢ ᠳᠦᠪᠰᠢᠨ ᠢ ᠳᠠᠰᠣᠷᠠᠯᠳᠠ ᠦᠬᠡᠢ ᠳᠡᠭᠡᠭᠰᠢᠯᠡᠬᠦᠯᠬᠦ ᠬᠡᠷᠡᠭᠲᠡᠢ ᠬᠡᠪᠡ᠃      ᠬᠤᠷᠠᠯ ᠠᠴᠠ ᠱᠠᠭᠠᠷᠳᠠᠬᠤ ᠳᠠᠭᠠᠨ᠂ ᠡᠯ᠎ᠡ ᠭᠠᠵᠠᠷ ᠣᠷᠣᠨ᠂ ᠡᠯ᠎ᠡ ᠰᠣᠮᠣ ᠪᠠᠯᠭᠠᠰᠣ ᠳᠣᠰ ᠣᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠦᠨᠡᠨᠬᠦ ᠣᠶᠢᠯᠠᠭᠠᠨ ᠰᠣᠷᠣᠯᠴᠠᠵᠣ᠂ ᠪᠣᠳᠠᠳᠠᠢ ᠲᠠᠢ ᠣᠶᠠᠯᠳᠣᠭᠤᠯᠣᠨ ᠲᠤᠭᠤᠰᠢᠯᠠᠭᠤᠯᠵᠦ᠂ ᠪᠦᠬᠦ ᠬᠤᠰᠢᠭᠤᠨ ᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠡ ᠪᠠᠶᠢᠳᠠᠯ ᠢ ᠪᠣᠢ ᠪᠣᠯᠭᠠᠵᠣ᠂ ᠨᠣᠮᠢᠨ ᠳᠠᠩᠰᠤᠭ ᠦᠦᠰᠢᠨ ᠤ ᠰᠢᠨ᠎ᠡ ᠴᠠᠭ ᠦᠶ᠎ᠡ ᠳᠤ ︽ᠨᠤᠮᠢᠨ ᠲᠠᠩᠰᠤᠭ ᠬᠦᠭᠵᠢᠨ ᠮᠠᠨᠳᠤᠯᠲᠠ︾ ᠶᠢ ᠪᠡᠶᠡᠯᠡᠬᠦᠯᠬᠦ ᠳᠤ ᠬᠤᠪᠢ ᠨᠡᠮᠡᠷᠢ ᠦᠵᠡᠬᠦᠯᠬᠦ ᠬᠡᠷᠡᠭᠲᠡᠢ ᠬᠡᠪᠡ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号