ᠪᠦᠬᠦ ᠤᠷᠤᠨ ᠤ ᠠᠹᠷᠢᠺᠠ ᠲᠢᠪ ᠤᠨ ᠭᠠᠭ᠋ᠠᠢ ᠶᠢᠨ ᠬᠢᠵᠢᠭ ᠢ ᠰᠡᠷᠬᠡᠶᠢᠯᠡᠨ ᠡᠵᠡᠮᠳᠡᠭᠦ ᠠᠵᠢᠯ ᠤᠨ ᠲᠧᠯᠸᠢᠰ ᠤᠳᠠᠰᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-11-07
    ᠪᠦ᠋ ᠰᠢᠶᠤᠤ ᠯᠢᠨ ᠬᠤᠷᠠᠯ ᠢ ᠡᠷᠬᠢᠯᠡᠵᠤ ᠶᠠᠷᠢᠶ᠎ᠠ ᠲᠠᠯᠪᠢᠵᠠᠢ     11 ᠰᠠᠷ᠎ᠠ ᠶᠢᠨ 3 ᠤ ᠡᠳᠦᠷ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠪᠦᠬᠦ ᠤᠷᠤᠨ ᠤ ᠠᠹᠷᠢᠺᠠ ᠲᠢᠪ ᠤᠨ ᠭᠠᠭ᠋ᠠᠢ ᠶᠢᠨ ᠬᠢᠵᠢᠭ ᠢ ᠰᠡᠷᠬᠡᠶᠢᠯᠡᠨ ᠡᠵᠡᠮᠳᠡᠭᠦ ᠠᠵᠢᠯ ᠤᠨ ᠲᠧᠯᠸᠢᠰ ᠤᠳᠠᠰᠤ ᠬᠤᠷᠠᠯ ᠬᠤᠷᠠᠯᠳᠤᠭᠤᠯᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠬᠤᠷᠠᠯ ᠢ ᠡᠷᠬᠢᠯᠡᠵᠤ ᠶᠠᠷᠢᠶ᠎ᠠ ᠲᠠᠯᠪᠢᠪᠠ᠃
 
    ᠪᠦ᠋ ᠰᠢᠶᠤᠤ ᠯᠢᠨ᠂ ᠡᠯ᠎ᠠ ᠭᠠᠵᠠᠷ ᠤᠷᠤᠨ᠂ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠤᠯᠤᠰ ᠲᠦᠷᠦ ᠶᠢᠨ ᠵᠤᠬᠰᠤᠴᠠ ᠪᠠᠨ ᠲᠡᠭᠡᠭᠰᠢᠯᠡᠭᠦᠯᠵᠤ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠬᠦᠨᠵᠡᠭᠡᠢ ᠲᠤᠭᠤᠰᠢᠯᠠᠭᠤᠯᠵᠤ᠂ ᠡᠯ᠎ᠠ ᠵᠦᠢᠯ ᠤᠨ ᠰᠡᠷᠬᠡᠶᠢᠯᠡᠨ ᠡᠵᠡᠮᠳᠡᠭᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠤᠷ ᠬᠢᠵᠤ᠂ ᠠᠹᠷᠢᠺᠠ ᠲᠢᠪ ᠤᠨ ᠭᠠᠭ᠋ᠠᠢ ᠶᠢᠨ ᠬᠢᠵᠢᠭ ᠢ ᠰᠡᠷᠬᠡᠶᠢᠯᠡᠨ ᠡᠵᠡᠮᠳᠡᠭᠦ ᠰᠦᠨᠦᠭᠡᠭᠦ ᠲᠠᠶᠢᠯᠠᠯᠳᠤᠭᠠᠨ ᠤ ᠢᠯᠠᠯᠳᠠ ᠶᠢ ᠡᠷᠡᠰ ᠲᠡᠮᠡᠴᠡᠨ ᠤᠯᠬᠤ ᠬᠡᠷᠡᠭᠳᠡᠢ ᠬᠡᠵᠤ ᠵᠢᠭᠠᠵᠤ ᠭᠠᠷᠭᠠᠪᠠ᠃     ᠪᠦ᠋ ᠰᠢᠶᠤᠤ ᠯᠢᠨ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠ ᠰᠠᠯᠠᠭ᠎ᠠ ᠮᠦᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠦᠨᠡᠨ ᠬᠦ ᠨᠡᠶᠢᠳᠡᠪᠦᠷᠢᠵᠢᠭᠤᠯᠵᠤ᠂ ᠠᠯᠮᠠᠶᠢᠷᠠᠨ ᠬᠠᠭᠤᠳᠠᠮ ᠢᠶᠠᠷ ᠬᠠᠨᠳᠤᠬᠤ ᠪᠠ ᠠᠵᠠ ᠬᠠᠷᠠᠵᠤ ᠦᠩᠭᠡᠷᠡᠭᠦ ᠪᠤᠳᠤᠯ ᠤᠷᠤᠬᠤ ᠶᠢ ᠡᠷᠡᠰ ᠲᠡᠪᠴᠢᠭᠦ ᠬᠡᠷᠡᠭᠳᠡᠢ᠃ ᠬᠤᠯᠪᠤᠭᠠᠯᠠᠨ ᠰᠡᠷᠬᠡᠶᠢᠯᠡᠵᠤ ᠬᠤᠯᠪᠤᠭᠠᠯᠠᠨ ᠡᠵᠡᠮᠳᠡᠭᠦ ᠲᠤᠬᠳᠠᠴᠠ ᠪᠠᠨ ᠴᠢᠩᠭᠠᠷᠠᠭᠤᠯᠵᠤ᠂ ᠪᠦᠬᠦ ᠲᠠᠯ᠎ᠠ ᠪᠠᠷ ᠬᠢᠨᠠᠨ ᠰᠢᠯᠭᠠᠵᠤ ᠰᠠᠶᠢᠳᠤᠷ ᠪᠠᠶᠢᠴᠠᠭᠠᠵᠤ᠂ ᠭᠠᠭ᠋ᠠᠢ ᠵᠢᠴᠢ ᠭᠠᠭ᠋ᠠᠢ ᠶᠢᠨ ᠮᠢᠬᠠᠨ ᠤ ᠪᠦᠳᠦᠭᠡᠭᠳᠡᠭᠦᠨ ᠢ ᠰᠢᠯᠵᠢᠭᠦᠯᠦᠨ ᠲᠡᠭᠡᠭᠡᠪᠦᠷᠢᠯᠡᠭᠦ ᠬᠠᠮᠢᠶᠠᠷᠤᠯᠳᠠ ᠶᠢ ᠴᠢᠩᠳᠠᠯᠠᠵᠤ᠂ ᠬᠢᠵᠢᠭ ᠢ ᠪᠠᠶᠢᠴᠠᠭᠠᠬᠤ ᠬᠢᠨᠠᠨ ᠰᠢᠯᠭᠠᠯᠳᠠ ᠪᠠᠨ ᠴᠢᠩᠭᠠᠳᠬᠠᠵᠤ᠂ ᠬᠢᠵᠢᠭ ᠤᠨ ᠪᠠᠶᠢᠳᠠᠯ ᠢ ᠲᠠᠷᠬᠠᠭᠠᠬᠤ ᠪᠠ ᠲᠡᠯᠭᠡᠷᠡᠭᠦᠯᠬᠦ ᠶᠢ ᠡᠷᠡᠰ ᠬᠤᠷᠢᠬᠯᠠᠵᠤ᠂ ᠠᠹᠷᠢᠺᠠ ᠲᠢᠪ ᠤᠨ ᠭᠠᠭ᠋ᠠᠢ ᠶᠢᠨ ᠬᠢᠵᠢᠭ ᠢ ᠦᠨᠳᠦᠰᠦᠨ ᠠᠴᠠ ᠨᠢ ᠡᠷᠡᠰ ᠠᠷᠢᠯᠭᠠᠬᠤ ᠬᠡᠷᠡᠭᠳᠡᠢ ᠃ ᠤᠳᠤᠷᠢᠳᠬᠤ ᠲᠠᠯ᠎ᠠ ᠪᠠᠷ ᠬᠦᠷᠦᠯᠴᠡᠭᠰᠡᠨ ᠦᠭᠡᠢ᠂ ᠬᠠᠷᠢᠭᠤᠴᠠᠯᠭ᠎ᠠ ᠪᠠᠨ ᠬᠦᠢᠴᠡᠳᠭᠡᠭᠰᠡᠨ ᠲᠠᠯ᠎ᠠ ᠪᠠᠷ ᠬᠦᠷᠦᠯᠴᠡᠭᠰᠡᠨ ᠦᠭᠡᠢ᠂ ᠠᠵᠢᠯ ᠤᠨ ᠠᠷᠭ᠎ᠠ ᠠᠪᠴᠠᠯ ᠠᠪᠤᠬᠰᠠᠨ ᠲᠠᠯ᠎ᠠ ᠪᠠᠷ ᠬᠦᠷᠦᠯᠴᠡᠭᠰᠡᠨ ᠦᠭᠡᠢ ᠬᠦᠮᠦᠰ ᠠᠴᠠ ᠴᠢᠩᠭ᠎ᠠ ᠬᠠᠷᠢᠭᠤᠴᠠᠯᠭ᠎ᠠ ᠨᠡᠭᠡᠮᠵᠢᠯᠡᠵᠤ ᠬᠠᠷᠢᠭᠤᠴᠠᠯᠭ᠎ᠠ ᠲᠤᠯᠭᠠᠬᠤ ᠬᠡᠷᠡᠭᠳᠡᠢ᠃ ᠭᠠᠭ᠋ᠠᠢ ᠲᠡᠵᠢᠭᠡᠬᠦ ᠦᠢᠯᠡᠰ ᠤᠨ ᠡᠷᠡᠭᠦᠯ ᠢᠶᠠᠷ ᠬᠦᠭᠵᠢᠭᠦ ᠶᠢ ᠠᠬᠢᠭᠤᠯᠵᠤ᠂ ᠭᠠᠭ᠋ᠠᠢ ᠶᠢᠨ ᠦᠢᠯᠡᠳᠪᠦᠷᠢᠯᠡᠯ ᠤᠨ ᠬᠠᠩᠭᠠᠯᠭ᠎ᠠ ᠶᠢᠨ ᠪᠠᠳᠤᠯᠠᠭ᠎ᠠ ᠶᠢ ᠰᠠᠶᠢᠳᠤᠷ ᠬᠢᠵᠤ᠂ ᠬᠠᠩᠭᠠᠯᠭ᠎ᠠ ᠨᠢ ᠬᠦᠢᠴᠡᠳ᠂ ᠦᠨ᠎ᠠ ᠨᠢ ᠲᠤᠬᠳᠠᠪᠤᠷᠢ ᠲᠠᠢ᠂ ᠶᠠᠰᠤ ᠴᠢᠨᠠᠷ ᠨᠢ ᠠᠮᠤᠷ ᠲᠦᠪᠰᠢᠨ ᠪᠠᠶᠢᠬᠤ ᠶᠢ ᠪᠠᠳᠤᠯᠠᠵᠤ᠂ ᠬᠡᠷᠡᠭᠯᠡᠭᠴᠢᠳ ᠢ ᠰᠠᠨᠠᠭ᠎ᠠ ᠠᠮᠤᠷ ᠪᠠᠶᠢᠯᠭᠠᠬᠤ ᠬᠡᠷᠡᠭᠳᠡᠢ ᠬᠡᠵᠤ ᠴᠢᠬᠤᠯᠠᠴᠢᠯᠠᠵᠠᠢ᠃     ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠯᠢ ᠪᠢᠩ ᠷᠦᠩ ᠠᠴᠠ ᠠᠹᠷᠢᠺᠠ ᠲᠢᠪ ᠤᠨ ᠭᠠᠭ᠋ᠠᠢ ᠶᠢᠨ ᠬᠢᠵᠢᠭ ᠢ ᠰᠡᠷᠬᠡᠶᠢᠯᠡᠨ ᠡᠵᠡᠮᠳᠡᠭᠦ ᠠᠵᠢᠯ ᠢ ᠴᠢᠨᠠᠬᠰᠢᠳᠠ ᠰᠠᠶᠢᠳᠤᠷ ᠬᠢᠭᠦ ᠲᠤᠬᠠᠢ ᠪᠤᠳᠠᠳᠠᠢ ᠪᠠᠶᠢᠷᠢᠯᠠᠭᠤᠯᠤᠯᠳᠠ ᠬᠢᠵᠠᠢ
 
    ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠤᠷᠤᠯᠠᠭᠴᠢ ᠳᠠᠷᠤᠭ᠎ᠠ ᠵᠤᠤ ᠹᠸᠢ ᠯᠤ᠋᠂ ᠬᠤᠰᠢᠭᠤ ᠳᠡᠳ᠋ ᠳᠠᠷᠤᠭ᠎ᠠ ᠡᠳ᠋ ᠤᠨ ᠵᠠᠰᠠᠭ ᠤᠨ ᠲᠤᠪᠴᠢᠶᠠᠨ ᠳᠠᠷᠤᠭ᠎ᠠ ᠪᠠᠶᠠᠨᠴᠡᠩᠬᠡᠯ ᠵᠢᠴᠢ ᠡᠯ᠎ᠡ ᠰᠤᠮᠤ ᠪᠠᠯᠭᠠᠰᠤ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号