| | | | 11 ᠰᠠᠷ᠎ᠠ ᠶᠢᠨ 5 ᠤ ᠡᠳᠤᠷ᠂ ᠬᠤᠳᠠ ᠶᠢᠨ ᠨᠠᠮ ᠤᠨ ᠬᠤᠷᠢᠶᠠᠨ ᠤ ᠱᠥᠵᠢ ᠨᠢᠤ ᠵᠢᠶᠥ᠋ᠨ ᠶᠠᠨ ᠮᠠᠨ ᠤ | ᠬᠤᠰᠢᠭᠤᠨ ᠳᠤ ᠢᠷᠠᠵᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠳᠤ ᠪᠠᠶᠢᠴᠠᠭᠠᠨ | ᠰᠤᠳᠤᠯᠤᠯᠳᠠ ᠭᠢᠵᠤ ᠴᠢᠬᠤᠯᠠᠴᠢᠯᠠᠬᠤ ᠳᠤ ᠪᠠᠨ ᠰᠢ ᠶᠢᠨ ᠫᠢᠩ ᠶᠠᠷᠤᠩᠭᠡᠢ ᠱᠥᠵᠢ ᠶᠢᠨ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠲᠤᠬᠠᠢ ᠴᠢᠬᠤᠯᠠ ᠥᠭᠦᠯᠠᠯᠳᠠ ᠶᠢᠨ ᠵᠤᠷᠢᠭ ᠰᠠᠨᠠᠭ᠎ᠠ ᠶᠢ | ᠭᠥᠨᠵᠡᠭᠡᠢ ᠰᠤᠷᠤᠯᠴᠠᠨ ᠲᠤᠭᠤᠰᠢᠯᠠᠭᠤᠯᠵᠤ ᠰᠠᠳᠭᠢᠴᠠ ᠪᠠᠨ ᠥᠷᠭᠡᠳᠭᠡᠨ᠂ ᠠᠷᠭ᠎ᠠ ᠭᠡᠮᠵᠢᠶ᠎ᠠ ᠪᠠᠨ | ᠨᠠᠷᠢᠯᠢᠭᠵᠢᠭᠤᠯᠵᠤ᠂ ᠠᠵᠢᠯ ᠢᠶᠠᠨ ᠪᠤᠳᠠᠳᠠᠢ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ | ᠲᠠᠶᠢᠯᠠᠯᠳᠤᠭᠠᠨ ᠢ ᠡᠷᠡᠰ ᠢᠯᠠᠬᠤ ᠭᠡᠷᠡᠭᠳᠠᠢ ᠭᠡᠪᠡ᠃ ᠬᠤᠳᠡ ᠶᠢᠨ ᠨᠠᠮ ᠤᠨ ᠬᠤᠷᠢᠶᠠᠨ ᠤ ᠪᠠᠶᠢᠡᠭᠭᠤ ᠶᠢᠨ ᠬᠡᠰᠢᠬᠦᠨ | ᠤᠬᠠᠭᠤᠯᠬᠤ ᠬᠡᠯᠳᠡᠰ ᠤᠨ ᠲᠠᠷᠤᠭ᠎ᠠ ᠰᠤ᠋ ᠼᠦᠢ ᠹᠠᠨᠭ᠌᠂ ᠬᠤᠳᠡ ᠶᠢᠨ ᠨᠠᠮ ᠤᠨ ᠬᠤᠷᠢᠶᠠᠨ ᠤ ᠪᠠᠶᠢᠡᠭᠭᠤ ᠶᠢᠨ | ᠬᠡᠰᠢᠬᠦᠨ ᠨᠠᠷᠢᠨ ᠪᠢᠴᠢᠭ ᠤᠨ ᠲᠠᠷᠤᠭ᠎ᠠ ᠱᠢ ᠯᠢᠶᠠᠩ᠂ ᠬᠤᠳᠡ ᠶᠢᠨ ᠠᠷᠠᠳ ᠤᠨ ᠲᠦᠯᠦᠬᠡᠯᠡᠭᠴᠢᠳ ᠤᠨ ᠶᠡᠭᠡ | ᠬᠤᠷᠠᠯ ᠤᠨ ᠪᠠᠶᠢᠡᠭᠭᠤ ᠶᠢᠨ ᠬᠤᠷᠢᠶᠠᠨ ᠤ ᠲᠡᠳ᠋ ᠡᠷᠬᠢᠯᠡᠭᠴᠢ ᠶᠠᠩ ᠮᠢᠩ ᠪᠠᠶᠢᠴᠠᠭᠠᠨ ᠰᠤᠳᠤᠯᠤᠯᠲᠠ ᠳᠤ | ᠤᠷᠤᠯᠴᠠᠵᠤ᠂ ᠪᠤᠯᠤᠨ ᠬᠤᠰᠢᠭᠤ ᠤᠳᠤᠷᠢᠳᠤᠯᠭ᠎ᠠ ᠡᠷᠳᠡᠨᠢᠪᠢᠯᠢᠭ᠂ ᠵᠤᠤ ᠹᠸᠢ ᠯᠤ᠋᠂ ᠰᠤᠷᠭᠠᠯᠳᠤ᠂ ᠵᠤᠤ ᠶᠦᠩ | ᠹᠧᠩ ᠪᠤᠯᠤᠨ ᠡᠯ᠎ᠠ ᠰᠤᠮᠤ ᠪᠠᠯᠭᠠᠰᠤ᠂ ᠡᠯ᠎ᠠ ᠬᠤᠯᠪᠤᠭᠳᠠᠯ ᠪᠥᠭᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠨ | ᠪᠠᠷᠠᠳᠠᠨ ᠪᠠᠶᠢᠴᠠᠭᠠᠪᠠ᠃ | | | | | | | ᠨᠢᠤ ᠵᠢᠶᠥ᠋ᠨ ᠶᠠᠨ ᠨᠠᠷ ᠥᠥᠰᠢᠨᠵᠤᠤ ᠪᠠᠯᠭᠠᠰᠤᠨ ᠤ ᠶᠠᠳᠠᠭᠤ ᠠᠴᠠ ᠠᠩᠭᠢᠵᠢᠷᠠᠭᠰᠠᠨ ᠪᠠᠲᠤᠳᠬᠠᠨ | ᠴᠢᠨᠡᠭᠡᠯᠢᠭᠵᠢᠭᠦᠯᠬᠦ ᠡᠷᠤᠭᠡ ᠤᠷᠭᠢᠯᠳᠠᠯᠠᠢ ᠪᠤᠯᠤᠨ ᠲᠤᠭ ᠪᠠᠯᠭᠠᠰᠤᠨ ᠤ ᠶᠠᠳᠠᠭᠤ ᠭᠥᠴᠢᠷᠳᠠᠯᠳᠠᠢ ᠡᠷᠤᠭᠡ ᠨᠠᠷᠠᠠᠮᠠᠠᠳᠤᠯᠠ | ᠂ ᠶᠠᠳᠠᠭᠤ ᠡᠷᠤᠭᠡ ᠶᠢᠨ ᠪᠠᠷᠢᠮᠵᠢᠶᠠᠨ ᠳᠤ ᠤᠶᠢᠷᠠᠲᠤᠵᠤ ᠪᠠᠶᠢᠭ᠎ᠠ ᠪᠠᠶᠠᠠᠪᠤᠤ ᠶᠢᠨ ᠭᠡᠷ ᠲᠤ ᠭᠥᠷᠴᠤ ᠲᠠᠳᠠᠨ ᠤ | ᠥᠢᠯᠡᠳᠪᠤᠷᠢᠯᠠᠯ ᠠᠮᠢᠳᠤᠷᠠᠯ ᠤᠨ ᠪᠠᠶᠢᠳᠠᠯ ᠢ ᠨᠠᠷᠢᠨ ᠤᠶᠢᠯᠠᠭᠠᠬᠤ ᠶᠢᠨ ᠬᠠᠮᠳᠤ ᠭᠠᠴᠠᠭ᠎ᠠ ᠲᠤᠰᠬᠤᠨ ᠤ ᠬᠠᠮᠲᠤ ᠶᠢᠨ | ᠠᠵᠤ ᠠᠬᠤᠢ ᠶᠢᠨ ᠲᠤᠬᠠᠢ ᠨᠠᠷᠢᠨ ᠤᠶᠢᠯᠠᠭᠠᠭᠰᠠᠨ ᠪᠠᠶᠢᠨ᠎ᠠ᠃ ᠲᠡᠷᠡ ᠴᠢᠬᠤᠯᠠᠴᠢᠯᠠᠬᠤ ᠳᠤ ᠪᠠᠨ ᠤᠨᠤᠪᠴᠢᠲᠠᠢ ᠪᠠᠷ | ᠶᠠᠳᠠᠭᠤ ᠠᠴᠠ ᠠᠩᠭᠢᠵᠢᠷᠠᠭᠤᠯᠬᠤ ᠠᠵᠢᠯ ᠳᠤ ᠵᠦᠪᠬᠡᠨ ᠵᠤᠭᠤᠰ ᠮᠦᠡᠭᠬᠦ ᠦᠭᠴᠦ ᠲᠤᠰᠠᠯᠠᠬᠤ ᠮᠠᠶ᠋ᠢᠭ ᠢ ᠡᠷᠡᠰ | ᠲᠡᠪᠴᠢᠬᠦ ᠭᠡᠷᠡᠭᠳᠡᠢ᠃ ᠵᠠᠩᠬᠢᠯᠠᠭ᠎ᠠ ᠨᠢ ᠲᠠᠷᠦᠢ ᠶᠡᠮᠡᠷ ᠰᠢᠯᠳᠠᠭᠠᠨ ᠠᠴᠠ ᠶᠠᠳᠠᠭᠤᠷᠠᠭᠰᠠᠨ᠂ ᠶᠠᠮᠡᠷ ᠠᠷᠭ᠎ᠠ ᠵᠠᠮ ᠢᠶᠠᠷ | ᠶᠠᠪᠤᠪᠡᠯ ᠰᠠᠶ᠋ᠢ ᠪᠡᠶᠡᠵᠢᠨ ᠴᠢᠨᠡᠬᠡᠯᠢᠭᠵᠢᠵᠦ ᠲᠡᠶᠢᠯᠬᠦ ᠶᠠᠪᠤᠳᠠᠯ ᠳᠤ ᠰᠦᠪᠡᠭᠴᠢᠯᠡᠯᠳᠡ ᠬᠢᠵᠦ᠂ ᠲᠦᠷᠦᠯ ᠵᠦᠢᠯ ᠢ | ᠤᠷᠤᠭᠤᠯᠤᠨ᠂ ᠪᠡᠯᠡ ᠮᠦᠡᠭᠬᠦ ᠠᠪᠴᠢᠷᠠᠵᠦ ᠲᠡᠷᠢᠬᠦᠨ ᠤ ᠰᠢᠨ᠎ᠠ ᠮᠡᠷᠬᠡᠵᠢᠯ ᠢ ᠭᠡᠷᠡᠭᠯᠡᠨ ᠲᠦᠬᠡᠮᠡᠯᠵᠢᠬᠦᠯᠬᠦ ᠭᠡᠷᠡᠭᠳᠡᠢ᠃ | ᠶᠠᠳᠠᠭᠤ ᠶᠢ ᠲᠡᠳᠬᠦᠬᠦ ᠶᠢᠨ ᠲᠠᠭᠠᠤ ᠳᠤ ᠪᠠᠰᠠ ᠤᠯᠠᠨ ᠲᠦᠮᠡᠨ ᠤ ᠦᠵᠡᠯ ᠰᠠᠨᠠᠭ᠎ᠠ ᠶᠢ ᠴᠢᠯᠦᠬᠡᠯᠡᠬᠦ᠂ ᠦᠵᠡᠯᠳᠡ | ᠲᠠᠨᠢᠯᠳᠡ ᠶᠢ ᠰᠢᠨᠡᠴᠢᠯᠡᠬᠦ ᠠᠵᠢᠯ ᠢ ᠬᠠᠮᠳᠤ ᠳᠤᠨᠢ ᠴᠢᠩᠭ᠎ᠠ ᠠᠳᠬᠤᠨ᠂ ᠲᠡᠳᠬᠦᠨ ᠲᠡᠮᠵᠢᠬᠦ ᠶᠠᠪᠤᠳᠠᠯ ᠪᠠ ᠲᠤᠰ | ᠪᠠᠶ᠎ᠠ ᠶᠢᠨ ᠬᠢᠨᠢ ᠬᠦᠭᠵᠢᠯᠳᠡ ᠶᠢᠨ ᠬᠦᠴᠦᠨ ᠢ ᠨᠢ ᠬᠦᠪᠴᠢᠯᠡᠬᠦ ᠠᠵᠢᠯ ᠢ ᠨᠢᠭ᠌ᠳᠡ ᠤᠶᠠᠯᠳᠤᠭᠤᠯᠤᠨ ᠶᠠᠳᠠᠭᠤ | ᠬᠦᠴᠢᠷᠳᠡᠯᠳᠡᠢ ᠤᠯᠠᠨ ᠲᠦᠮᠡᠨ ᠢ ᠵᠢᠯᠤᠭᠤᠳᠤᠨ ᠠᠵᠠ ᠲᠤᠬᠢᠶᠠᠯ ᠢ ᠴᠢᠩᠭ᠎ᠠ ᠡᠵᠡᠮᠳᠡᠵᠦ᠂ ︽ᠶᠠᠳᠠᠭᠤ ᠠᠴᠠ | ᠠᠩᠬᠢᠵᠢᠷᠠᠭᠤᠯᠬᠤ ᠲᠦᠷᠦ ᠶᠢᠨ ᠪᠤᠳᠤᠯᠭ᠎ᠠ︾ ᠳᠤ ᠴᠢᠩᠭ᠎ᠠ ᠰᠠᠭᠤᠷᠢᠯᠠᠨ ᠦᠪᠡᠷ ᠤᠨ ᠠᠵᠢᠯᠴᠢ ᠬᠦᠳᠡᠯᠮᠤᠷᠢᠴᠢ | ᠬᠤᠶᠡᠷ ᠭᠠᠷ ᠲᠠᠭᠠᠨ ᠲᠦᠰᠢᠭᠯᠡᠨ ᠶᠠᠳᠠᠭᠤ ᠬᠤᠭᠤᠰᠤᠨ ᠪᠠᠶᠢᠳᠠᠯ ᠠᠴᠠ ᠪᠠᠨ ᠡᠷᠳᠡ ᠨᠢᠭᠡ ᠡᠳᠦᠷ ᠮᠤᠯᠳᠤᠷᠠᠬᠤ ᠶᠢ | ᠵᠢᠯᠤᠭᠤᠳᠬᠤ ᠭᠡᠷᠡᠭᠳᠡᠢ᠃ ᠭᠠᠴᠠᠭ᠎ᠠ ᠲᠤᠰᠬᠤᠨ ᠤ ᠬᠠᠮᠳᠦ ᠶᠢᠨ ᠠᠵᠦ ᠠᠬᠤᠢ ᠶᠢ ᠬᠦᠭᠵᠢᠬᠦᠯᠬᠦ ᠳᠤ ᠵᠡᠪᠡᠯ ᠭᠠᠵᠡᠷ | ᠤᠷᠤᠨ ᠤ ᠪᠤᠳᠡᠳᠡᠢ ᠪᠠᠶᠢᠳᠠᠯ ᠢᠶᠠᠨ ᠦᠨᠳᠦᠰᠦᠯᠡᠨ ᠰᠢᠨᠵᠢᠯᠡᠬᠦ ᠤᠬᠠᠭᠠᠨᠴᠢ ᠪᠠᠷ ᠲᠦᠯᠦᠪᠵᠢᠬᠦᠯᠵᠦ᠂ ᠲᠤᠬᠠᠢ ᠶᠢᠨ | ᠭᠠᠵᠡᠷ ᠤᠷᠤᠨ ᠤ ᠢᠶᠠᠨ ᠤᠨᠴᠠᠯᠢᠭᠳᠦ ᠠᠵᠦ ᠦᠢᠯᠡᠰ ᠲᠠᠢ ᠪᠠᠨ ᠤᠶᠠᠯᠳᠤᠭᠤᠯᠤᠨ᠂ ᠭᠠᠴᠠᠭ᠎ᠠ ᠲᠤᠰᠬᠤᠨ ᠤ | ᠬᠠᠮᠳᠦ ᠶᠢᠨ ᠠᠵᠦ ᠠᠬᠤᠢ ᠶᠢᠨ ᠤᠯᠠᠨ ᠲᠤᠶᠢᠯᠰᠢᠷᠠᠭᠰᠠᠨ ᠨᠡᠮᠡᠭᠳᠡᠯ ᠤᠨ ᠠᠷᠭ᠎ᠠ ᠬᠡᠯᠪᠡᠷᠢ ᠶᠢ ᠰᠦᠪᠡᠭᠴᠢᠯᠡᠨ | ᠬᠦᠭᠵᠢᠬᠦᠯᠬᠦ ᠭᠡᠷᠡᠭᠳᠡᠢ ᠬᠡᠵᠡᠢ᠃ | | | | | | | | ᠨᠢᠤ ᠵᠢᠶᠥ᠋ᠨ ᠶᠠᠨ ᠴᠢᠬᠤᠯᠠᠴᠢᠯᠠᠬᠤ ᠳᠤ ᠪᠠᠨ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ | ᠲᠠᠶᠢᠯᠠᠯᠳᠤᠭᠠᠨ ᠢ ᠢᠯᠠᠬᠤ ᠪᠤᠯ ᠨᠠᠮ ᠤᠨ ᠲᠥᠪ ᠬᠤᠷᠢᠶ᠎ᠠ ᠠᠴᠠ ᠱᠠᠭᠠᠷᠳᠠᠭᠰᠠᠨ ᠵᠠᠪᠠᠯ ᠪᠠᠶᠠᠯᠠᠭᠦᠯᠭᠦ ᠴᠢᠬᠤᠯᠠ ᠲᠠᠢ | ᠤᠯᠤᠰ ᠲᠥᠷᠥ ᠶᠢᠨ ᠡᠭᠦᠷᠭᠡ ᠪᠤᠯᠤᠨ᠎ᠠ᠂ ᠪᠥᠭᠦ ᠬᠤᠳᠠ ᠪᠠᠷ ᠢᠶᠠᠨ ᠤᠯᠤᠰ ᠲᠥᠷᠥ ᠶᠢᠨ ᠵᠤᠭᠰᠤᠴᠠ ᠪᠠᠨ | ᠲᠡᠭᠡᠭᠰᠢᠯᠠᠭᠦᠯᠤᠨ᠂ ︽ᠲᠥᠷᠪᠡᠨ ᠤᠬᠠᠮᠰᠠᠷ︾ ᠢ ᠪᠠᠳᠤ ᠪᠠᠭᠢ ᠪᠤᠢ ᠪᠤᠯᠭᠠᠵᠤ᠂ ︽ᠬᠤᠶᠠᠷ ᠢ ᠡᠷᠡᠰ ᠬᠠᠮᠠᠭᠠᠯᠠᠬᠤ︾ | ᠶᠢ ᠪᠠᠶᠠᠯᠡᠭᠦᠯᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠡᠯ᠎ᠠ ᠲᠥᠷᠥᠯ ᠤᠨ ᠠᠵᠢᠯ ᠤᠨ | ᠡᠭᠦᠷᠭᠡ ᠶᠢ ᠪᠥᠭᠦ ᠭᠥᠴᠤᠨ ᠢᠶᠠᠷ ᠢᠶᠠᠨ ᠰᠠᠶᠢᠨ ᠭᠢᠭᠦ ᠭᠡᠷᠡᠭᠳᠠᠢ᠃ ︽ᠤᠨᠤᠪᠴᠢᠳᠡᠢ ᠪᠠᠷ ᠶᠠᠳᠠᠭᠤ ᠶᠢ ᠲᠡᠳᠬᠦᠬᠦ︾ | ᠶᠢᠨ ᠵᠠᠩᠬᠢᠯᠠᠭ᠎ᠠ ᠶᠢᠨ ᠭᠤᠭᠴᠤᠭ᠎ᠠ ᠶᠢ ᠴᠢᠩᠭ᠎ᠠ ᠡᠵᠡᠮᠳᠡᠨ᠂ ᠠᠵᠤ ᠥᠢᠯᠡᠰ ᠢᠶᠠᠷ ᠶᠠᠳᠠᠭᠤ ᠶᠢ ᠲᠠᠳᠭᠦᠭᠦ᠂ ᠡᠷᠡᠭᠦᠯ | ᠡᠩᠭᠡ ᠶᠢᠨ ᠦᠢᠯᠡᠰ ᠢᠶᠠᠷ ᠶᠠᠳᠠᠭᠤ ᠶᠢ ᠲᠠᠳᠭᠦᠭᠦ᠂ ᠭᠠᠴᠠᠭ᠎ᠠ ᠲᠤᠰᠬᠤᠨ ᠤ ᠬᠠᠮᠳᠤ ᠶᠢᠨ ᠠᠵᠤ ᠠᠬᠤᠢ ᠶᠢ | ᠭᠥᠭᠵᠢᠭᠦᠯᠭᠦ ᠵᠡᠷᠭᠡ ᠶᠢᠨ ᠭᠤᠤᠯᠳᠠᠯᠭ᠎ᠠ ᠲᠠᠢ ᠠᠵᠢᠯ ᠢ ᠴᠢᠩᠭ᠎ᠠ ᠠᠳᠬᠤᠵᠤ᠂ ᠶᠠᠳᠠᠭᠤ ᠭᠥᠴᠢᠷᠳᠠᠯᠳᠠᠢ ᠤᠯᠠᠨ | ᠲᠥᠮᠡᠨ ᠢ ᠤᠷᠤᠯᠭ᠎ᠠ ᠪᠠᠨ ᠨᠡᠮᠡᠭᠳᠡᠭᠦᠯᠤᠨ ᠪᠠᠶᠠᠵᠢᠨ ᠴᠢᠨᠡᠭᠡᠯᠢᠭᠵᠢᠬᠦ ᠡᠷᠴᠢ ᠵᠤᠷᠢᠭ ᠢ ᠨᠢ ᠬᠦᠪᠴᠢᠯᠡᠨ᠂ ᠶᠠᠳᠠᠭᠤ | ᠠᠴᠠ ᠠᠩᠭᠢᠵᠢᠷᠠᠬᠤ ᠥᠷ᠎ᠠ ᠪᠥᠳᠥᠮᠵᠢ ᠶᠢᠨ ᠦᠷᠭᠦᠯᠵᠢᠯᠡᠭᠦᠶᠢᠴᠡ ᠲᠤᠭᠳᠠᠭᠤᠨ ᠪᠠᠶᠢᠬᠤ ᠶᠢ ᠪᠠᠲᠤᠯᠠᠬᠤ ᠭᠡᠷᠡᠭᠳᠠᠢ | ᠭᠡᠵᠡᠢ᠃ | | | | | |