ᠰᠢ ᠶᠢᠨ ᠫᠢᠩ ᠪᠤᠯᠤᠨ ᠫᠧᠩ ᠯᠢ ᠶᠤᠸᠠᠨ ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠦ ᠤᠷᠤᠭᠤᠯᠤᠯᠳᠠ ᠶᠢᠨ ᠦᠵᠡᠰᠬᠦᠯᠡᠩ ᠤᠨ ᠴᠤᠬᠯᠠᠭᠠᠨ ᠳᠤ ᠤᠷᠤᠯᠴᠠᠬᠤ ᠡᠯ᠎ᠠ ᠤᠯᠤᠰ ᠤᠨ ᠬᠦᠨᠳᠦᠳᠦ ᠵᠤᠴᠢᠳ ᠢ ᠤᠬᠳᠤᠪᠠ
ᠨᠡᠶᠢᠲᠡᠯᠡᠭᠰᠡᠨ ᠴᠠᠭ᠄
2018-11-07
    ᠤᠯᠤᠰ ᠤᠨ ᠲᠡᠷᠢᠬᠦᠯᠡᠭᠴᠢ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ 4 ᠤ ᠤᠷᠤᠢ ᠱᠠᠩᠬᠠᠢ ᠳᠤ ᠲᠠᠶᠢᠯᠠᠯᠭ᠎ᠠ ᠬᠢᠵᠤ᠂ ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠦ ᠤᠷᠤᠭᠤᠯᠤᠯᠳᠠ ᠶᠢᠨ ᠦᠵᠡᠰᠬᠦᠯᠡᠩ ᠤᠨ ᠴᠤᠬᠯᠠᠭᠠᠨ ᠳᠤ ᠤᠷᠤᠯᠴᠠᠬᠤ ᠡᠯ᠎ᠠ ᠤᠯᠤᠰ ᠤᠨ ᠬᠦᠨᠳᠦᠳᠦ ᠵᠤᠴᠢᠳ ᠢ ᠤᠬᠳᠤᠵᠠᠢ᠃     ᠨᠠᠮᠤᠷ ᠴᠠᠭ ᠤᠨ ᠱᠠᠩᠬᠠᠢ ᠳᠤ ᠭᠠᠪᠢᠷ᠎ᠠ ᠴᠡᠴᠡᠭ ᠤᠨ ᠦᠨᠦᠷ ᠬᠠᠨᠭ᠍ᠬᠤᠯᠤᠨ᠎ᠠ᠃ ᠪᠦᠷᠦᠢ ᠳᠠᠰᠤᠷᠠᠵᠦ ᠤᠷᠤᠢ ᠪᠤᠯᠬᠤᠶ᠎ᠠ᠂ ᠬᠤᠸᠠᠩ ᠫᠦ᠋ ᠵᠢᠶᠠᠩ ᠮᠦᠷᠡᠨ ᠤ ᠬᠦᠪᠡᠭᠡᠨ ᠳᠠᠬᠢ ᠦᠨᠳᠦᠷ ᠠᠰᠠᠷ ᠲᠠᠭᠳᠤ ᠨᠤᠭᠤᠳ ᠢᠶᠠᠷ ᠦᠩᠭᠡ ᠪᠦᠷᠢ ᠶᠢᠨ ᠳ᠋ᠧᠩ ᠬᠢᠯᠠᠯᠵᠠᠵᠦ᠂ ᠨᠡᠭᠡᠭᠡᠯᠳᠠ ᠬᠦᠭᠵᠢᠯ ᠴᠡᠴᠡᠭᠯᠡᠯ ᠤᠨ ᠦᠵᠡᠮᠵᠢ ᠶᠢ ᠭᠠᠶᠢᠬᠠᠭᠤᠯᠤᠨᠠᠮ᠃ 6 ᠴᠠᠭ 25 ᠮᠢᠨᠦ᠋ᠲ ᠤᠨ ᠦᠶ᠎ᠠ ᠪᠠᠷ᠂ ᠭᠠᠳᠠᠭᠠᠳᠦ ᠶᠢᠨ ᠤᠳᠤᠷᠢᠳᠬᠤ ᠬᠦᠮᠦᠰ ᠬᠠᠳᠤᠨ ᠲᠠᠢ ᠪᠠᠨ ᠱᠠᠩᠬᠠᠢ ᠶᠢᠨ ᠤᠯᠠᠨ ᠤᠯᠤᠰ ᠤᠨ ᠬᠤᠷᠠᠯ ᠦᠵᠡᠰᠬᠦᠯᠡᠩ ᠤᠨ ᠲᠦᠪ ᠲᠤ ᠢᠷᠡᠵᠡᠭᠡᠪᠡ᠃ ᠵᠢᠪᠬᠤᠭ᠎ᠠ ᠳᠡᠬᠦᠯᠳᠡᠷ ᠪᠠᠭᠠᠴᠤᠳ ᠭᠡᠦᠭᠡᠳ ᠳᠠᠭᠤᠯᠠᠨ ᠪᠦᠵᠢᠭᠯᠡᠯᠳᠦᠵᠦ᠂  ᠨᠠᠢᠮᠠᠨ ᠵᠤᠪᠬᠢᠰ ᠤᠨ ᠵᠤᠴᠢᠳ ᠨᠠᠶᠢᠵᠠ ᠨᠠᠷ ᠢᠶᠠᠨ ᠪᠠᠶᠠᠷᠯᠠᠨ ᠤᠬᠳᠤᠨ᠎ᠠ᠃
      11 ᠰᠠᠷ᠎ᠠ ᠶᠢᠨ 4 ᠤ ᠤᠷᠤᠢ᠂ ᠤᠯᠤᠰ ᠤᠨ ᠲᠡᠷᠢᠬᠦᠯᠡᠭᠴᠢ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠱᠠᠩᠬᠠᠢ ᠳᠤ ᠲᠠᠶᠢᠯᠠᠯᠭ᠎ᠠ ᠬᠢᠵᠤ᠂ ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠦ ᠤᠷᠤᠭᠤᠯᠤᠯᠳᠠ ᠶᠢᠨ ᠦᠵᠡᠰᠬᠦᠯᠡᠩ ᠤᠨ ᠴᠤᠬᠯᠠᠭᠠᠨ ᠳᠤ ᠤᠷᠤᠯᠴᠠᠬᠤ ᠡᠯ᠎ᠠ ᠤᠯᠤᠰ ᠤᠨ ᠬᠦᠨᠳᠦᠳᠦ ᠵᠤᠴᠢᠳ ᠢ ᠤᠬᠳᠤᠵᠠᠢ᠃ ᠵᠢᠷᠤᠭ ᠪᠤᠯ ᠰᠢ ᠶᠢᠨ ᠫᠢᠩ ᠪᠠᠶᠠᠷ ᠤᠨ ᠦᠭᠡ ᠬᠡᠯᠡᠵᠦ ᠪᠠᠶᠢᠭ᠎ᠠ ᠨᠢ᠃                 ᠰᠢᠨᠬᠤᠸᠠ ᠬᠤᠷᠢᠶᠠᠨ ᠤ ᠰᠤᠷᠪᠤᠯᠵᠢᠯᠠᠭᠴᠢ ᠰᠢᠶᠧ ᠬᠤᠸᠠᠨ ‍ᠤᠤᠢ ᠰᠡᠭᠦᠳᠡᠷᠯᠡᠪᠡ      ᠰᠢ ᠶᠢᠨ ᠫᠢᠩ ᠪᠤᠯᠤᠨ ᠫᠧᠩ ᠯᠢ ᠶᠤᠸᠠᠨ ᠡᠯ᠎ᠠ ᠤᠯᠤᠰ ᠤᠨ ᠤᠳᠤᠷᠢᠳᠬᠤ ᠬᠦᠮᠦᠰ ᠪᠠ ᠲᠡᠳᠡᠨ ᠤ ᠬᠠᠳᠤᠨ ᠨᠠᠷ ᠲᠠᠢ ᠳᠤᠳᠤᠨᠤᠰᠤᠭ ᠢᠶᠠᠷ ᠶᠠᠷᠢᠯᠴᠠᠬᠤ ᠶᠢᠨ ᠬᠠᠮᠳᠦ᠂ ᠬᠠᠮᠳᠦ ᠶᠢᠨ ᠰᠡᠬᠦᠳᠡᠷ ᠳᠠᠳᠠᠭᠤᠯᠵᠦ ᠲᠤᠷᠠᠰᠬᠠᠯ ᠦᠯᠡᠳᠡᠭᠡᠪᠡ᠃      ᠵᠤᠴᠢᠨ ᠤᠬᠳᠤᠬᠤ ᠪᠠᠶᠠᠰᠬᠤᠯᠠᠩᠳᠦ ᠬᠦᠭᠵᠢᠮ ᠤᠨ ᠳᠤᠮᠳᠠ᠂ ᠰᠢ ᠶᠢᠨ ᠫᠢᠩ ᠪᠤᠯᠤᠨ ᠫᠧᠩ ᠯᠢ ᠶᠤᠸᠠᠨ ᠬᠦᠨᠳᠦᠳᠦ ᠵᠤᠴᠢᠨ ᠨᠠᠷ ᠲᠠᠢ ᠲᠠᠶᠢᠯᠠᠯᠭ᠎ᠠ ᠶᠢᠨ ᠲᠢᠩᠬᠢᠮ ᠳᠤ ᠠᠯᠬᠤᠨ ᠤᠷᠤᠯ᠎ᠠ᠃      ᠰᠢ ᠶᠢᠨ ᠫᠢᠩ ᠪᠠᠶᠠᠷ ᠤᠨ ᠦᠭᠡ ᠬᠡᠯᠡᠵᠦ᠂ ᠳᠤᠮᠳᠠᠳᠤ ᠤᠯᠤᠰ ᠤᠨ ᠵᠠᠰᠠᠬ ᠤᠨ ᠤᠷᠳᠤᠨ ᠪᠠ ᠳᠤᠮᠳᠠᠳᠤ ᠤᠯᠤᠰ ᠤᠨ ᠠᠷᠠᠳ ᠲᠦᠮᠡᠨ ᠢ ᠲᠦᠯᠦᠭᠡᠯᠡᠨ ᠡᠯ᠎ᠡ ᠤᠯᠤᠰ ᠤᠨ ᠤᠳᠤᠷᠢᠳᠬᠤ ᠬᠦᠮᠦᠰ ᠪᠠ ᠵᠤᠴᠢᠳ ᠤᠨ ᠬᠦᠷᠦᠯᠴᠡᠨ ᠢᠷᠡᠭᠰᠡᠨ ᠳᠤ ᠪᠠᠶᠠᠷᠯᠠᠨ ᠤᠬᠲᠤᠵᠤ ᠪᠠᠶᠢᠬᠤ ᠪᠠᠨ ᠢᠯᠡᠳᠬᠡᠪᠡ᠃ ᠰᠢ ᠶᠢᠨ ᠫᠢᠩ᠂ ᠱᠠᠩᠬᠠᠢ ᠪᠤᠯ ᠳᠤᠮᠳᠠᠳᠤ ᠤᠯᠤᠰ ᠤᠨ ᠬᠠᠮᠤᠬ ᠤᠨ ᠶᠡᠭᠡ ᠠᠵᠤ ᠠᠬᠤᠢ ᠶᠢᠨ ᠲᠦᠪ ᠪᠠ ᠦᠭᠡᠷᠡᠴᠢᠯᠡᠯᠲᠡ ᠨᠡᠭᠡᠭᠡᠯᠲᠡ ᠶᠢᠨ ᠬᠤᠰᠢᠭᠤᠷᠠᠯ ᠤᠷᠤᠨ ᠮᠦᠨ᠂ ᠤᠶᠢᠷ᠎ᠠ ᠦᠶ᠎ᠡ ᠠᠴᠠ ᠨᠠᠭᠠᠰᠢᠬᠢ ᠳᠤᠮᠳᠠᠳᠤ ᠤᠯᠤᠰ ᠤᠨ ᠨᠡᠭᠡᠭᠡᠯᠲᠡ ᠬᠢᠵᠦ ᠬᠠᠮᠲᠤᠷᠠᠯᠴᠠᠭ᠎ᠠ ᠬᠢᠭᠰᠡᠨ ᠲᠡᠤᠬᠡᠨ ᠠᠬᠢᠴᠠ ᠶᠢ ᠬᠡᠷᠡᠴᠢᠯᠡᠭᠰᠡᠨ ᠮᠦᠷᠲᠡᠭᠡᠨ ᠪᠠᠰᠠ ᠳᠤᠮᠳᠠᠳᠤ ᠤᠯᠤᠰ ᠤᠨ ᠦᠭᠡᠷᠡᠴᠢᠯᠡᠯᠲᠡ ᠨᠡᠭᠡᠭᠡᠯᠲᠡ ᠶᠢᠨ 40 ᠵᠢᠯ ᠤᠨ ᠠᠮᠢᠳᠤᠯᠢᠬ ᠬᠠᠭᠤᠳᠠᠰᠤ ᠶᠢ ᠪᠢᠴᠢᠭᠯᠡᠪᠡ᠃ ᠳᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠤ ᠤᠷᠤᠭᠤᠯᠤᠯᠲᠠ ᠶᠢᠨ ᠦᠵᠡᠰᠬᠦᠯᠡᠩ ᠤᠨ ᠴᠤᠬᠯᠠᠭᠠᠨ ᠪᠤᠯ ᠳᠤᠮᠳᠠᠳᠤ ᠤᠯᠤᠰ ᠤᠨ ᠬᠢ᠂ ᠨᠡᠩ ᠴᠤ ᠳᠡᠯᠡᠬᠡᠢ ᠶᠢᠨ ᠬᠢ ᠶᠤᠮ᠃ ᠡᠨᠡ ᠨᠢ ᠡᠩ ᠤᠨ ᠴᠢᠨᠠᠷᠲᠠᠢ ᠦᠵᠡᠰᠬᠦᠯᠡᠩ ᠤᠨ ᠴᠤᠬᠯᠠᠭᠠᠨ ᠪᠢᠰᠢ᠂ ᠬᠠᠷᠢᠨ ᠳᠤᠮᠳᠠᠳᠤ ᠤᠯᠤᠰ ᠰᠢᠨ᠎ᠡ ᠨᠢᠭᠡᠨ ᠡᠭᠡᠯᠵᠢ ᠶᠢᠨ ᠦᠨᠳᠦᠷ ᠲᠦᠪᠰᠢᠨ ᠲᠠᠢ ᠭᠠᠳᠠᠭᠠᠳᠤ ᠨᠡᠭᠡᠭᠡᠯᠲᠡ ᠶᠢ ᠠᠬᠢᠭᠤᠯᠬᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠮᠦᠨ᠂ ᠳᠤᠮᠳᠠᠳᠤ ᠤᠯᠤᠰ ᠰᠠᠨᠠᠭᠠᠴᠢᠯᠠᠭ᠎ᠠ ᠠᠴᠠ ᠪᠠᠨ ᠳᠡᠯᠡᠬᠡᠢ ᠵᠦᠭ ᠵᠠᠬ᠎ᠠ ᠳᠡᠯᠭᠡᠭᠦᠷ ᠢᠶᠠᠨ ᠨᠡᠭᠡᠭᠡᠬᠦ ᠴᠢᠬᠤᠯᠠ ᠶᠡᠭᠡ ᠠᠷᠭ᠎ᠠ ᠬᠡᠮᠵᠢᠶ᠎ᠡ ᠪᠤᠯᠤᠨ᠎ᠠ᠃ ᠳᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠤ ᠤᠷᠤᠭᠤᠯᠤᠯᠲᠠ ᠶᠢᠨ ᠦᠵᠡᠰᠬᠦᠯᠡᠩ ᠤᠨ ᠴᠤᠬᠯᠠᠭᠠᠨ ᠱᠠᠩᠬᠠᠢ ᠶᠢ ᠰᠢᠨ᠎ᠡ ᠭᠡᠷᠡᠯ ᠬᠢᠯᠪᠠᠭ᠎ᠠ ᠲᠠᠢ ᠪᠤᠯᠭᠠᠨ᠎ᠠ ᠭᠡᠳᠡᠭ ᠢ ᠢᠲᠡᠭᠡᠵᠦ ᠪᠠᠶᠢᠨ᠎ᠠ ᠭᠡᠵᠦ ᠵᠢᠭᠠᠵᠤ ᠭᠠᠷᠭᠠᠪᠠ᠃
    11 ᠰᠠᠷ᠎ᠠ ᠶᠢᠨ 4 ᠤ ᠤᠷᠤᠢ᠂ ᠤᠯᠤᠰ ᠤᠨ ᠲᠡᠷᠢᠬᠦᠯᠡᠭᠴᠢ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠱᠠᠩᠬᠠᠢ ᠳᠤ ᠲᠠᠶᠢᠯᠠᠯᠭ᠎ᠠ ᠬᠢᠵᠤ᠂ ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠦ ᠤᠷᠤᠭᠤᠯᠤᠯᠳᠠ ᠶᠢᠨ ᠦᠵᠡᠰᠬᠦᠯᠡᠩ ᠤᠨ ᠴᠤᠬᠯᠠᠭᠠᠨ ᠳᠤ ᠤᠷᠤᠯᠴᠠᠬᠤ ᠡᠯ᠎ᠠ ᠤᠯᠤᠰ ᠤᠨ ᠬᠦᠨᠳᠦᠳᠦ ᠵᠤᠴᠢᠳ ᠢ ᠤᠬᠳᠤᠵᠠᠢ᠃ ᠵᠢᠷᠤᠭ ᠪᠤᠯ ᠲᠠᠶᠢᠯᠠᠯᠭ᠎ᠠ ᠠᠴᠠ ᠡᠮᠦᠨ᠎ᠡ ᠰᠢ ᠶᠢᠨ ᠫᠢᠩ ᠪᠤᠯᠤᠨ ᠫᠧᠩ ᠯᠢ ᠶᠤᠸᠠᠨ ᠡᠯ᠎ᠠ ᠤᠯᠤᠰ ᠤᠨ ᠤᠳᠤᠷᠢᠳᠬᠤ ᠬᠦᠮᠦᠰ ᠪᠠ ᠲᠡᠳᠡᠨ ᠤ ᠬᠠᠳᠤᠨ ᠨᠠᠷ ᠲᠠᠢ ᠬᠠᠮᠳᠦ ᠶᠢᠨ ᠰᠡᠬᠦᠳᠡᠷ ᠳᠠᠳᠠᠭᠤᠯᠵᠦ ᠲᠤᠷᠠᠰᠬᠠᠯ ᠦᠯᠡᠳᠡᠭᠡᠪᠡ᠃                                       ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢ ᠲᠤᠤ ᠰᠡᠭᠦᠳᠡᠷᠯᠡᠪᠡ      ᠰᠢ ᠶᠢᠨ ᠫᠢᠩ᠂ ᠮᠠᠷᠭᠠᠰᠢ ᠳᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠤ ᠤᠷᠤᠭᠤᠯᠤᠯᠲᠠ ᠶᠢᠨ ᠦᠵᠡᠰᠬᠦᠯᠡᠩ ᠤᠨ ᠴᠤᠬᠯᠠᠭᠠᠨ ᠵᠢᠩᠬᠢᠨᠢ ᠪᠠᠷ ᠡᠬᠢᠯᠡᠨ᠎ᠡ᠃ ᠢᠷᠡᠬᠦ 6 ᠡᠳᠦᠷ ᠲᠤ᠂ ᠲᠠᠪᠤᠨ ᠶᠡᠭᠡ ᠲᠢᠪ ᠠᠴᠠ ᠢᠷᠡᠭᠰᠡᠨ 172 ᠤᠯᠤᠰ᠂ ᠭᠠᠵᠠᠷ ᠤᠷᠤᠨ ᠪᠠ ᠤᠯᠠᠨ ᠤᠯᠤᠰ ᠤᠨ ᠵᠤᠬᠢᠶᠠᠨ ᠪᠠᠶᠢᠭᠤᠯᠤᠯᠲᠠ ᠳᠡᠯᠡᠬᠡᠢ ᠳ᠋ᠠᠬᠢᠨ ᠳᠤ ᠬᠦᠭᠵᠢᠯᠲᠡ ᠶᠢᠨ ᠠᠮᠵᠢᠯᠲᠠ ᠪᠦᠳᠦᠮᠵᠢ ᠪᠠ ᠤᠯᠤᠰ ᠤᠨ ᠳᠦᠷᠢ ᠳᠦᠷᠬᠦ ᠪᠠᠨ ᠳᠡᠯᠭᠡᠨ ᠦᠵᠡᠭᠦᠯᠬᠦ ᠪᠤᠯᠤᠨ᠎ᠠ᠂ ᠦᠵᠡᠰᠬᠦᠯᠡᠩ ᠳᠤ ᠤᠷᠤᠯᠴᠠᠬᠰᠠᠨ ᠡᠯ᠎ᠡ ᠤᠯᠤᠰ ᠤᠨ 3600 ᠭᠠᠷᠤᠢ ᠠᠵᠤ ᠠᠬᠤᠶᠢᠯᠠᠯ ᠪᠠᠰᠠ ᠳᠤᠮᠳᠠᠳᠤ ᠤᠯᠤᠰ ᠤᠨ ᠬᠢᠯᠢ ᠶᠢᠨ ᠲᠤᠳᠤᠭᠠᠳᠤ ᠭᠠᠳᠠᠭᠠᠳᠤ ᠶᠢᠨ ᠬᠤᠳᠠᠯᠳᠤᠨ ᠠᠪᠬᠤ ᠬᠤᠳᠠᠯᠳᠤᠭᠠᠴᠢᠳ ᠲᠠᠢ ᠵᠤᠯᠭᠠᠯᠴᠠᠨ ᠵᠦᠪᠳᠡᠵᠦ᠂ ᠬᠦᠭᠵᠢᠯᠲᠡ ᠶᠢ ᠬᠠᠮᠲᠤ ᠪᠠᠷ ᠡᠷᠢᠯᠬᠢᠯᠡᠵᠦ᠂ ᠡᠯ᠎ᠡ ᠲᠠᠯ᠎ᠠ ᠶᠢᠨ ᠵᠤᠴᠢᠳ ᠪᠠᠰᠠ ᠤᠯᠠᠨ ᠤᠯᠤᠰ ᠤᠨ ᠠᠵᠤ ᠠᠬᠤᠢ ᠠᠷᠠᠯᠵᠢᠶ᠎ᠠ ᠪᠠ ᠪᠦᠬᠦ ᠪᠦᠮᠪᠦᠷᠴᠡᠭ ᠤᠨ ᠠᠵᠤ ᠠᠬᠤᠢ ᠶᠢᠨ ᠵᠠᠰᠠᠯᠲᠠ ᠶᠢᠨ ᠴᠢᠬᠤᠯᠠ ᠶᠡᠭᠡ ᠠᠰᠠᠭᠤᠳᠠᠯ ᠤᠨ ᠲᠤᠭᠤᠷᠢᠨ ᠳᠤ ᠰᠤᠳᠤᠯᠤᠨ ᠶᠠᠷᠢᠯᠴᠠᠵᠤ ᠰᠤᠯᠢᠯᠴᠠᠭ᠎ᠠ ᠦᠷᠨᠢᠭᠦᠯᠵᠦ᠂ ᠦᠵᠡᠯ ᠪᠤᠳᠤᠯ ᠢᠶᠠᠨ ᠰᠤᠯᠢᠯᠴᠠᠬᠤ ᠪᠤᠯᠤᠨ᠎ᠠ᠃ ᠡᠨᠡ ᠪᠤᠯ ᠭᠦᠮᠤᠰ ᠤᠨ ᠬᠦᠰᠡᠨ ᠬᠦᠯᠢᠶᠡᠵᠤ ᠪᠠᠶᠢᠭ᠎ᠠ ᠦᠪᠡᠳᠡᠭᠰᠢ ᠶᠡᠭᠡ ᠴᠤᠭᠯᠠᠭᠠᠨ ᠪᠤᠯᠤᠨ᠎ᠠ᠂ ᠡᠯ᠎ᠠ ᠤᠯᠤᠰ ᠤᠨ ᠨᠠᠶᠢᠵᠠ ᠨᠠᠷ ᠲᠤ ᠪᠠᠶᠠᠯᠢᠭ ᠦᠷ᠎ᠠ ᠪᠦᠲᠦᠭᠡᠯ ᠤᠯᠭᠤᠨ᠎ᠠ᠃ ᠡᠯ᠎ᠠ ᠲᠠᠯ᠎ᠠ ᠶᠢᠨ ᠭᠦᠴᠤᠳᠠᠢ ᠲᠡᠮᠵᠢᠯᠭᠡ ᠪᠤᠯᠤᠨ ᠬᠠᠮᠳᠤ ᠶᠢᠨ ᠴᠢᠷᠮᠠᠶᠢᠯᠭ᠎ᠠ ᠲᠤᠤᠷ᠎ᠠ᠂ ᠲᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠤ ᠤᠷᠤᠭᠤᠯᠤᠯᠲᠠ ᠶᠢᠨ ᠦᠵᠡᠰᠭᠦᠯᠡᠩ ᠤᠨ ᠴᠤᠬᠯᠠᠭᠠᠨ ᠯᠠᠪᠳᠠᠢ ᠦᠨᠳᠤᠷ ᠲᠦᠪᠰᠢᠨ ᠲᠠᠢ ᠲᠡᠯᠡᠭᠡᠢ ᠶᠢᠨ ᠴᠢᠨᠠᠷᠳᠠᠢ ᠦᠵᠡᠰᠭᠦᠯᠡᠩ ᠤᠨ ᠴᠤᠬᠯᠠᠭᠠᠨ ᠪᠤᠯᠵᠤ᠂ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠬᠠᠮᠳᠤᠷᠠᠯᠴᠠᠭ᠎ᠠ ᠶᠢ ᠭᠦᠨᠵᠡᠭᠡᠶᠢᠷᠡᠭᠦᠯᠬᠦ᠂ ︽ᠨᠢᠭᠡ ᠪᠦᠰᠡ ᠨᠢᠭᠡ ᠵᠠᠮ ︾ ᠢ ᠬᠠᠮᠳᠤ ᠪᠠᠷ ᠪᠠᠶᠢᠭᠤᠯᠬᠤ ᠶᠢ ᠠᠬᠢᠭᠤᠯᠬᠤ ᠂ ᠠᠵᠤ ᠠᠬᠤᠢ ᠶᠢᠨ ᠲᠡᠯᠡᠬᠡᠶᠢᠵᠢᠯᠳᠠ ᠳᠤ ᠰᠢᠨ᠎ᠠ ᠲᠠᠪᠴᠠᠩ ᠢ ᠪᠠᠶᠢᠭᠤᠯᠵᠤ᠂ ᠡᠯ᠎ᠠ ᠤᠯᠤᠰ ᠤᠨ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠠᠭᠦᠯᠵᠤ᠂ ᠬᠦᠮᠦᠨ ᠳᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ ᠴᠤᠬᠴᠠ ᠶᠢᠨ ᠪᠠᠶᠢᠭᠤᠯᠤᠯᠳᠠ ᠶᠢ ᠠᠬᠢᠭᠤᠯᠬᠤ ᠳᠤ ᠢᠳᠡᠪᠬᠢᠳᠠᠢ ᠬᠤᠪᠢ ᠨᠡᠮᠡᠷᠢ ᠦᠵᠡᠭᠦᠯᠤᠨ᠎ᠠ ᠭᠡᠳᠡᠭ ᠢ ᠢᠳᠡᠭᠡᠵᠤ ᠪᠠᠶᠢᠨ᠎ᠠ ᠭᠡᠵᠦ ᠢᠯᠡᠳᠭᠡᠪᠡ᠃      ᠳᠠᠶᠢᠯᠠᠯᠭ᠎ᠠ ᠨᠢ ᠪᠠᠶᠠᠷ ᠪᠠᠶᠠᠰᠬᠤᠯᠠᠩ ᠲᠠᠢ ᠠᠭᠤᠷ ᠠᠮᠢᠰᠬᠤᠯ ᠳᠤᠮᠳᠠ ᠶᠠᠪᠤᠭᠳᠠᠪᠠ᠃ ᠰᠢ ᠶᠢᠨ ᠫᠢᠡᠭ ᠡᠯ᠎ᠠ ᠤᠯᠤᠰ ᠤᠨ ᠤᠳᠤᠷᠢᠳᠬᠤ ᠭᠦᠮᠤᠰ ᠯᠦᠭᠡ ᠲᠤᠳᠤᠨᠤᠰᠤᠭ ᠢᠶᠠᠷ ᠶᠠᠷᠢᠯᠴᠠᠪᠠ᠃ ᠡᠯ᠎ᠠ ᠤᠯᠤᠰ ᠤᠨ ᠵᠤᠴᠢᠨ ᠨᠦᠭᠦᠷᠯᠡᠯ ᠬᠠᠮᠳᠤᠷᠠᠯᠴᠠᠭ᠎ᠠ ᠪᠠᠨ ᠶᠠᠷᠢᠯᠴᠠᠵᠤ᠂ ᠠᠩᠬᠠᠳᠤᠭᠠᠷ ᠬᠤᠭᠤᠴᠠᠭᠠᠨ ᠤ ᠲᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠤ ᠤᠷᠤᠭᠤᠯᠤᠯᠲᠠ ᠶᠢᠨ ᠦᠵᠡᠰᠭᠦᠯᠡᠩ ᠤᠨ ᠴᠤᠬᠯᠠᠭᠠᠨ ᠲᠡᠭᠦᠰ ᠠᠮᠵᠢᠯᠳᠠ ᠤᠯᠬᠤ ᠶᠢ ᠬᠠᠮᠳᠤ ᠪᠠᠷ ᠵᠦᠩᠨᠡᠵᠦ᠂ ᠡᠯ᠎ᠠ ᠤᠯᠤᠰ ᠭᠠᠷ ᠬᠤᠯᠪᠤᠨ ᠬᠠᠮᠳᠤ ᠪᠠᠷ ᠭᠦᠭᠵᠢᠵᠤ᠂ ᠲᠡᠯᠡᠭᠡᠢ ᠶᠢᠨ ᠨᠡᠩ ᠶᠡᠭᠡ ᠡᠩᠭᠡ ᠲᠠᠶᠢᠪᠤᠩ ᠴᠡᠴᠡᠭᠯᠡᠨ ᠭᠦᠭᠵᠢᠯᠳᠠ ᠶᠢ ᠪᠡᠯᠭᠡᠳᠡᠨ ᠵᠦᠩᠨᠡᠵᠡᠢ᠃      ᠳ᠋ᠢᠩ ᠰᠢᠤᠸᠠᠢ ᠰᠢᠶᠠᠩ᠂ ᠯᠢ ᠴᠢᠶᠠᠩ᠂ ᠶᠠᠩ ᠵᠢᠶᠧ ᡂᠢ᠂ ᠬᠤ᠋ ᠴᠦᠨ ᠬᠤᠸᠠ᠂ ᠬᠤᠸᠠᠩ ᠺᠦᠨ ᠮᠢᠩ᠂ ᠸᠠᠩ ᠢ᠂ ᠵᠤᠤ ᠺᠧ ᡁᠢ᠂ ᠾᠧ ᠯᠢ ᠹᠸᠡᠭ ᠨᠠᠷ ᠲᠡᠭᠡᠷᠡᠬᠢ ᠠᠵᠢᠯᠯᠠᠭ᠎ᠠ ᠳᠤ ᠤᠷᠤᠯᠴᠠᠪᠠ᠃                   ︵ᠰᠢᠨᠬᠤᠸᠠ ᠬᠤᠷᠢᠶᠠᠨ ᠤ ᠱᠠᠩᠬᠠᠢ ᠶᠢᠨ 11 ᠰᠠᠷ᠎ᠠ ᠶᠢᠨ 4 ᠤ ᠴᠠᠬᠢᠯᠭᠠᠨ ᠮᠡᠳᠡᠭᠡ︶
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号