ᠶᠠᠲᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠢ ᠤᠯᠠᠮ ᠨᠢᠭᠡ ᠠᠯᠬᠤᠮ ᠭᠥᠨᠵᠡᠭᠡᠢ | ᠥᠷᠨᠢᠬᠦᠯᠬᠦ ᠶᠢᠨ ᠲᠥᠯᠤᠭᠡ ᠤᠶᠢᠷ᠎ᠠ ᠳᠤ ᠬᠤᠰᠢᠭᠤ ᠬᠤᠲᠠ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ | ᠭᠡᠷᠡᠭᠵᠢᠬᠦᠯᠬᠦ ᠲᠤᠪᠴᠢᠶᠠᠨ ᠤ ᠤᠲᠤᠷᠢᠳᠬᠤ ᠪᠠᠭ ᠤᠨ ᠬᠢᠨ ᠭᠠᠷᠠᠭ ᠤᠨ ᠰᠡᠭᠦᠯᠴᠢ ᠶᠢᠨ ᠠᠮᠠᠷᠠᠯᠲᠠ ᠶᠢᠨ ᠡᠳᠦᠷ | ᠢᠶᠠᠨ ᠠᠰᠢᠭᠯᠠᠨ ᠬᠠᠷᠢᠯᠴᠠᠨ ᠬᠠᠪᠰᠤᠷᠤᠯᠴᠠᠨ ᠬᠠᠮᠳᠤᠪᠡᠷ ᠪᠠᠶᠢᠭᠤᠯᠬᠤ ᠴᠡᠭ ᠰᠢᠷᠬᠤᠰᠤᠨ ᠪᠠᠯᠭᠠᠰᠤᠨ ᠤ ᠰᠢᠷᠬᠤᠰᠤ | ᠲᠤᠰᠬᠤᠨ ᠳᠤ ᠬᠦᠷᠴᠦ ᠶᠠᠲᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠢ ᠥᠷᠨᠢᠬᠦᠯᠪᠡ᠃ | ᠬᠤᠰᠢᠭᠤ ᠬᠤᠲᠠ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠲᠤᠪᠴᠢᠶᠠᠨ ᠤ | ᠬᠠᠷᠢᠭᠤᠴᠠᠯᠭᠠᠲᠠᠨ ᠰᠢᠷᠬᠤᠰᠤᠨ ᠲᠤᠰᠬᠤᠨ ᠤ ᠬᠠᠪᠰᠤᠷᠤᠨ ᠲᠡᠳᠬᠦᠵᠤ ᠪᠠᠶᠢᠭ᠎ᠠ ᠠᠶᠢᠯ ᠡᠷᠤᠭᠡ ᠳᠤ ᠤᠷᠤᠵᠤ | ᠡᠷᠤᠬᠡ ᠶᠢᠨ ᠪᠠᠶᠢᠲᠠᠯ ᠢ ᠨᠠᠷᠢᠨ ᠬᠢᠨᠠᠮᠠᠭᠠᠢ ᠤᠶᠢᠯᠠᠭᠠᠵᠤ ᠲᠡᠲᠡᠨ ᠤ ᠲᠠᠩᠰᠠ ᠡᠪᠬᠡᠮᠡᠯ ᠬᠠᠮᠢᠶ᠎ᠠ ᠪᠥᠬᠦᠢ ᠪᠢᠴᠢᠭ | ᠮᠠᠲ᠋ᠧᠷᠢᠶᠠᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠭᠰᠡᠨ ᠤ ᠲᠠᠷᠠᠭ᠎ᠠ ᠱᠠᠭᠠᠷᠳᠠᠬᠤ ᠳᠤ ᠪᠠᠨ ᠬᠠᠪᠰᠤᠷᠤᠨ ᠲᠡᠳᠬᠦᠵᠤ | ᠪᠠᠶᠢᠭ᠎ᠠ ᠺᠠᠳ᠋ᠷ ᠠᠵᠢᠯᠲᠠᠨ ᠥᠷᠬᠦᠯᠵᠢᠯᠡᠨ ᠥᠪᠡᠷ ᠤᠨ ᠪᠡᠶ᠎ᠡ ᠶᠢᠨ ᠪᠤᠲᠠᠲᠠᠢ ᠲᠠᠢ ᠪᠠᠨ ᠤᠶᠠᠯᠳᠤᠭᠤᠯᠵᠤ | ᠪᠥᠲᠤᠮᠵᠢᠲᠡᠢ ᠠᠷᠭ᠎ᠠ ᠬᠡᠮᠵᠢᠶ᠎ᠡ ᠠᠪᠴᠤ᠂ ᠲᠡᠳᠬᠦᠨ ᠲᠡᠮᠵᠢᠬᠦ ᠠᠵᠢᠯ ᠢ ᠥᠨᠡᠨᠬᠦ ᠰᠠᠶᠢᠲᠤᠷ ᠬᠢᠵᠤ ᠬᠤᠰᠢᠭᠤ ᠨᠠᠮ | ᠤᠨ ᠬᠤᠷᠢᠶ᠎ᠠ᠂ ᠵᠠᠰᠠᠭ ᠤᠨ ᠤᠷᠲᠤᠨ ᠤ ᠱᠠᠭᠠᠷᠲᠠᠯᠭ᠎ᠠ ᠶᠤᠰᠤᠭᠠᠷ ᠬᠤᠯᠪᠤᠭᠲᠠᠯ ᠪᠥᠬᠦᠢ ᠲᠠᠩᠰᠠ ᠡᠪᠬᠡᠮᠡᠯ ᠪᠢᠴᠢᠭ | ᠮᠠᠲ᠋ᠧᠷᠢᠶᠠᠯ ᠢᠶᠠᠨ ᠤᠯᠠᠮ ᠨᠢᠭᠡ ᠠᠯᠬᠤᠮ ᠲᠡᠭᠦᠯᠲᠡᠷᠵᠢᠬᠦᠯᠵᠤ ᠶᠠᠲᠠᠭᠤ ᠠᠴᠠ ᠠᠩᠭᠢᠵᠢᠷᠠᠭᠤᠯᠬᠤ ᠠᠵᠢᠯ ᠤᠨ | ᠲᠠᠩᠰᠠ ᠡᠪᠬᠡᠮᠡᠯ ᠢᠶᠠᠨ ᠥᠨᠡᠨᠬᠦ ᠰᠠᠶᠢᠲᠤᠷ ᠬᠢᠬᠦ ᠬᠡᠷᠡᠭᠲᠠᠢ᠃ ᠨᠠᠮ ᠤᠨ ᠲᠥᠪ ᠬᠤᠷᠢᠶᠠᠨ ᠤ ᠲᠥᠷᠤ ᠶᠢᠨ ᠪᠤᠲᠤᠯᠭ᠎ᠠ | ᠶᠢᠨ ᠲᠤᠭᠲᠠᠭᠠᠯ ᠢ ᠬᠥᠷᠢᠶᠡᠯᠡᠨ ᠬᠠᠮᠠᠭᠠᠯᠠᠵᠤ ᠶᠠᠲᠠᠭᠤ ᠠᠴᠠ ᠠᠩᠭᠢᠵᠢᠷᠠᠭᠤᠯᠬᠤ ᠠᠵᠢᠯ ᠤᠨ ᠴᠢᠬᠤᠯᠠ ᠴᠢᠨᠠᠷ ᠪᠠ | ᠲᠤᠯᠭᠠᠮ᠎ᠠ ᠴᠢᠨᠠᠷ ᠢ ᠭᠥᠢᠴᠡᠳ ᠤᠶᠢᠯᠠᠭᠠᠵᠤ᠂ ᠲᠡᠳᠬᠦᠨ ᠲᠡᠮᠵᠢᠵᠤ ᠪᠠᠶᠢᠭ᠎ᠠ ᠬᠠᠷᠢᠭᠤᠴᠠᠯᠭ᠎ᠠ ᠶᠢᠨ ᠬᠦᠮᠦᠨ | ᠡᠷᠭᠡᠪᠰᠢ ᠠᠵᠢᠯ ᠤᠨ ᠬᠠᠷᠢᠭᠤᠴᠠᠯᠭ᠎ᠠ ᠪᠠᠨ ᠭᠥᠢᠴᠡᠳᠭᠡᠵᠤ ᠰᠢᠪᠠᠲᠠᠨ ᠪᠠᠶᠢᠴᠠᠭᠠᠬᠤ ᠪᠠᠨ ᠴᠢᠩᠭᠠᠳᠬᠠᠵᠤ | ᠠᠰᠠᠭᠤᠲᠠᠯ ᠲᠤᠯᠭᠠᠷᠠᠪᠠᠯ ᠲᠠᠷᠤᠢ ᠳᠤ ᠨᠢ ᠰᠢᠢᠳᠪᠤᠷᠢᠯᠡᠵᠤ ᠶᠠᠲᠠᠭᠤ ᠶᠢ ᠲᠡᠳᠬᠦᠬᠦ ᠠᠵᠤ ᠤᠶᠢᠯᠡᠰ ᠤᠨ ᠲᠥᠷᠤᠯ | ᠵᠤᠶᠢᠯ ᠪᠠ ᠰᠠᠭᠤᠷᠢ ᠲᠥᠬᠦᠭᠡᠷᠤᠮᠵᠢ ᠶᠢᠨ ᠪᠥᠲᠤᠭᠡᠨ ᠪᠠᠶᠢᠭᠤᠯᠤᠲᠠ ᠶᠢᠨ ᠲᠥᠷᠤᠯ ᠵᠤᠶᠢᠯ ᠢ ᠲᠥᠷᠭᠡᠳᠭᠡᠨ | ᠬᠡᠷᠡᠭᠵᠢᠬᠦᠯᠵᠤ ᠶᠠᠲᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠤᠨ ᠥᠷ᠎ᠡ ᠪᠥᠲᠤᠮᠵᠢ ᠶᠢ ᠥᠨᠡᠨᠬᠦ | ᠲᠡᠭᠡᠭᠰᠢᠯᠡᠬᠦᠯᠬᠦ ᠬᠡᠷᠡᠭᠲᠠᠢ ᠬᠡᠪᠡ᠃ |