ᠦᠦᠰᠢᠨ ᠬᠤᠰᠢᠭᠤᠨ ᠤ ᠲᠠᠷᠢᠶᠠᠯᠠᠩ ᠤᠨ ᠦᠢᠯᠡᠰ ᠢ ᠳᠠᠮᠵᠢᠵᠤ ᠬᠠᠮᠠᠭᠠᠯᠠᠬᠤ ᠨᠦᠬᠦᠪᠦᠷᠢ ᠶᠢᠨ ᠦᠭᠡᠷᠡᠴᠢᠯᠡᠯᠲᠡ ᠶᠢ ᠬᠡᠷᠡᠭᠵᠢᠬᠦᠯᠬᠦ ᠲᠦᠰᠦᠯ ᠢ ᠳᠠᠷᠤᠮᠠᠯᠯᠠᠨ ᠳᠠᠷᠬᠠᠭᠠᠬᠤ ᠲᠤᠬᠠᠢ ᠦᠦᠰᠢᠨ ᠬᠤᠰᠢᠭᠤᠨ  ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2018-11-08
                         ᠦᠣᠰᠢᠨ ᠵᠠᠰᠠᠭ ᠠᠯᠪᠠᠨ ᠳᠡᠷᠬᠠᠭᠠᠬᠤ〔2018〕66 ᠳ᠋ᠣᠭᠠᠷ ᠳᠣᠭᠠᠳᠣ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠄       ︽ᠦᠦᠰᠢᠨ ᠬᠤᠰᠢᠭᠤᠨ ᠤ ᠲᠠᠷᠢᠶᠠᠯᠠᠩ ᠤᠨ ᠦᠢᠯᠡᠰ ᠢ ᠳᠠᠮᠵᠢᠵᠣ ᠬᠠᠮᠠᠭᠠᠯᠠᠬᠤ ᠨᠦᠬᠦᠪᠦᠷᠢ ᠶᠢᠨ ᠦᠭᠡᠷᠡᠴᠢᠯᠡᠯᠲᠡ ᠶᠢ ᠬᠡᠷᠡᠭᠵᠢᠬᠦᠯᠬᠦ ᠲᠦᠰᠦᠯ︾ ᠢ ᠬᠤᠰᠢᠭᠤ ᠠᠷᠠᠳ ᠤᠨ ᠵᠠᠰᠠᠭ ᠤᠨ ᠤᠷᠳᠤᠨ ᠤ ᠵᠦᠪᠰᠢᠶᠡᠷᠡᠯ  ᠢᠶᠠᠷ ᠳᠠᠮᠵᠢᠨ ᠲᠠᠨᠠᠷ ᠲᠤ ᠳᠠᠷᠤᠮᠠᠯᠯᠠᠨ ᠳᠠᠷᠬᠠᠭᠠᠪᠠ᠂ ᠪᠤᠳᠠᠲᠤ ᠪᠠᠶᠢᠳᠠᠯ ᠲᠠᠢ ᠪᠠᠨ ᠤᠶᠠᠯᠳᠤᠭᠤᠯᠵᠤ ᠨᠠᠷᠢᠨ ᠬᠢᠨᠠᠮᠠᠭᠠᠢ ᠵᠤᠬᠢᠶᠠᠨ ᠪᠠᠶᠢᠭᠤᠯᠵᠤ ᠬᠡᠷᠡᠭᠵᠢᠬᠦᠯᠦᠭᠡᠷᠡᠢ  ᠃                                                                      ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ                             2018 ᠤᠨ ᠤ 10 ᠰᠠᠷ᠎ᠠ ᠶᠢᠨ 25 ᠤ ᠡᠳᠦᠷ                    ᠦᠦᠰᠢᠨ ᠬᠤᠰᠢᠭᠤᠨ ᠤ ᠲᠠᠷᠢᠶᠠᠯᠠᠩ ᠤᠨ ᠦᠢᠯᠡᠰ ᠢ ᠳᠡᠮᠵᠢᠵᠤ ᠬᠠᠮᠠᠭᠠᠯᠠᠬᠤ ᠨᠦᠬᠦᠪᠦᠷᠢ ᠶᠢᠨ  ᠦᠭᠡᠷᠡᠴᠢᠯᠡᠯᠲᠡ ᠶᠢ ᠬᠡᠷᠡᠭᠵᠢᠬᠦᠯᠬᠦ ᠲᠦᠰᠦᠯ        ︽ᠤᠷᠳᠤᠰ ᠬᠤᠲᠠ ᠶᠢᠨ ᠲᠠᠷᠢᠶᠠᠯᠠᠩ ᠤᠨ ︿ᠭᠤᠷᠪᠠᠨ ᠲᠦᠷᠦᠯ ᠤᠨ ᠨᠦᠬᠦᠪᠦᠷᠢ﹀ ᠶᠢᠨ ᠦᠭᠡᠷᠡᠴᠢᠯᠡᠯᠲᠡ ᠶᠢ ᠬᠡᠷᠡᠭᠵᠢᠬᠦᠯᠬᠦ ᠲᠦᠰᠦᠯ ᠢ ᠳᠠᠷᠤᠮᠠᠯᠯᠠᠨ ᠳᠠᠷᠬᠠᠭᠠᠬᠤ ᠲᠤᠬᠠᠢ ᠤᠷᠳᠤᠰ ᠬᠤᠲᠠ ᠶᠢᠨ ᠡᠳ᠋ ᠤᠨ ᠵᠠᠰᠠᠭ ᠤᠨ ᠲᠤᠪᠴᠢᠶ᠎ᠠ ᠤᠷᠳᠤᠰ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶᠠᠨ ᠤ ᠮᠡᠳᠡᠭᠳᠡᠯ︾ ︵ᠤᠷᠳᠤᠰ ᠡᠳ᠋ ᠲᠠᠷᠢᠶᠠᠯᠠᠩ ᠳᠠᠷᠬᠠᠭᠠᠭᠰᠠᠨ ﹇2016﹈ 132 ᠲᠤᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ ᠤᠯᠤᠰ ᠤᠨ ᠲᠠᠷᠢᠶᠠᠯᠠᠩ ᠳᠤ ᠠᠰᠢᠭᠲᠠᠢ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠪᠠ 2018 ᠤᠨ ᠤ ᠮᠠᠨ ᠤ ᠬᠤᠰᠢᠭᠤᠨ ᠤ ᠲᠠᠷᠢᠶᠠᠯᠠᠩ ᠤᠨ ᠦᠢᠯᠡᠰ ᠢ ᠳᠡᠮᠵᠢᠨ ᠬᠠᠮᠠᠭᠠᠯᠠᠬᠤ ᠨᠦᠬᠦᠪᠦᠷᠢ ᠶᠢ ᠤᠯᠭᠤᠬᠤ ᠠᠵᠢᠯ ᠤᠨ ᠡᠮᠬᠢ ᠴᠡᠭᠴᠡᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠶᠢᠨ ᠲᠤᠰᠠᠲᠠ ᠮᠠᠨ ᠤ ᠬᠤᠰᠢᠭᠤᠨ  ᠤ ᠪᠤᠲᠠᠳᠤ ᠪᠠᠶᠢᠳᠠᠯ ᠢᠶᠠᠨ ᠦᠨᠳᠦᠰᠦᠯᠡᠵᠤ ᠲᠤᠰ ᠲᠦᠰᠦᠯ ᠢ ᠲᠤᠭᠲᠠᠭᠠᠪᠠ᠃       ᠨᠢᠭᠡ᠂ ᠦᠭᠡᠷᠡᠴᠢᠯᠡᠯᠲᠡ ᠶᠢᠨ ᠠᠴᠢ ᠬᠤᠯᠪᠤᠭᠳᠠᠯ       ᠲᠠᠷᠢᠶᠠᠯᠠᠩ ᠠᠵᠤ ᠠᠬᠤᠢ ᠶᠢᠨ ︽ᠭᠤᠷᠪᠠᠨ ᠲᠦᠷᠦᠯ ᠤᠨ ᠨᠦᠬᠦᠪᠦᠷᠢ︾ ᠶᠢᠨ ᠦᠭᠡᠷᠡᠴᠢᠯᠡᠯᠲᠡ ᠪᠤᠯ ᠲᠦᠪ ᠤᠨ ︽ᠨᠡᠮᠡᠭᠳᠡᠯ ᠢ ᠲᠤᠭᠲᠠᠪᠤᠷᠢᠵᠢᠭᠤᠯᠵᠤ᠂ ᠦᠭᠡᠷᠡᠴᠢᠯᠡᠯᠲᠡ ᠶᠢ ᠠᠬᠢᠭᠤᠯᠤᠨ᠂ ᠪᠦᠲᠦᠴᠡ ᠶᠢ ᠲᠤᠬᠢᠷᠠᠭᠤᠯᠵᠤ᠂ ᠠᠷᠠᠳ ᠤᠨ ᠠᠮᠢᠳᠤᠷᠠᠯ ᠳᠤ ᠠᠰᠢᠭᠲᠠᠢ︾ ᠪᠠᠶᠢᠬᠤ ᠶᠡᠷᠦᠩᠭᠡᠢ ᠪᠠᠶᠢᠷᠢᠯᠠᠭᠤᠯᠤᠯᠲᠠ ᠶᠢᠨ ᠶᠤᠰᠤᠭᠠᠷ ᠬᠢᠭᠰᠡᠨ ᠴᠢᠬᠤᠯᠠ ᠲᠤᠮᠤ ᠲᠦᠷᠦ ᠶᠢᠨ ᠪᠤᠳᠤᠯᠭ᠎ᠠ ᠶᠢᠨ ᠲᠤᠬᠢᠷᠠᠭᠤᠯᠤᠯᠲᠠ ᠪᠠᠶᠢᠵᠤ᠂ ᠠᠵᠤ ᠠᠬᠤᠢ ᠶᠢᠨ ᠬᠦᠭᠵᠢᠯᠲᠡ ᠶᠢᠨ ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠲᠠᠢ ᠪᠠᠷ ᠵᠤᠬᠢᠴᠠᠭᠤᠯᠵᠤ ᠲᠠᠷᠢᠶᠠᠯᠠᠩ ᠤᠨ ᠬᠦᠭᠵᠢᠯᠲᠡ  ᠶᠢᠨ ᠰᠢᠨ᠎ᠡ ᠬᠡᠪ ᠪᠠᠶᠢᠳᠠᠯ ᠲᠠᠢ ᠨᠡᠶᠢᠴᠡᠬᠦᠯᠬᠦ ᠴᠢᠬᠤᠯᠠ ᠠᠷᠭ᠎ᠠ ᠬᠡᠮᠵᠢᠶ᠎ᠡ ᠪᠤᠯᠬᠤ ᠮᠦᠷᠲᠡᠭᠡᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠬᠦᠷᠢᠶᠡᠨ  ᠳᠠᠬᠢ ᠪᠤᠲᠠᠲᠤ ᠢᠯᠡᠷᠡᠯ ᠮᠦᠨ᠃ ︽ᠭᠤᠷᠪᠠᠨ ᠲᠦᠷᠦᠯ ᠤᠨ ᠨᠦᠬᠦᠪᠦᠷᠢ︾ ᠤᠨ ᠦᠭᠡᠷᠡᠴᠢᠯᠡᠯᠲᠡ ᠶᠢ ᠪᠦᠬᠦ ᠲᠠᠯ᠎ᠠ  ᠪᠠᠷ ᠠᠬᠢᠭᠤᠯᠬᠤ ᠨᠢ ᠲᠠᠷᠢᠶᠠᠯᠠᠩ ᠤᠨ ᠶᠡᠷᠦᠩᠭᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠬᠠᠮᠠᠭᠠᠯᠠᠵᠤ ᠠᠮᠤ ᠪᠤᠳᠠᠭᠠᠨ ᠤ ᠤᠨᠠᠯᠲᠠ ᠶᠢ ᠲᠤᠭᠲᠠᠭᠤᠨ ᠪᠠᠶᠢᠯᠭᠠᠵᠤ ᠭᠠᠷᠤᠯᠲᠠ ᠶᠢ ᠨᠡᠮᠡᠭᠳᠡᠬᠦᠯᠬᠦ ᠳᠤ ᠠᠰᠢᠭᠲᠠᠢ ᠮᠦᠷᠲᠡᠭᠡᠨ ᠨᠦᠬᠦᠪᠦᠷᠢ ᠶᠢᠨ ᠪᠡᠯᠡ ᠮᠦᠩᠭᠦ ᠶᠢ ᠤᠯᠭᠤᠬᠤ ᠴᠢᠳᠠᠮᠵᠢ ᠶᠢ ᠳᠡᠭᠡᠭᠰᠢᠯᠡᠬᠦᠯᠵᠤ᠂ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢᠨ ᠶᠠᠪᠤᠭᠳᠠᠬᠤ ᠦᠪᠡᠷ ᠤᠨ ᠦᠷᠲᠡᠭ ᠢ ᠪᠠᠭᠤᠷᠠᠭᠤᠯᠤᠨ ᠮᠠᠯᠴᠢᠨ ᠲᠠᠷᠢᠶᠠᠴᠢᠨ ᠤ ᠨᠦᠬᠦᠪᠦᠷᠢ ᠶᠢᠨ ᠤᠷᠤᠯᠭ᠎ᠠ ᠶᠢ ᠨᠡᠮᠡᠭᠳᠡᠬᠦᠯᠬᠦ ᠳᠤ ᠠᠰᠢᠭᠲᠠᠢ ᠶᠤᠮ᠃      ᠬᠤᠶᠠᠷ᠂ ᠦᠭᠡᠷᠡᠴᠢᠯᠡᠯᠲᠡ ᠶᠢ ᠬᠡᠷᠡᠭᠵᠢᠬᠦᠯᠬᠦ ᠭᠤᠤᠯ ᠠᠭᠤᠯᠭ᠎ᠠ      ᠲᠠᠷᠢᠶᠠᠯᠠᠩ ᠠᠵᠤ ᠠᠬᠤᠢ ᠶᠢᠨ ︽ᠭᠤᠷᠪᠠᠨ ᠲᠦᠷᠦᠯ ᠤᠨ ᠨᠦᠬᠦᠪᠦᠷᠢ︾ ᠶᠢᠨ ᠦᠭᠡᠷᠡᠴᠢᠯᠡᠯᠲᠡ ᠶᠢᠨ ᠭᠤᠤᠯ ᠠᠭᠤᠯᠭ᠎ᠠ ᠪᠤᠯ᠄ ᠲᠠᠷᠢᠶᠠᠯᠠᠩ ᠠᠵᠤ ᠠᠬᠤᠢ ᠶᠢᠨ ︽ᠭᠤᠷᠪᠠᠨ ᠲᠦᠷᠦᠯ ᠤᠨ ᠨᠦᠬᠦᠪᠦᠷᠢ︾ ᠶᠢ ᠲᠠᠷᠢᠶᠠᠯᠠᠩ  ᠤᠨ ᠦᠢᠯᠡᠰ ᠢ ᠳᠡᠮᠵᠢᠵᠤ ᠬᠠᠮᠠᠭᠠᠯᠠᠬᠤ ᠨᠦᠬᠦᠪᠦᠷᠢ ᠲᠠᠢ ᠨᠡᠶᠢᠯᠡᠬᠦᠯᠦᠨ ᠲᠠᠷᠢᠶᠠᠨ ᠭᠠᠵᠠᠷ ᠢ ᠬᠠᠮᠠᠭᠠᠯᠠᠬᠤ ᠪᠠ ᠠᠮᠤ ᠪᠤᠳᠠᠭ᠎ᠠ ᠶᠢ ᠲᠤᠬᠢᠷᠠᠮᠵᠢᠲᠠᠢ ᠬᠡᠪᠴᠢᠶ᠎ᠡ ᠪᠠᠷ ᠡᠵᠡᠩᠨᠡᠬᠦ ᠶᠢ ᠲᠦᠷᠦ ᠶᠢᠨ ᠪᠤᠳᠤᠯᠭ᠎ᠠ ᠶᠢᠨ ᠬᠠᠷᠠᠯᠲᠠ ᠪᠤᠯᠭᠠᠨ ᠳᠤᠬᠢᠷᠠᠭᠤᠯᠤᠨ᠎ᠠ᠃        ︵ᠨᠢᠭᠡ︶ ᠲᠠᠷᠢᠶᠠᠯᠠᠩ ᠤᠨ ᠦᠢᠯᠡᠰ ᠢ ᠳᠡᠮᠵᠢᠨ ᠬᠠᠮᠠᠭᠠᠯᠠᠬᠤ ᠨᠦᠬᠦᠪᠦᠷᠢ        ⒈ ᠨᠦᠬᠦᠪᠦᠷᠢ ᠬᠦᠷᠲᠡᠬᠦ ᠡᠳᠡᠭᠡᠳ᠃ ᠲᠠᠷᠢᠶᠠᠨ ᠭᠠᠵᠠᠷ ᠤᠨ ᠳᠠᠭᠠᠭᠠᠴᠢᠯᠠᠯᠲᠠ ᠶᠢᠨ ᠡᠷᠭᠡ ᠲᠠᠢ ᠪᠦᠬᠦ ᠲᠠᠷᠢᠶᠠᠴᠢᠨ ︵ᠲᠠᠷᠢᠶᠠᠯᠠᠩ ᠤᠨ ᠲᠠᠯᠠᠪᠠᠢ᠂ ᠠᠵᠤ ᠠᠬᠤᠶᠢᠯᠠᠯ︶᠃        ⒉ᠨᠦᠬᠦᠪᠦᠷᠢ ᠤᠯᠭᠤᠬᠤ ᠦᠨᠳᠦᠰᠦᠯᠡᠯ᠃ ᠡᠯ᠎ᠡ ᠰᠤᠮᠤ ᠪᠠᠯᠭᠠᠰᠤᠨ ᠤ 2017 ᠤᠨ ᠳᠤ ᠮᠡᠳᠡᠭᠦᠯᠦᠭᠰᠡᠨ ᠠᠮᠤ ᠪᠤᠳᠠᠭᠠᠨ ᠤ ᠲᠠᠷᠢᠮᠠᠯ ᠢ ᠲᠠᠷᠢᠵᠤ ᠤᠷᠭᠤᠭᠤᠯᠤᠭᠰᠠᠨ ᠲᠠᠯᠠᠪᠠᠢ ᠶᠢᠨ ᠪᠦᠷᠢᠳᠬᠡᠯ ᠢᠶᠠᠷ ᠨᠦᠬᠦᠪᠦᠷᠢ ᠮᠦᠩᠭᠦ ᠤᠯᠭᠤᠬᠤ ᠦᠨᠳᠦᠰᠦᠯᠡᠯ ᠪᠤᠯᠭᠠᠨ᠎ᠠ᠃        ⒊ ᠨᠦᠬᠦᠪᠦᠷᠢ ᠤᠯᠭᠤᠬᠤ ᠠᠷᠭ᠎ᠠ᠃ ᠨᠦᠬᠦᠪᠦᠷᠢ ᠶᠢᠨ ᠪᠡᠯᠡ ᠮᠦᠩᠭᠦ ᠶᠢ ᠡᠳ᠋ ᠤᠨ ᠵᠠᠰᠠᠭ ᠠᠴᠠ ︽ᠪᠦᠬᠦᠨ ᠳᠤ ᠲᠤᠬᠢᠷᠠᠬᠤ ᠺᠠᠷᠲ︾ ᠢᠶᠠᠷ ᠡᠷᠦᠬᠡ ᠳᠤ ᠳᠠᠷᠬᠠᠭᠠᠨ ᠦᠭᠭᠦᠨ᠎ᠡ᠃ ᠡᠯ᠎ᠡ ᠰᠤᠮᠤ ᠪᠠᠯᠭᠠᠰᠤᠨ ᠤ ᠡᠳ᠋ ᠤᠨ ᠵᠠᠰᠠᠭ ᠠᠴᠠ ᠨᠠᠷᠢᠨ ᠳᠠᠩᠰᠠ ᠡᠪᠬᠡᠮᠡᠯ ᠢ ᠨᠠᠶᠢᠷᠠᠭᠤᠯᠤᠨ ᠵᠤᠬᠢᠶᠠᠵᠤ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ  ᠳᠤ ᠮᠡᠳᠡᠬᠦᠯᠵᠤ ᠬᠢᠨᠠᠨ ᠬᠠᠷᠭᠤᠭᠤᠯᠤᠭᠰᠠᠨ ᠤ ᠳᠠᠷᠠᠭ᠎ᠠ ᠪᠦᠬᠦᠨ ᠳᠤ ᠲᠤᠬᠢᠷᠠᠬᠤ ᠺᠠᠷᠲ ᠤᠨ ᠠᠵᠢᠯ ᠤᠨ ᠠᠯᠪᠠᠨ ᠭᠡᠷ ᠠᠴᠠ ︽ᠪᠦᠬᠦᠨ ᠳᠤ ᠲᠤᠬᠢᠷᠠᠬᠤ ᠺᠠᠷᠲ︾ ᠪᠠᠷ ᠳᠠᠮᠵᠢᠨ ᠨᠦᠬᠦᠪᠦᠷᠢ ᠤᠯᠭᠤᠨ᠎ᠠ᠃       ⒋ ᠨᠡᠶᠢᠲᠡ ᠳᠤ ᠵᠠᠷᠯᠠᠬᠤ ᠳᠦᠷᠢᠮ᠃ ᠨᠦᠬᠦᠪᠦᠷᠢ ᠶᠢᠨ ᠨᠡᠶᠢᠲᠡ ᠳᠤ ᠵᠠᠷᠯᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ ᠭᠠᠴᠠᠭ᠎ᠠ ᠲᠤᠰᠬᠤᠨ ᠠᠴᠠ ᠬᠠᠷᠢᠭᠤᠴᠠᠨ ᠨᠡᠶᠢᠲᠡᠯᠡᠵᠤ ᠡᠯ᠎ᠡ ᠲᠠᠷᠢᠶᠠᠴᠢᠨ ᠡᠷᠦᠬᠡ ᠶᠢᠨ ᠨᠦᠬᠦᠪᠦᠷᠢᠯᠡᠬᠦ ᠲᠠᠯᠠᠪᠠᠢ᠂ ᠨᠦᠬᠦᠪᠦᠷᠢ ᠤᠯᠭᠤᠬᠤ ᠪᠠᠷᠢᠮᠵᠢᠶ᠎ᠠ᠂ ᠨᠦᠬᠦᠪᠦᠷᠢ ᠮᠦᠩᠭᠦ ᠶᠢᠨ ᠲᠤᠭ᠎ᠠ ᠶᠢ ᠵᠠᠷᠯᠠᠨ ᠨᠡᠶᠢᠲᠡᠯᠡᠵᠤ ᠤᠯᠠᠨ ᠲᠦᠮᠡᠨ ᠤ ᠬᠢᠨᠠᠯᠲᠠ ᠶᠢ ᠬᠦᠯᠢᠶᠡᠨ ᠨᠡᠶᠢᠲᠡ ᠳᠤ ᠵᠠᠷᠯᠠᠭᠰᠠᠨ ᠠᠭᠤᠯᠭ᠎ᠠ ᠪᠤᠯᠤᠨ ᠪᠤᠳᠠᠲᠠᠢ ᠨᠦᠬᠦᠪᠦᠷᠢ ᠤᠯᠭᠤᠭᠰᠠᠨ ᠪᠠᠶᠢᠳᠠᠯ ᠲᠠᠢ ᠨᠢᠭᠡᠳᠦᠯᠲᠠᠢ ᠪᠠᠶᠢᠬᠤ ᠶᠢ ᠪᠠᠲᠤᠯᠠᠨ᠎ᠠ᠃        ⒌ᠨᠦᠬᠦᠪᠦᠷᠢ ᠤᠯᠭᠤᠬᠤ ᠬᠡᠪᠴᠢᠶ᠎ᠡ᠃ ᠡᠷᠳᠡᠨᠢ ᠰᠢᠰᠢ᠂ ᠪᠤᠭᠤᠳᠠᠢ᠂ ᠲᠦᠮᠦᠰᠦ᠂ ᠤᠰᠤᠨ ᠲᠤᠲᠤᠷᠭ᠎ᠠ᠂ ᠪᠤᠷᠴᠠᠭ ᠤᠨ ᠲᠦᠷᠦᠯ᠂ ᠭᠤᠸᠠ ᠶᠢᠨ ᠲᠦᠷᠦᠯ᠂ ᠨᠠᠷᠠᠨ ᠬᠤᠸᠠᠷ᠂ ᠮᠠᠭᠠᠵᠢ᠂ ᠢᠳᠡᠰᠢᠨ ᠨᠤᠭᠤᠭ᠎ᠠ ᠵᠡᠷᠭᠡ ᠪᠤᠰᠤᠳ ᠲᠠᠷᠢᠮᠠᠯ ᠢ ᠪᠠᠭᠲᠠᠭᠠᠨ᠎ᠠ᠃        ⒍ ᠬᠤᠪᠢᠶᠠᠷᠢᠯᠠᠬᠤ ᠦᠨᠳᠦᠰᠦᠯᠡᠯ᠃ ᠨᠦᠬᠦᠪᠦᠷᠢ ᠶᠢᠨ ᠪᠡᠯᠡ ᠮᠦᠩᠭᠦ ᠶᠢ ᠬᠤᠲᠠ ᠠᠴᠠ ᠮᠠᠨ ᠤ ᠬᠤᠰᠢᠭᠤᠨ ᠳᠤ ᠪᠠᠭᠤᠯᠭᠠᠭᠰᠠᠨ ᠪᠡᠯᠡ ᠮᠦᠩᠭᠦᠨ ᠤ ᠶᠡᠷᠦᠩᠭᠡᠢ ᠬᠡᠮᠵᠢᠶ᠎ᠡ ᠶᠢ ᠦᠨᠳᠦᠰᠦᠯᠡᠨ ᠡᠯ᠎ᠡ ᠰᠤᠮᠤ ᠪᠠᠯᠭᠠᠰᠤᠨ  ᠤ 2017 ᠤᠨ ᠳᠤ ᠪᠦᠷᠢᠳᠬᠡᠭᠰᠡᠨ ᠲᠠᠯᠠᠪᠠᠢ ᠪᠠᠷ ᠦᠨᠳᠦᠰᠦᠯᠡᠯ ᠪᠤᠯᠭᠠᠵᠤ ᠡᠯ᠎ᠡ ᠰᠤᠮᠤ ᠪᠠᠯᠭᠠᠰᠤᠨ ᠳᠤ ᠪᠠᠭᠤᠯᠭᠠᠨ᠎ᠠ᠃        ⒎ ᠨᠦᠬᠦᠪᠦᠷᠢ ᠤᠯᠭᠤᠬᠤ ᠪᠠᠷᠢᠮᠵᠢᠶ᠎ᠠ᠃ ᠬᠤᠲᠠ ᠶᠢᠨ ᠡᠳ᠋ ᠤᠨ ᠵᠠᠰᠠᠭ ᠠᠴᠠ ᠮᠠᠨ ᠤ ᠬᠤᠰᠢᠭᠤᠨ ᠳᠤ ᠪᠠᠭᠤᠯᠭᠠᠭᠰᠠᠨ 2018 ᠤᠨ ᠤ ᠲᠠᠷᠢᠶᠠᠯᠠᠩ ᠤᠨ ᠦᠢᠯᠡᠰ ᠢ ᠳᠡᠮᠵᠢᠨ ᠬᠠᠮᠠᠭᠠᠯᠠᠬᠤ ᠨᠦᠬᠦᠪᠦᠷᠢ ᠮᠦᠩᠭᠦ ᠶᠢᠨ ᠶᠡᠷᠦᠩᠭᠡᠢ ᠲᠤᠭ᠎ᠠ ᠪᠠ ᠮᠠᠨ ᠤ ᠬᠤᠰᠢᠭᠤᠨ ᠤ ᠲᠤᠭᠲᠠᠭᠠᠭᠰᠠᠨ ᠨᠦᠬᠦᠪᠦᠷᠢ ᠶᠢᠨ ᠶᠡᠷᠦᠩᠭᠡᠶᠢᠯᠡᠭᠰᠡᠨ ᠲᠦᠰᠦᠭᠡᠯᠡᠨ ᠪᠤᠳᠤᠯᠲᠠ ᠪᠠᠷ ᠲᠤᠭᠲᠠᠭᠠᠨ᠎ᠠ᠃         ︵ᠬᠤᠶᠠᠷ︶ ᠠᠮᠤ ᠪᠤᠳᠠᠭ᠎ᠠ ᠶᠢ ᠳᠤᠬᠢᠷᠠᠮᠵᠢᠲᠠᠢ ᠬᠡᠪᠴᠢᠶᠡᠵᠢᠬᠦᠯᠦᠨ ᠡᠵᠡᠩᠨᠡᠬᠦ ᠶᠢ ᠠᠬᠢᠭᠤᠯᠤᠨ᠎ᠠ᠃ ᠦᠪᠡᠷᠳᠡᠭᠡᠨ ᠵᠠᠰᠠᠬᠤ ᠤᠷᠤᠨ ᠤ ᠠᠮᠤ ᠪᠤᠳᠠᠭ᠎ᠠ ᠶᠢ ᠳᠤᠬᠢᠷᠠᠮᠵᠢᠲᠠᠢ ᠬᠡᠪᠴᠢᠶᠡᠵᠢᠬᠦᠯᠦᠨ ᠡᠵᠡᠩᠨᠡᠬᠦ ᠠᠵᠢᠯ ᠤᠨ ᠬᠡᠷᠡᠭᠵᠢᠬᠦᠯᠬᠦ ᠲᠦᠰᠦᠯ ᠨᠡᠶᠢᠲᠡᠯᠡᠭᠳᠡᠭᠰᠡᠨ ᠤ ᠳᠠᠷᠠᠭ᠎ᠠ᠂ ᠦᠪᠡᠷᠳᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ ᠬᠡᠷᠡᠭᠵᠢᠬᠦᠯᠬᠦ ᠲᠦᠰᠦᠯ ᠶᠤᠰᠤᠭᠠᠷ ᠮᠠᠨ ᠤ ᠬᠤᠰᠢᠭᠤᠨ ᠤ ᠪᠤᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠡᠷᠡᠭᠵᠢᠬᠦᠯᠦᠨ᠎ᠡ᠃        ᠭᠤᠷᠪᠠ᠂ ᠨᠦᠬᠦᠪᠦᠷᠢ ᠤᠯᠭᠤᠬᠤ ᠠᠯᠬᠤᠮ ᠳᠠᠷᠠᠭᠠᠯᠠᠯ       ︵ᠨᠢᠭᠡ︶ ᠮᠠᠯᠴᠢᠨ ᠲᠠᠷᠢᠶᠠᠴᠢᠨ ᠡᠷᠦᠬᠡ ᠲᠠᠷᠢᠮᠠᠯ ᠤᠨ ᠵᠦᠢᠯ ᠤᠨ ᠲᠦᠷᠦᠯ ᠵᠦᠢᠯ ᠪᠠ ᠲᠠᠷᠢᠬᠤ ᠲᠠᠯᠠᠪᠠᠢ  ᠪᠠᠨ ᠦᠨᠡᠨ ᠪᠤᠳᠠᠲᠠᠢ ᠪᠠᠷ ᠮᠡᠳᠡᠬᠦᠯᠦᠨ ᠲᠤᠰᠬᠤᠨ ᠤ ᠠᠷᠠᠳ ᠤᠨ ᠵᠦᠪᠯᠡᠯ 2017 ᠤᠨ ᠤ ᠪᠦᠷᠢᠳᠬᠡᠯ ᠤᠨ ᠬᠦᠰᠦᠨᠦᠭ ᠢ ᠦᠨᠳᠦᠰᠦᠯᠡᠨ ᠮᠠᠯᠴᠢᠨ ᠲᠠᠷᠢᠶᠠᠴᠢᠨ ᠡᠷᠦᠬᠡ ᠶᠢᠨ ᠮᠡᠳᠡᠬᠦᠯᠦᠭᠰᠡᠨ ᠲᠠᠯᠠᠪᠠᠢ ᠪᠤᠯᠤᠨ ᠲᠠᠷᠢᠮᠠᠯ ᠤᠨ ᠲᠦᠷᠦᠯ ᠵᠦᠢᠯ ᠢ ᠳᠠᠷᠠᠭᠠᠯᠠᠨ ᠬᠢᠨᠠᠨ ᠬᠠᠷᠭᠤᠭᠤᠯᠵᠤ ᠠᠰᠠᠭᠤᠳᠠᠯ ᠦᠭᠡᠢ ᠪᠤᠯ ᠭᠠᠴᠠᠭ᠎ᠠ ᠲᠤᠰᠬᠤᠨ ᠢᠶᠠᠷ ᠨᠢᠭᠡᠴᠢᠯᠡᠨ ᠪᠦᠷᠢᠳᠭᠡᠨ ᠬᠢᠨᠠᠭᠰᠠᠨ ᠤ ᠳᠠᠷᠠᠭ᠎ᠠ ᠨᠡᠶᠢᠲᠡ ᠳᠤ ᠵᠠᠷᠯᠠᠵᠤ᠂ ᠨᠡᠶᠢᠲᠡ ᠳᠤ ᠵᠠᠷᠯᠠᠬᠤ ᠬᠤᠭᠤᠴᠠᠭ᠎ᠠ ᠨᠢ 7 ᠠᠵᠢᠯ ᠤᠨ ᠡᠳᠦᠷ ᠠᠴᠠ ᠲᠤᠳᠠᠭᠤ ᠪᠠᠶᠢᠵᠤ ᠪᠤᠯᠬᠤ ᠦᠭᠡᠢ᠂ ᠵᠠᠷᠯᠠᠯ ᠤᠨ ᠬᠤᠭᠤᠴᠠᠭ᠎ᠠ ᠳᠠᠭᠤᠰᠤᠭᠰᠠᠨ ᠤ ᠰᠡᠬᠦᠯᠡᠷ ᠰᠠᠨᠠᠯ ᠦᠭᠡᠢ ᠪᠤᠯ ᠰᠤᠮᠤ ᠪᠠᠯᠭᠠᠰᠤᠨ ᠳᠤ ᠮᠡᠳᠡᠬᠦᠯᠦᠨ᠎ᠡ᠃      ︵ᠬᠤᠶᠠᠷ︶ ᠰᠤᠮᠤ ᠪᠠᠯᠭᠠᠰᠤ ᠪᠠᠷ ᠨᠢᠭᠡᠴᠢᠯᠡᠨ ᠮᠡᠳᠡᠬᠦᠯᠦᠭᠰᠡᠨ ᠲᠠᠯᠠᠪᠠᠢ ᠶᠢ ᠤᠯᠠᠮ ᠨᠢᠭᠡ ᠠᠯᠬᠤᠮ ᠬᠢᠨᠠᠨ ᠬᠠᠷᠭᠤᠭᠤᠯᠤᠭᠰᠠᠨ ᠤ ᠳᠠᠷᠠᠭ᠎ᠠ ᠬᠤᠷᠢᠶᠠᠩᠭᠤᠶᠢᠯᠠᠵᠤ ᠰᠤᠮᠤ ᠪᠠᠯᠭᠠᠰᠤᠨ ᠤ ᠭᠤᠤᠯ ᠪᠤᠯᠬᠤ ᠤᠳᠤᠷᠢᠳᠤᠯᠭ᠎ᠠ ᠪᠠᠷ ᠭᠠᠷ ᠤᠨ ᠦᠰᠦᠭ ᠵᠢᠷᠤᠭᠤᠯᠤᠨ ᠲᠠᠮᠠᠭ᠎ᠠ ᠳᠠᠷᠤᠭᠤᠯᠤᠭᠰᠠᠨ ᠤ ᠳᠠᠷᠠᠭ᠎ᠠ ᠬᠤᠰᠢᠭᠤ ᠲᠠᠷᠢᠶᠠᠯᠠᠩ ᠮᠠᠯ ᠠᠵᠤ ᠠᠬᠤᠢ  ᠶᠢᠨ ᠲᠤᠪᠴᠢᠶᠠᠨ ᠳᠤ ᠮᠡᠳᠡᠬᠦᠯᠦᠨ ᠬᠦᠷᠭᠡᠨ᠎ᠡ᠃      ︵ᠭᠤᠷᠪᠠ︶ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ ᠠᠴᠠ ᠬᠢᠨᠠᠨ ᠵᠦᠪᠰᠢᠶᠡᠷᠡᠭᠰᠡᠨ ᠤ ᠳᠠᠷᠠᠭ᠎ᠠ ᠬᠤᠰᠢᠭᠤ ᠡᠳ᠋ ᠤᠨ ᠵᠠᠰᠠᠭ ᠤᠨ ᠲᠤᠪᠴᠢᠶᠠᠨ ᠤ ︽ᠪᠦᠬᠦᠨ ᠳᠤ ᠲᠤᠬᠢᠷᠠᠬᠤ ᠺᠠᠷᠲ︾ ᠶᠢᠨ ᠠᠵᠢᠯ ᠤᠨ ᠲᠦᠪ ᠲᠤ ᠮᠡᠳᠡᠭᠦᠯᠦᠨ ᠲᠡᠨᠳᠡ ᠠᠴᠠ ᠨᠦᠬᠦᠪᠦᠷᠢ ᠶᠢ ᠳᠠᠷᠬᠠᠭᠠᠨ ᠤᠯᠭᠤᠨ᠎ᠠ᠃       ᠲᠦᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ       ︵ᠨᠢᠭᠡ︶ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠨᠢᠭᠡᠳᠦᠯᠲᠠᠢ ᠤᠳᠤᠷᠢᠳᠤᠯᠭ᠎ᠠ ᠳᠤᠤᠷ᠎ᠠ ᠬᠤᠰᠢᠭᠤ ᠡᠳ᠋ ᠤᠨ ᠵᠠᠰᠠᠭ ᠤᠨ ᠲᠤᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ ᠡᠯ᠎ᠡ ᠰᠤᠮᠤ ᠪᠠᠯᠭᠠᠰᠤ ᠲᠠᠢ ᠬᠠᠮᠲᠤ ᠰᠠᠯᠠᠭ᠎ᠠ ᠮᠦᠴᠢᠷ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠤᠰᠤᠭᠠᠷ  ᠳᠤᠬᠢᠷᠠᠭᠤᠯᠤᠯᠲᠠ ᠬᠠᠮᠵᠢᠯᠴᠠᠭ᠎ᠠ ᠪᠠᠨ ᠴᠢᠩᠭᠠᠳᠬᠠᠵᠤ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠬᠠᠮᠲᠤ ᠳᠤ ᠪᠠᠨ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠠᠢ᠃ ᠪᠦᠬᠦ ᠬᠤᠰᠢᠭᠤᠨ ᠤ ᠲᠠᠷᠢᠶᠠᠯᠠᠩ ᠠᠵᠤ ᠠᠬᠤᠢ ᠶᠢᠨ ︽ᠭᠤᠷᠪᠠᠨ ᠲᠦᠷᠦᠯ ᠤᠨ ᠨᠦᠬᠦᠪᠦᠷᠢ︾ ᠶᠢᠨ ᠲᠦᠷᠢᠮ ᠢ ᠬᠡᠷᠡᠭᠵᠢᠬᠦᠯᠬᠦ ᠠᠵᠢᠯ ᠤᠨ ᠵᠤᠬᠢᠶᠠᠨ ᠪᠠᠶᠢᠭᠤᠯᠤᠯᠲᠠ ᠶᠢ ᠦᠨᠡᠨᠬᠦ ᠴᠢᠩᠭᠠᠳᠬᠠᠬᠤ ᠶᠢᠨ ᠲᠦᠯᠦᠭᠡ ᠪᠦᠬᠦ ᠬᠤᠰᠢᠭᠤᠨ ᠤ ᠲᠠᠷᠢᠶᠠᠯᠠᠩ ᠠᠵᠤ ᠠᠬᠤᠢ ᠶᠢᠨ ︽ᠭᠤᠷᠪᠠᠨ ᠲᠦᠷᠦᠯ ᠤᠨ ᠨᠦᠬᠦᠪᠦᠷᠢ︾ ᠶᠢᠨ ᠲᠦᠷᠢᠮ ᠢ ᠬᠡᠷᠡᠭᠵᠢᠬᠦᠯᠬᠦ ᠠᠵᠢᠯ ᠤᠨ ᠤᠳᠤᠷᠢᠳᠬᠤ ᠪᠠᠭ᠎ᠠ ᠳᠤᠭᠤᠶᠢᠯᠠᠩ ᠢ ᠪᠠᠶᠢᠭᠤᠯᠬᠤ ᠪᠠᠷ ᠲᠤᠭᠲᠠᠵᠤ᠂ ᠳᠤᠭᠤᠶᠢᠯᠠᠩ ᠤᠨ ᠭᠡᠰᠢᠬᠦᠨ ᠳᠤᠤᠷᠠᠬᠢ ᠮᠡᠳᠦ᠃       ᠳᠤᠭᠤᠶᠢᠯᠠᠩ ᠤᠨ ᠳᠠᠷᠤᠭ᠎ᠠ᠄       ᠪᠠᠶᠠᠨᠴᠡᠩᠭᠡᠯ      ᠬᠤᠰᠢᠭᠤ ᠵᠠᠰᠠᠭ ᠤᠨ ᠤᠷᠳᠤᠨ ᠤ ᠬᠤᠰᠢᠭᠤ ᠳᠡᠳ᠋ ᠳᠠᠷᠤᠭ᠎ᠠ᠂ ᠡᠳ᠋ ᠤᠨ ᠵᠠᠰᠠᠭ ᠤᠨ ᠲᠤᠪᠴᠢᠶᠠᠨ ᠤ ᠲᠤᠪᠴᠢᠶᠠᠨ ᠳᠠᠷᠤᠭ᠎ᠠ       ᠳᠡᠳ᠋ ᠳᠤᠭᠤᠶᠢᠯᠠᠩ ᠤᠨ ᠳᠠᠷᠤᠭ᠎ᠠ  ᠄ ᠨᠠᠰᠤᠨᠵᠢᠶᠠᠭ᠎ᠠ    ᠬᠤᠰᠢᠭᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠳᠡᠳ᠋ ᠡᠷᠬᠢᠯᠡᠭᠴᠢ       ᠰᠠᠶᠢᠨᠴᠤᠭᠲᠤ     ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶᠠᠨ ᠤ ᠲᠤᠪᠴᠢᠶᠠᠨ ᠳᠠᠷᠤᠭ᠎ᠠ       ᠭᠡᠰᠢᠭᠦᠨ᠄ ᠴᠠᠭᠠᠨᠰᠤᠪᠤᠳ          ᠬᠤᠰᠢᠭᠤ ᠲᠤᠭ᠎ᠠ ᠪᠦᠷᠢᠳᠭᠡᠯ ᠤᠨ ᠲᠤᠪᠴᠢᠶᠠᠨ ᠤ ᠲᠤᠪᠴᠢᠶᠠᠨ ᠳᠡᠳ᠋ ᠳᠠᠷᠤᠭ᠎ᠠ        ᠪᠤᠶᠠᠨᠲᠤ    ᠬᠤᠰᠢᠭᠤ ᠬᠦᠭᠵᠢᠭᠦᠯᠦᠯᠲᠡ ᠦᠭᠡᠷᠡᠴᠢᠯᠡᠯᠲᠡ ᠶᠢᠨ ᠲᠤᠪᠴᠢᠶᠠᠨ ᠤ ᠲᠤᠪᠴᠢᠶᠠᠨ ᠳᠡᠳ᠋ ᠳᠠᠷᠤᠭ᠎ᠠ        ᠵᠠᠩ ᠸᠧᠢ ᠳ᠋ᠦᠩ   ᠬᠤᠰᠢᠭᠤ ᠠᠮᠤ ᠪᠤᠳᠠᠭᠠᠨ ᠤ ᠠᠵᠢᠯ ᠤᠨ ᠦᠢᠯᠡᠴᠢᠯᠡᠭᠡᠨ ᠤ ᠲᠦᠪ ᠤᠨ ᠳᠡᠳ᠋ ᠡᠷᠬᠢᠯᠡᠭᠴᠢ        ᠸᠠᠩ ᠱᠢ ᠺᠤᠸᠠᠨ  ᠭᠠᠯᠠᠭᠤᠲᠤ ᠪᠠᠯᠭᠠᠰᠤᠨ ᠤ ᠪᠠᠯᠭᠠᠰᠤᠨ ᠳᠡᠳ᠋ ᠳᠠᠷᠤᠭ᠎ᠠ        ᠵᠠᠩ ᠴᠦᠨ ᠴᠢᠶᠠᠩ   ᠰᠢᠷᠬᠤᠰᠤᠨ ᠪᠠᠯᠭᠠᠰᠤᠨ ᠤ ᠪᠠᠯᠭᠠᠰᠤᠨ ᠳᠡᠳ᠋ ᠳᠠᠷᠤᠭ᠎ᠠ        ᠸᠠᠩ ᠽᠦᠩ ᠮᠢᠩ  ᠰᠦᠯᠳᠡ ᠰᠤᠮᠤᠨ ᠤ ᠰᠤᠮᠤᠨ ᠳᠡᠳ᠋ ᠳᠠᠷᠤᠭ᠎ᠠ        ᠸᠠᠩ ᠱᠤᠸᠠᠩ ᠶᠠᠨ   ᠤᠯᠠᠭᠠᠨᠲᠤᠯᠤᠭᠠᠢ ᠪᠠᠯᠭᠠᠰᠤᠨ ᠤ ᠪᠠᠯᠭᠠᠰᠤᠨ ᠳᠡᠳ᠋ ᠳᠠᠷᠤᠭ᠎ᠠ        ᠪᠤᠶᠠᠨᠲᠤ  ᠲᠤᠭ ᠪᠠᠯᠭᠠᠰᠤᠨ ᠤ ᠨᠠᠮ ᠤᠨ ᠬᠤᠷᠢᠶᠠᠨ ᠤ ᠭᠡᠰᠢᠬᠦᠨ        ᠪᠠᠲᠤᠳᠠᠯᠠᠢ  ᠦᠦᠰᠢᠨᠵᠤᠤ ᠪᠠᠯᠭᠠᠰᠤᠨ ᠤ ᠪᠠᠯᠭᠠᠰᠤᠨ ᠳᠡᠳ᠋ ᠳᠠᠷᠤᠭ᠎ᠠ        ᠯᠢ ᠶᠧᠤ ᠳ᠋ᠧ  ᠬᠤᠰᠢᠭᠤ ᠬᠦᠳᠡᠭᠡ ᠲᠤᠰᠬᠤᠨ ᠤ ᠢᠲᠡᠭᠡᠮᠵᠢ ᠶᠢᠨ ᠬᠤᠯᠪᠤᠭᠠᠲᠤ ᠬᠤᠷᠰᠢᠶᠠᠨ ᠤ ᠡᠷᠬᠢᠯᠡᠭᠴᠢ        ᠣᠳᠣᠷᠢᠳᠬᠤ ᠪᠠᠭ᠎ᠠ ᠲᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠦ ᠣᠳᠣᠷᠢᠳᠬᠤ ᠪᠠᠭ᠎ᠠ ᠲᠤᠭᠤᠶᠢᠯᠠᠩ ᠤᠨ ᠡᠳᠦᠷ ᠲᠤᠳᠤᠮ ᠤᠨ ᠠᠵᠢᠯ ᠢ ᠬᠠᠷᠢᠭᠤᠴᠠᠨ᠎ᠠ᠃ ᠠᠯᠪᠠᠨ ᠭᠡᠷ ᠢ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶᠠᠨ ᠳᠤ ᠲᠤᠬᠢᠷᠠᠭᠤᠯᠵᠦ᠂ ᠠᠯᠪᠠᠨ ᠭᠡᠷ ᠤᠨ ᠡᠷᠬᠢᠯᠡᠭᠴᠢ ᠶᠢ ᠰᠠᠶᠢᠨᠴᠤᠭᠲᠤ ᠨᠦᠬᠦᠷ ᠲᠤᠰᠢᠶᠠᠯ ᠬᠠᠪᠰᠤᠷᠭᠠᠨ᠎ᠠ᠃ ᠡᠯ᠎ᠡ ᠰᠤᠮᠤ ᠪᠠᠯᠭᠠᠰᠤᠨ ᠤ ᠬᠢᠨ ᠴᠤ ᠬᠠᠷᠠᠭᠠᠯᠵᠠᠭᠰᠠᠨ ᠵᠤᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠠᠶᠢᠭᠤᠯᠵᠦ ᠲᠤᠰ ᠬᠠᠷᠢᠶᠠᠲᠤ ᠤᠷᠤᠨ ᠤ ᠨᠦᠬᠦᠪᠦᠷᠢ ᠶᠢᠨ ᠲᠦᠷᠢᠮ ᠤᠨ ᠬᠠᠮᠢᠶ᠎ᠠ ᠪᠦᠬᠦᠢ ᠠᠵᠢᠯ  ᠢ ᠬᠠᠷᠢᠭᠤᠴᠠᠵᠦ ᠰᠠᠯᠠᠭ᠎ᠠ ᠮᠦᠴᠢᠷ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢᠶᠠᠨ ᠲᠤᠳᠤᠷᠬᠠᠶᠢᠯᠠᠨ ᠨᠦᠬᠦᠪᠦᠷᠢ ᠦᠭᠬᠦ ᠠᠵᠢᠯ ᠢᠶᠠᠨ ᠡᠷᠴᠢᠮᠲᠡᠢ ᠡᠮᠬᠢ ᠴᠡᠭᠴᠡᠲᠡᠢ ᠠᠬᠢᠭᠤᠯᠬᠤ ᠶᠢ ᠪᠠᠲᠤᠯᠠᠬᠤ ᠬᠡᠷᠡᠭᠲᠡᠢ ᠣᠳᠣᠷᠢᠳᠬᠤ ᠪᠠᠭ᠎ᠠ ᠲᠤᠭᠤᠶᠢᠯᠠᠩ ᠤᠨ ᠲᠤᠤᠷ᠎ᠠ ︽ᠭᠤᠷᠪᠠᠨ ᠲᠦᠷᠦᠯ ᠤᠨ ᠨᠦᠬᠦᠪᠦᠷᠢ︾ ᠤᠯᠭᠤᠬᠤ ᠠᠵᠢᠯ ᠤᠨ ᠮᠡᠷᠭᠡᠵᠢᠯ ᠤᠨ ᠪᠠᠭ᠎ᠠ ᠲᠤᠭᠤᠶᠢᠯᠠᠩ ᠭᠠᠷᠭᠠᠵᠦ ᠨᠦᠬᠦᠪᠦᠷᠢ ᠦᠭᠬᠦ ᠠᠵᠢᠯ ᠤᠨ ᠪᠦᠬᠦ ᠶᠠᠪᠤᠴᠠ ᠳᠤ ᠮᠡᠷᠭᠡᠵᠢᠯ ᠤᠨ ᠵᠢᠯᠤᠭᠤᠳᠤᠯᠭ᠎ᠠ ᠬᠢᠨ᠎ᠡ᠃       ᠲᠤᠭᠤᠶᠢᠯᠠᠩ ᠤᠨ ᠳᠠᠷᠤᠭ᠎ᠠ᠄ ᠹᠧᠩ ᠽᠢ ᠰᠢᠶᠠᠨ  ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶᠠᠨ ᠤ ᠶᠡᠷᠦᠩᠬᠡᠢ ᠢᠨᠵᠧᠨᠧᠷ       ᠲᠤᠭᠤᠶᠢᠯᠠᠩ ᠤᠨ ᠳᠡᠳ᠋ ᠳᠠᠷᠤᠭ᠎ᠠ᠄ ᠯᠢᠦᠢ ᠷᠦᠩ ᠯᠢᠶᠠᠩ  ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶᠠᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠦᠷᠳᠡᠭᠡᠨ ᠤ ᠳᠠᠷᠤᠭ᠎ᠠ       ᠵᠢᠷᠠᠨᠪᠠᠶᠠᠷ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶᠠᠨ ᠤ ᠦᠷ᠎ᠡ ᠶᠢᠨ ᠬᠠᠮᠢᠶᠠᠷᠤᠯᠲᠠ  ᠶᠢᠨ ᠦᠷᠳᠡᠭᠡᠨ ᠤ ᠳᠠᠷᠤᠭ᠎ᠠ       ᠪᠦᠷᠢᠯᠳᠦᠬᠦᠨ ᠬᠡᠰᠢᠬᠦᠨ᠄ ᠱᠧᠨ ᠵᠢᠶᠦ᠋ᠨ ᠲᠢᠶᠠᠨ  ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶᠠᠨ ᠤ ᠦᠷ᠎ᠡ ᠶᠢᠨ ᠬᠠᠮᠢᠶᠠᠷᠤᠯᠲᠠ ᠶᠢᠨ ᠦᠷᠳᠡᠭᠡᠨ ᠤ ᠳᠡᠳ᠋ ᠳᠠᠷᠤᠭ᠎ᠠ       ᠸᠠᠩ ᠰᠢᠤ ᠯᠢ  ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶᠠᠨ ᠤ ᠺᠠᠳ᠋ᠷ       ᠵᠧᠩ ᠬᠤᠩ ᠰᠢᠶᠠ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶᠠᠨ ᠤ ᠺᠠᠳ᠋ᠷ       ︵ᠬᠤᠶᠠᠷ︶ ᠠᠵᠢᠯ ᠤᠨ ᠲᠦᠷᠢᠮ ᠢ ᠲᠡᠭᠦᠯᠳᠡᠷᠵᠢᠬᠦᠯᠦᠨ᠎ᠡ᠃ ᠲᠦᠷᠦᠯ ᠵᠦᠢᠯ ᠤᠨ ᠬᠠᠮᠢᠶᠠᠷᠤᠯᠲᠠ ᠪᠤᠯᠤᠨ ᠪᠡᠯᠡ ᠮᠦᠩᠬᠦᠨ ᠤ ᠬᠠᠮᠢᠶᠠᠷᠤᠯᠲᠠ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠤᠰᠤᠭᠠᠷ ᠲᠠᠷᠢᠶᠠᠨ ᠭᠠᠵᠠᠷ ᠤᠨ ᠬᠦᠷᠦᠰᠦ ᠰᠢᠮ᠎ᠡ ᠶᠢ ᠬᠠᠮᠠᠭᠠᠯᠠᠬᠤ ᠨᠦᠬᠦᠪᠦᠷᠢ ᠶᠢᠨ ᠲᠦᠷᠦᠯ ᠵᠦᠢᠯ ᠤᠨ ᠬᠠᠮᠢᠶᠠᠷᠤᠯᠲᠠ ᠶᠢᠨ ᠠᠵᠢᠯ ᠢ ᠴᠢᠩᠭ᠎ᠠ ᠵᠢᠷᠤᠮᠵᠢᠭᠤᠯᠤᠨ᠎ᠠ᠃ ᠢᠯᠡ ᠲᠤᠳᠤᠷᠬᠠᠢ ᠱᠠᠭᠠᠷᠳᠠᠯᠭ᠎ᠠ ᠶᠤᠰᠤᠭᠠᠷ ᠵᠠᠷᠯᠠᠯ ᠲᠦᠷᠢᠮ ᠢ ᠬᠢᠨᠠᠨ ᠬᠠᠮᠢᠶᠠᠷᠴᠤ ᠨᠦᠬᠦᠪᠦᠷᠢ  ᠶᠢ ᠲᠤᠰᠬᠤᠨ ᠤ ᠳᠡᠰ ᠤᠨ ᠨᠡᠶᠢᠳᠡ ᠳᠤ ᠵᠠᠷᠯᠠᠬᠤ ᠲᠦᠷᠢᠮ ᠢ ᠬᠡᠷᠡᠭᠵᠢᠬᠦᠯᠥᠨ ᠮᠠᠯᠴᠢᠨ ᠲᠠᠷᠢᠶᠠᠴᠢᠨ ᠤ ᠪᠠᠶᠢᠳᠠᠯ ᠢ ᠮᠡᠳᠡᠭᠦ ᠡᠷᠬᠡ ᠶᠢ ᠪᠠᠲᠤᠯᠠᠨ᠎ᠠ᠃ ᠡᠯ᠎ᠡ ᠲᠠᠷᠢᠮᠠᠯ ᠤᠨ ᠲᠤᠭ᠎ᠠ ᠪᠦᠷᠢᠳᠭᠡᠯ ᠢ ᠬᠢᠨᠠᠨ ᠲᠤᠭᠳᠠᠭᠠᠭᠰᠠᠨ ᠤ ᠳᠠᠷᠠᠭ᠎ᠠ ᠲᠤᠰᠬᠤᠨ᠂ ᠭᠠᠴᠠᠭ᠎ᠠ ᠪᠠᠷ ᠨᠢᠭᠡᠴᠢ ᠪᠤᠯᠭᠠᠨ ᠵᠤᠬᠢᠶᠠᠨ ᠪᠠᠶᠢᠭᠤᠯᠤᠨ ᠵᠠᠷᠯᠠᠵᠦ ᠲᠠᠷᠢᠵᠦ ᠪᠠᠶᠢᠬᠤ ᠲᠠᠷᠢᠶᠠᠴᠢᠨ᠂ ᠲᠠᠷᠢᠮᠠᠯ ᠤᠨ ᠲᠠᠯᠠᠪᠠᠢ᠂ ᠨᠦᠬᠦᠪᠦᠷᠢ ᠶᠢᠨ ᠪᠠᠷᠢᠮᠵᠢᠶ᠎ᠠ ᠪᠤᠯᠤᠨ ᠨᠦᠬᠦᠪᠦᠷᠢ ᠮᠦᠩᠬᠦ ᠶᠢᠨ ᠲᠤᠭ᠎ᠠ ᠶᠢ ᠵᠠᠷᠯᠠᠵᠤ ᠵᠠᠷᠯᠠᠯ  ᠤᠨ ᠴᠠᠭ ᠨᠢ 7 ᠡᠳᠦᠷ ᠠᠴᠠ ᠲᠤᠳᠠᠭᠤ ᠪᠠᠶᠢᠵᠦ ᠪᠤᠯᠬᠤ ᠦᠬᠡᠢ᠃ ᠡᠬᠦᠨ ᠤ ᠬᠠᠮᠲᠤ ᠴᠦᠮ ᠢᠯᠡᠴᠢᠯᠡᠨ ᠮᠡᠳᠡᠭᠦᠯᠬᠦ ᠤᠳᠠᠰᠤ ᠲᠤᠬᠢᠷᠠᠭᠤᠯᠵᠦ ᠮᠠᠯᠴᠢᠨ ᠲᠠᠷᠢᠶᠠᠴᠢᠨ ᠤ ᠬᠢᠨᠠᠯᠲᠠ ᠶᠢ ᠬᠦᠯᠢᠶᠡᠨ᠎ᠡ᠃       ︵ᠭᠤᠷᠪᠠ︶ ᠪᠡᠯᠡ ᠮᠦᠩᠬᠦᠨ ᠤ ᠬᠠᠮᠢᠶᠠᠷᠤᠯᠲᠠ ᠪᠠᠨ ᠴᠢᠩᠭᠠᠳᠬᠠᠨ᠎ᠠ᠃ ᠲᠦᠷᠦᠯ ᠵᠦᠢᠯ ᠤᠨ ᠪᠡᠯᠡ ᠮᠦᠩᠬᠦ ᠶᠢᠨ ᠲᠤᠰᠬᠠᠢ ᠵᠤᠭᠤᠰ ᠢ ᠲᠤᠰᠬᠠᠢ ᠵᠦᠢᠯ ᠳᠤ ᠬᠡᠷᠡᠭᠯᠡᠵᠦ ᠤᠯᠤᠰ ᠤᠨ ᠲᠤᠭᠲᠠᠭᠠᠯ ᠶᠤᠰᠤᠭᠠᠷ ᠭᠡᠷᠡᠭᠯᠡᠨ᠎ᠡ᠃ ᠶᠠᠮᠠᠷᠪᠠ ᠭᠠᠵᠠᠷ ᠤᠷᠤᠨ᠂ ᠪᠠᠶᠢᠭᠤᠯᠭ᠎ᠠ ᠨᠢᠭᠡᠴᠢ ᠪᠤᠯᠤᠨ ᠬᠤᠪᠢ ᠬᠦᠮᠦᠨ ᠪᠦᠷ ᠲᠠᠷᠢᠶᠠᠨ ᠭᠠᠵᠠᠷ ᠤᠨ ᠬᠦᠷᠦᠰᠦ ᠰᠢᠮ᠎ᠡ ᠶᠢ ᠬᠠᠮᠠᠭᠠᠯᠠᠬᠤ ᠨᠦᠬᠦᠪᠦᠷᠢ ᠶᠢᠨ ᠲᠠᠯᠠᠪᠠᠢ ᠶᠢ ᠬᠤᠳᠠᠯ ᠢᠶᠠᠷ ᠮᠡᠳᠡᠭᠦᠯᠵᠦ ᠪᠤᠯᠬᠤ ᠦᠭᠡᠢ᠂ ᠨᠦᠬᠦᠪᠦᠷᠢ ᠶᠢᠨ ᠮᠦᠩᠬᠦ ᠶᠢ ᠤᠬᠠᠭᠠᠯᠠᠨ ᠠᠪᠴᠤ᠂ ᠰᠢᠬᠠᠨ ᠡᠵᠡᠯᠡᠵᠦ᠂ ᠨᠡᠬᠦᠯᠬᠡᠨ ᠬᠡᠷᠡᠭᠯᠡᠵᠦ ᠪᠤᠯᠬᠤ ᠦᠬᠡᠢ᠃ ᠬᠤᠰᠢᠭᠤ ᠱᠠᠲᠤᠨ  ᠤ ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠳᠡᠭᠡᠷ᠎ᠡ ᠱᠠᠲᠤᠨ ᠤ ᠰᠠᠯᠠᠭ᠎ᠠ ᠮᠦᠴᠢᠷ ᠤᠨ ᠱᠠᠭᠠᠷᠳᠠᠯᠭ᠎ᠠ ᠶᠤᠰᠤᠭᠠᠷ ᠵᠤᠬᠢᠬᠤ ᠠᠵᠢᠯ ᠤᠨ ᠵᠠᠷᠤᠳᠠᠯ ᠲᠤᠬᠢᠷᠠᠭᠤᠯᠤᠨ ᠭᠤᠤᠯ ᠨᠦᠬᠦᠪᠦᠷᠢ ᠶᠢᠨ ᠲᠠᠯᠠᠪᠠᠢ ᠶᠢ ᠬᠢᠨᠠᠨ ᠬᠠᠷᠭᠤᠭᠤᠯᠬᠤ᠂ ᠨᠦᠬᠦᠪᠦᠷᠢ ᠶᠢᠨ ᠮᠦᠩᠬᠦ ᠶᠢ ᠲᠠᠷᠬᠠᠭᠠᠬᠤ᠂ ᠨᠦᠬᠦᠪᠦᠷᠢ ᠶᠢᠨ ᠳᠠᠩᠰᠠ ᠡᠪᠬᠡᠮᠡᠯ ᠪᠠᠶᠢᠭᠤᠯᠬᠤ᠂ ᠲᠦᠷᠦ ᠶᠢᠨ ᠪᠤᠳᠤᠯᠭ᠎ᠠ ᠶᠢ ᠤᠬᠠᠭᠤᠯᠬᠤ᠂ ᠪᠦᠷᠢᠳᠬᠡᠨ ᠳᠠᠩᠰᠠᠯᠠᠬᠤ ᠪᠤᠯᠤᠨ ᠲᠦᠷᠦᠯ ᠵᠦᠢᠯ ᠢ ᠬᠡᠷᠡᠭᠵᠢᠬᠦᠯᠵᠦ ᠬᠢᠨᠠᠯᠲᠠ ᠲᠠᠯᠪᠢᠵᠦ ᠪᠠᠶᠢᠴᠠᠭᠠᠬᠤ ᠵᠡᠷᠭᠡ ᠡᠯ᠎ᠡ ᠲᠦᠷᠦᠯ ᠤᠨ ᠠᠵᠢᠯ ᠳᠤ ᠬᠡᠷᠡᠭᠯᠡᠨ᠎ᠡ᠃ ᠲᠦᠪ ᠠᠴᠠ ᠲᠤᠷᠤᠭᠰᠢ ᠪᠠᠭᠤᠯᠭᠠᠭᠰᠠᠨ ᠨᠦᠬᠦᠪᠦᠷᠢ ᠶᠢᠨ ᠪᠡᠯᠡ ᠮᠦᠩᠬᠦ ᠶᠢ ᠠᠵᠢᠯ ᠤᠨ ᠠᠯᠪᠠᠨ ᠵᠠᠷᠤᠳᠠᠯ ᠳᠤ ᠰᠢᠬᠠᠨ ᠡᠵᠡᠯᠡᠵᠦ ᠨᠡᠭᠦᠯᠭᠡᠨ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃      ︵ᠲᠦᠷᠪᠡ︶ ᠬᠢᠨᠠᠯᠲᠠ ᠲᠠᠯᠪᠢᠵᠦ ᠰᠢᠯᠭᠠᠨ ᠬᠢᠨᠠᠬᠤ ᠶᠢ ᠴᠢᠩᠭᠠᠳᠬᠠᠨ᠎ᠠ᠃ ᠡᠯ᠎ᠡ ᠰᠤᠮᠤ ᠪᠠᠯᠭᠠᠰᠤ ᠬᠠᠮᠢᠶ᠎ᠠ ᠪᠦᠬᠦᠢ ᠱᠠᠭᠠᠷᠳᠠᠯᠭ᠎ᠠ ᠶᠤᠰᠤᠭᠠᠷ ᠲᠤᠰ ᠪᠡᠶ᠎ᠡ ᠶᠢᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ ᠲᠠᠯᠠᠪᠠᠢ ᠶᠢ ᠬᠢᠨᠠᠨ ᠬᠠᠷᠭᠤᠭᠤᠯᠬᠤ᠂ ᠨᠦᠬᠦᠪᠦᠷᠢ ᠮᠦᠩᠬᠦ ᠶᠢ ᠲᠠᠷᠬᠠᠭᠠᠬᠤ ᠶᠠᠪᠤᠴᠠ ᠳᠤᠮᠳᠠ ᠢᠯᠡ ᠲᠤᠳᠤ᠂ ᠲᠦᠪ ᠭᠤᠤᠯᠴᠢ᠂ ᠡᠷᠭᠡ ᠳᠡᠭᠰᠢ ᠪᠤᠯᠤᠨ ᠰᠢᠨᠵᠢᠯᠡᠬᠦ ᠤᠬᠠᠭᠠᠨᠴᠢ ᠵᠦᠢ ᠵᠤᠬᠢᠰᠲᠠᠢ᠂ ᠲᠦᠬᠦᠮ ᠲᠦᠳᠡ ᠬᠢᠯᠪᠠᠷ ᠶᠠᠪᠤᠭᠳᠠᠬᠤ ᠵᠠᠷᠴᠢᠮ ᠢ ᠪᠠᠷᠢᠮᠳᠠᠯᠠᠵᠦ ᠨᠠᠷᠢᠨ ᠲᠤᠳᠤᠷᠬᠠᠢ ᠬᠡᠷᠡᠭᠵᠢᠬᠦᠯᠬᠦ ᠠᠷᠭ᠎ᠠ ᠶᠢ ᠲᠤᠭᠳᠠᠭᠠᠨ᠎ᠠ᠃ ᠤᠬᠠᠮᠰᠠᠷ ᠠᠴᠠ ᠪᠠᠨ ᠨᠡᠶᠢᠬᠡᠮ ᠣᠯᠠᠨ ᠨᠡᠶᠢᠲᠡ ᠶᠢᠨ ᠬᠢᠨᠠᠯᠲᠠ ᠶᠢ ᠬᠦᠯᠢᠶᠡᠵᠦ ᠵᠠᠩᠬᠢᠯᠠᠭ᠎ᠠ ᠨᠢ ᠲᠤᠰᠬᠤᠨ ᠤ ᠠᠷᠠᠳ ᠦᠪᠡᠷ ᠢ ᠪᠠᠨ ᠬᠢᠵᠠᠭᠠᠷᠯᠠᠬᠤ᠂ ᠬᠠᠷᠢᠯᠴᠠᠨ ᠬᠢᠨᠠᠯᠲᠠ ᠲᠠᠯᠪᠢᠬᠤ ᠦᠢᠯᠡᠳᠦᠯ ᠢᠶᠠᠨ ᠬᠦᠢᠴᠡᠳ ᠪᠠᠳᠠᠷᠠᠭᠤᠯᠵᠦ ᠬᠤᠳᠠᠯ ᠢᠶᠠᠷ ᠮᠡᠳᠡᠭᠦᠯᠬᠦ᠂ ᠢᠯᠡᠬᠦᠦ ᠮᠡᠳᠡᠬᠦᠯᠬᠦ᠂ ᠬᠠᠭᠤᠷᠮᠠᠭᠯᠠᠨ ᠠᠪᠬᠤ ᠦᠵᠡᠭᠳᠡᠯ ᠢᠯᠡᠷᠡᠬᠦ ᠶᠢ ᠡᠷᠡᠰ ᠬᠤᠷᠢᠭᠯᠠᠨ᠎ᠠ᠃ ᠤᠨ ᠤ ᠲᠦᠷᠦᠯ ᠵᠦᠢᠯ ᠳᠠᠭᠤᠰᠤᠭᠰᠠᠨ ᠤ ᠳᠠᠷᠠᠭ᠎ᠠ ᠰᠠᠨᠠᠭᠠᠴᠢᠯᠠᠭ᠎ᠠ ᠠᠴᠠ ᠪᠠᠨ ᠬᠢᠨᠠᠨ ᠪᠠᠶᠢᠴᠠᠭᠠᠬᠤ ᠰᠠᠯᠠᠭ᠎ᠠ ᠮᠦᠴᠢᠷ ᠳᠤ ᠳᠡᠪᠰᠢᠬᠦᠯᠵᠦ ᠲᠠᠷᠢᠶᠠᠨ ᠭᠠᠵᠠᠷ ᠤᠨ ᠬᠦᠷᠦᠰᠦ ᠰᠢᠮ᠎ᠡ ᠶᠢ ᠬᠠᠮᠠᠭᠠᠯᠠᠬᠤ ᠲᠦᠷᠦᠯ ᠵᠦᠢᠯ ᠳᠤ ᠵᠢᠯ ᠤᠨ ᠡᠴᠤᠰ ᠤᠨ ᠬᠢᠨᠠᠨ ᠪᠤᠳᠤᠯᠲᠠ ᠶᠢ ᠶᠠᠪᠤᠭᠳᠠᠭᠤᠯᠤᠨ᠎ᠠ᠃ ᠬᠤᠰᠢᠭᠤ ᠡᠳ᠋ ᠤᠨ ᠵᠠᠰᠠᠭ ᠤᠨ ᠲᠤᠪᠴᠢᠶ᠎ᠠ᠂ ᠲᠠᠷᠢᠶᠠᠯᠠᠩ ᠮᠠᠯ ᠠᠵᠤ ᠠᠬᠤᠢ  ᠶᠢᠨ ᠲᠤᠪᠴᠢᠶ᠎ᠠ ᠲᠦᠷᠦᠯ ᠵᠦᠢᠯ ᠤᠨ ᠬᠢᠨᠠᠯᠲᠠ ᠲᠠᠯᠪᠢᠬᠤ ᠪᠠ ᠰᠤᠭᠤᠴᠠᠨ ᠪᠠᠶᠢᠴᠠᠭᠠᠬᠤ ᠶᠢ ᠵᠤᠬᠢᠶᠠᠨ ᠪᠠᠶᠢᠭᠤᠯᠬᠤ  ᠶᠢᠨ ᠬᠠᠮᠲᠤ ᠢᠯᠡᠴᠢᠯᠡᠨ ᠮᠡᠳᠡᠬᠦᠯᠬᠦ ᠤᠳᠠᠰᠤ ᠶᠢ ᠭᠠᠷᠭᠠᠨ᠎ᠠ᠃       ᠳᠠᠭᠠᠯᠳᠤᠭᠤᠯᠤᠯ᠄ 2018 ᠣᠨ ᠤ ᠥᠥᠰᠢᠨ ᠬᠤᠰᠢᠭᠤᠨ ᠤ ᠲᠠᠷᠢᠶᠠᠯᠠᠩ ᠤᠨ ᠦᠢᠯᠡᠰ ᠢ ᠳᠡᠮᠵᠢᠵᠦ ᠬᠠᠮᠠᠭᠠᠯᠠᠬᠤ ᠨᠦᠬᠦᠪᠦᠷᠢ ᠦᠭᠬᠦ ᠪᠠᠶᠢᠳᠠᠯ ᠤᠨ ᠬᠦᠰᠦᠨᠦᠭᠲᠤ
 
ᠢᠷᠡᠯᠲᠡ᠄ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠡᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号