11 ᠰᠠᠷ᠎ᠠ ᠶᠢᠨ 7 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠭᠠᠯᠠᠭᠤᠲᠤ | ᠪᠠᠯᠭᠠᠰᠤᠨ ᠤ ᠬᠤᠲᠠ ᠪᠠᠯᠭᠠᠰᠤ ᠶᠢᠨ ᠪᠦᠲᠤᠭᠡᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ | ᠃ ᠬᠤᠰᠢᠭᠤ ᠤᠷᠤᠨ ᠰᠠᠭᠤᠴᠠ ᠪᠤᠯᠤᠨ ᠬᠤᠲᠠ ᠬᠦᠲᠡᠭᠡ ᠶᠢᠨ ᠲᠦᠯᠦᠪᠵᠢᠭᠦᠯᠭᠡ ᠪᠦᠲᠤᠭᠡᠨ ᠪᠠᠶᠢᠭᠤᠯᠤᠯᠲᠠ ᠶᠢᠨ | ᠳᠤᠪᠴᠢᠶ᠎ᠠ᠂ ᠴᠡᠴᠡᠷᠯᠢᠭᠵᠢᠭᠦᠯᠤᠯᠲᠠ ᠨᠤᠭᠤᠭᠠᠷᠠᠭᠤᠯᠤᠯᠲᠠ ᠶᠢᠨ ᠳᠤᠪᠴᠶᠠ᠂ ᠬᠤᠳᠠ ᠶᠢᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠳᠤᠪᠴᠢᠶ᠎ᠠ᠂ ᠨᠡᠶᠢᠲᠠ ᠶᠢᠨ ᠬᠡᠷᠡᠭᠯᠡᠬᠡᠨ ᠤ ᠠᠵᠢᠯ ᠤᠶᠢᠯᠡᠰ ᠤᠨ ᠬᠠᠮᠢᠶᠠᠷᠤᠯᠲᠠ ᠶᠢᠨ | ᠲᠤᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠪᠠᠷᠠᠳᠠᠨ ᠪᠠᠶᠢᠴᠠᠭᠠᠪᠠ᠃ | ᠪᠠᠶᠢᠴᠠᠭᠠᠨ ᠰᠤᠳᠤᠯᠤᠯᠲᠠ ᠳᠤᠮᠳᠠ ᠡᠷᠳᠡᠨᠢᠪᠢᠯᠢᠭ ᠴᠢᠬᠤᠯᠠᠴᠢᠯᠠᠬᠤ ᠳᠤ ᠪᠠᠨ ᠬᠤᠲᠠ ᠪᠠᠯᠭᠠᠰᠣᠨ ᠤ | ᠪᠦᠲᠤᠭᠡᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠳᠤ ᠡᠷᠬᠡᠪᠰᠢ《ᠵᠤᠭᠤᠰ ᠪᠠᠭ᠎ᠠ ᠵᠠᠷᠤᠵᠤ᠂ ᠶᠡᠭᠡ ᠦᠢᠯᠡᠰ | ᠢ ᠪᠦᠲᠦᠭᠡᠬᠦ》 ᠶᠢ ᠪᠠᠷᠢᠮᠲᠠᠯᠠᠵᠤ᠂ ᠡᠯ᠎ᠡ ᠰᠠᠯᠠᠭ᠎ᠠ ᠮᠦᠴᠢᠷ ᠬᠠᠷᠢᠯᠴᠠᠨ ᠬᠠᠮᠵᠢᠯᠴᠠᠨ ᠲᠤᠬᠠᠢ ᠶᠢᠨ ᠭᠠᠵᠠᠷ ᠲᠤᠨᠢ | ᠵᠤᠬᠢᠴᠠᠭᠤᠯᠵᠣ ᠨᠢᠭᠡᠳᠤᠯᠲᠠᠢ ᠲᠦᠯᠤᠪᠯᠡᠨ ᠦᠨᠡᠨᠬᠦ ᠬᠡᠷᠡᠭᠵᠢᠬᠦᠯᠵᠣ ᠪᠣᠯᠬᠤ ᠲᠦᠰᠤᠪ ᠢ ᠲᠤᠭᠲᠠᠭᠠᠵᠣ ᠭᠠᠯᠠᠭᠤᠲᠤ | ᠪᠠᠯᠭᠠᠰᠤ ᠶᠢ ᠨᠢᠭᠡᠨ ᠭᠤᠶᠢᠲᠠ ᠰᠠᠶᠢᠬᠠᠨ ᠤᠷᠴᠢᠨ ᠲᠤᠭᠤᠷᠢᠨ ᠲᠠᠢ᠂ ᠰᠠᠭᠤᠷᠢᠰᠢᠵᠣ ᠠᠵᠢᠯᠯᠠᠬᠤ ᠳᠤ | ᠲᠤᠬᠢᠷᠠᠮᠵᠢᠲᠠᠢ᠂ ᠦᠪᠡᠷᠮᠢᠴᠡ ᠤᠨᠴᠠᠯᠢᠭ ᠲᠠᠢ᠂ ᠦᠵᠡᠰᠬᠦᠯᠡᠩᠳᠣ ᠰᠠᠶᠢᠬᠠᠨ ᠲᠠᠯ᠎ᠠ ᠨᠤᠲᠤᠭ ᠤᠨ ᠬᠤᠲᠠ ᠪᠠᠯᠭᠠᠰᠤ | ᠪᠣᠯᠭᠠᠨ ᠪᠦᠲᠤᠭᠡᠨ ᠪᠠᠶᠢᠭᠤᠯᠬᠤ ᠪᠠᠷ ᠴᠢᠷᠮᠠᠶᠢᠬᠤ ᠬᠡᠷᠡᠭᠲᠠᠢ ᠭᠡᠪᠡ᠃ | ᠡᠷᠳᠡᠨᠢᠪᠢᠯᠢᠭ ᠵᠢᠭᠠᠬᠤ ᠳᠤ ᠪᠠᠨ ᠲᠦᠷᠦᠯ ᠵᠦᠢᠯ ᠪᠤᠯᠤᠨ ᠦᠮᠴᠢᠲᠡᠨ ᠤ ᠪᠤᠲᠠᠲᠦ ᠪᠠᠶᠢᠳᠠᠯ ᠲᠠᠢ | ᠤᠶᠠᠯᠳᠤᠭᠤᠯᠤᠨ ᠰᠢᠶᠡᠨ ᠤ ᠳᠡᠰ ᠤᠨ ᠤᠳᠤᠷᠢᠳᠤᠯᠭ᠎ᠠ ᠠᠴᠠ ᠳᠠᠭᠠᠭᠠᠴᠢᠯᠠᠨ ᠬᠠᠷᠢᠯᠴᠠᠬᠤ᠂ ᠵᠠᠬ᠎ᠠ ᠲᠡᠯᠭᠡᠭᠦᠷᠵᠢᠭᠰᠡᠨ | ᠡᠵᠡᠩᠨᠡᠯᠳᠡ ᠬᠢᠬᠦ ᠵᠡᠷᠭᠡ ᠤᠯᠠᠨ ᠠᠷᠭ᠎ᠠ ᠪᠠᠷᠢᠯ ᠢ ᠠᠰᠢᠭᠯᠠᠨ ᠪᠦᠲᠦᠭᠡᠨ ᠪᠠᠶᠢᠭᠤᠯᠵᠤ ᠪᠠᠶᠢᠭ᠎ᠠ ᠢᠨᠵᠧᠨᠧᠷᠢᠩ ᠤᠨ | ᠪᠠᠷᠢᠯᠭ᠎ᠠ ᠶᠢᠨ ᠠᠬᠢᠴᠠ ᠶᠢ ᠠᠬᠢᠭᠤᠯᠵᠤ᠂ ᠪᠠᠷᠢᠯᠭ᠎ᠠ ᠵᠤᠭᠰᠤᠭᠠᠭᠰᠠᠨ ᠢᠨᠵᠧᠨᠧᠷᠢᠩ ᠤᠨ ᠤᠷᠴᠢᠨ ᠲᠤᠭᠤᠷᠢᠨ ᠤ | ᠴᠡᠭᠴᠡᠯᠡᠯᠲᠡ ᠪᠤᠯᠤᠨ ᠨᠤᠭᠤᠭᠠᠷᠠᠭᠤᠯᠤᠯᠲᠠ ᠭᠤᠶᠤᠵᠢᠭᠤᠯᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ | ᠪᠠᠯᠭᠠᠰᠣᠨ ᠳᠣᠭᠤᠷᠢᠭ ᠤᠨ ᠣᠷᠣᠵᠣ ᠭᠠᠷᠬᠤ ᠵᠠᠮ ᠪᠤᠯᠤᠨ ᠪᠠᠯᠭᠠᠰᠣᠨ ᠳᠣᠭᠤᠷᠢᠭ ᠤᠨ ᠭᠤᠤᠯ ᠵᠠᠮ ᠱᠤᠭᠤᠮ ᠤᠨ | ᠦᠵᠡᠮᠵᠢ ᠶᠢ ᠲᠤᠪᠤᠶᠢᠯᠭᠠᠵᠤ᠂ ᠰᠠᠭᠤᠭᠠᠯᠢ ᠠᠷᠠᠳ ᠤᠨ ᠰᠡᠯᠡᠭᠦᠴᠡᠯ ᠵᠤᠭ᠎ᠠ ᠴᠡᠩᠭᠡᠯ ᠤᠨ ᠰᠠᠶᠢᠨ ᠰᠠᠶᠢᠬᠠᠨ ᠤᠷᠴᠢᠨ | ᠢ ᠴᠢᠷᠮᠠᠶᠢᠨ ᠡᠭᠦᠳᠬᠦ ᠬᠡᠷᠡᠭᠲᠡᠢ᠃ ᠲᠦᠯᠦᠪᠵᠢᠭᠦᠯᠭᠡ ᠶᠢᠨ ᠰᠠᠯᠠᠭ᠎ᠠ ᠮᠦᠴᠢᠷ ᠤᠨ ᠬᠢᠨ ᠪᠦᠲᠦᠭᠡᠨ ᠪᠠᠶᠢᠭᠤᠯᠬᠤ | ᠪᠠᠷ ᠪᠠᠶᠢᠭ᠎ᠠ ᠭᠡᠰᠡᠭ ᠰᠠᠭᠤᠭᠠᠯᠢ ᠠᠷᠠᠳ ᠤᠨ ᠲᠤᠭᠤᠷᠢᠭ ᠤᠨ ᠲᠦᠯᠦᠪᠵᠢᠭᠦᠯᠭᠡ ᠳᠤ ᠰᠠᠶᠢᠳᠣᠷ ᠬᠢᠨᠠᠯᠲᠠ ᠳᠠᠯᠪᠢᠨ | ᠨᠢᠭᠡᠳᠦᠯᠲᠡᠢ ᠲᠦᠯᠦᠪᠵᠢᠭᠦᠯᠵᠣ᠂ ᠬᠡᠪ ᠨᠠᠮᠪᠠ ᠶᠢ ᠨᠢ ᠨᠢᠭᠡᠳᠬᠡᠨ ᠣᠷᠣᠨ ᠨᠣᠳᠤᠭ ᠤᠨ ᠠᠷᠠᠳ ᠤᠨ ᠵᠠᠩ ᠣᠶᠢᠯᠡ | ᠶᠢ ᠳᠤᠪᠤᠶᠢᠯᠭᠠᠨ ᠪᠦᠳᠦᠬᠡᠨ ᠪᠠᠶᠢᠭᠤᠯᠵᠣ ᠰᠠᠭᠤᠭᠠᠯᠢ ᠠᠷᠠᠳ ᠤᠨ ᠵᠤᠯ ᠵᠢᠷᠭᠠᠯᠲᠦ ᠲᠦᠷᠦᠭᠳᠡᠯ ᠢ ᠨᠡᠮᠡᠭᠳᠡᠬᠦᠯᠬᠦ | ᠬᠡᠷᠡᠭᠲᠡᠢ᠃ ᠡᠯ᠎ᠡ ᠰᠠᠯᠠᠭ᠎ᠠ ᠮᠦᠴᠢᠷ ᠤᠨ ᠬᠢᠨ ᠬᠤᠲᠠ ᠪᠠᠯᠭᠠᠰᠣᠨ ᠤ ᠪᠦᠲᠦᠭᠡᠨ ᠪᠠᠶᠢᠭᠤᠯᠤᠯᠲᠠ ᠪᠤᠯᠤᠨ ᠤᠷᠴᠢᠨ | ᠲᠤᠭᠤᠷᠢᠨ ᠤ ᠴᠡᠭᠴᠡᠯᠡᠯᠲᠡ ᠶᠢᠨ ᠠᠬᠢᠴᠠ ᠪᠠᠨ ᠲᠦᠷᠭᠡᠳᠬᠡᠵᠤ᠂ ᠬᠤᠲᠠ ᠶᠢᠨ ᠰᠠᠭᠤᠷᠢ ᠲᠦᠬᠦᠭᠡᠷᠦᠮᠵᠢ ᠶᠢᠨ | ᠪᠠᠶᠢᠭᠤᠯᠤᠯᠲᠠ᠂ ᠠᠮᠢ ᠠᠬᠤᠢ ᠶᠢᠨ ᠦᠵᠡᠮᠵᠢ ᠶᠢᠨ ᠪᠠᠶᠢᠭᠤᠯᠤᠯᠲᠠ ᠵᠡᠷᠭᠡ ᠪᠤᠰᠤᠳ ᠪᠦᠲᠦᠭᠡᠨ ᠪᠠᠶᠢᠭᠤᠯᠤᠯᠲᠠ | ᠶᠢᠨ ᠠᠬᠢᠴᠠ ᠶᠢ ᠲᠦᠷᠭᠡᠳᠬᠡᠨ ᠪᠦᠬᠦ ᠤᠯᠤᠰ ᠤᠨ ᠰᠢᠶᠡᠨ ᠤ ᠳᠡᠰ ᠤᠨ ᠪᠤᠯᠪᠠᠰᠤᠨ ᠬᠤᠲᠠ ᠶᠢ ᠡᠭᠦᠳᠦᠨ | ᠪᠠᠶᠢᠭᠤᠯᠬᠤ ᠳᠤ ᠰᠢᠯᠢᠳᠡᠭ ᠰᠠᠶᠢᠨ ᠰᠠᠭᠤᠷᠢ ᠶᠢ ᠲᠠᠯᠪᠢᠬᠤ ᠪᠠᠷ ᠴᠢᠷᠮᠠᠶᠢᠬᠤ ᠬᠡᠷᠡᠭᠲᠡᠢ ᠬᠡᠵᠡᠢ᠃ |