ᠦᠷᠭᠡᠨ ᠤᠯᠠᠨ ᠨᠠᠶᠢᠬᠡᠮ ᠤᠨ ᠠᠵᠢᠯ ᠤᠨ ᠴᠢᠳᠠᠪᠤᠷᠢᠲᠠᠨ ᠤ ᠨᠡᠶᠢᠬᠡᠮ ᠤᠨ ᠠᠵᠢᠯ ᠤᠨ ᠣᠨᠣᠯ ᠤᠨ | ᠮᠡᠳᠡᠯᠬᠡ ᠶᠢ ᠪᠠᠳᠣᠳᠬᠠᠨ ᠦᠢᠯᠡᠳᠦᠯᠬᠡ ᠶᠢᠨ ᠶᠠᠪᠣᠴᠠ ᠶᠢ ᠣᠶᠢᠯᠠᠭᠠᠵᠣ ᠦᠢᠯᠡᠳᠦᠯᠬᠡ ᠳᠤ ᠣᠷᠣᠯᠴᠠᠬᠤ ᠴᠢᠳᠠᠪᠣᠷᠢ | ᠶᠢ ᠨᠢ ᠳᠡᠭᠡᠭᠰᠢᠯᠡᠬᠦᠯᠬᠦ ᠶᠢᠨ ᠲᠦᠯᠦᠬᠡ 11 ᠰᠠᠷ᠎ᠠ ᠶᠢᠨ 6 ᠤ ᠡᠳᠤᠷ ᠮᠠᠨ ᠤ ᠬᠤᠰᠢᠭᠤ ᠨᠡᠶᠢᠬᠡᠮ ᠤᠨ ᠠᠵᠢᠯ ᠤᠨ | ᠴᠢᠳᠠᠪᠣᠷᠢᠳᠠᠨ ᠤ ︽ᠰᠣᠳᠣᠨᠴᠤᠤᠯ ᠤᠨ ᠳᠦᠯᠦᠪᠯᠡᠭᠡ︾ ᠰᠡᠲᠤᠪᠲᠤ ᠪᠣᠯᠪᠠᠰᠣᠷᠠᠯ ᠤᠨ ᠠᠩᠬᠢ ᠡᠬᠢᠯᠡᠬᠦ ᠶᠣᠰᠣᠯᠠᠯ ᠢ | ᠡᠷᠬᠢᠯᠡᠨ ᠣᠷᠳᠣᠰ ᠬᠤᠳᠠ ᠶᠢᠨ ᠠᠷᠠᠳ ᠤᠨ ᠶᠠᠪᠣᠳᠠᠯ ᠤᠨ ᠳᠣᠪᠴᠢᠶ᠎ᠠ᠂ ᠬᠤᠰᠢᠭᠤ ᠠᠷᠠᠳ ᠤᠨ ᠶᠠᠪᠣᠳᠠᠯ ᠤᠨ | ᠳᠣᠪᠴᠢᠶ᠎ᠠ᠂ ᠭᠤᠸᠠᠩᠳᠦ᠋ᠩ ᠮᠤᠵᠢ ᠶᠢᠨ ᠨᠡᠶᠢᠬᠡᠮ ᠤᠨ ᠠᠵᠢᠯ ᠤᠨ ᠬᠤᠯᠪᠣᠭᠠᠲᠣ ᠬᠤᠷᠠᠯ ᠤᠨ ᠣᠷᠳᠣᠰ ᠬᠤᠳᠠ ᠳᠤ | ᠰᠠᠭᠤᠭ᠎ᠠ ᠨᠡᠶᠢᠬᠡᠮ ᠤᠨ ᠠᠵᠢᠯ ᠤᠨ ᠬᠤᠯᠪᠣᠭᠠᠲᠣ ᠬᠤᠷᠠᠯ ᠤᠨ ᠬᠠᠮᠢᠶ᠎ᠠ ᠪᠦᠬᠦᠢ ᠬᠠᠷᠢᠭᠤᠴᠠᠯᠭᠠᠳᠠᠨ᠂ ᠬᠤᠰᠢᠭᠤ | ᠠᠷᠠᠳ ᠤᠨ ᠶᠠᠪᠣᠳᠠᠯ ᠤᠨ ᠳᠣᠪᠴᠢᠶᠠᠨ ᠤ ᠨᠡᠶᠢᠬᠡᠮ ᠤᠨ ᠠᠵᠢᠯ ᠤᠨ ᠬᠠᠮᠢᠶ᠎ᠠ ᠪᠦᠬᠦᠢ ᠠᠵᠢᠯᠳᠠᠳ᠂ ᠬᠤᠰᠢᠭᠤ | ᠨᠡᠶᠢᠬᠡᠮ ᠤᠨ ᠠᠵᠢᠯ ᠤᠨ ᠳᠣᠰᠬᠠᠢ ᠠᠵᠢᠯᠳᠠᠳ ᠪᠤᠯᠪᠠᠰᠤᠷᠠᠯ ᠤᠨ ᠠᠩᠬᠢ ᠡᠬᠢᠯᠡᠬᠦ ᠶᠣᠰᠣᠯᠠᠯ ᠳᠤ ᠣᠷᠣᠯᠴᠠᠪᠠ᠃ | ᠣᠶᠢᠯᠠᠭᠠᠭᠰᠠᠨ ᠢᠶᠠᠷ ᠳᠣᠰ ᠣᠳᠠᠭᠠᠨ ᠤ ᠪᠣᠯᠪᠠᠰᠣᠷᠠᠯ ᠢ ᠬᠤᠰᠢᠭᠤ ᠠᠷᠠᠳ ᠤᠨ ᠶᠠᠪᠣᠳᠠᠯ ᠤᠨ ᠳᠣᠪᠴᠢᠶᠠᠨ | ᠠᠴᠠ ᠭᠤᠣᠯᠯᠠᠨ ᠡᠷᠭᠢᠯᠠᠵᠤ ᠬᠤᠰᠢᠭᠤ ᠨᠡᠶᠢᠬᠡᠮ ᠤᠨ ᠠᠵᠢᠯ ᠤᠨ ᠨᠡᠶᠢᠬᠡᠮᠯᠢᠭ ᠠᠴᠠ ᠬᠠᠮᠵᠢᠨ ᠡᠷᠬᠢᠯᠡᠵᠦ᠂ | ᠪᠤᠯᠪᠠᠰᠤᠷᠠᠯ ᠨᠢ ᠣᠨᠣᠯ ᠤᠨ ᠰᠣᠷᠣᠯᠴᠠᠯᠭ᠎ᠠ᠂ ᠲᠤᠬᠠᠢ ᠶᠢᠨ ᠭᠠᠵᠠᠷ ᠣᠷᠣᠨ ᠤ ᠪᠠᠶᠢᠭᠤᠯᠣᠮᠵᠢ ᠶᠢᠨ | ᠬᠤᠭᠤᠷᠣᠨᠳᠣᠬᠢ ᠰᠣᠯᠢᠯᠴᠠᠭ᠎ᠠ ᠰᠣᠷᠣᠯᠴᠠᠯᠭ᠎ᠠ᠂ ᠳᠣᠷᠰᠢᠯᠭ᠎ᠠ ᠲᠠᠢ ᠳᠡᠷᠢᠬᠦᠨ ᠤ ᠭᠠᠵᠠᠷ ᠣᠷᠣᠨ ᠳᠤ ᠬᠦᠷᠴᠦ | ᠰᠣᠷᠣᠯᠴᠠᠬᠤ ᠬᠢᠨᠠᠨ ᠰᠢᠯᠭᠠᠬᠤ ᠵᠡᠷᠭᠡ ᠬᠡᠯᠪᠡᠷᠢ ᠪᠠᠷ ᠬᠤᠶᠠᠷ ᠰᠠᠷ᠎ᠠ ᠶᠢᠨ ᠬᠤᠭᠤᠴᠠᠭ᠎ᠠ ᠲᠠᠢ ᠶᠠᠪᠣᠭᠳᠠᠬᠤ ᠪᠠᠷ | ᠪᠠᠶᠢᠨ᠎ᠠ᠃ | |