ᠮᠠᠨ ᠤ ᠬᠤᠰᠢᠭᠤ ᠲᠤᠮᠳᠠᠳᠤ ᠤᠯᠤᠰ ᠤᠨ ᠨᠠᠶᠢᠳᠠ ᠶᠢᠨ ᠭᠡᠷᠡᠭᠯᠡᠭᠡᠨ ᠤ ᠮᠠᠷᠭᠡᠵᠢᠯ ᠤᠨ ᠭᠠᠳᠠᠭᠠᠳᠤ ᠠᠷᠠᠯᠵᠢᠶᠠᠨ ᠤ ᠪᠦᠯᠦᠭᠯᠡᠯ ᠤᠨ ᠭᠢᠵᠭᠠᠠᠷᠳᠤ ᠺᠤᠮᠫᠠᠨᠢ ᠶᠢᠨ ᠬᠢᠨ ᠲᠠᠢ ᠰᠠᠭᠤᠳᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2018-11-09
     11 ᠰᠠᠷ᠎ᠠ ᠶᠢᠨ 6 ᠤ ᠡᠳᠦᠷ᠂ ᠲᠤᠮᠳᠠᠳᠤ ᠤᠯᠤᠰ ᠤᠨ ᠨᠠᠶᠢᠳᠠ ᠶᠢᠨ ᠭᠡᠷᠡᠭᠯᠡᠭᠡᠨ ᠤ ᠮᠠᠷᠭᠡᠵᠢᠯ ᠤᠨ ᠭᠠᠳᠠᠭᠠᠳᠤ ᠠᠷᠠᠯᠵᠢᠶᠠᠨ ᠤ ᠪᠦᠯᠦᠭᠯᠡᠯ ᠤᠨ ᠭᠢᠵᠭᠠᠠᠷᠳᠤ ᠺᠤᠮᠫᠠᠨᠢ ᠶᠢᠨ ᠲᠤᠬᠠᠶᠢᠯᠠᠭᠰᠠᠨ ᠠᠵᠢᠯ ᠤᠨ ᠲᠠᠪᠤᠳᠤᠭᠠᠷ ᠭᠡᠯᠳᠡᠰ ᠤᠨ ᠲᠡᠳ᠋ ᠶᠠᠷᠤᠩᠭᠡᠢ ᠲᠠᠭᠠᠭᠠᠮᠠᠯ ᠡᠤ ᠶᠧᠦ ᠴᠦᠨ ᠮᠠᠨ ᠤ ᠬᠤᠰᠢᠭᠤᠨ ᠳᠤ ᠢᠷᠠᠵᠤ ᠪᠠᠶᠢᠴᠠᠭᠠᠨ ᠰᠤᠳᠤᠯᠤᠯᠳᠠ ᠭᠢᠭᠦ ᠶᠢᠨ ᠬᠠᠮᠳᠤ ᠮᠠᠨ ᠤ ᠬᠤᠰᠢᠭᠤᠨ ᠤ ᠤᠳᠤᠷᠢᠳᠤᠯᠭ᠎ᠠ ᠨᠠᠷ ᠲᠠᠢ ᠰᠠᠭᠤᠳᠠᠯ ᠤᠨ ᠬᠤᠷᠠᠯ ᠬᠤᠷᠠᠯᠳᠤᠭᠤᠯᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋᠂ ᠬᠤᠰᠢᠭᠤ ᠤᠳᠤᠷᠢᠳᠤᠯᠭ᠎ᠠ ᠵᠸᠤ ᠱᠤᠸᠠᠢ᠂ ᠪᠠᠶᠠᠨᠴᠢᠮᠡᠭ ᠪᠤᠯᠤᠨ ᠵᠠᠰᠠᠭ ᠤᠨ ᠤᠷᠳᠤᠨ ᠤ ᠠᠯᠪᠠᠨ ᠭᠡᠷ᠂ ᠡᠳ᠋ ᠤᠨ ᠵᠠᠰᠠᠭ ᠤᠨ ᠲᠤᠪᠴᠢᠶ᠎ᠠ᠂ ᠤᠷᠤᠨ ᠰᠠᠭᠤᠴᠠ ᠪᠤᠯᠤᠨ ᠬᠤᠲᠠ ᠬᠦᠳᠡᠭᠡ ᠶᠢᠨ ᠲᠦᠯᠦᠪᠵᠢᠬᠦᠯᠬᠡ ᠪᠥᠳᠥᠭᠡᠨ ᠪᠠᠶᠢᠭᠤᠯᠤᠯᠳᠠ ᠶᠢᠨ ᠲᠤᠪᠴᠢᠶ᠎ᠠ᠂ ᠰᠤᠷᠭᠠᠨ ᠭᠥᠮᠤᠵᠢᠯ ᠤᠨ ᠲᠤᠪᠴᠢᠶ᠎ᠠ᠂ ᠵᠠᠮ ᠬᠠᠷᠢᠯᠴᠠᠭᠠᠨ ᠤ ᠲᠤᠪᠴᠢᠶ᠎ᠠ᠂ ᠬᠤᠳᠠ ᠶᠢᠨ ᠪᠡᠯᠡ ᠤᠷᠤᠭᠤᠯᠤᠯᠳᠠ ᠶᠢᠨ ᠺᠤᠮᠫᠠᠨᠢ ᠂ ᠰᠠᠭᠤᠷᠢ ᠪᠥᠳᠥᠭᠡᠨ ᠪᠠᠶᠢᠭᠤᠯᠤᠯᠳᠠ ᠶᠢᠨ ᠲᠥᠷᠤᠯ ᠵᠥᠢᠯ ᠤᠨ ᠭᠢᠨᠠᠯᠳᠠ ᠲᠠᠯᠪᠢᠬᠤ ᠬᠠᠮᠢᠶᠠᠷᠤᠯᠳᠠ ᠶᠢᠨ ᠠᠯᠪᠠᠨ ᠭᠡᠷ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠰᠠᠭᠤᠳᠠᠯ ᠤᠨ ᠬᠤᠷᠠᠯ ᠳᠤ ᠤᠷᠤᠯᠴᠠᠪᠠ᠃      ᠬᠤᠷᠠᠯ ᠲᠡᠭᠡᠷ᠎ᠡ ᠡᠤ ᠶᠧᠦ ᠴᠥᠨ ᠲᠤᠰ ᠤᠳᠠᠭᠠᠨ ᠤ ᠪᠠᠶᠢᠴᠠᠭᠠᠨ ᠰᠤᠳᠤᠯᠤᠯᠳᠠ ᠶᠢᠨ ᠵᠤᠷᠢᠯᠭ᠎ᠠ᠂ ᠺᠤᠮᠫᠠᠨᠢ  ᠶᠢᠨ ᠥᠨᠳᠤᠰᠤᠨ ᠪᠠᠶᠢᠳᠠᠯ᠂ ᠥᠪᠥᠷ ᠮᠤᠩᠭᠤᠯ ᠤᠨ ᠭᠡᠰᠡᠭ ᠲᠥᠷᠥᠯ ᠵᠥᠢᠯ ᠤᠨ ᠪᠥᠳᠥᠭᠡᠨ ᠪᠠᠶᠢᠭᠤᠯᠤᠯᠳᠠ ᠶᠢᠨ ᠪᠠᠶᠢᠳᠠᠯ ᠵᠡᠷᠭᠡ ᠲᠠᠯ᠎ᠠ ᠳᠤ ᠲᠤᠳᠤᠷᠬᠠᠶᠢᠯᠠᠯᠳᠠ ᠲᠠᠨᠢᠯᠴᠠᠭᠤᠯᠭ᠎ᠠ ᠭᠢᠪᠠ᠃ ᠬᠤᠰᠢᠭᠤ ᠡᠳ᠋ ᠤᠨ ᠵᠠᠰᠠᠭ ᠤᠨ ᠲᠤᠪᠴᠢᠶᠠᠨ ᠤ PPP ᠲᠥᠷᠥᠯ ᠵᠥᠢᠯ ᠤᠨ ᠬᠠᠷᠢᠭᠤᠴᠠᠯᠭᠠᠳᠠᠨ ᠠᠴᠠ ᠮᠠᠨ ᠤ ᠬᠤᠰᠢᠭᠤᠨ ᠤ PPP ᠲᠥᠷᠥᠯ ᠵᠥᠢᠯ ᠤᠨ ᠪᠠᠶᠢᠳᠠᠯ ᠢ ᠲᠠᠨᠢᠯᠴᠠᠭᠤᠯᠵᠤ᠂ ᠬᠤᠰᠢᠭᠤ ᠤᠷᠤᠨ ᠰᠠᠭᠤᠴᠠ ᠪᠤᠯᠤᠨ ᠬᠤᠲᠠ ᠬᠦᠳᠡᠭᠡ ᠶᠢᠨ ᠲᠦᠯᠦᠪᠵᠢᠬᠦᠯᠭᠡ ᠪᠥᠳᠥᠭᠡᠨ ᠪᠠᠶᠢᠭᠤᠯᠤᠯᠳᠠ ᠶᠢᠨ ᠲᠤᠪᠴᠢᠶ᠎ᠠ᠂ ᠵᠠᠮ ᠬᠠᠷᠢᠯᠴᠠᠭᠠᠨ ᠤ ᠲᠤᠪᠴᠢᠶ᠎ᠠ ᠪᠤᠯᠤᠨ ᠰᠤᠷᠭᠠᠨ ᠭᠥᠮᠤᠵᠢᠯ ᠤᠨ ᠲᠤᠪᠴᠢᠶᠠᠨ ᠤ ᠬᠠᠷᠢᠭᠤᠴᠠᠯᠭᠠᠳᠠᠨ ᠠᠴᠠ PPP ᠲᠥᠷᠤᠯ ᠵᠥᠢᠯ ᠤᠨ ᠠᠭᠢᠴᠠ ᠶᠢᠨ ᠪᠠᠶᠢᠳᠠᠯ ᠢ ᠲᠠᠨᠢᠯᠴᠠᠭᠤᠯᠤᠭᠰᠠᠨ ᠪᠠᠶᠢᠨ᠎ᠠ  ᠃      ᠡᠷᠳᠡᠨᠢᠪᠢᠯᠢᠭ ᠪᠤᠯᠤᠨ ᠵᠤᠤ ᠹᠸᠢ ᠯᠤ᠋ ᠢᠯᠡᠷᠭᠡᠶᠢᠯᠠᠭᠦ ᠳᠤ ᠪᠠᠨ ᠥᠥᠰᠢᠨ ᠬᠤᠰᠢᠭᠤ ᠥᠨᠢ ᠤᠳᠠᠭᠠᠨ ᠲᠠᠤᠭᠡ ᠰᠤᠶᠤᠯ ᠲᠠᠢ᠂ ᠡᠭᠢ ᠪᠠᠶᠠᠯᠢᠭ ᠡᠯᠪᠡᠭ ᠲᠠᠯᠪᠡᠭ᠂ ᠤᠷᠤᠨ ᠪᠠᠶᠢᠷᠢ ᠶᠢᠨ ᠲᠠᠪᠠᠭᠤᠯᠢᠭ ᠢᠯᠡᠷᠭᠡᠢ᠂ ᠵᠠᠮ ᠬᠠᠷᠢᠯᠴᠠᠭ᠎ᠠ ᠲᠥᠭᠦᠮ᠂ ᠰᠠᠭᠤᠷᠢ ᠲᠥᠭᠦᠭᠡᠷᠤᠮᠵᠢ ᠪᠥᠷᠢᠨ ᠲᠥᠭᠦᠷ ᠪᠠᠶᠢᠵᠤ ᠤᠨᠴᠠᠭᠠᠶᠢᠯᠠᠨ ᠨᠠᠭᠦᠷᠠᠰᠤ ᠶᠢ ᠨᠠᠷᠢᠯᠢᠭ ᠪᠤᠯᠪᠠᠰᠤᠷᠠᠭᠤᠯᠬᠤ᠂ ᠨᠠᠭᠦᠷᠠᠰᠤ ᠪᠤᠳᠠᠰ ᠤᠨ ᠬᠦᠢᠯᠭᠡᠭᠡ᠂ ᠤᠳᠤᠭᠢᠴᠢᠯᠠᠭᠰᠠᠨ ᠮᠠᠯ ᠲᠠᠷᠢᠶᠠᠯᠠᠩ ᠠᠵᠤ ᠠᠬᠤᠢ᠂ ᠰᠤᠶᠤᠯ ᠵᠤᠭᠠᠴᠠᠯ ᠵᠡᠷᠭᠡ ᠲᠠᠯ᠎ᠠ ᠪᠠᠷ ᠬᠦᠢᠴᠡᠳ ᠭᠥᠭᠵᠢᠯᠳᠠ ᠶᠢᠨ ᠲᠠᠯᠳᠠ ᠭᠥᠴᠤᠨ ᠲᠠᠢ ᠪᠠᠶᠢᠵᠤ ᠠᠵᠤ ᠠᠬᠤᠶᠢᠯᠠᠯ ᠪᠡᠯᠡ ᠤᠷᠤᠭᠤᠯᠤᠨ ᠨᠤᠳᠤᠭᠰᠢᠬᠤ ᠳᠤ ᠲᠤᠭᠢᠷᠠᠮᠵᠢᠳᠠᠢ ᠤᠷᠤᠨ ᠪᠤᠯᠤᠨ᠎ᠠ᠃ ᠲᠤᠮᠳᠠᠳᠤ ᠤᠯᠤᠰ ᠤᠨ ᠨᠠᠶᠢᠳᠠ ᠶᠢᠨ ᠭᠡᠷᠡᠭᠯᠡᠭᠡᠨ ᠤ ᠮᠠᠷᠭᠡᠵᠢᠯ ᠤᠨ ᠭᠠᠳᠠᠭᠠᠳᠤ ᠠᠷᠠᠯᠵᠢᠶᠠᠨ ᠤ ᠪᠦᠯᠦᠭᠯᠡᠯ ᠤᠨ ᠬᠢᠵᠠᠭᠠᠷᠲᠤ ᠺᠤᠮᠫᠠᠨᠢ ᠶᠢᠨ ᠪᠤᠳᠠᠳᠤ ᠭᠥᠴᠤᠨ ᠡᠯᠪᠡᠭ ᠪᠥᠭᠡᠳ ᠤᠳᠠᠭᠠᠨ ᠵᠢᠯ ᠲᠥᠷᠤᠯ ᠵᠥᠢᠯ ᠢ ᠭᠡᠷᠡᠭᠵᠢᠭᠦᠯᠥᠭᠰᠠᠨ ᠲᠤᠷᠰᠢᠯᠭ᠎ᠠ ᠲᠠᠢ ᠶᠤᠮ᠃ ᠲᠤᠰ ᠺᠤᠮᠫᠠᠨᠢ ᠶᠢᠨ ᠮᠠᠨ ᠤ ᠬᠤᠰᠢᠭᠤᠨ ᠳᠤ ᠪᠡᠯᠡ ᠤᠷᠤᠭᠤᠯᠤᠨ ᠬᠤᠳᠠ ᠶᠢᠨ ᠰᠠᠭᠤᠷᠢ ᠲᠥᠭᠦᠭᠡᠷᠤᠮᠵᠢ ᠶᠢᠨ ᠪᠥᠳᠥᠭᠡᠨ ᠪᠠᠶᠢᠭᠤᠯᠤᠯᠳᠠ᠂ ᠰᠤᠷᠭᠠᠨ ᠭᠥᠮᠤᠵᠢᠯ ᠡᠷᠡᠭᠦᠯ ᠬᠠᠮᠠᠭᠠᠯᠠᠯ᠂ ᠵᠠᠮ ᠬᠠᠷᠢᠯᠴᠠᠭ᠎ᠠ᠂ ᠭᠥᠳᠡᠭᠡ ᠲᠤᠰᠬᠤᠨ ᠢ ᠭᠥᠭᠵᠢᠭᠦᠯᠤᠨ ᠮᠠᠨᠳᠤᠭᠤᠯᠬᠤ ᠵᠡᠷᠭᠡ ᠲᠠᠯ᠎ᠠ ᠪᠠᠷ ᠬᠠᠮᠳᠤᠷᠠᠨ ᠠᠵᠢᠯᠯᠠᠬᠤ ᠶᠢ ᠪᠠᠶᠠᠷᠯᠠᠨ ᠤᠭᠳᠤᠵᠤ ᠪᠠᠶᠢᠨ᠎ᠠ᠃ ᠮᠠᠨ  ᠤ ᠬᠤᠰᠢᠭᠤ ᠨᠢ ᠺᠤᠮᠫᠠᠨᠢ ᠳᠤ ᠬᠠᠮᠤᠭ ᠤᠨ ᠰᠢᠯᠢᠳᠡᠭ ᠥᠢᠯᠡᠴᠢᠯᠡᠭᠡ ᠬᠠᠩᠭᠠᠵᠤ ᠬᠤᠶᠠᠷ ᠲᠠᠯ᠎ᠠ ᠶᠢᠨ ᠬᠠᠮᠳᠤᠷᠠᠯᠴᠠᠭ᠎ᠠ ᠤᠷᠤᠭᠰᠢᠳᠠᠢ ᠶᠠᠪᠤᠭᠳᠠᠬᠤ ᠶᠢ ᠠᠭᠢᠭᠤᠯᠤᠨ ᠬᠠᠷᠢᠯᠴᠠᠨ ᠠᠰᠢᠭᠳᠠᠢ ᠬᠤᠤᠰ ᠠᠰᠢᠭ ᠭᠥᠷᠳᠡᠭᠦ ᠶᠢ ᠪᠡᠶᠡᠯᠡᠬᠦᠯᠦᠨ᠎ᠡ ᠭᠡᠵᠡᠢ᠃      ᠡᠤ ᠶᠧᠦ ᠴᠥᠨ ᠢᠯᠠᠷᠭᠡᠶᠢᠯᠠᠭᠦ ᠳᠤ ᠪᠠᠨ᠂ ᠥᠥᠰᠢᠨ ᠬᠤᠰᠢᠭᠤᠨ ᠤ ᠭᠥᠭᠵᠢᠯᠳᠠ ᠶᠢᠨ ᠲᠠᠯᠳᠠ ᠭᠥᠴᠤᠨ ᠡᠯᠪᠡᠭ᠂ ᠠᠯᠤᠰ ᠤᠨ ᠲᠥᠰᠥᠪ ᠲᠠᠭᠦᠯᠳᠠᠷ ᠪᠠᠶᠢᠵᠤ ᠮᠠᠨ ᠤ ᠺᠤᠮᠫᠠᠨᠢ ᠨᠢ ᠬᠠᠮᠳᠤᠷᠠᠨ ᠠᠵᠢᠯᠯᠠᠬᠤ ᠢᠳᠡᠭᠡᠯ ᠲᠠᠢ ᠪᠠᠶᠢᠨ᠎ᠠ᠃ ᠬᠤᠶᠠᠷ ᠲᠠᠯ᠎ᠠ ᠪᠠᠷ ᠢᠶᠠᠨ ᠬᠠᠷᠢᠯᠴᠠᠭ᠎ᠠ ᠪᠠᠨ ᠴᠢᠩᠭᠠᠳᠬᠠᠨ᠂ ᠬᠠᠮᠳᠤᠷᠠᠨ ᠠᠵᠢᠯᠯᠠᠬᠤ ᠲᠥᠷᠥᠯ ᠵᠥᠢᠯ ᠢ ᠡᠷᠢᠵᠤ ᠬᠠᠮᠳᠤᠷᠠᠨ ᠠᠵᠢᠯᠯᠠᠬᠤ ᠥᠷ᠎ᠠ ᠪᠥᠳᠥᠭᠡᠯ ᠢ ᠡᠷᠳᠡᠭᠡᠨ ᠬᠠᠮᠳᠤᠪᠠᠷ ᠡᠳ᠋ᠯᠠᠭᠦ ᠶᠢ ᠬᠦᠰᠡᠵᠤ ᠪᠠᠶᠢᠨ᠎ᠠ ᠭᠡᠪᠡ᠃      ᠰᠠᠭᠤᠳᠠᠯ ᠤᠨ ᠬᠤᠷᠠᠯ ᠤᠨ ᠲᠠᠷᠠᠭ᠎ᠠ᠂ ᠡᠤ ᠶᠧᠦ ᠴᠥᠨ ᠨᠠᠷ ᠮᠠᠨ ᠤ ᠬᠤᠰᠢᠭᠤᠨ ᠤ ᠪᠥᠳᠥᠭᠡᠨ ᠪᠠᠶᠢᠭᠤᠯᠬᠤ ᠪᠠᠷ ᠪᠠᠶᠢᠭ᠎ᠠ 4 ᠰᠤᠷᠭᠠᠭᠤᠯᠢ ᠪᠤᠯᠤᠨ ᠬᠤᠰᠢᠭᠤ ᠤᠷᠤᠨ ᠰᠠᠭᠤᠴᠠ ᠪᠤᠯᠤᠨ ᠬᠤᠲᠠ ᠬᠦᠳᠡᠭᠡ ᠶᠢᠨ ᠲᠦᠯᠦᠪᠵᠢᠬᠦᠯᠭᠡ ᠪᠥᠳᠥᠭᠡᠨ ᠪᠠᠶᠢᠭᠤᠯᠤᠯᠳᠠ ᠶᠢᠨ ᠲᠤᠪᠴᠢᠶ᠎ᠠ᠂ ᠬᠤᠳᠠ ᠶᠢᠨ ᠪᠡᠯᠡ ᠤᠷᠤᠭᠤᠯᠤᠯᠳᠠ ᠶᠢᠨ ᠺᠤᠮᠫᠠᠨᠢ ᠵᠡᠷᠭᠡ ᠭᠠᠵᠠᠷ ᠲᠤ ᠤᠴᠢᠨ ᠪᠠᠶᠢᠴᠠᠭᠠᠨ ᠰᠤᠳᠤᠯᠤᠯᠳᠠ ᠭᠢᠵᠤ ᠲᠤᠬᠠᠢ ᠶᠢᠨ ᠭᠠᠵᠠᠷ ᠲᠤ ᠪᠠᠶᠢᠴᠠᠭᠠᠯᠳᠠ ᠭᠢᠭᠦ᠂ ᠮᠠᠲ᠋ᠧᠷᠢᠶᠠᠯ ᠥᠵᠠᠭᠦ᠂ ᠰᠠᠭᠤᠨ ᠶᠠᠷᠢᠯᠴᠠᠬᠤ ᠪᠠᠷ ᠲᠠᠮᠵᠢᠭᠤᠯᠤᠨ ᠡᠯ᠎ᠠ ᠲᠥᠷᠥᠯ ᠵᠥᠢᠯ ᠤᠨ ᠪᠠᠶᠢᠳᠠᠯ ᠢ ᠤᠯᠠᠮ ᠨᠢᠭᠡ ᠠᠯᠬᠤᠮ ᠤᠶᠢᠯᠠᠭᠠᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号