ᠤᠳᠤᠭ ᠬᠤᠰᠢᠭᠤᠨ ᠤ ᠤᠯᠠᠭᠠᠨᠮᠦ᠋ᠴᠢᠷ ᠮᠠᠨ ᠤ ᠬᠤᠰᠢᠭᠤᠨ ᠤ ᠪᠠᠶᠠᠠᠰᠢᠯᠢ ᠭᠠᠴᠠᠭᠠᠨ ᠳᠤ ᠲᠤᠭᠤᠷᠢᠨ ᠲᠤᠭᠯᠠᠯᠳᠠ ᠭᠠᠷᠭᠠᠪᠠ
ᠨᠡᠶᠢᠲᠡᠯᠡᠭᠰᠡᠨ ᠴᠠᠭ᠄
2018-11-09
     11 ᠰᠠᠷ᠎ᠠ ᠶᠢᠨ 6 ᠤ ᠡᠳᠦᠷ᠂ ᠤᠳᠤᠭ ᠬᠤᠰᠢᠭᠤᠨ ᠤ ᠤᠯᠠᠭᠠᠨᠮᠦ᠋ᠴᠢᠷ ᠤᠨ ︽ᠤᠯᠠᠭᠠᠨᠮᠦ᠋ᠴᠢᠷ ᠤᠨ ᠵᠤᠷᠢᠭ ᠰᠠᠨᠠᠭ᠎ᠠ ᠶᠢ ᠠᠷᠠᠳ ᠲᠦᠮᠡᠨ ᠤ ᠲᠤᠮᠳᠠ ᠪᠠᠳᠠᠷᠠᠭᠤᠯᠬᠤ︾ ᠦᠨᠳᠦᠰᠦᠨ ᠱᠠᠳᠤᠨ ᠤ ᠲᠤᠭᠤᠷᠢᠨ ᠲᠤᠭᠯᠠᠯᠳᠠ  ᠨᠢ ᠣᠯᠠᠭᠠᠨᠳᠣᠯᠣᠭᠠᠢ ᠪᠠᠯᠭᠠᠰᠣᠨ ᠤ ᠪᠠᠶᠠᠠᠰᠢᠯᠢ ᠭᠠᠴᠭᠠᠨ ᠳᠤ ᠶᠠᠪᠤᠭᠳᠠᠵᠤ ᠮᠠᠯᠴᠢᠳ ᠤᠨ ᠰᠠᠳᠭᠢᠯ ᠢ ᠪᠠᠶᠠᠰᠬᠠᠭᠰᠠᠨ ᠪᠠᠶᠢᠨ᠎ᠠ᠃      ᠣᠳᠤᠭ ᠬᠤᠰᠢᠭᠤᠨ ᠤ ᠤᠯᠠᠭᠠᠨᠮᠦ᠋ᠴᠢᠷ ᠤᠨ ᠲᠤᠭᠯᠠᠭᠴᠢᠳ ᠠᠴᠠ ᠭᠤᠴᠤ ᠰᠠᠶᠢᠬᠠᠨ ᠪᠦᠵᠢᠭ ᠢᠶᠠᠷ ᠳᠣᠭᠯᠠᠯᠳᠠ ᠶᠢᠨ ᠬᠦᠰᠢᠭᠡ ᠪᠠᠨ ᠨᠡᠬᠡᠬᠡᠵᠦ᠂ ᠬᠤᠤᠰᠯᠠᠯ ᠲᠠᠭᠤᠤ ︽ᠰᠢᠨ᠎ᠡ ᠴᠠᠭ ᠦᠶ᠎ᠡ ᠶᠢᠨ ᠵᠢᠷᠭᠠᠯᠲᠤ ᠭᠡᠷ ᠪᠦᠯᠢ ︾᠂ ᠡᠷᠡᠭᠳᠡᠢ ᠶᠢᠨ ᠭᠤᠴᠤᠯᠠᠯ ᠲᠠᠭᠤᠤ ︽ᠴᠢᠩᠬᠢᠰ ᠬᠠᠭᠠᠨ︾᠂ ᠪᠦᠵᠢᠭ ︽ᠴᠢᠨᠳᠠᠮᠤᠨᠢ ᠡᠷᠳᠡᠨᠢ︾ ᠵᠡᠷᠭᠡ ᠪᠠᠶᠠᠯᠢᠭ ᠠᠭᠤᠯᠭ᠎ᠠ ᠪᠦᠬᠦᠢ ᠲᠤᠭᠯᠠᠯᠳᠠ ᠪᠠᠷ ᠪᠠᠨ ᠮᠠᠯᠴᠢᠨ ᠲᠦᠮᠡᠨ ᠤ ᠬᠠᠷᠠᠭ᠎ᠠ ᠰᠤᠨᠤᠷ ᠢ ᠮᠢᠯᠢᠶᠠᠭᠰᠠᠨ ᠤ ᠬᠠᠮᠳᠣ ᠪᠠᠰᠠ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ ᠠᠭᠤᠯᠭ᠎ᠠ ᠲᠠᠢ ︽ᠵᠠᠯᠬᠠᠭᠤ ᠡᠷ᠎ᠡ ᠶᠠᠳᠠᠭᠤ ᠠᠴᠠ ᠠᠩᠬᠢᠵᠢᠷᠠᠭᠰᠠᠨ ᠨᠢ︾ ᠬᠡᠬᠦ ᠱᠤᠭ ᠵᠦᠴᠦᠬᠡ ᠶᠢ ᠲᠤᠭᠯᠠᠨ ᠶᠠᠳᠠᠭᠤ ᠬᠦᠴᠢᠷᠳᠡᠯᠳᠡᠢ ᠡᠷᠦᠬᠡ ᠶᠢᠨ ᠶᠠᠳᠠᠭᠤ ᠠᠴᠠ ᠠᠩᠭᠢᠵᠢᠷᠠᠬᠤ ᠢᠳᠡᠬᠡᠯ ᠵᠤᠷᠢᠭ ᠢ ᠨᠢ ᠬᠦᠪᠴᠢᠯᠡᠭᠰᠡᠨ ᠪᠠᠶᠢᠨ᠎ᠠ᠃      ᠲᠤᠰ ᠤᠳᠠᠭᠠᠨ ᠤ ᠠᠷᠠᠳ ᠳᠦᠮᠡᠨ ᠳᠤ ᠠᠰᠢᠭ ᠬᠦᠷᠳᠡᠭᠡᠬᠦ ᠳᠣᠭᠤᠷᠢᠨ ᠳᠣᠭᠯᠠᠯᠳᠠ ᠨᠢ ᠮᠠᠯᠵᠢᠬᠤ ᠲᠠᠷᠢᠶᠠᠯᠠᠬᠤ ᠤᠷᠤᠨ ᠤ ᠤᠶᠤᠨ ᠤ ᠪᠤᠯᠪᠠᠰᠤᠨ ᠤ ᠪᠠᠶᠢᠭᠤᠯᠤᠯᠳᠠ ᠶᠢ ᠲᠦᠯᠬᠢᠨ ᠠᠬᠢᠭᠤᠯᠵᠤ ᠬᠤᠶᠠᠷ ᠬᠤᠰᠢᠭᠤᠨ ᠤ ᠬᠤᠭᠤᠷᠤᠨᠳᠤᠭᠢ ᠰᠤᠶᠤᠯ ᠤᠨ ᠰᠤᠯᠢᠯᠴᠠᠭ᠎ᠠ ᠶᠢ ᠠᠭᠢᠭᠤᠯᠤᠨ ᠮᠠᠯᠴᠢᠨ ᠳᠦᠮᠡᠨ ᠤ ᠰᠤᠶᠤᠯ ᠤᠨ ᠠᠮᠢᠳᠤᠷᠠᠯ ᠤᠨ ᠭᠡᠷᠡᠭᠴᠡᠭᠡ ᠱᠠᠭᠠᠷᠳᠠᠯᠭ᠎ᠠ ᠶᠢ ᠬᠠᠩᠭᠠᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号