ᠰᠢ ᠶᠢᠨ ᠫᠢᠩ᠄ ᠤᠯᠠᠨ ᠤᠯᠤᠰ ᠤᠨ ᠰᠤᠯᠢᠯᠴᠠᠭ᠎ᠠ ᠬᠠᠮᠳᠤᠷᠠᠯᠴᠠᠭ᠎ᠠ ᠶᠢ ᠠᠬᠢᠭᠤᠯᠵᠤ ᠳᠡᠯᠡᠭᠡᠢ ᠶᠢᠨ ᠡᠯ᠎ᠠ ᠤᠯᠤᠰ ᠤᠨ ᠠᠷᠠᠳ ᠲᠦᠮᠡᠨ ᠤ ᠠᠭᠠᠷ ᠤᠨ ᠠᠶᠠᠯᠠᠯ ᠰᠠᠨᠰᠠᠷ ᠤᠨ ᠠᠶᠠᠯᠠᠯ ᠤᠨ ᠮᠡᠷᠭᠡᠵᠢᠯ ᠤᠨ ᠬᠦᠭᠵᠢᠯᠳᠠ ᠶᠢᠨ ᠦᠷ᠎ᠠ ᠪᠦᠳᠦᠭᠡᠯ ᠢ ᠬᠠᠮᠳᠤ ᠪᠠᠷ ᠡᠳ᠋ᠯᠡᠬᠦ ᠳᠤ ᠬᠤᠪᠢ ᠨᠡᠮᠡᠷᠢ ᠦᠵᠡᠬᠦᠯᠬᠦ ᠭᠡᠷᠡᠭᠲᠡᠢ
ᠨᠡᠶᠢᠲᠡᠯᠡᠭᠰᠡᠨ ᠴᠠᠭ᠄
2018-11-09
      ᠰᠢᠨᠬᠤᠸᠠ ᠬᠤᠷᠢᠶᠠᠨ ᠤ ᠵᠦᠬᠠᠢ ᠶᠢᠨ 11 ᠰᠠᠷ᠎ᠠ ᠶᠢᠨ 6 ᠤ ᠴᠠᠬᠢᠯᠭᠠᠨ ᠮᠡᠳᠡᠭᠡ   ᠠᠷᠪᠡᠨ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠠᠭᠠᠷ ᠤᠨ ᠠᠶᠠᠯᠠᠯ ᠰᠠᠨᠰᠠᠷ ᠤᠨ ᠠᠶᠠᠯᠠᠯ ᠤᠨ ᠦᠵᠡᠰᠬᠦᠯᠡᠩ ᠤᠨ ᠴᠤᠬᠯᠠᠭᠠᠨ 6 ᠤ ᠡᠳᠦᠷ ᠵᠦᠬᠠᠢ ᠶᠢᠨ ᠤᠯᠠᠨ ᠤᠯᠤᠰ ᠤᠨ ᠠᠭᠠᠷ ᠤᠨ ᠠᠶᠠᠯᠠᠯ ᠤᠨ ᠦᠵᠡᠬᠦᠯᠬᠡ ᠶᠢᠨ ᠲᠦᠪ ᠲᠤ ᠡᠬᠢᠯᠡᠪᠡ᠃ ᠤᠯᠤᠰ ᠤᠨ ᠲᠡᠷᠢᠬᠦᠯᠡᠭᠴᠢ ᠰᠢ ᠶᠢᠨ ᠫᠢᠩ ᠠᠭᠠᠷ ᠤᠨ ᠠᠶᠠᠯᠠᠯ ᠰᠠᠨᠰᠠᠷ ᠤᠨ ᠠᠶᠠᠯᠠᠯ ᠤᠨ ᠦᠵᠡᠰᠬᠦᠯᠡᠩ ᠤᠨ ᠴᠤᠬᠯᠠᠭᠠᠨ ᠡᠬᠢᠯᠡᠭᠰᠡᠨ ᠳᠤ ᠵᠡᠬᠢᠳᠠᠯ ᠢᠯᠡᠭᠡᠨ ᠬᠠᠯᠠᠭᠤᠨ ᠪᠠᠶᠠᠷ ᠬᠦᠷᠭᠡᠵᠦ᠂ ᠦᠵᠡᠰᠬᠦᠯᠡᠩ ᠤᠨ ᠴᠤᠬᠯᠠᠭᠠᠨ ᠳᠤ ᠤᠷᠤᠯᠴᠠᠬᠰᠠᠨ ᠡᠯ᠎ᠠ ᠤᠯᠤᠰ ᠤᠨ ᠲᠦᠯᠦᠭᠡᠯᠡᠭᠴᠢᠳ᠂ ᠠᠵᠤ ᠠᠬᠤᠶᠢᠯᠠᠯᠳᠠᠳ ᠵᠡᠷᠭᠡ ᠡᠯ᠎ᠠ ᠡᠳᠡᠭᠡᠳ ᠤᠨ ᠬᠦᠮᠦᠰ ᠢ ᠴᠢᠩ ᠰᠡᠳᠬᠢᠯ ᠠᠴᠠ ᠪᠠᠨ ᠪᠠᠶᠠᠷᠯᠠᠨ ᠤᠬᠳᠤᠵᠦ ᠪᠠᠶᠢᠬᠤ  ᠪᠠᠨ ᠢᠯᠡᠳᠭᠡᠵᠡᠢ᠃      ᠰᠢ ᠶᠢᠨ ᠫᠢᠩ ᠪᠠᠶᠠᠷ ᠤᠨ ᠵᠠᠬᠢᠳᠠᠯ ᠳᠠᠭᠠᠨ᠂ ᠬᠦᠮᠦᠨ ᠲᠦᠷᠦᠯᠬᠢᠳᠡᠨ ᠠᠯᠢ ᠡᠷᠳᠡ ᠠᠴᠠ ᠬᠢᠵᠠᠭᠠᠷ ᠦᠭᠡᠢ ᠠᠭᠤᠳᠠᠮ ᠤᠬᠳᠠᠷᠭᠤᠢ ᠳᠤ ᠬᠦᠰᠡᠯ ᠡᠷᠡᠮᠡᠯᠵᠡᠯ ᠲᠠᠯᠪᠢᠵᠦ᠂ ᠳᠤᠮᠳᠠᠳᠤ ᠶᠢᠨ ᠦᠨᠳᠦᠰᠦᠳᠡᠨ ᠰᠠᠨᠰᠠᠷ ᠲᠤ ᠠᠶᠠᠯᠠᠬᠤ ᠬᠦᠰᠡᠯ ᠵᠡᠬᠦᠳᠦ ᠪᠠᠨ ᠦᠶ᠎ᠠ ᠲᠠᠮᠵᠢᠨ ᠤᠯᠠᠮᠵᠢᠯᠠᠨ ᠳᠠᠮᠵᠢᠭᠤᠯᠤᠬᠰᠠᠭᠠᠷ ᠢᠷᠡᠵᠡᠢ᠃ 19 ᠳ᠋ᠤᠭᠡᠷ ᠵᠠᠭᠤᠨ ᠠᠴᠠ ᠨᠠᠰᠢ᠂ ᠳᠡᠯᠡᠭᠡᠢ ᠶᠢᠨ ᠠᠭᠠᠷ ᠤᠨ ᠠᠶᠠᠯᠠᠯ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠯᠤᠳᠤ ᠶᠡᠭᠡ ᠠᠮᠵᠢᠯᠳᠠ ᠤᠯᠵᠦ᠂ ᠬᠦᠮᠦᠨ ᠲᠦᠷᠦᠯᠬᠢᠳᠡᠨ ᠤ ᠪᠤᠯᠪᠠᠰᠤᠨ ᠤ ᠬᠦᠭᠵᠢᠯᠳᠠ ᠲᠠᠪᠰᠢᠯᠳᠠ ᠶᠢ ᠠᠬᠢᠭᠤᠯᠪᠠ᠃ ᠢᠷᠡᠭᠡᠳᠦᠢ ᠳᠤ ᠬᠠᠨᠳᠤᠬᠤᠶ᠎ᠠ᠂ ᠠᠭᠠᠷ ᠤᠨ ᠠᠶᠠᠯᠠᠯ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠭᠵᠢᠯᠳᠠ ᠨᠢ ᠬᠦᠮᠦᠨ ᠲᠦᠷᠦᠯᠬᠢᠳᠡᠨ ᠳᠤ ᠨᠡᠩ ᠤᠯᠠᠨ ᠪᠤᠶᠠᠨ ᠦᠢᠯᠡᠳᠬᠦ ᠨᠢ ᠯᠠᠪᠳᠠᠢ ᠶᠤᠮ ᠭᠡᠵᠦ ᠵᠢᠭᠠᠵᠦ ᠭᠠᠷᠭᠠᠪᠠ᠃      ᠰᠢ ᠶᠢᠨ ᠫᠢᠩ᠂ ᠳᠤᠮᠳᠠᠳᠤ ᠤᠯᠤᠰ ᠢᠮᠠᠬᠳᠠ ᠳᠡᠯᠡᠭᠡᠢ ᠶᠢᠨ ᠡᠯ᠎ᠠ ᠤᠯᠤᠰ ᠲᠠᠢ ᠬᠠᠮᠳᠦ ᠪᠠᠷ ᠠᠭᠠᠷ ᠤᠨ ᠠᠶᠠᠯᠠᠯ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠭᠵᠢᠯᠳᠠ ᠶᠢ ᠠᠬᠢᠭᠤᠯᠬᠤ ᠪᠠᠷ ᠬᠦᠴᠦᠯᠡᠭᠰᠡᠭᠡᠷ ᠢᠷᠡᠵᠡᠢ᠃ 20 ᠭᠠᠷᠤᠢ ᠵᠢᠯ ᠤᠨ ᠴᠢᠷᠮᠠᠶᠢᠯᠭ᠎ᠠ ᠪᠠᠷ ᠳᠠᠮᠵᠢᠨ ᠳᠤᠮᠳᠠᠳᠤ ᠤᠯᠤᠰ ᠤᠨ ᠤᠯᠠᠨ ᠤᠯᠤᠰ ᠤᠨ ᠠᠭᠠᠷ ᠤᠨ ᠠᠶᠠᠯᠠᠯ ᠰᠠᠨᠰᠠᠷ ᠤᠨ ᠠᠶᠠᠯᠠᠯ ᠤᠨ ᠦᠵᠡᠰᠬᠦᠯᠡᠩ ᠤᠨ ᠴᠤᠬᠯᠠᠭᠠᠨ ᠨᠢ ᠤᠯᠠᠨ ᠤᠯᠤᠰ ᠤᠨ ᠨᠦᠯᠦᠭᠡᠯᠡᠬᠦ ᠬᠦᠴᠦᠨ ᠲᠠᠢ ᠠᠭᠠᠷ ᠤᠨ ᠠᠶᠠᠯᠠᠯ ᠰᠠᠨᠰᠠᠷ ᠤᠨ ᠠᠶᠠᠯᠠᠯ ᠤᠨ ᠲᠤᠰᠬᠠᠢ ᠮᠡᠷᠭᠡᠵᠢᠯ ᠤᠨ ᠦᠵᠡᠬᠦᠯᠭᠡ ᠶᠢᠨ ᠨᠢᠭᠡ ᠪᠤᠯᠵᠦ᠂ ᠳᠡᠯᠡᠭᠡᠢ ᠶᠢᠨ ᠠᠭᠠᠷ ᠤᠨ ᠠᠶᠠᠯᠠᠯ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠭᠵᠢᠯᠳᠠ ᠶᠢ ᠠᠬᠢᠭᠤᠯᠬᠤ ᠳᠤ ᠢᠳᠡᠪᠬᠢᠳᠠᠢ ᠦᠢᠯᠡᠳᠦᠯ ᠦᠵᠡᠬᠦᠯᠪᠠ᠃ ᠲᠤᠰ ᠬᠤᠭᠤᠴᠠᠭᠠᠨ ᠤ ᠦᠵᠡᠰᠬᠦᠯᠡᠩ  ᠤᠨ ᠴᠤᠬᠯᠠᠭᠠᠨ ᠨᠢ ᠯᠠᠪᠳᠠᠶ᠎ᠠ ᠳᠡᠯᠡᠭᠡᠢ ᠶᠢᠨ ᠠᠭᠠᠷ ᠤᠨ ᠠᠶᠠᠯᠠᠯ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠭᠵᠢᠯᠳᠠ ᠶᠢ ᠬᠦᠴᠦᠳᠠᠢ ᠠᠬᠢᠭᠤᠯᠵᠦ᠂ ᠤᠯᠠᠨ ᠤᠯᠤᠰ ᠤᠨ ᠰᠤᠯᠢᠯᠴᠠᠭ᠎ᠠ ᠬᠠᠮᠳᠤᠷᠠᠯᠴᠠᠭ᠎ᠠ ᠶᠢ ᠠᠬᠢᠭᠤᠯᠵᠦ᠂ ᠳᠡᠯᠡᠭᠡᠢ ᠶᠢᠨ ᠡᠯ᠎ᠠ ᠤᠯᠤᠰ ᠤᠨ ᠠᠷᠠᠳ ᠲᠦᠮᠡᠨ ᠠᠭᠠᠷ ᠤᠨ ᠠᠶᠠᠯᠠᠯ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠭᠵᠢᠯᠳᠠ ᠶᠢᠨ ᠦᠷ᠎ᠠ ᠪᠦᠳᠦᠭᠡᠯ ᠢ ᠬᠠᠮᠳᠤ ᠪᠠᠷ ᠡᠳ᠋ᠯᠡᠬᠦ ᠳᠤ ᠬᠤᠪᠢ ᠨᠡᠮᠡᠷᠢ ᠦᠵᠡᠬᠦᠯᠬᠦ ᠶᠢ ᠢᠳᠡᠭᠡᠵᠦ ᠪᠠᠶᠢᠨ᠎ᠠ ᠭᠡᠵᠦ ᠴᠢᠬᠤᠯᠠᠴᠢᠯᠠᠪᠠ᠃      ᠡᠬᠢᠯᠡᠯᠳᠠ ᠶᠢᠨ ᠶᠤᠰᠤᠯᠠᠯ ᠳᠡᠭᠡᠷ᠎ᠠ᠂ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠭᠡᠰᠢᠬᠦᠨ᠂ ᠭᠤᠸᠠᠩᠳᠦ᠋ᠩ ᠮᠤᠵᠢ ᠶᠢᠨ ᠨᠠᠮ ᠤᠨ ᠬᠤᠷᠢᠶᠠᠨ ᠤ ᠱᠦᠵᠢ ᠯᠢ ᠰᠢ ᠠᠴᠠ ᠰᠢ ᠶᠢᠨ ᠫᠢᠩ ᠤᠨ ᠪᠠᠶᠠᠷ ᠤᠨ ᠵᠠᠬᠢᠳᠠᠯ ᠢ ᠤᠩᠰᠢᠨ ᠨᠡᠶᠢᠳᠡᠯᠡᠵᠡᠢ᠃ ᠰᠢᠤᠢ ᠴᠢ ᠯᠢᠶᠠᠩ᠂ ᠸᠠᠩ ᠶᠦᠩ᠂ ᠾᠧ ᠾᠸᠦ ᠬᠤᠸᠠ᠂ ᠯᠢᠶᠠᠩ ᠵᠧᠨ ᠶᠢᠩ ᠤᠷᠤᠯᠴᠠᠪᠠ᠃      ᠠᠷᠪᠡᠨ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠠᠭᠠᠷ ᠤᠨ ᠠᠶᠠᠯᠠᠯ ᠰᠠᠨᠰᠠᠷ ᠤᠨ ᠠᠶᠠᠯᠠᠯ ᠤᠨ ᠦᠵᠡᠰᠬᠦᠯᠡᠩ ᠤᠨ ᠴᠤᠬᠯᠠᠭᠠᠨ 11 ᠰᠠᠷ᠎ᠠ ᠶᠢᠨ 6 ᠤ ᠡᠳᠦᠷ ᠠᠴᠠ 11 ᠤ ᠡᠳᠦᠷ ᠪᠤᠯᠳᠠᠯ᠎ᠠ ᠭᠤᠸᠠᠩᠳᠦ᠋ᠩ ᠮᠤᠵᠢ ᠶᠢᠨ ᠵᠦᠬᠠᠢ ᠬᠤᠳᠠ ᠳᠤ ᠶᠠᠪᠤᠭᠳᠠᠨ᠎ᠠ᠃ 1996 ᠤᠨ ᠳᠤ ᠠᠩᠬᠠᠳᠤᠭᠠᠷ ᠬᠤᠭᠤᠴᠠᠭᠠᠨ ᠤ ᠦᠵᠡᠰᠬᠦᠯᠡᠩ ᠤᠨ ᠴᠤᠬᠯᠠᠭᠠᠨ ᠢ ᠡᠷᠬᠢᠯᠡᠭᠰᠡᠨ ᠠᠴᠠ ᠨᠠᠭᠠᠰᠢ᠂ ᠳᠤᠮᠳᠠᠳᠤ ᠤᠯᠤᠰ ᠤᠨ ᠤᠯᠠᠨ ᠤᠯᠤᠰ ᠤᠨ ᠠᠭᠠᠷ ᠤᠨ ᠠᠶᠠᠯᠠᠯ ᠰᠠᠨᠰᠠᠷ ᠤᠨ ᠠᠶᠠᠯᠠᠯ ᠤᠨ ᠦᠵᠡᠰᠬᠦᠯᠡᠩ ᠤᠨ ᠴᠤᠬᠯᠠᠭᠠᠨ ᠨᠢ ᠨᠢᠬᠡᠨᠳᠡ ᠠᠷᠠᠯᠵᠢᠶᠠᠨ ᠤ ᠴᠢᠨᠠᠷ᠂ ᠲᠤᠰᠬᠠᠢ ᠮᠡᠷᠭᠡᠵᠢᠯ ᠤᠨ ᠴᠢᠨᠠᠷ᠂ ᠦᠵᠡᠬᠦᠯᠭᠡ ᠶᠢᠨ ᠴᠢᠨᠠᠷ ᠢ ᠨᠢᠭᠡ ᠴᠤᠬᠴᠠᠵᠢᠭᠤᠯᠤᠭᠰᠠᠨ᠂ ᠤᠳᠤᠬᠠᠨ ᠤ ᠤᠯᠠᠨ ᠤᠯᠤᠰ ᠤᠨ ᠠᠭᠠᠷ ᠤᠨ ᠠᠶᠠᠯᠠᠯ ᠰᠠᠨᠰᠠᠷ ᠤᠨ ᠠᠶᠠᠯᠠᠯ ᠤᠨ ᠲᠡᠷᠢᠬᠦᠨ ᠤ ᠰᠢᠨᠵᠢᠯᠡᠬᠦ ᠤᠬᠠᠭᠠᠨ ᠮᠡᠷᠭᠡᠵᠢᠯ ᠢ ᠲᠦᠯᠦᠭᠡᠯᠡᠭᠰᠡᠨ ᠦᠪᠡᠳᠡᠭᠰᠢ ᠴᠤᠬᠯᠠᠭᠠᠨ ᠪᠤᠯᠵᠦ ᠬᠦᠭᠵᠢᠪᠡ᠃ ᠲᠤᠰ ᠬᠤᠭᠤᠴᠠᠭᠠᠨ ᠤ ᠦᠵᠡᠰᠬᠦᠯᠡᠩ ᠤᠨ ᠴᠤᠬᠯᠠᠭᠠᠨ ᠳᠤ 40 ᠭᠠᠷᠤᠢ ᠤᠯᠤᠰ ᠪᠠ ᠭᠠᠵᠠᠷ ᠤᠷᠤᠨ ᠤ 700 ᠭᠠᠷᠤᠢ ᠠᠷᠠᠯᠵᠢᠶᠡᠴᠢᠨ ᠤᠷᠤᠯᠴᠠᠵᠦ᠂ ᠳᠡᠯᠡᠭᠡᠢ ᠶᠢᠨ ᠠᠭᠠᠷ ᠤᠨ ᠠᠶᠠᠯᠠᠯ ᠰᠠᠨᠰᠠᠷ ᠤᠨ ᠠᠶᠠᠯᠠᠯ ᠤᠨ ᠬᠤᠰᠢᠭᠤᠷᠠᠯ ᠬᠦᠭᠵᠢᠯᠳᠠ ᠶᠢᠨ ᠲᠦᠪᠰᠢᠨ ᠢ ᠬᠦᠢᠴᠡᠳ ᠳᠡᠯᠭᠡᠨ ᠦᠵᠡᠬᠦᠯᠵᠡᠢ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号