| | | | | 12 ᠰᠠᠷ᠎ᠠ ᠶᠢᠨ 6 ᠤ ᠡᠳᠤᠷ᠂ ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ ᠪᠥᠭᠦ | ᠬᠤᠰᠢᠭᠤᠨ ᠤ ᠭᠥᠳᠡᠭᠡ ᠲᠤᠰᠬᠤᠨ ᠢ ᠭᠥᠭᠵᠢᠭᠦᠯᠤᠨ ᠮᠠᠨᠳᠤᠭᠤᠯᠬᠤ ᠠᠵᠢᠯ ᠤᠨ ᠭᠡᠷᠡᠭᠵᠢᠭᠦᠯᠭᠦ ᠲᠥᠰᠥᠯ ᠢ | ᠨᠠᠶᠢᠷᠠᠭᠤᠯᠤᠨ ᠵᠤᠭᠢᠶᠠᠬᠤ ᠠᠵᠢᠯ ᠤᠨ ᠰᠠᠭᠤᠳᠠᠯ ᠤᠨ ᠬᠤᠷᠠᠯ ᠢ ᠡᠷᠭᠢᠯᠠᠨ ᠬᠤᠷᠠᠯᠳᠤᠭᠤᠯᠤᠭᠰᠠᠨ ᠪᠠᠶᠢᠨ᠎ᠠ᠃ | ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠤᠯᠤᠰ | ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠥᠵᠢ ᠰᠤᠷᠭᠠᠯᠳᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ | ᠶᠢᠨ ᠭᠡᠰᠢᠭᠦᠨ ᠤᠬᠠᠭᠤᠯᠬᠤ ᠭᠡᠯᠳᠡᠰ ᠤᠨ ᠲᠠᠷᠤᠭ᠎ᠠ ᠹᠧᠩ ᡁᠢ ᠮᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ | ᠶᠢᠨ ᠭᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠭᠢᠯᠡᠭᠴᠢ ᠵᠤᠤ ᠶᠥᠩ ᠹᠧᠩ᠂ ᠬᠤᠰᠢᠭᠤ ᠳᠡᠳ᠋ | ᠳᠠᠷᠤᠭ᠎ᠠ ᠡᠳ᠋ ᠤᠨ ᠵᠠᠰᠠᠭ ᠤᠨ ᠲᠤᠪᠴᠢᠶᠠᠨ ᠳᠠᠷᠤᠭ᠎ᠠ ᠪᠠᠶᠠᠠᠴᠠᠩᠭᠡᠯ᠂ ᠤᠯᠤᠰ ᠲᠦᠷᠤ ᠶᠢᠨ ᠵᠦᠪᠯᠡᠯᠭᠡᠨ ᠤ ᠳᠡᠳ᠋ | ᠲᠡᠷᠢᠭᠦᠯᠡᠭᠴᠢ ᠰᠢᠷᠠᠤ᠋ᠰᠤᠨ ᠪᠠᠯᠭᠠᠰᠤᠨ ᠤ ᠱᠦᠵᠢ ᠸᠠᠩ ᠭᠠᠩ ᠪᠤᠯᠤᠨ ᠡᠯ᠎ᠠ ᠰᠤᠮᠤ ᠪᠠᠯᠭᠠᠰᠤᠨ ᠤ ᠨᠠᠮ ᠤᠨ | ᠬᠤᠷᠢᠶᠠᠨ ᠤ ᠱᠥᠵᠢ᠂ ᠬᠤᠰᠢᠭᠤ ᠨᠠᠮ ᠤᠨ ᠬᠤᠷᠢᠶᠠᠨ ᠤ ᠵᠤᠭᠢᠶᠠᠨ ᠪᠠᠶᠢᠭᠤᠯᠬᠤ ᠭᠡᠯᠳᠡᠰ᠂ ᠵᠠᠮ ᠬᠠᠷᠢᠯᠴᠠᠭᠠᠨ ᠤ | ᠲᠤᠪᠴᠢᠶ᠎ᠠ᠂ ᠮᠠᠯ ᠲᠠᠷᠢᠶᠠᠯᠠᠠᠩ ᠤᠨ ᠲᠤᠪᠴᠢᠶ᠎ᠠ᠂ ᠭᠥᠭᠵᠢᠭᠦᠯᠥᠯᠳᠠ ᠥᠭᠡᠷᠡᠴᠢᠯᠠᠯᠳᠠ ᠶᠢᠨ ᠲᠤᠪᠴᠢᠶ᠎ᠠ ᠵᠡᠷᠭᠡ | ᠬᠤᠯᠪᠤᠭᠳᠠᠯ ᠪᠥᠭᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠤᠷᠠᠯ ᠳᠤ ᠤᠷᠤᠯᠴᠠᠪᠠ᠃ | ᠬᠤᠷᠠᠯ ᠲᠡᠭᠡᠷ᠎ᠡ ᠰᠤᠷᠭᠠᠯᠳᠤ᠂ ᠪᠥᠭᠦ ᠬᠤᠳᠠ ᠶᠢᠨ ᠭᠥᠳᠡᠭᠡ ᠲᠤᠰᠬᠤᠨ ᠢ ᠭᠥᠭᠵᠢᠭᠦᠯᠤᠨ ᠮᠠᠨᠳᠤᠭᠤᠯᠬᠤ | ᠪᠠᠶᠢᠯᠳᠤᠬᠤ ᠪᠤᠳᠤᠯᠭ᠎ᠠ ᠶᠢᠨ ᠲᠥᠯᠥᠪᠯᠡᠭᠡ ᠨᠠᠶᠢᠷᠠᠭᠤᠯᠤᠨ ᠵᠤᠭᠢᠶᠠᠬᠤ ᠠᠵᠢᠯ ᠢ ᠠᠭᠢᠭᠤᠯᠬᠤ ᠬᠤᠷᠠᠯ ᠤᠨ ᠵᠤᠷᠢᠭ | ᠰᠨᠨᠠᠭ᠎ᠠ ᠶᠢ ᠤᠯᠠᠮᠵᠢᠯᠠᠨ᠂ ᠪᠥᠭᠦ ᠬᠤᠰᠢᠭᠤᠨ ᠤ ᠭᠥᠳᠡᠭᠡ ᠲᠤᠰᠬᠤᠨ ᠢ ᠭᠥᠭᠵᠢᠭᠦᠯᠤᠨ ᠮᠠᠨᠳᠤᠭᠤᠯᠬᠤ ᠠᠵᠢᠯ ᠤᠨ | ᠭᠡᠷᠡᠭᠵᠢᠭᠦᠯᠭᠦ ᠲᠥᠰᠥᠯ ᠨᠠᠶᠢᠷᠠᠭᠤᠯᠤᠨ ᠵᠤᠭᠢᠶᠠᠬᠤ ᠠᠵᠢᠯ ᠳᠤ ᠲᠠᠭᠢᠨ ᠲᠠᠶᠢᠴᠢᠯᠠᠯᠲᠠ ᠪᠠᠶᠢᠷᠢᠯᠠᠭᠤᠯᠤᠯᠳᠠ ᠭᠢᠪᠠ᠃ | ᠬᠤᠰᠢᠭᠤ ᠰᠢᠭᠤᠳ ᠬᠠᠷᠢᠶ᠎ᠠ ᠬᠤᠯᠪᠤᠭᠳᠠᠯ ᠪᠥᠭᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠪᠥᠭᠦ ᠬᠤᠰᠢᠭᠤᠨ ᠤ | ᠭᠥᠳᠡᠭᠡ ᠲᠤᠰᠬᠤᠨ ᠢ ᠭᠥᠭᠵᠢᠭᠦᠯᠤᠨ ᠮᠠᠨᠳᠤᠭᠤᠯᠬᠤ ᠠᠵᠢᠯ ᠤᠨ ᠭᠡᠷᠡᠭᠵᠢᠭᠦᠯᠭᠦ ᠲᠥᠰᠥᠯ ᠨᠠᠶᠢᠷᠠᠭᠤᠯᠤᠨ ᠵᠤᠭᠢᠶᠠᠬᠤ | ᠠᠵᠢᠯ ᠳᠤ ᠰᠠᠨᠠᠯ ᠰᠠᠨᠠᠭᠤᠯᠭ᠎ᠠ ᠲᠤᠷᠠᠳᠤᠭᠰᠠᠨ ᠪᠠᠶᠢᠨ᠎ᠠ᠃ | ᠡᠷᠳᠡᠨᠢᠪᠢᠯᠢᠭ ᠵᠢᠭᠠᠵᠤ ᠭᠠᠷᠭᠠᠬᠤ ᠳᠤ ᠪᠠᠨ᠂ ᠪᠥᠭᠦ ᠬᠤᠰᠢᠭᠤᠨ ᠤ ᠡᠯ᠎ᠠ ᠭᠠᠵᠠᠷ ᠤᠷᠤᠨ᠂ ᠡᠯ᠎ᠠ ᠰᠠᠯᠠᠭ᠎ᠠ | ᠮᠥᠴᠢᠷ ᠤᠨ ᠬᠢᠨ ᠭᠥᠳᠡᠭᠡ ᠲᠤᠰᠬᠤᠨ ᠢ ᠭᠥᠭᠵᠢᠭᠦᠯᠤᠨ ᠮᠠᠨᠳᠤᠭᠤᠯᠬᠤ ᠠᠵᠢᠯ ᠤᠨ ᠭᠡᠷᠡᠭᠵᠢᠭᠦᠯᠭᠦ ᠲᠥᠰᠥᠯ ᠢ | ᠰᠠᠶᠢᠨ ᠨᠠᠶᠢᠷᠠᠭᠤᠯᠤᠨ ᠵᠤᠭᠢᠶᠠᠬᠤ ᠴᠢᠬᠤᠯᠠ ᠠᠴᠢ ᠬᠤᠯᠪᠤᠭᠳᠠᠯ ᠢ ᠭᠥᠢᠴᠡᠳ ᠲᠠᠨᠢᠵᠤ᠂ ᠤᠯᠤᠰ ᠲᠥᠷᠥ ᠶᠢᠨ | ᠵᠤᠭᠰᠤᠴᠠ ᠪᠠᠨ ᠲᠡᠭᠡᠭᠰᠢᠯᠡᠭᠦᠯᠤᠨ ᠨᠢᠭᠲᠠ ᠬᠠᠮᠵᠢᠯᠴᠠᠵᠤ᠂ ᠲᠥᠰᠥᠯ ᠢ ᠥᠨᠳᠤᠷ ᠡᠭᠢᠯᠠᠯᠳᠠ ᠥᠨᠳᠤᠷ ᠭᠢᠷᠢ | ᠲᠥᠪᠰᠢᠨ ᠢᠶᠠᠷ ᠨᠠᠶᠢᠷᠠᠭᠤᠯᠤᠨ ᠵᠤᠭᠢᠶᠠᠬᠤ ᠭᠡᠷᠡᠭᠳᠠᠢ ᠭᠡᠵᠡᠢ᠃ | ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠲᠥᠰᠥᠯ ᠢ ᠨᠠᠶᠢᠷᠠᠭᠤᠯᠬᠤ ᠶᠠᠪᠤᠴᠠ ᠲᠤᠮᠳᠠ ᠲᠥᠪ᠂ | ᠥᠪᠡᠷᠳᠡᠭᠡᠨ ᠵᠠᠰᠠᠬᠤ ᠤᠷᠤᠨ᠂ ᠬᠤᠳᠠ ᠶᠢᠨ ᠰᠢᠢᠳᠪᠤᠷᠢᠲᠤ ᠪᠠᠶᠢᠷᠢᠯᠠᠭᠤᠯᠤᠯᠳᠠ ᠶᠢ ᠢᠯᠡᠷᠡᠭᠦᠯᠬᠦ ᠪᠠᠷ ᠪᠠᠷᠠᠬᠤ | ᠦᠭᠡᠢ ᠮᠠᠨ ᠤ ᠬᠤᠰᠢᠭᠤᠨ ᠤ ᠬᠤᠳᠠ ᠭᠥᠳᠡᠭᠡ ᠶᠢᠨ ᠭᠥᠭᠵᠢᠯᠳᠠ ᠶᠢᠨ ᠤᠳᠤᠭᠢ ᠪᠠᠶᠢᠳᠠᠯ ᠪᠤᠯᠤᠨ ᠠᠵᠢᠯ ᠤᠨ | ᠪᠤᠳᠠᠳᠠᠢ ᠲᠠᠢ ᠤᠶᠠᠯᠳᠤᠭᠤᠯᠤᠨ᠂ ᠬᠤᠳᠠ ᠭᠥᠳᠡᠭᠡ ᠶᠢ ᠠᠭᠤᠰᠤᠯᠴᠠᠭᠤᠯᠬᠤ᠂ ᠨᠢᠭᠡ ᠴᠤᠭᠴᠠᠵᠢᠭᠤᠯᠤᠨ | ᠲᠥᠯᠥᠪᠵᠢᠭᠦᠯᠭᠦ ᠥᠵᠠᠯᠳᠠ ᠶᠢ ᠪᠤᠢ ᠪᠤᠯᠭᠠᠨ ᠠᠵᠤ ᠠᠬᠤᠢ᠂ ᠨᠡᠶᠢᠭᠡᠮ᠂ ᠭᠠᠵᠠᠷ ᠰᠢᠷᠤᠢ᠂ ᠤᠷᠴᠢᠨ ᠲᠤᠭᠤᠷᠢᠨ᠂ | ᠤᠰᠤᠨ ᠤ ᠡᠭᠢ ᠰᠤᠷᠪᠤᠯᠵᠢ᠂ ᠬᠤᠳᠠ ᠭᠥᠳᠡᠭᠡ ᠶᠢᠨ ᠪᠥᠳᠥᠭᠡᠨ ᠪᠠᠶᠢᠭᠤᠯᠤᠯᠳᠠ᠂ ᠵᠠᠮ ᠬᠠᠷᠢᠯᠴᠠᠭ᠎ᠠ᠂ ᠨᠠᠶᠢᠭᠡᠮ | ᠤᠨ ᠥᠢᠯᠡᠰ ᠵᠡᠷᠭᠡ ᠡᠯ᠎ᠠ ᠲᠥᠷᠤᠯ ᠤᠨ ᠲᠥᠯᠥᠪᠵᠢᠭᠦᠯᠭᠡ ᠲᠠᠢ ᠵᠤᠭᠢᠰᠳᠠᠢ ᠬᠤᠯᠪᠤᠭᠳᠠᠭᠤᠯᠵᠤ᠂ ᠡᠯ᠎ᠠ ᠲᠥᠷᠥᠯ | ᠤᠨ ᠡᠭᠢ ᠪᠠᠶᠠᠯᠢᠭ ᠢ ᠪᠥᠳᠥᠮᠵᠢᠳᠠᠢ ᠲᠤᠭᠢᠷᠠᠭᠤᠯᠬᠤ ᠭᠡᠷᠡᠭᠳᠠᠢ᠃ ᠲᠥᠯᠥᠪᠵᠢᠭᠦᠯᠭᠡ᠂ ᠰᠤᠶᠤᠯ᠂ ᠴᠢᠳᠠᠪᠤᠷᠢᠳᠠᠨ᠂ | ᠥᠢᠯᠡᠴᠢᠯᠡᠭᠡ ᠵᠡᠷᠭᠡ ᠶᠢᠨ ᠡᠯᠧᠮᠧᠨ᠋ᠲ ᠶᠢᠨ ᠲᠤᠭᠤᠷᠢᠨ ᠳᠤ ᠲᠤᠭᠢᠷᠠᠭᠤᠯᠤᠯᠳᠠ ᠶᠢ ᠰᠢᠯᠢᠳᠡᠭᠵᠢᠭᠦᠯᠤᠨ᠂ ᠭᠥᠳᠡᠭᠡ | ᠲᠤᠰᠬᠤᠨ ᠢ ᠭᠥᠭᠵᠢᠭᠦᠯᠤᠨ ᠮᠠᠨᠳᠤᠭᠤᠯᠬᠤ ᠭᠥᠴᠥᠷᠭᠡᠭ ᠶᠡᠭᠡ ᠭᠥᠳᠡᠯᠭᠡᠭᠦ ᠭᠥᠴᠤᠨ ᠢ ᠪᠥᠷᠢᠯᠳᠤᠭᠦᠯᠭᠦ ᠭᠡᠷᠡᠭᠳᠠᠢ᠃ | ᠭᠥᠳᠡᠭᠡ ᠲᠤᠰᠬᠤᠨ ᠢ ᠭᠥᠭᠵᠢᠭᠦᠯᠤᠨ ᠮᠠᠨᠳᠤᠭᠤᠯᠬᠤ ᠶᠢᠨ ᠲᠥᠷᠥᠯ ᠵᠥᠢᠯ ᠤᠨ ᠲᠤᠯᠭᠠᠭᠤᠷᠢᠯᠠᠯ ᠢ ᠤᠨᠤᠪᠴᠢᠳᠠᠢ | ᠡᠵᠡᠮᠳᠠᠨ᠂ ᠠᠮᠤᠷ ᠲᠥᠪᠰᠢᠨ ᠤᠤᠭᠤᠬᠤ ᠤᠰᠤ᠂ ᠪᠤᠵᠠᠷ ᠤᠰᠤ ᠶᠢ ᠰᠢᠢᠳᠪᠤᠷᠢᠯᠡᠬᠦ᠂ ᠬᠤᠭ ᠨᠤᠪᠰᠢ ᠶᠢ | ᠰᠢᠢᠳᠪᠤᠷᠢᠯᠡᠬᠦ᠂ ᠵᠤᠷᠯᠤᠩ ᠤᠨ ᠥᠭᠡᠷᠡᠴᠢᠯᠠᠯᠳᠠ᠂ ᠤᠷᠴᠢᠨ ᠲᠤᠭᠤᠷᠢᠨ ᠤ ᠲᠡᠭᠡᠭᠰᠢᠯᠡᠯᠳᠠ ᠶᠢ ᠠᠭᠢᠭᠤᠯᠤᠨ ᠤᠰᠤ᠂ | ᠴᠠᠭᠢᠯᠭᠠᠨ᠂ ᠵᠠᠮ᠂ ᠮᠡᠳᠡᠭᠡ ᠵᠠᠩᠭᠢ ᠪᠤᠯᠤᠨ ᠰᠤᠷᠭᠠᠨ ᠭᠥᠮᠤᠵᠢᠯ᠂ ᠡᠮ ᠡᠮᠨᠡᠯᠭᠡ᠂ ᠨᠠᠰᠤᠳᠠᠨ ᠤ ᠠᠰᠠᠷᠠᠮᠵᠢ᠂ | ᠰᠤᠶᠤᠯ ᠤᠨ ᠲᠠᠯ᠎ᠠ ᠪᠠᠷ ᠬᠢ ᠳᠤᠲᠠᠭᠤᠳᠠᠯ ᠢ ᠨᠥᠭᠦᠪᠤᠷᠢᠯᠠᠭᠦ ᠭᠡᠷᠡᠭᠳᠠᠢ᠃ ᠡᠯ᠎ᠠ ᠰᠤᠮᠤ ᠪᠠᠯᠭᠠᠰᠤ ᠪᠤᠯᠤᠨ | ᠬᠤᠯᠪᠤᠭᠳᠠᠯ ᠪᠥᠭᠦᠢ ᠰᠠᠯᠠᠭ᠎ᠠ ᠮᠥᠴᠢᠷ ᠤᠨ ᠬᠢᠨ ᠶᠡᠭᠡ ᠪᠠᠶᠢᠳᠠᠯ ᠤᠨ ᠤᠬᠠᠮᠰᠠᠷ ᠢ ᠪᠤᠢ ᠪᠤᠯᠭᠠᠨ᠂ ᠠᠵᠢᠯ ᠤᠨ | ᠬᠤᠪᠢᠶᠠᠷᠢᠯᠠᠯᠳᠠ ᠶᠢ ᠲᠤᠳᠤᠷᠬᠠᠶᠢᠯᠠᠵᠤ᠂ ᠮᠡᠳᠡᠭᠡ ᠵᠠᠩᠭᠢ ᠶᠢ ᠬᠠᠮᠳᠤ ᠪᠠᠷ ᠡᠳ᠋ᠯᠠᠭᠦ ᠶᠢ ᠴᠢᠩᠭᠠᠳᠬᠠᠨ᠂ ᠪᠥᠭᠦ | ᠬᠤᠰᠢᠭᠤᠨ ᠤ ᠭᠥᠳᠡᠭᠡ ᠲᠤᠰᠬᠤᠨ ᠢ ᠭᠥᠭᠵᠢᠭᠦᠯᠤᠨ ᠮᠠᠨᠳᠤᠭᠤᠯᠬᠤ ᠠᠵᠢᠯ ᠤᠨ ᠭᠡᠷᠡᠭᠵᠢᠭᠦᠯᠭᠦ ᠲᠥᠰᠥᠯ ᠢ | ᠨᠠᠶᠢᠷᠠᠭᠤᠯᠤᠨ ᠵᠤᠭᠢᠶᠠᠬᠤ ᠡᠭᠦᠷᠭᠡ ᠶᠢ ᠠᠮᠵᠢᠯᠳᠠ ᠲᠠᠢ ᠪᠠᠶᠠᠯᠡᠭᠦᠯᠭᠦ ᠶᠢ ᠪᠠᠳᠤᠯᠠᠬᠤ ᠭᠡᠷᠡᠭᠳᠠᠢ᠃ ᠬᠠᠷᠢᠭᠤᠴᠠᠯᠭ᠎ᠠ | ᠶᠢᠨ ᠨᠠᠶᠢᠳᠠᠪᠤᠷᠢᠵᠢᠭᠤᠯᠤᠯᠳᠠ ᠶᠢ ᠴᠢᠩᠭᠠᠳᠬᠠᠨ᠂ ᠡᠯ᠎ᠠ ᠲᠥᠷᠥᠯ ᠤᠨ ᠠᠷᠭ᠎ᠠ ᠪᠠᠷᠢᠯ ᠤᠨ ᠪᠤᠳᠠᠳᠠᠢ ᠳᠤ | ᠨᠠᠶᠢᠳᠠᠪᠤᠷᠢᠵᠢᠭᠤᠯᠤᠨ ᠥᠷ᠎ᠠ ᠪᠥᠳᠥᠮᠵᠢ ᠭᠠᠷᠭᠠᠬᠤ ᠶᠢ ᠠᠭᠢᠭᠤᠯᠵᠤ᠂ ᠨᠤᠮᠢᠨ ᠲᠠᠩᠰᠤᠭ ᠥᠥᠰᠢᠨ ᠤ ᠰᠢᠨ᠎ᠠ ᠴᠠᠭ | ᠥᠶ᠎ᠠ ᠳᠠᠬᠢ ᠨᠤᠮᠢᠨ ᠲᠠᠩᠰᠤᠭ ᠬᠦᠭᠵᠢᠨ ᠮᠠᠨᠳᠤᠯᠲᠠ ᠶᠢ ᠪᠠᠶᠠᠯᠠᠭᠦᠯᠭᠦ ᠳᠤ ᠰᠠᠶᠢᠨ ᠰᠠᠭᠤᠷᠢ ᠲᠠᠯᠪᠢᠬᠤ ᠭᠡᠷᠡᠭᠳᠠᠢ | ᠭᠡᠵᠡᠢ᠃ | ᠬᠤᠷᠠᠯ ᠲᠡᠭᠡᠷ᠎ᠡ ᠡᠷᠳᠡᠨᠢᠪᠢᠯᠢᠭ ᠪᠠᠰᠠ ᠪᠥᠭᠦ ᠤᠯᠤᠰ ᠤᠨ ᠰᠢᠶᠠᠨ ᠤ ᠲᠡᠰ ᠤᠨ ᠪᠤᠯᠪᠠᠰᠤᠨ ᠬᠤᠳᠠ ᠶᠢ | ᠡᠭᠦᠳᠤᠨ ᠪᠠᠶᠢᠭᠤᠯᠬᠤ᠂ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ᠂ ᠲᠥᠷᠥᠯ ᠵᠥᠢᠯ ᠤᠨ | ᠪᠥᠳᠥᠭᠡᠨ ᠪᠠᠶᠢᠭᠤᠯᠤᠯᠳᠠ ᠵᠠᠷᠭᠡ ᠶᠢᠨ ᠭᠤᠤᠯᠳᠠᠯᠭ᠎ᠠ ᠲᠠᠢ ᠠᠵᠢᠯ ᠳᠤ ᠲᠠᠭᠢᠨ ᠴᠢᠬᠤᠯᠠᠴᠢᠯᠠᠯᠳᠠ ᠭᠢᠭᠰᠡᠨ ᠪᠠᠶᠢᠨ᠎ᠠ᠃ | | |