| | | | | 12 ᠰᠠᠷ᠎ᠠ ᠶᠢᠨ 5 ᠤ ᠡᠳᠤᠷ᠂ ᠦᠪᠡᠷᠲᠡᠭᠡᠨ ᠵᠠᠰᠠᠬᠤ ᠤᠷᠤᠨ ᠤ ᠳᠦᠷᠪᠡᠳᠤᠭᠡᠷ ᠤᠯᠠᠷᠢᠯ ᠤᠨ ᠠᠶᠤᠯᠭᠦᠢ | ᠤᠶᠢᠯᠡᠳᠪᠤᠷᠢᠯᠡᠯ ᠤᠨ ᠠᠵᠢᠯ ᠤᠨ ᠲᠧᠯᠸᠢᠰ ᠤᠳᠠᠰᠤᠳᠤ ᠬᠤᠷᠠᠯ ᠬᠤᠷᠠᠯᠳᠤᠵᠦ᠂ ᠪᠦᠬᠦ ᠤᠷᠤᠨ ᠤ ᠠᠶᠤᠯᠭᠦᠢ | ᠤᠶᠢᠯᠡᠳᠪᠤᠷᠢᠯᠡᠯ ᠤᠨ ᠪᠠᠶᠢᠳᠠᠯ᠂ ᠳᠠᠷᠠᠭ᠎ᠠ ᠵᠢᠯ ᠤᠨ ᠡᠬᠢᠨ ᠤ ᠠᠶᠤᠯᠭᠦᠢ ᠤᠶᠢᠯᠡᠳᠪᠤᠷᠢᠯᠡᠯ ᠤᠨ ᠭᠤᠤᠯᠳᠠᠯᠭ᠎ᠠ ᠲᠠᠢ | ᠠᠵᠢᠯ ᠳᠤ ᠳᠤᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ ᠦᠪᠡᠷᠲᠡᠭᠡᠨ ᠵᠠᠰᠠᠬᠤ | ᠤᠷᠤᠨ ᠤ ᠪᠠᠶᠢᠩᠭᠤ ᠶᠢᠨ ᠠᠵᠢᠯ ᠤᠨ ᠳᠡᠳ᠋ ᠲᠡᠷᠢᠭᠦᠯᠡᠭᠴᠢ ᠮᠠ ᠰᠢᠤᠸᠠᠢ ᠵᠢᠶᠦ᠋ᠨ ᠬᠤᠷᠠᠯ ᠳᠤ ᠤᠷᠤᠯᠴᠠᠵᠤ ᠶᠠᠷᠢᠶ᠎ᠠ | ᠲᠠᠯᠪᠢᠪᠠ᠃ | ᠮᠠ ᠰᠢᠤᠸᠠᠢ ᠵᠢᠶᠦ᠋ᠨ ᠵᠢᠭᠠᠬᠤ ᠳᠤ ᠪᠠᠨ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠯᠤᠰ | ᠲᠦᠷᠤ ᠶᠢᠨ ᠵᠤᠭᠰᠤᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠶᠡᠷᠤᠩᠬᠡᠢ ᠱᠦᠵᠢ ᠰᠢ ᠶᠢᠨ ᠫᠢᠩ ᠤᠨ | ᠠᠶᠤᠯᠭᠦᠢ ᠤᠶᠢᠯᠡᠳᠪᠤᠷᠢᠯᠡᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠡᠷᠡᠰ | ᠲᠤᠭᠤᠰᠢᠯᠠᠭᠤᠯᠤᠨ ᠨᠡᠶᠢᠲᠠᠪᠤᠷᠢᠵᠢᠭᠤᠯᠵᠤ᠂ ᠡᠾᠧᠪᠸᠢ ᠮᠤᠵᠢ ᠶᠢᠨ ᠴᠢᠭᠤᠯᠤᠯᠲᠤ ᠬᠠᠭᠠᠯᠭ᠎ᠠ ᠬᠤᠲᠠ ᠳᠤ | ᠭᠠᠷᠤᠭᠰᠠᠨ ᠬᠦᠨᠳᠤ ᠶᠡᠭᠡ ᠠᠶᠤᠯᠭᠦᠢ ᠤᠶᠢᠯᠡᠳᠪᠤᠷᠢᠯᠡᠯ ᠤᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠳᠡᠭᠡᠳᠤ | ᠬᠡᠮᠵᠢᠶ᠎ᠡ ᠪᠠᠷ ᠰᠡᠷᠭᠡᠭ ᠪᠠᠶᠢᠬᠤ ᠪᠠᠨ ᠴᠠᠭ ᠢᠮᠠᠭᠲᠠ ᠪᠠᠲᠤᠯᠠᠵᠦ᠂ ᠲᠦᠭᠰᠢᠭᠦᠷᠢᠲᠦ ᠤᠬᠠᠮᠰᠠᠷ ᠢᠶᠠᠨ ᠳᠠᠰᠤᠷᠠᠯᠲᠠ | ᠦᠭᠡᠢ ᠴᠢᠩᠭᠠᠳᠬᠠᠨ᠂ ᠲᠠᠯᠳᠠ ᠭᠡᠮ ᠢ ᠴᠢᠩᠭ᠎ᠠ ᠪᠠᠷ ᠪᠠᠶᠢᠴᠠᠭᠠᠨ ᠴᠡᠭᠴᠡᠯᠡᠵᠤ᠂ ᠬᠦᠭᠵᠢᠭᠦᠯᠤᠯᠲᠡ ᠳᠤ ᠠᠮᠤᠷ | ᠲᠦᠪᠰᠢᠨ ᠢ ᠦᠷᠡᠭᠳᠡᠭᠦᠯᠬᠦ ᠦᠭᠡᠢ ᠪᠠᠶᠢᠬᠤ ᠡᠨᠡ ᠬᠦ ︽ᠤᠯᠠᠭᠠᠨ ᠱᠤᠭᠤᠮ︾ ᠢ ᠡᠷᠡᠰ ᠰᠠᠬᠢᠵᠦ᠂ ᠤᠳᠤᠬᠠᠨ ᠤ | ᠠᠶᠤᠯᠭᠦᠢ ᠤᠶᠢᠯᠡᠳᠪᠤᠷᠢᠯᠡᠯ ᠤᠨ ᠠᠵᠢᠯ ᠢ ᠰᠠᠶᠢᠲᠤᠷ ᠬᠢᠬᠦ ᠬᠡᠷᠡᠭᠲᠡᠢ ᠭᠡᠪᠡ᠃ | ᠮᠠ ᠰᠢᠤᠸᠠᠢ ᠵᠢᠶᠦ᠋ᠨ ᠴᠢᠬᠤᠯᠠᠴᠢᠯᠠᠬᠤ ᠳᠤ ᠪᠠᠨ᠂ ᠨᠠᠮ ᠵᠠᠰᠠᠭ ᠬᠠᠷᠢᠭᠤᠴᠠᠯᠭ᠎ᠠ ᠠᠳᠠᠯᠢᠬᠠᠨ ᠡᠭᠦᠷᠭᠡᠯᠡᠬᠦ᠂ | ᠨᠢᠭᠡ ᠠᠵᠢᠯ ᠤᠨ ᠪᠠᠶᠢᠷᠢ ᠬᠤᠤᠰ ᠬᠠᠷᠢᠭᠤᠴᠠᠯᠭ᠎ᠠ ᠲᠠᠢ ᠪᠠᠶᠢᠬᠤ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ᠂ | ᠲᠤᠰᠢᠶᠠᠯ ᠳᠤ ᠪᠠᠨ ᠣᠰᠤᠯᠳᠠᠪᠠᠯ ᠬᠠᠷᠢᠭᠤᠴᠠᠯᠭ᠎ᠠ ᠨᠡᠬᠡᠮᠵᠢᠯᠡᠬᠦ ᠶᠢ ᠪᠠᠷᠢᠮᠲᠠᠯᠠᠬᠤ ᠬᠡᠷᠡᠭᠲᠡᠢ᠃ ᠠᠵᠢᠯ ᠲᠦᠷᠤᠯ ᠢ | ᠬᠠᠮᠢᠶᠠᠷᠬᠤ ᠳᠤ ᠵᠠᠪᠠᠯ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ | ᠠᠮᠤᠷ ᠲᠦᠪᠰᠢᠨ ᠢ ᠬᠠᠮᠢᠶᠠᠷᠬᠤ᠂ ᠤᠶᠢᠯᠡᠳᠪᠤᠷᠢᠯᠡᠯ ᠡᠵᠡᠭᠨᠡᠯᠲᠡ ᠶᠢ ᠬᠠᠮᠢᠶᠠᠷᠬᠤ ᠳᠤ ᠵᠠᠪᠠᠯ ᠠᠮᠤᠷ ᠲᠦᠪᠰᠢᠨ ᠢ | ᠬᠠᠮᠢᠶᠠᠷᠬᠤ ᠶᠢ ᠪᠠᠷᠢᠮᠲᠠᠯᠠᠵᠤ᠂ ᠠᠵᠦ ᠠᠬᠤᠶᠢᠯᠠᠯ ᠤᠨ ᠠᠶᠤᠯᠭᠦᠢ ᠤᠶᠢᠯᠡᠳᠪᠤᠷᠢᠯᠡᠯ ᠤᠨ ᠭᠤᠤᠯ ᠴᠤᠭᠴᠠ ᠶᠢᠨ | ᠬᠠᠷᠢᠭᠤᠴᠠᠯᠭ᠎ᠠ ᠶᠢ ᠠᠬᠢᠭᠤᠯᠬᠤ ᠬᠡᠷᠡᠭᠲᠠᠢ᠃ ︽ᠠᠮᠤᠷ ᠳᠦᠪᠰᠢᠨ ᠪᠤᠯ ᠳᠠᠷᠣᠢ ᠬᠠᠮᠤᠭ ᠶᠡᠭᠡ ᠠᠵᠤ ᠠᠬᠤᠢ ᠶᠢᠨ | ᠦᠷ᠎ᠡ ᠠᠰᠢᠭ ᠮᠦᠨ︾ ᠭᠡᠳᠡᠭ ᠤᠶᠢᠯᠠᠭᠠᠭᠳᠠᠬᠤᠨ ᠢ ᠪᠤᠢ ᠪᠤᠯᠭᠠᠵᠤ᠂ ︽ᠲᠠᠪᠤ ᠶᠢ ᠪᠠᠶᠢᠩᠭᠤᠵᠢᠭᠤᠯᠬᠤ︾ | ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠦ᠂ ︽ᠪᠤᠳᠤᠵᠦ ᠣᠯᠬᠤ ᠦᠭᠡᠢ᠂ ᠬᠠᠮᠢᠶᠠᠷᠴᠤ ᠳᠡᠶᠢᠯᠬᠦ | ᠦᠭᠡᠢ᠂ ᠵᠠᠰᠠᠵᠦ ᠳᠡᠶᠢᠯᠬᠦ ᠦᠭᠡᠢ︾ ᠪᠠᠭᠤᠷᠠᠢ ᠭᠤᠴᠤᠭ᠎ᠠ ᠶᠢ ᠠᠳᠬᠤᠵᠦ᠂ ᠠᠰᠠᠭᠤᠳᠠᠯ ᠤᠨ ᠲᠠᠯᠳᠠ ᠭᠡᠮ ᠢ | ᠴᠡᠭᠴᠡᠯᠡᠨ ᠵᠠᠰᠠᠬᠤ ᠶᠢ ᠴᠢᠩᠭ᠎ᠠ ᠠᠳᠬᠤᠨ ᠰᠤᠯᠠᠷᠠᠭᠤᠯᠬᠤ ᠦᠭᠡᠢ ᠪᠠᠶᠢᠵᠤ᠂ ᠬᠦᠨᠳᠤ ᠶᠡᠭᠡ ᠠᠳᠡᠯ ᠡᠭᠦᠰᠭᠡᠬᠦ ᠶᠢ | ᠡᠷᠡᠰ ᠬᠤᠷᠢᠭᠯᠠᠵᠤ᠂ ᠠᠮᠤᠷ ᠲᠤᠭᠲᠠᠭᠤᠨ ᠡᠶ᠎ᠡ ᠵᠤᠬᠢᠴᠠᠩᠭᠤᠢ ᠤᠷᠴᠢᠨ ᠳᠤ ᠦᠭᠡᠷᠡᠴᠢᠯᠡᠯᠲᠡ ᠨᠡᠭᠡᠭᠡᠯᠲᠡ ᠶᠢᠨ 40 | ᠵᠢᠯ ᠤᠨ ᠤᠢ ᠶᠢ ᠤᠭᠲᠤᠨ ᠪᠡᠯᠭᠡᠯᠡᠵᠦ᠂ ᠪᠦᠬᠦ ᠤᠷᠤᠨ ᠤ ᠠᠵᠦ ᠠᠬᠤᠢ ᠨᠡᠶᠢᠬᠡᠮ ᠤᠨ ᠦᠷᠭᠦᠯᠵᠢᠯᠡᠨ ᠡᠷᠡᠭᠦᠯ ᠢᠶᠠᠷ | ᠬᠦᠭᠵᠢᠬᠦ ᠳᠤ ᠡᠷᠡᠰ ᠴᠢᠩᠭ᠎ᠠ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃ | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠤᠷᠣᠯᠠᠭᠴᠢ ᠳᠠᠷᠤᠭ᠎ᠠ ᠵᠤᠦ ᠹᠧᠢ ᠯᠦ᠂ | ᠬᠤᠰᠢᠭᠤ ᠤᠳᠤᠷᠢᠳᠤᠯᠭ᠎ᠠ ᠵᠧᠦ ᠱᠤᠸᠡᠢ᠂ ᠪᠠᠶᠠᠨᠴᠢᠮᠡᠭ ᠵᠢᠴᠢ ᠡᠯ᠎ᠡ ᠰᠤᠮᠦ ᠪᠠᠯᠭᠠᠰᠤ᠂ ᠬᠠᠮᠢᠶ᠎ᠠ ᠪᠦᠬᠦᠢ ᠰᠠᠯᠠᠭ᠎ᠠ | ᠮᠦᠴᠢᠷ ᠤᠨ ᠬᠠᠷᠢᠭᠤᠴᠠᠯᠭᠠᠲᠠᠳ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ | ᠤᠷᠤᠯᠴᠠᠪᠠ᠃ | ᠬᠤᠷᠠᠯ ᠤᠨ ᠳᠠᠷᠠᠭ᠎ᠠ᠂ ᠵᠤᠦ ᠹᠧᠢ ᠯᠦ ᠮᠠᠨ ᠤ ᠬᠤᠰᠢᠭᠤᠨ ᠤ ᠤᠶᠢᠷ᠎ᠠ ᠶᠢᠨ ᠬᠤᠭᠤᠴᠠᠭᠠᠨ ᠤ ᠠᠶᠤᠯᠭᠦᠢ | ᠤᠶᠢᠯᠡᠳᠪᠤᠷᠢᠯᠡᠯ ᠤᠨ ᠠᠵᠢᠯ ᠳᠤ ᠲᠤᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ ᠵᠤᠦ ᠹᠧᠢ ᠯᠦ ᠵᠢᠭᠠᠬᠤ ᠳᠤ ᠪᠠᠨ | ᠂ ᠲᠦᠷᠪᠡᠳᠤᠭᠡᠷ ᠤᠯᠠᠷᠢᠯ ᠪᠤᠯ ᠠᠵᠦ ᠠᠬᠤᠶᠢᠯᠠᠯ ᠤᠨ ᠤᠶᠢᠯᠡᠳᠪᠤᠷᠢᠯᠡᠯ᠂ ᠭᠠᠯ ᠴᠠᠬᠢᠯᠭᠠᠨ ᠭᠡᠷᠡᠭᠯᠠᠭᠦ᠂ ᠵᠠᠮ | ᠬᠠᠷᠢᠯᠴᠠᠭ᠎ᠠ ᠳᠡᠭᠡᠭᠡᠪᠤᠷᠢ ᠶᠢᠨ ᠤᠷᠭᠢᠯ ᠤᠨ ᠦᠶ᠎ᠡ ᠪᠤᠯᠤᠨ᠎ᠠ᠂ ᠮᠦᠨ ᠴᠤ ᠡᠯ᠎ᠡ ᠵᠤᠶᠢᠯ ᠤᠨ ᠠᠳᠡᠭᠳᠡᠯ ᠤᠯᠠᠨ | ᠡᠭᠦᠰᠬᠦ ᠬᠤᠭᠤᠴᠠᠭ᠎ᠠ ᠪᠤᠯᠬᠤ ᠶᠤᠮ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠠᠶᠤᠯᠭᠦᠢ ᠤᠶᠢᠯᠡᠳᠪᠤᠷᠢᠯᠡᠯ | ᠤᠨ ᠠᠵᠢᠯ ᠢ ᠴᠢᠬᠤᠯᠠᠴᠢᠯᠠᠨ ᠦᠵᠡᠵᠦ᠂ ᠠᠶᠤᠯᠭᠦᠢ ᠶᠢᠨ ᠲᠠᠯᠳᠠ ᠭᠡᠮ ᠢ ᠴᠠᠭ ᠳᠠᠷᠣᠢ ᠳᠤᠨᠢ ᠪᠠᠶᠢᠴᠠᠭᠠᠵᠦ᠂ | ᠭᠡᠨᠡᠳᠡᠯ ᠭᠠᠷᠬᠤ ᠶᠢ ᠡᠷᠡᠰ ᠰᠠᠷᠭᠡᠶᠢᠯᠠᠭᠦ ᠬᠡᠷᠡᠭᠲᠡᠢ ᠭᠡᠪᠡ᠃ ᠵᠤᠦ ᠹᠧᠢ ᠯᠦ ᠴᠢᠬᠤᠯᠠᠴᠢᠯᠠᠬᠤ ᠳᠤ ᠪᠠᠨ᠂ ᠠᠵᠦ | ᠠᠬᠤᠶᠢᠯᠠᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠱᠠᠭᠠᠷᠳᠠᠨ᠂ ᠠᠶᠤᠯᠭᠦᠢ | ᠤᠶᠢᠯᠡᠳᠪᠤᠷᠢᠯᠡᠯ ᠤᠨ ᠪᠠᠶᠢᠴᠠᠭᠠᠯᠲᠠ ᠶᠢ ᠰᠠᠶᠢᠨ ᠬᠢᠵᠦ᠂ ᠠᠶᠤᠯᠭᠦᠢ ᠤᠶᠢᠯᠡᠳᠪᠤᠷᠢᠯᠡᠯ ᠤᠨ ᠲᠤᠭᠲᠠᠭᠤᠨ ᠢ | ᠪᠠᠲᠤᠯᠠᠬᠤ ᠬᠡᠷᠡᠭᠲᠡᠢ᠃ ᠠᠷᠠᠳ ᠤᠯᠠᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠦᠮᠤᠵᠢᠯ ᠤᠬᠠᠭᠤᠯᠭ᠎ᠠ ᠶᠢ | ᠴᠢᠩᠭᠠᠳᠬᠠᠵᠦ ᠤᠯᠠᠨ ᠨᠡᠶᠢᠲᠡ ᠶᠢᠨ ᠲᠠᠯᠠᠪᠠᠢ ᠂ ᠠᠯᠪᠠᠯᠠᠬᠤ ᠭᠠᠵᠠᠷ᠂ ᠰᠠᠭᠤᠭᠠᠯᠢ ᠲᠤᠭᠤᠷᠢᠭ᠂ ᠮᠠᠯᠵᠢᠬᠤ | ᠲᠠᠷᠢᠶᠠᠯᠠᠬᠤ ᠤᠷᠤᠨ ᠤ ᠭᠠᠯ ᠴᠠᠬᠢᠯᠭᠠᠨ ᠤ ᠭᠡᠷᠡᠭᠯᠡᠯᠳᠠ ᠶᠢᠨ ᠠᠮᠤᠷ ᠲᠦᠪᠰᠢᠨ ᠪᠠ ᠤᠯᠠᠨ ᠲᠦᠮᠡᠨ ᠤ ᠤᠤᠭᠤᠬᠤ | ᠤᠰᠤᠨ ᠤ ᠠᠮᠤᠷ ᠲᠦᠪᠰᠢᠨ ᠤ ᠬᠢᠨᠠᠨ ᠬᠠᠮᠢᠶᠠᠷᠤᠯᠳᠠ ᠶᠢ ᠴᠢᠩᠭᠠᠳᠬᠠᠬᠤ ᠬᠡᠷᠡᠭᠲᠡᠢ ᠭᠡᠵᠡᠢ᠃ ᠬᠤᠷᠠᠯ ᠳᠡᠭᠡᠷ᠎ᠡ᠂ | ᠵᠤᠦ ᠹᠧᠢ ᠯᠦ ᠪᠠᠰᠠ ᠬᠤᠲᠠ ᠶᠢᠨ ᠨᠠᠮ ᠤᠨ ᠬᠤᠷᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ | ᠰᠢᠪᠲᠤᠯᠬᠤ ᠤᠳᠤᠷᠢᠳᠬᠤ ᠪᠠᠭ᠎ᠠ ᠳᠤᠭᠤᠶᠢᠯᠠᠩ ᠤᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠬᠤ ᠶᠢᠨ ᠬᠠᠮᠲᠤ | ᠠᠹᠷᠢᠺᠠ ᠲᠢᠪ ᠤᠨ ᠭᠠᠭ᠋ᠠᠢ ᠶᠢᠨ ᠬᠢᠵᠢᠭ ᠢ ᠰᠡᠷᠭᠡᠶᠢᠯᠡᠬᠦ ᠵᠡᠷᠭᠡ ᠠᠵᠢᠯ ᠳᠤ ᠲᠤᠬᠢᠷᠠᠭᠤᠯᠤᠯᠲᠠ ᠬᠢᠪᠡ᠃ | | |