ᠮᠤᠤᠠᠤᠰᠤ ᠴᠢᠪᠠᠭᠠᠨ ᠤ ᠦᠢᠯᠡᠰ ᠤᠨ ᠰᠤᠳᠤᠯᠭᠠᠨ ᠤ ᠬᠦᠷᠢᠶᠡᠯᠡᠩ ᠴᠢᠪᠠᠭᠠᠨ ᠤ ᠦᠢᠯᠡᠰ ᠢᠶᠠᠷ ᠶᠠᠳᠠᠭᠤ  ᠠᠴᠠ ᠠᠩᠬᠢᠵᠢᠷᠠᠭᠤᠯᠬᠤ ᠳᠤ ᠬᠠᠪᠰᠤᠷᠤᠮᠵᠢ ᠪᠤᠯᠵᠤ ᠪᠠᠶᠢᠨ᠎ᠠ
ᠨᠡᠶᠢᠲᠡᠯᠡᠭᠰᠡᠨ ᠴᠠᠭ᠄
2018-12-10
     ᠮᠤᠤᠠᠤᠰᠤ ᠴᠢᠪᠠᠭᠠᠨ ᠤ ᠦᠢᠯᠡᠰ ᠤᠨ ᠰᠤᠳᠤᠯᠭᠠᠨ ᠤ ᠬᠦᠷᠢᠶᠡᠯᠡᠩ ᠤᠯᠠᠭᠠᠨ ᠴᠢᠪᠠᠭᠠᠨ ᠤ ᠦᠢᠯᠡᠰ ᠢ ᠬᠦᠭᠵᠢᠬᠦᠯᠬᠦ ᠶᠢᠨ ᠬᠠᠮᠲᠤ ᠤᠶᠢᠷ᠎ᠠ ᠬᠠᠪᠢ ᠶᠢᠨ ᠮᠠᠯᠴᠢᠨ ᠲᠠᠷᠢᠶᠠᠴᠢᠨ ᠢ ᠵᠢᠯᠤᠭᠤᠳᠤᠨ ᠴᠢᠪᠠᠭ᠎ᠠ ᠲᠠᠷᠢᠬᠤ ᠮᠡᠷᠭᠡᠵᠢᠯ ᠵᠢᠭᠠᠨ ᠦᠭᠴᠦ ᠶᠠᠳᠠᠭᠤ ᠬᠦᠴᠢᠷᠳᠡᠯᠳᠡᠢ ᠡᠷᠦᠬᠡ ᠶᠢ ᠲᠠᠶᠢᠴᠢᠯᠠᠨ ᠴᠢᠪᠠᠭ᠎ᠠ ᠲᠠᠷᠢᠭᠤᠯᠤᠨ ᠳᠡᠳᠡᠨ ᠢ ᠪᠠᠶᠠᠵᠢᠯ ᠤᠨ ᠵᠠᠮ ᠤᠷᠤᠭᠤ ᠬᠦᠳᠦᠯᠵᠦ ᠪᠠᠶᠢᠨ᠎ᠠ᠃      ᠡᠪᠤᠯ ᠤᠨ ᠰᠡᠯᠡᠬᠦᠦ ᠴᠠᠭ ᠢ ᠠᠰᠢᠭᠯᠠᠨ ᠰᠦᠯᠳᠡ ᠰᠤᠮᠤᠨ ᠤ ᠨᠠᠷᠢᠠᠭᠤᠤᠯ ᠲᠤᠰᠬᠤᠨ ᠤ ᠬᠢᠨ ᠲᠤᠰᠬᠤᠨ ᠤ  ᠪᠠᠨ ᠠᠵᠤ ᠠᠬᠤᠶᠢᠯᠠᠯ ᠤᠨ ᠮᠡᠷᠭᠡᠵᠢᠯᠳᠡᠨ ᠢ ᠤᠷᠢᠵᠤ ᠲᠤᠰᠬᠤᠨ ᠤ ᠠᠷᠠᠳ ᠲᠤ ᠴᠢᠪᠠᠭ᠎ᠠ ᠲᠠᠷᠢᠬᠤ ᠮᠡᠷᠭᠡᠵᠢᠯ ᠤᠨ ᠲᠠᠶᠢᠯᠤᠮᠵᠢ ᠬᠢᠪᠡ᠃ ᠴᠢᠪᠠᠭᠠᠨ ᠮᠤᠳᠤ ᠶᠢ ᠲᠠᠷᠢᠬᠤ ᠳᠤ ᠠᠮᠠᠷᠬᠠᠨ ᠪᠠᠶᠢᠵᠤ᠂ ᠭᠤᠷᠪᠠ ᠠᠴᠠ ᠲᠠᠪᠤᠨ ᠵᠢᠯ ᠤᠨ ᠲᠠᠷᠠᠭ᠎ᠠ ᠮᠤ᠋ ᠪᠦᠷᠢ ᠶᠢᠨ ᠤᠷᠤᠯᠭ᠎ᠠ ᠨᠢ 2000 ᠲᠦᠬᠦᠷᠢᠭ ᠢ ᠲᠠᠪᠠᠳᠠᠭ ᠠᠴᠠ ᠦᠷᠭᠡᠨ ᠣᠯᠠᠨ ᠮᠠᠯᠴᠢᠨ ᠲᠠᠷᠢᠶᠠᠴᠢᠳ ᠤᠨ ᠤᠷᠮᠠᠰᠢᠯ ᠢ ᠳᠠᠶᠢᠴᠢᠯᠠᠭᠰᠠᠨ ᠪᠠᠶᠢᠨ᠎ᠠ᠃      ᠨᠠᠷᠢᠠᠠᠭᠤᠤᠯ ᠲᠤᠰᠬᠤᠨ ᠨᠢ ᠬᠦᠮᠦᠨ ᠤᠯᠠᠨ᠂ ᠭᠠᠵᠠᠷ ᠪᠠᠭ᠎ᠠ᠂ ᠲᠤᠰᠬᠤᠨ ᠤ ᠠᠷᠠᠳ ᠤᠨ ᠬᠦᠮᠦᠨ ᠲᠤᠮᠳᠠᠴᠢ ᠭᠠᠵᠠᠷ ᠨᠤᠳᠤᠭ ᠨᠢ 2 —3 ᠮᠤ᠋ ᠪᠠᠶᠢᠵᠤ ᠡᠨᠡ ᠵᠢᠯ ᠤᠨ ᠡᠬᠢᠨ ᠳᠤ ᠲᠤᠰᠬᠤᠨ ᠳᠤ ᠪᠠᠶᠢᠭ᠎ᠠ ᠠᠵᠤ ᠠᠬᠤᠶᠢᠯᠠᠯ ᠨᠢ ᠦᠪᠦᠷ ᠮᠤᠩᠭᠤᠯ ᠤᠨ ᠮᠤᠩᠭᠤᠯ ᠴᠢᠪᠠᠭ᠎ᠠ ᠶᠢᠨ ᠬᠢᠵᠠᠭᠠᠷᠲᠤ ᠺᠤᠮᠫᠠᠨᠢ ᠶᠢᠨ ᠮᠤᠤᠠᠤᠰᠤ ᠴᠢᠪᠠᠭᠠᠨ ᠤ ᠦᠢᠯᠡᠰ ᠤᠨ ᠰᠤᠳᠤᠯᠭᠠᠨ ᠤ ᠬᠦᠷᠢᠶᠡᠯᠡᠩ ᠤᠨ ᠬᠠᠪᠰᠤᠷᠤᠯᠭ᠎ᠠ ᠳᠣᠣᠷ᠎ᠠ 500 ᠮᠤ᠋ ᠤᠯᠠᠭᠠᠨ ᠴᠢᠪᠠᠭ᠎ᠠ ᠲᠠᠷᠢᠵᠤ ᠲᠤᠭᠳᠠᠭᠰᠠᠨ ᠬᠤᠭᠤᠴᠠᠭ᠎ᠠ ᠲᠠᠢ ᠪᠠᠷ ᠮᠠᠯᠴᠢᠨ ᠲᠠᠷᠢᠶᠠᠴᠢᠳ ᠲᠤ ᠮᠡᠷᠭᠡᠵᠢᠯ ᠤᠨ ᠪᠤᠯᠪᠠᠰᠤᠷᠠᠯ ᠵᠢᠯᠤᠭᠤᠳᠤᠯᠭ᠎ᠠ ᠬᠢᠵᠦ ᠴᠢᠪᠠᠭ᠎ᠠ ᠶᠢᠨ ᠦᠢᠯᠡᠰ ᠢᠶᠠᠷ ᠭᠤᠤᠯᠯᠠᠭᠤᠯᠵᠤ ᠤᠷᠤᠯᠭ᠎ᠠ ᠶᠢ ᠨᠢ ᠨᠡᠮᠡᠭᠳᠡᠬᠦᠯᠵᠦ ᠪᠠᠶᠢᠨ᠎ᠠ᠃      ᠴᠢᠪᠠᠭᠠᠨ ᠮᠤᠳᠤ ᠨᠢ ᠦᠨᠳᠦᠷ ᠠᠵᠤ ᠠᠬᠤᠢ ᠶᠢᠨ ᠦᠷᠳᠡᠭ ᠲᠠᠢ ᠪᠦᠬᠡᠳ ᠠᠮᠢ ᠠᠬᠤᠢ ᠶᠢᠨ ᠦᠷ᠎ᠠ ᠠᠰᠢᠭ  ᠲᠠᠢ  ᠪᠠᠶᠢᠵᠤ ᠭᠠᠩ ᠳᠤ ᠲᠡᠰᠪᠤᠷᠢ ᠲᠠᠢ᠂ ᠡᠯᠡᠰᠦ ᠶᠢ ᠲᠤᠭᠳᠠᠪᠤᠷᠢᠵᠢᠭᠤᠯᠬᠤ ᠦᠢᠯᠡᠳᠦᠯ ᠲᠠᠢ᠃ ᠲᠤᠰ ᠭᠠᠵᠠᠷ ᠤᠷᠤᠨ ᠳᠤ ᠲᠤᠬᠢᠷᠠᠬᠤ ᠲᠦᠷᠦᠯ ᠤᠨ ᠴᠢᠪᠠᠭᠠᠨ ᠮᠤᠳᠤ ᠲᠠᠷᠢᠬᠤ ᠶᠢᠨ ᠲᠦᠯᠦᠬᠡ ᠦᠪᠦᠷ ᠮᠤᠩᠭᠤᠯ ᠤᠨ ᠮᠤᠩᠭᠤᠯ ᠴᠢᠪᠠᠭ᠎ᠠ ᠶᠢᠨ ᠬᠢᠵᠠᠭᠠᠷᠲᠤ ᠺᠤᠮᠫᠠᠨᠢ ᠨᠢ 2012 ᠤᠨ ᠳᠤ ᠱᠠᠨᠳᠦ᠋ᠩ᠂ ᠰᠢᠨᠵᠢᠶᠠᠩ ᠵᠡᠷᠭᠡ ᠭᠠᠵᠠᠷ ᠠᠴᠠ 38 ᠲᠦᠷᠦᠯ ᠤᠨ ᠴᠢᠪᠠᠭᠠᠨ ᠮᠤᠳᠤ ᠤᠷᠤᠭᠤᠯᠵᠤ ᠭᠡᠳᠦᠨ ᠵᠢᠯ ᠤᠨ ᠲᠤᠷᠰᠢᠨ ᠲᠠᠷᠢᠯᠲᠠ ᠪᠠᠷ ᠲᠠᠮᠵᠢᠨ ᠬᠠᠮᠤᠭ ᠲᠤᠬᠢᠷᠠᠮᠵᠢᠳᠠᠢ 3 ᠲᠦᠷᠦᠯ ᠤᠨ ᠴᠢᠪᠠᠭᠠᠨ ᠮᠤᠳᠤ ᠶᠢ ᠰᠤᠩᠭᠤᠨ ᠲᠠᠷᠢᠬᠤ ᠶᠢᠨ ᠬᠠᠮᠲᠤ ᠬᠤᠷᠰᠢᠶᠠᠵᠢᠯ ᠢᠶᠠᠷ ᠲᠠᠮᠵᠢᠨ ᠲᠦᠬᠡᠬᠡᠮᠡᠯᠵᠢᠬᠦᠯᠵᠦ ᠤᠶᠢᠷ᠎ᠠ ᠬᠠᠪᠢ ᠶᠢᠨ ᠮᠠᠯᠴᠢᠨ ᠲᠠᠷᠢᠶᠠᠴᠢᠨ ᠢ ᠪᠠᠶᠠᠵᠢᠯ ᠤᠨ ᠵᠠᠮ ᠤᠷᠤᠭᠤ  ᠭᠥᠳᠥᠯᠥᠭᠰᠠᠨ ᠪᠠᠶᠢᠨ᠎ᠠ᠃      ᠤᠳᠤᠬᠠᠨ ᠳᠤ ᠮᠤᠤᠠᠤᠰᠤ ᠴᠢᠪᠠᠭᠠᠨ ᠤ ᠦᠢᠯᠡᠰ ᠤᠨ ᠰᠤᠳᠤᠯᠭᠠᠨ ᠤ ᠬᠦᠷᠢᠶᠡᠯᠡᠩ ᠨᠢ ᠨᠠᠷᠢᠠᠠᠭᠤᠤᠯ ᠲᠤᠰᠬᠤᠨ᠂ ᠱᠠᠷᠯᠢᠭ ᠭᠠᠴᠠᠭ᠎ᠠ᠂ ᠮᠤᠳᠤᠨᠴᠠᠶᠢᠳᠠᠮ ᠲᠤᠰᠬᠤᠨ ᠵᠡᠷᠭᠡ ᠭᠠᠵᠠᠷ ᠤᠳ ᠲᠤ ᠤᠯᠠᠭᠠᠨ ᠴᠢᠪᠠᠭ᠎ᠠ ᠲᠠᠷᠢᠵᠤ ᠲᠠᠷᠢᠮᠠᠯ ᠤᠨ ᠲᠠᠯᠠᠪᠠᠢ ᠨᠢ 5000 ᠮᠤ᠋ ᠠᠴᠠ ᠳᠡᠭᠡᠭᠰᠢ ᠪᠠᠶᠢᠵᠤ ᠤᠷᠳᠤᠰ ᠤᠨ ᠤᠶᠢᠷ᠎ᠠ ᠬᠠᠪᠢ ᠶᠢᠨ ᠬᠤᠰᠢᠭᠤ ᠲᠤᠭᠤᠷᠢᠭ ᠢ ᠲᠠᠶᠢᠴᠢᠯᠠᠨ 10000 ᠮᠤ᠋ ᠠᠴᠠ ᠳᠡᠭᠡᠭᠰᠢ ᠴᠢᠪᠠᠭᠠᠨ ᠮᠤᠳᠤ ᠲᠠᠷᠢᠵᠦ ᠣᠷᠭᠤᠭᠰᠠᠨ ᠨᠤᠷᠮ᠎ᠠ ᠨᠢ 90% ᠳᠤ ᠬᠦᠷᠴᠦ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠷᠠᠳᠢᠤ᠋ ᠲᠧᠯᠸᠢᠰ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号