| | | | | 12 ᠰᠠᠷ᠎ᠠ ᠶᠢᠨ 4 ᠤ ᠡᠳᠦᠷ ᠠᠴᠠ 5 ᠤ ᠡᠳᠦᠷ ᠪᠤᠯᠳᠠᠯ᠎ᠠ᠂ ᠬᠤᠰᠢᠭᠤ ᠨᠠᠮ ᠤᠨ ᠬᠤᠷᠢᠶᠠᠨ ᠤ ᠱᠦᠵᠢ | ᠡᠷᠳᠡᠨᠢᠪᠢᠯᠢᠭ ᠨᠠᠷ ᠱᠠᠩᠬᠠᠢ ᠶᠢᠨ ᠰᠦᠮ᠎ᠡ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠤᠷᠤᠨ ᠪᠤᠯᠤᠨ ᠣᠲᠤᠭ | ᠠᠵᠤ ᠠᠬᠤᠢ ᠶᠢᠨ ᠨᠡᠭᠡᠭᠡᠯᠲᠡ ᠶᠢᠨ ᠤᠷᠤᠨ ᠵᠡᠷᠭᠡ ᠬᠦᠷᠢᠶᠡᠯᠡᠩ ᠲᠤᠭᠤᠷᠢᠭ ᠢᠶᠠᠷ ᠬᠦᠷᠴᠦ ᠬᠦᠷᠢᠶᠡᠯᠡᠩ ᠲᠤᠭᠤᠷᠢᠭ | ᠤᠨ ᠬᠠᠮᠢᠶᠠᠷᠤᠯᠲᠠ ᠦᠢᠯᠡᠴᠢᠯᠡᠭᠡᠨ ᠤ ᠳᠡᠭᠡᠭᠰᠢᠯᠡᠯᠲᠡ᠂ ᠨᠡᠭᠦᠷᠡᠰᠦᠨ ᠠᠵᠤ ᠦᠢᠯᠡᠰ ᠤᠨ ᠪᠦᠲᠦᠴᠡ ᠬᠡᠯᠪᠡᠷᠢ ᠶᠢᠨ | ᠬᠤᠪᠢᠷᠠᠯᠲᠠ ᠰᠢᠯᠢᠳᠡᠭᠵᠢᠯᠲᠡ᠂ ᠡᠷᠬᠢᠯᠲᠡᠲᠦ ᠠᠵᠤ ᠠᠬᠤᠢ ᠶᠢᠨ ᠠᠵᠤ ᠦᠢᠯᠡᠰ ᠤᠨ ᠬᠡᠯᠬᠢᠶᠡᠵᠢᠯ ᠵᠡᠷᠭᠡ ᠲᠠᠯ᠎ᠠ ᠪᠠᠷ | ᠪᠠᠶᠢᠴᠠᠭᠠᠯᠲᠠ ᠬᠢᠵᠤ ᠲᠤᠭᠤᠷᠢᠨ ᠰᠤᠷᠤᠯᠴᠠᠪᠠ᠃ | ᠱᠠᠩᠬᠠᠢ ᠶᠢᠨ ᠰᠦᠮ᠎ᠡ ᠠᠵᠤ ᠠᠬᠤᠢ ᠮᠡᠷᠭᠡᠵᠢᠯ ᠶᠢᠨ ᠨᠡᠭᠡᠭᠡᠯᠲᠡ ᠶᠢᠨ ᠤᠷᠤᠨ ᠤ ᠱᠠᠩᠬᠠᠢ ᠶᠢᠨ ᠰᠦᠮ᠎ᠡ | ᠨᠡᠭᠦᠷᠡᠰᠦ ᠬᠠᠳᠠᠭᠠᠯᠠᠬᠤ ᠲᠡᠭᠡᠭᠡᠪᠤᠷᠢᠯᠡᠬᠦ ᠪᠤᠯᠤᠨ ᠠᠷᠠᠯᠵᠢᠶᠠᠯᠠᠬᠤ ᠲᠦᠪ ᠤᠨ ᠲᠦᠷᠦᠯ ᠵᠦᠢᠯ ᠤᠨ ᠪᠠᠶᠢᠭᠤᠯᠤᠯᠲᠠ | ᠶᠢᠨ ᠲᠤᠬᠠᠢ ᠶᠢᠨ ᠲᠠᠯᠠᠪᠠᠢ ᠳᠤ ᠪᠠᠶᠢᠴᠠᠭᠠᠯᠲᠠ ᠶᠢᠨ ᠳᠤᠭᠤᠶᠢᠯᠠᠩ ᠤᠨ ᠬᠢᠨ ᠲᠦᠷᠦᠯ ᠵᠦᠢᠯ ᠤᠨ ᠤᠷᠤᠨ ᠪᠠᠶᠢᠷᠢ | ᠶᠢᠨ ᠳᠠᠪᠠᠭᠤᠯᠢᠭ᠂ ᠦᠨᠳᠦᠰᠦᠨ ᠪᠠᠶᠢᠳᠠᠯ᠂ ᠠᠦ᠋ᠲᠴᠢᠯᠠᠭᠰᠠᠨ ᠦᠢᠯᠡᠳᠪᠦᠷᠢᠯᠡᠯ ᠤᠨ ᠲᠤᠬᠠᠢ ᠲᠠᠨᠢᠯᠴᠠᠭᠤᠯᠭ᠎ᠠ ᠶᠢ | ᠰᠤᠨᠤᠰᠪᠠ᠃ ᠡᠷᠳᠡᠨᠢᠪᠢᠯᠢᠭ ᠵᠢᠭᠠᠬᠤ ᠳᠤ ᠪᠠᠨ᠂ ᠮᠠᠨ ᠤ ᠬᠤᠰᠢᠭᠤ ᠦᠪᠦᠷ ᠮᠤᠩᠭᠤᠯ ᠤᠨ ᠪᠠᠷᠠᠭᠤᠨ ᠬᠡᠰᠡᠭ ᠤᠨ | ᠤᠷᠤᠨ ᠠᠴᠠ ᠳᠤᠮᠳᠠᠳᠤ ᠤᠷᠤᠨ ᠬᠦᠷᠬᠦ ᠲᠡᠮᠦᠷ ᠵᠠᠮ ᠤᠨ ᠡᠬᠢᠯᠡᠯᠲᠡ ᠶᠢᠨ ᠴᠡᠭ ᠪᠤᠯᠤᠭᠰᠠᠨ ᠤ ᠬᠤᠪᠢ ᠳᠤ | ᠨᠡᠭᠦᠷᠡᠰᠦᠨ ᠤ ᠡᠬᠢ ᠪᠠᠶᠠᠯᠢᠭ ᠢᠶᠠᠷ ᠡᠯᠪᠡᠭ ᠪᠠᠶᠢᠵᠤ ᠡᠷᠬᠡᠪᠰᠢ ᠤᠳᠤᠬᠢᠴᠢᠯᠠᠭᠰᠠᠨ ᠨᠡᠭᠦᠷᠡᠰᠦᠨ ᠤ ᠬᠦᠢᠯᠭᠡᠭᠡᠨ ᠤ | ᠲᠦᠷᠦᠯ ᠵᠦᠢᠯ ᠢ ᠢᠳᠡᠪᠬᠢᠲᠡᠢ ᠲᠦᠯᠦᠪᠯᠡᠨ ᠪᠠᠶᠢᠭᠤᠯᠵᠤ ᠰᠢᠯᠢᠳᠡᠭ ᠴᠢᠨᠠᠷ ᠤᠨ ᠨᠡᠭᠦᠷᠡᠰᠦᠨ ᠤ ᠬᠠᠩᠭᠠᠯᠭ᠎ᠠ ᠶᠢ | ᠦᠷᠭᠡᠵᠢᠭᠦᠯᠤᠨ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ ᠬᠡᠷᠡᠭᠲᠡᠢ ᠬᠡᠪᠡ᠃ | | | | | | | ᠪᠠᠶᠢᠴᠠᠭᠠᠯᠲᠠ ᠶᠢᠨ ᠳᠤᠭᠤᠶᠢᠯᠠᠩ ᠤᠨ ᠬᠢᠨ ᠤᠲᠤᠭ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠡᠯ᠎ᠡ | ᠠᠵᠤ ᠠᠬᠤᠶᠢᠯᠠᠯ ᠤᠨ ᠲᠦᠷᠦᠯ ᠵᠦᠢᠯ ᠤᠨ ᠪᠠᠶᠢᠭᠤᠯᠤᠯᠲᠠ ᠶᠢᠨ ᠲᠤᠬᠠᠢ ᠪᠠᠶᠢᠴᠠᠭᠠᠨ ᠰᠤᠳᠤᠯᠬᠤ ᠳᠤ ᠪᠠᠨ | ᠬᠦᠷᠢᠶᠡᠯᠡᠩ ᠲᠤᠭᠤᠷᠢᠭ ᠤᠨ ᠠᠵᠤ ᠦᠢᠯᠡᠰ ᠤᠨ ᠬᠡᠯᠬᠢᠶᠡᠵᠢᠯ ᠢ ᠤᠯᠠᠮ ᠨᠢᠭᠡ ᠠᠯᠬᠤᠮ ᠤᠷᠳᠤᠳᠬᠠᠵᠤ ᠡᠴᠦᠰ | ᠲᠡᠭᠡᠨ ᠡᠬᠢ ᠪᠠᠶᠠᠯᠢᠭ ᠤᠨ ᠠᠰᠢᠭᠯᠠᠯᠲᠠ ᠶᠢ ᠬᠠᠮᠤᠭ ᠶᠡᠭᠡ ᠬᠡᠮᠵᠢᠶᠡᠨ ᠳᠤ ᠬᠦᠷᠭᠡᠬᠦ ︽ᠭᠤᠷᠪᠠᠨ ᠬᠠᠶᠠᠭᠳᠠᠮᠠᠯ︾ | ᠤᠨ ᠢᠯᠭᠠᠷᠠᠭᠤᠯᠤᠯᠲᠠ ᠶᠢ ᠦᠭᠡᠶᠢᠰᠭᠡᠭᠰᠡᠨ ᠡᠷᠬᠢᠯᠳᠡᠲᠦ ᠠᠵᠤ ᠠᠬᠤᠢ ᠶᠢᠨ ᠬᠡᠯᠪᠡᠷᠢ ᠳᠤ ᠳᠡᠭᠡᠳᠦ ᠬᠡᠮᠵᠢᠶᠡᠨ ᠤ | ᠦᠨᠡᠯᠡᠯᠲᠡ ᠦᠭᠪᠡ᠃ ᠡᠷᠳᠡᠨᠢᠪᠢᠯᠢᠭ ᠵᠢᠭᠠᠬᠤ ᠳᠤ ᠪᠠᠨ᠂ ᠮᠠᠨ ᠤ ᠬᠤᠰᠢᠭᠤᠨ ᠤ ᠡᠯ᠎ᠡ ᠬᠦᠷᠢᠶᠡᠯᠡᠩ ᠲᠤᠭᠤᠷᠢᠭ | ᠡᠷᠬᠡᠪᠰᠢ ᠠᠵᠤ ᠦᠢᠯᠡᠰ ᠤᠨ ᠲᠤᠬᠢᠷᠠᠭᠤᠯᠤᠯᠲᠠ ᠶᠢ ᠨᠠᠷᠢᠯᠢᠭ ᠲᠦᠯᠦᠪᠵᠢᠭᠦᠯᠵᠤ ᠳᠡᠭᠡᠲᠦ ᠰᠢᠨ᠎ᠡ ᠮᠡᠷᠭᠡᠵᠢᠯ ᠤᠨ | ᠲᠦᠷᠦᠯ ᠵᠦᠢᠯ ᠢ ᠤᠷᠢᠨ ᠤᠷᠤᠭᠤᠯᠬᠤ ᠪᠠᠨ ᠲᠦᠷᠬᠡᠳᠬᠡᠨ ᠠᠵᠤ ᠦᠢᠯᠡᠰ ᠤᠨ ᠬᠡᠯᠬᠢᠶᠡᠵᠢᠯ ᠢ ᠤᠯᠠᠮ ᠨᠢᠭᠡ | ᠠᠯᠬᠤᠮ ᠤᠷᠳᠤᠳᠬᠠᠵᠤ ︽ᠪᠠᠭ᠎ᠠ ᠪᠠᠷ ᠨᠡᠭᠡᠭᠡᠨ ᠠᠰᠢᠭᠯᠠᠵᠤ᠂ ᠦᠨᠳᠦᠷ ᠪᠦᠲᠦᠮᠵᠢ ᠪᠠᠷ ᠠᠰᠢᠭᠯᠠᠨ᠂ ᠬᠠᠶᠠᠭᠳᠠᠮᠠᠯ | ᠤᠨ ᠢᠯᠭᠠᠷᠠᠭᠤᠯᠤᠯᠲᠠ ᠶᠢ ᠪᠠᠭᠠᠰᠬᠠᠬᠤ︾ ᠡᠷᠬᠢᠯᠳᠡᠳᠦ ᠠᠵᠤ ᠠᠬᠤᠢ ᠶᠢᠨ ᠬᠡᠯᠪᠡᠷᠢ ᠶᠢ ᠡᠭᠦᠳᠦᠨ ᠪᠠᠶᠢᠭᠤᠯᠵᠤ | ᠠᠵᠤ ᠠᠬᠤᠢ ᠶᠢᠨ ᠦᠷ᠎ᠡ ᠠᠰᠢᠭ᠂ ᠨᠡᠶᠢᠬᠡᠮ ᠤᠨ ᠦᠷ᠎ᠡ ᠠᠰᠢᠭ ᠪᠤᠯᠤᠨ ᠤᠷᠴᠢᠨ ᠲᠤᠭᠤᠷᠢᠨ ᠤ ᠦᠷ᠎ᠡ ᠠᠰᠢᠭ | ᠤᠨ ᠵᠤᠬᠢᠴᠠᠯᠲᠦ ᠬᠦᠭᠵᠢᠯᠲᠡ ᠶᠢ ᠪᠡᠶᠡᠯᠡᠬᠦᠯᠬᠦ ᠬᠡᠷᠡᠭᠲᠡᠢ᠃ ᠤᠳᠤᠬᠠᠨ ᠳᠤ᠂ ᠴᠢ ᠫᠠᠨ ᠵᠢᠩ ᠠᠵᠤ ᠦᠢᠯᠡᠳᠪᠦᠷᠢ | ᠶᠢᠨ ᠬᠦᠷᠢᠶᠡᠯᠡᠩ ᠲᠤᠭᠤᠷᠢᠭ ᠤᠨ ᠪᠠᠶᠢᠭᠤᠯᠵᠤ ᠪᠠᠶᠢᠭ᠎ᠠ ᠲᠦᠷᠦᠯ ᠵᠦᠢᠯ ᠨᠢ ᠶᠠᠭ ᠰᠠᠶᠢᠬᠠᠨ ᠡᠮᠬᠢ ᠲᠢᠭᠯᠢᠮ ᠲᠠᠢ | ᠪᠠᠷ ᠪᠠᠶᠢᠭᠤᠯᠤᠯᠲᠠ ᠬᠢᠵᠤ ᠮᠠᠨ ᠤ ᠬᠤᠰᠢᠭᠤᠨ ᠤ ᠡᠯ᠎ᠡ ᠬᠦᠷᠢᠶᠡᠯᠡᠩ ᠲᠤᠭᠤᠷᠢᠭ ᠴᠦ ᠳᠡᠲᠡᠨ ᠤ ᠡᠯ᠎ᠡ ᠲᠠᠯ᠎ᠠ ᠶᠢᠨ | ᠬᠦᠴᠢᠷᠳᠡᠯ ᠢ ᠢᠯᠠᠨ ᠳᠠᠪᠠᠨ ᠪᠤᠳᠠᠳᠠᠢ ᠠᠵᠢᠯᠯᠠᠵᠤ ᠪᠠᠶᠢᠭ᠎ᠠ ᠵᠤᠷᠢᠭ ᠰᠠᠨᠠᠭ᠎ᠠ ᠠᠴᠠ ᠲᠠᠭᠠᠨ ᠰᠤᠷᠤᠯᠴᠠᠵᠤ | ᠭᠤᠤᠯᠳᠠᠯᠭᠠᠲᠦ ᠲᠦᠷᠦᠯ ᠵᠦᠢᠯ ᠤᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ ᠭᠡᠪᠡ᠃ | ᠨᠢᠩ ᠳ᠋ᠦᠩ ᠡᠨᠧᠷᠬᠢ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠪᠤᠯᠤᠨ ᠠᠯᠠᠱᠠ ᠲᠡᠭᠡᠲᠦ | ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠤᠷᠤᠨ ᠳᠤ ᠪᠠᠶᠢᠴᠠᠭᠠᠯᠲᠠ ᠶᠢᠨ ᠳᠤᠭᠤᠶᠢᠯᠠᠩ ᠤᠨ ᠬᠢᠨ | ᠬᠦᠷᠢᠶᠡᠯᠡᠩ ᠲᠤᠭᠤᠷᠢᠭ ᠤᠨ ᠬᠠᠮᠢᠶᠠᠷᠤᠯᠲᠠ ᠦᠢᠯᠡᠴᠢᠯᠡᠭᠡ ᠪᠤᠯᠤᠨ ᠠᠮᠢ ᠠᠬᠤᠶᠢᠴᠢᠯᠠᠭᠰᠠᠨ ᠠᠵᠤ ᠦᠢᠯᠡᠳᠪᠦᠷᠢ | ᠶᠢᠨ ᠡᠷᠬᠢᠯᠳᠡᠳᠦ ᠠᠵᠤ ᠠᠬᠤᠢ ᠶᠢ ᠡᠭᠦᠳᠦᠨ ᠪᠠᠶᠢᠭᠤᠯᠵᠤ ᠪᠠᠶᠢᠭ᠎ᠠ ᠪᠠᠶᠢᠳᠠᠯ᠂ ᠨᠠᠷᠢᠯᠢᠭ ᠬᠢᠮᠢ ᠶᠢᠨ ᠰᠢᠨ᠎ᠡ | ᠮᠠᠲ᠋ᠧᠷᠢᠶᠠᠯ ᠤᠨ ᠲᠦᠷᠦᠯ ᠵᠦᠢᠯ ᠤᠨ ᠪᠠᠶᠢᠳᠠᠯ ᠤᠨ ᠲᠠᠨᠢᠯᠴᠠᠭᠤᠯᠭ᠎ᠠ ᠶᠢ ᠰᠤᠨᠤᠰᠪᠠ᠃ ᠡᠷᠳᠡᠨᠢᠪᠢᠯᠢᠭ ᠵᠢᠭᠠᠬᠤ ᠳᠤ | ᠪᠠᠨ᠂ ᠬᠦᠭᠵᠢᠯᠲᠡ ᠶᠢᠨ ᠰᠢᠨ᠎ᠡ ᠤᠨᠤᠯᠵᠢᠭᠤᠨ ᠢ ᠬᠦᠨᠵᠡᠭᠡᠢ ᠲᠤᠭᠤᠰᠢᠯᠠᠭᠤᠯᠵᠦ ︽ᠲᠠᠯᠪᠢᠵᠤ ᠬᠠᠮᠢᠶᠠᠷᠬᠤ | ᠦᠢᠯᠡᠴᠢᠯᠡᠬᠦ︾ ᠦᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ | ᠪᠦᠬᠦ ᠲᠠᠯ᠎ᠠ ᠪᠠᠷ ᠰᠢᠯᠢᠳᠡᠭᠵᠢᠭᠦᠯᠬᠦ ᠬᠡᠷᠡᠭᠲᠡᠢ᠃ ᠡᠬᠢ ᠪᠠᠶᠠᠯᠢᠭ ᠡᠨᠧᠷᠬᠢ ᠶᠢᠨ ᠦᠨᠳᠦᠷ ᠪᠦᠲᠦᠮᠵᠢᠲᠦ ᠠᠰᠢᠭᠯᠠᠯᠲᠠ | ᠪᠠᠷ ᠭᠤᠤᠯ ᠪᠤᠯᠭᠠᠬᠤ ᠶᠢ ᠪᠠᠷᠢᠮᠲᠠᠯᠠᠵᠤ ᠲᠤᠬᠠᠢ ᠶᠢᠨ ᠭᠠᠵᠠᠷ ᠲᠤᠨᠢ ᠲᠤᠬᠢᠷᠠᠭᠤᠯᠤᠨ ᠰᠢᠨᠵᠢᠯᠡᠬᠦ ᠤᠬᠠᠭᠠᠨᠴᠢ ᠪᠠᠷ | ᠲᠦᠯᠦᠪᠵᠢᠭᠦᠯᠵᠤ ᠪᠤᠬᠢᠷᠳᠤᠯ ᠦᠭᠡᠢ᠂ ᠡᠷᠬᠢᠯᠲᠡᠲᠦ᠂ ᠤᠳᠤᠬᠢᠴᠢᠯᠠᠭᠰᠠᠨ ᠨᠡᠭᠦᠷᠡᠰᠦ ᠬᠢᠮᠢ ᠶᠢᠨ ᠠᠵᠤ ᠦᠢᠯᠡᠳᠪᠦᠷᠢ | ᠶᠢᠨ ᠬᠦᠷᠢᠶᠡᠯᠡᠩ ᠢ ᠪᠠᠶᠢᠭᠤᠯᠬᠤ ᠬᠡᠷᠡᠭᠲᠡᠢ ᠬᠡᠪᠡ᠃ | | | | | | | ᠪᠠᠶᠢᠴᠠᠭᠠᠯᠲᠠ ᠲᠤᠮᠳᠠ ᠡᠷᠳᠡᠨᠢᠪᠢᠯᠢᠭ ᠡᠯ᠎ᠡ ᠬᠦᠷᠢᠶᠡᠯᠡᠩ ᠲᠤᠭᠤᠷᠢᠭ ᠤᠨ ᠬᠢᠨ ᠢ ᠦᠦᠰᠢᠨ ᠬᠤᠰᠢᠭᠤ | ᠯᠤᠭ᠎ᠠ ᠬᠠᠷᠢᠯᠴᠠᠭ᠎ᠠ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠬᠤ ᠶᠢ ᠬᠦᠰᠡᠪᠡ᠃ ᠡᠷᠳᠡᠨᠢᠪᠢᠯᠢᠭ | ᠴᠢᠬᠤᠯᠠᠴᠢᠯᠠᠬᠤ ᠳᠤ ᠪᠠᠨ᠂ ᠪᠦᠬᠦ ᠬᠤᠰᠢᠭᠤᠨ ᠤ ᠡᠯ᠎ᠡ ᠬᠦᠷᠢᠶᠡᠯᠡᠩ ᠲᠤᠭᠤᠷᠢᠭ ᠡᠯ᠎ᠡ ᠰᠠᠯᠠᠭ᠎ᠠ ᠮᠦᠴᠢᠷ ᠤᠨ ᠬᠢᠨ | ᠪᠦᠬᠦ ᠬᠤᠰᠢᠭᠤᠨ ᠤ ᠴᠢᠬᠤᠯᠠ ᠶᠡᠭᠡ ᠲᠦᠷᠦᠯ ᠵᠦᠢᠯ ᠤᠨ ᠪᠠᠶᠢᠭᠤᠯᠤᠯᠲᠠ ᠶᠢᠨ ᠲᠤᠭᠤᠰᠢᠯᠠᠯᠲᠠ ᠶᠢ ᠪᠤᠲᠠᠲᠠᠢ | ᠠᠬᠢᠭᠤᠯᠵᠤ ᠤᠳᠤᠬᠠᠨ ᠤ ᠪᠠᠶᠢᠭ᠎ᠠ ᠲᠦᠷᠦᠯ ᠵᠦᠢᠯ ᠤᠨ ᠠᠶᠦᠯᠭᠦᠢ᠂ ᠲᠤᠭᠲᠠᠪᠤᠷᠢᠲᠠᠢ᠂ ᠪᠤᠬᠢᠷᠳᠤᠯ ᠦᠭᠡᠢ | ᠡᠷᠬᠢᠯᠲᠡ ᠶᠢ ᠴᠢᠷᠮᠠᠶᠢᠨ ᠪᠠᠲᠤᠯᠠᠬᠤ ᠬᠡᠷᠡᠭᠲᠡᠢ᠃ ᠤᠶᠢᠷ᠎ᠠ ᠵᠡᠷᠭᠡᠯᠡᠳᠡᠭᠡ ᠭᠠᠵᠠᠷ ᠤᠷᠤᠨ ᠤ ᠲᠡᠷᠢᠭᠦᠨ ᠤ | ᠲᠤᠷᠰᠢᠯᠭ᠎ᠠ᠂ ᠠᠷᠭ᠎ᠠ ᠪᠠᠷᠢᠯ ᠢ ᠢᠳᠡᠪᠬᠢᠲᠠᠢ ᠰᠤᠷᠤᠯᠴᠠᠨ ᠠᠰᠢᠭᠯᠠᠵᠤ ᠮᠠᠨ ᠤ ᠬᠤᠰᠢᠭᠤᠨ ᠤ ᠬᠦᠷᠢᠶᠡᠯᠡᠩ | ᠲᠤᠭᠤᠷᠢᠭ ᠤᠨ ᠬᠠᠮᠢᠶᠠᠷᠤᠯᠲᠠ ᠶᠢᠨ ᠬᠢᠷᠢ ᠲᠦᠪᠰᠢᠨ ᠤ ᠲᠠᠬᠢᠨᠲᠠ ᠳᠡᠪᠰᠢᠬᠤ ᠶᠢ ᠠᠬᠢᠭᠤᠯᠬᠤ ᠬᠡᠷᠡᠭᠲᠡᠢ᠃ | ᠬᠦᠷᠢᠶᠡᠯᠡᠩ ᠲᠤᠭᠤᠷᠢᠭ ᠤᠨ ᠰᠠᠭᠤᠷᠢ ᠲᠦᠭᠦᠭᠡᠷᠦᠮᠵᠢ ᠶᠢᠨ ᠲᠦᠭᠦᠷᠴᠢᠯᠡᠭᠰᠡᠨ ᠦᠢᠯᠡᠴᠢᠯᠡᠭᠡ ᠶᠢ ᠠᠬᠢᠭᠤᠯᠵᠤ | ᠠᠷᠠᠯᠵᠢᠶᠠᠯᠠᠵᠤ ᠬᠤᠳᠠᠯᠳᠤᠭᠠᠯᠠᠬᠤ ᠦᠢᠯᠡᠴᠢᠯᠡᠭᠡᠨ ᠤ ᠤᠷᠴᠢᠨ ᠢ ᠰᠢᠯᠢᠳᠡᠭᠵᠢᠭᠦᠯᠦᠨ ᠭᠤᠤᠯᠳᠠᠯᠭᠠᠲᠠᠢ ᠲᠦᠷᠦᠯ | ᠵᠦᠢᠯ ᠤᠨ ᠠᠵᠤ ᠦᠢᠯᠡᠰ ᠤᠨ ᠬᠦᠭᠵᠢᠯᠲᠡ ᠶᠢ ᠪᠤᠵᠠᠭᠠᠶᠢᠷᠠᠭᠤᠯᠵᠤ ᠲᠤᠮᠳᠠ ᠵᠢᠵᠢᠭ ᠠᠵᠤ ᠠᠬᠤᠶᠢᠯᠠᠯ ᠤᠨ | ᠪᠦᠲᠦᠴᠡ ᠶᠢᠨ ᠬᠡᠯᠪᠡᠷᠢ ᠶᠢᠨ ᠳᠡᠰ ᠲᠡᠪᠰᠢᠯᠲᠠ ᠶᠢ ᠳᠠᠶᠢᠴᠢᠯᠠᠨ ᠨᠤᠮᠢᠨ ᠲᠠᠩᠰᠤᠭ ᠦᠦᠰᠢᠨ ᠤ ᠰᠢᠨ᠎ᠡ ᠴᠠᠭ ᠦᠶ᠎ᠡ | ᠳᠠᠬᠢ ᠨᠤᠮᠢᠨ ᠲᠠᠩᠰᠤᠭ ᠬᠦᠭᠵᠢᠨ ᠮᠠᠨᠳᠤᠯᠲᠠ ᠶᠢ ᠪᠡᠶᠡᠯᠡᠬᠦᠯᠬᠦ ᠪᠠᠷ ᠴᠢᠷᠮᠠᠶᠢᠬᠤ ᠬᠡᠷᠡᠭᠲᠡᠢ ᠬᠡᠵᠡᠢ᠃ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ | ᠡᠷᠬᠢᠯᠡᠭᠴᠢ ᠵᠤᠤ ᠶᠦᠩ ᠹᠧᠩ᠂ ᠬᠤᠰᠢᠭᠤ ᠤᠳᠤᠷᠢᠳᠤᠯᠭ᠎ᠠ ᠪᠠᠶᠠᠨᠴᠡᠩᠬᠡᠯ᠂ ᠰᠤᠪᠤᠷᠭ᠎ᠠ ᠠᠵᠤ ᠠᠬᠤᠢ ᠶᠢᠨ | ᠨᠡᠭᠡᠭᠡᠯᠲᠡ ᠶᠢᠨ ᠲᠤᠭᠤᠷᠢᠭ᠂ ᠨᠠᠷᠢᠠᠭᠤᠤᠯ ᠠᠵᠤ ᠦᠢᠯᠡᠳᠪᠦᠷᠢ ᠶᠢᠨ ᠬᠦᠷᠢᠶᠡᠯᠡᠩ ᠵᠢᠴᠢ ᠬᠤᠰᠢᠭᠤ ᠠᠵᠤ ᠠᠬᠤᠢ | ᠠᠷᠠᠯᠵᠢᠶᠠᠨ ᠤ ᠶᠠᠪᠤᠳᠠᠯ ᠪᠤᠯᠤᠨ ᠴᠢᠮᠡᠭᠡ ᠵᠠᠩᠬᠢᠴᠢᠯᠠᠯᠲᠠ ᠶᠢᠨ ᠳᠤᠪᠴᠢᠶ᠎ᠠ᠂ ᠬᠦᠭᠵᠢᠭᠦᠯᠦᠯᠲᠡ ᠦᠭᠡᠷᠡᠴᠢᠯᠡᠯᠲᠡ | ᠶᠢᠨ ᠳᠤᠪᠴᠢᠶ᠎ᠠ᠂ ᠵᠠᠮ ᠬᠠᠷᠢᠯᠴᠠᠭᠠᠨ ᠤ ᠳᠤᠪᠴᠢᠶ᠎ᠠ ᠵᠡᠷᠭᠡ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠪᠠᠷᠠᠳᠠᠨ | ᠪᠠᠶᠢᠴᠠᠭᠠᠪᠠ᠃ | | |