ᠪᠦᠬᠦ ᠤᠯᠤᠰ ᠤᠨ ᠡᠷᠡᠬᠦᠯ ᠡᠩᠬᠡ ᠶᠢᠨ ᠦᠢᠯᠡᠰ ᠢ ᠠᠬᠢᠭᠤᠯᠬᠤ ᠬᠤᠰᠢᠭᠤ ᠶᠢ ᠡᠭᠦᠳᠤᠨ ᠪᠠᠶᠢᠭᠤᠯᠬᠤ ᠠᠵᠢᠯ ᠤᠨ ᠬᠡᠷᠡᠭᠵᠢᠬᠦᠯᠬᠦ ᠲᠦᠰᠦᠯ ᠢ ᠳᠠᠷᠤᠮᠠᠯᠯᠠᠨ ᠲᠠᠷᠬᠠᠭᠠᠬᠤ ᠲᠤᠬᠠᠢ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2018-12-10
                                ᠥᠥᠰᠢᠨ ᠵᠠᠰᠠᠭ ᠲᠠᠷᠬᠠᠭᠠᠬᠤ〔 2018〕28 ᠳ᠋ᠤᠭᠠᠷ ᠲᠤᠭᠠᠲᠤᠡᠯ᠎ᠡ ᠠᠵᠣ ᠠᠬᠤᠢ ᠶᠢᠨ ᠨᠡᠭᠡᠭᠡᠯᠲᠠ ᠶᠢᠨ ᠳᠣᠭᠤᠷᠢᠭ ︵ᠬᠦᠷᠢᠶᠠᠯᠠᠩ︶ ᠤᠨ ᠬᠠᠮᠢᠶᠠᠷᠣᠯᠳᠠ ᠶᠢᠨ ᠵᠦᠪᠯᠡᠯ᠂ ᠡᠯ᠎ᠡ ᠰᠣᠮᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ᠂ ᠡᠯ᠎ᠡ ᠰᠢᠭᠤᠳ ᠬᠠᠷᠢᠶ᠎ᠠ ᠨᠢᠭᠡᠴᠢ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄      ︽ᠥᠥᠰᠢᠨ ᠬᠤᠰᠢᠭᠤ ᠪᠦᠬᠦ ᠤᠯᠤᠰ ᠤᠨ ᠡᠷᠡᠬᠦᠯ ᠡᠩᠬᠡ ᠶᠢᠨ ᠦᠢᠯᠡᠰ ᠢ ᠠᠬᠢᠭᠤᠯᠬᠤ ᠬᠤᠰᠢᠭᠤ ᠶᠢ ᠡᠭᠦᠳᠤᠨ ᠪᠠᠶᠢᠭᠤᠯᠬᠤ ᠠᠵᠢᠯ ᠤᠨ ᠬᠡᠷᠡᠭᠵᠢᠬᠦᠯᠬᠦ ᠲᠦᠰᠦᠯ︾ ᠢ ᠳᠠᠷᠤᠮᠠᠯᠯᠠᠨ ᠲᠠᠷᠬᠠᠭᠠᠯ᠎ᠠ᠂ ᠲᠠᠨᠠᠷ ᠪᠣᠳᠠᠲᠦ ᠪᠠᠶᠢᠳᠠᠯ ᠲᠠᠢ ᠪᠠᠨ ᠤᠶᠠᠯᠳᠣᠭᠤᠯᠣᠨ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠦᠭᠡᠷᠡᠢ᠃                                                                     ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ                                           2018 ᠣᠨ ᠤ 9 ᠰᠠᠷ᠎ᠠ ᠶᠢᠨ 28 ᠤ ᠡᠳᠦᠷ               ᠥᠥᠰᠢᠨ  ᠬᠤᠰᠢᠭᠤ  ᠪᠦᠬᠦ  ᠤᠯᠤᠰ   ᠤᠨ  ᠡᠷᠡᠬᠦᠯ  ᠡᠩᠬᠡ   ᠶᠢᠨ  ᠦᠢᠯᠡᠰ ᠢ               ᠠᠬᠢᠭᠤᠯᠬᠤ ᠬᠤᠰᠢᠭᠤ ᠶᠢ ᠡᠭᠦᠳᠤᠨ ᠪᠠᠶᠢᠭᠤᠯᠬᠤ ᠠᠵᠢᠯ ᠤᠨ ᠬᠡᠷᠡᠭᠵᠢᠬᠦᠯᠬᠦ ᠲᠦᠰᠦᠯ      ︽〈 ᠡᠷᠠᠭᠦᠯ ᠡᠩᠬᠡ ᠲᠤᠮᠳᠠᠳᠤ ᠤᠯᠤᠰ 2030 〉ᠲᠦᠯᠦᠪᠵᠢᠬᠦᠯᠭᠡ ᠶᠢᠨ ᠬᠦᠲᠦᠯᠪᠤᠷᠢ︾ ︽〈 ᠠᠷᠪᠠᠨ ᠭᠤᠷᠪᠠᠳᠤᠭᠠᠷ ᠲᠠᠪᠤᠨ ᠵᠢᠯ〉 ᠤᠨ ᠡᠷᠡᠭᠦᠯ ᠬᠠᠮᠠᠭᠠᠯᠠᠯ ᠪᠠ ᠡᠷᠡᠬᠦᠯ ᠡᠩᠬᠡ ᠶᠢᠨ ᠲᠦᠯᠦᠪᠵᠢᠬᠦᠯᠬᠡ︾ ︽ᠡᠷᠡᠬᠦᠯ ᠡᠩᠬᠡ ᠶᠢᠨ ᠦᠢᠯᠡᠰ ᠤᠨ ᠠᠬᠢᠭᠤᠯᠤᠯᠲᠠ ᠪᠠ ᠬᠦᠮᠦᠵᠢᠯ ᠢ ᠴᠢᠩᠭᠠᠳᠬᠠᠬᠤ ᠲᠤᠬᠠᠢ ᠵᠢᠯᠤᠭᠤᠳᠬᠤ ᠰᠠᠨᠠᠯ︾ ᠪᠤᠯᠤᠨ ︽〈ᠠᠷᠪᠠᠨ ᠭᠤᠷᠪᠠᠳᠤᠭᠠᠷ ᠲᠠᠪᠤᠨ ᠵᠢᠯ〉 ᠤᠨ ᠪᠦᠬᠦ ᠤᠯᠤᠰ ᠤᠨ ᠡᠷᠡᠬᠦᠯ ᠡᠩᠬᠡ ᠶᠢᠨ ᠦᠢᠯᠡᠰ ᠢ ᠠᠬᠢᠭᠤᠯᠬᠤ ᠪᠠ ᠰᠣᠷᠭᠠᠨ ᠬᠦᠮᠦᠵᠢᠯ ᠤᠨ ᠠᠵᠢᠯ ᠤᠨ ᠲᠦᠯᠦᠪᠵᠢᠬᠦᠯᠬᠡ︾ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠤᠰᠤᠭᠠᠷ ᠣᠯᠣᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ  ᠢ ᠤᠯᠠᠮ ᠨᠢᠬᠡ ᠠᠯᠬᠤᠮ ᠪᠠᠬᠢᠵᠢᠬᠦᠯᠦᠨ ᠪᠦᠬᠦ ᠤᠯᠤᠰ ᠤᠨ ᠰᠢᠶᠠᠨ ᠤ ᠳᠡᠰ ᠤᠨ ᠪᠤᠯᠪᠠᠰᠤᠨ ᠬᠤᠳᠠ ᠶᠢ ᠡᠭᠦᠳᠤᠨ ᠪᠠᠶᠢᠭᠤᠯᠬᠤ ᠠᠵᠢᠯ ᠢ ᠠᠬᠢᠭᠤᠯᠵᠦ ᠥᠥᠰᠢᠨ ᠬᠤᠰᠢᠭᠤᠨ ᠤ ᠰᠠᠭᠤᠭᠠᠯᠢ ᠠᠷᠠᠳ ᠤᠨ ᠡᠷᠡᠭᠦᠯ ᠡᠩᠭᠡ ᠶᠢᠨ ᠬᠢᠷᠢ ᠲᠦᠪᠰᠢᠨ ᠢ ᠳᠠᠰᠣᠷᠠᠯᠲᠠ ᠦᠬᠡᠢ ᠳᠡᠭᠡᠭᠰᠢᠯᠡᠬᠦᠯᠦᠨ ︽ᠪᠦᠬᠦ ᠤᠯᠤᠰ ᠤᠨ ᠡᠷᠡᠬᠦᠯ ᠡᠩᠬᠡ ᠶᠢᠨ ᠦᠢᠯᠡᠰ ᠢ ᠠᠬᠢᠭᠤᠯᠬᠤ ᠬᠤᠰᠢᠭᠤ︾ ᠶᠢ ᠡᠭᠦᠳᠤᠨ ᠪᠠᠶᠢᠭᠤᠯᠬᠤ ᠡᠭᠦᠷᠭᠡ ᠶᠢ ᠲᠡᠭᠦᠰ ᠠᠮᠵᠢᠯᠲᠠᠲᠠᠢ ᠪᠡᠶᠡᠯᠡᠬᠦᠯᠬᠦ ᠶᠢᠨ ᠲᠥᠯᠥᠬᠡ ᠮᠠᠨ ᠤ ᠬᠤᠰᠢᠭᠤᠨ ᠤ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ ᠲᠤᠰ ᠠᠵᠢᠯ ᠤᠨ ᠬᠡᠷᠡᠭᠵᠢᠬᠦᠯᠬᠦ ᠲᠦᠰᠦᠯ ᠢ ᠲᠤᠭᠲᠠᠭᠠᠪᠠ᠃       ᠨᠢᠭᠡ᠂ ᠡᠭᠦᠳᠦᠨ ᠪᠠᠶᠢᠭᠤᠯᠬᠤ ᠬᠠᠷᠠᠯᠲᠠ      ︵ᠨᠢᠭᠡ︶ ᠶᠡᠷᠤᠩᠬᠡᠢ ᠬᠠᠷᠠᠯᠲᠠ᠃      ︽ᠡᠷᠡᠬᠦᠯ ᠡᠩᠬᠡ ᠶᠢ ᠪᠦᠬᠦᠶᠢᠯᠡ ᠲᠦᠷᠦ ᠶᠢᠨ ᠪᠤᠳᠤᠯᠭ᠎ᠠ ᠳᠤ ᠠᠭᠤᠰᠤᠯᠴᠠᠭᠤᠯᠬᠤ︾ ᠴᠢᠭᠯᠡᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠦ ᠨᠠᠶᠢᠳᠠᠪᠤᠷᠢᠵᠢᠭᠤᠯᠤᠨ ᠡᠷᠡᠬᠦᠯ ᠡᠩᠬᠡ ᠶᠢ ᠲᠡᠷᠢᠬᠦᠨ ᠳᠤ ᠲᠠᠯᠪᠢᠬᠤ᠂ ᠡᠷᠡᠭᠦᠯ ᠡᠩᠬᠡ ᠶᠢᠨ ᠬᠦᠮᠦᠵᠢᠯ ᠢ ᠤᠷᠢᠳ ᠢᠶᠠᠷ ᠶᠠᠪᠤᠭᠳᠠᠭᠤᠯᠬᠤ ᠣᠶᠢᠯᠠᠭᠠᠭᠳᠠᠬᠤᠨ ᠢ ᠰᠠᠨᠠᠭᠠᠴᠢᠯᠠᠵᠦ ᠡᠷᠡᠬᠦᠯ ᠡᠩᠬᠡ ᠶᠢᠨ ᠦᠢᠯᠡᠰ ᠢ ᠠᠬᠢᠭᠤᠯᠬᠤ ᠬᠤᠰᠢᠭᠤᠨ ᠤ ᠠᠵᠢᠯᠯᠠᠬᠤ ᠬᠡᠯᠪᠡᠷᠢ ᠪᠤᠯᠤᠨ ᠪᠠᠶᠢᠩᠭᠤ ᠶᠢᠨ ᠲᠤᠭᠲᠠᠯᠴᠠᠭ᠎ᠠ ᠶᠢ ᠰᠦᠪᠡᠭᠴᠢᠯᠡᠵᠦ ᠪᠠᠶᠢᠭᠤᠯᠤᠨ ᠡᠷᠡᠬᠦᠯ ᠡᠩᠬᠡ ᠶᠢ ᠳᠡᠮᠵᠢᠬᠦ ᠣᠷᠴᠢᠨ ᠲᠤᠭᠤᠷᠢᠨ ᠢ ᠪᠦᠲᠦᠭᠡᠨ ᠪᠠᠶᠢᠭᠤᠯᠵᠦ ᠡᠷᠡᠬᠦᠯ ᠡᠩᠬᠡ ᠠᠭᠤᠷ ᠠᠮᠢᠰᠬᠤᠯ ᠢ ᠪᠤᠢ ᠪᠤᠯᠭᠠᠨ ᠰᠠᠭᠤᠭᠠᠯᠢ ᠠᠷᠠᠳ ᠤᠨ ᠡᠷᠡᠬᠦᠯ ᠡᠩᠬᠡ ᠬᠡᠪ ᠪᠤᠯᠪᠠᠰᠤᠷᠠᠯ ᠪᠤᠯᠤᠨ ᠡᠷᠡᠬᠦᠯ ᠡᠩᠬᠡ ᠬᠢᠷᠢ ᠲᠦᠪᠰᠢᠨ ᠢ ᠳᠡᠭᠡᠭᠰᠢᠯᠡᠬᠦᠯᠵᠦ ︽ᠡᠷᠡᠬᠦᠯ ᠡᠩᠬᠡ ᠦᠦᠰᠢᠨ︾ ᠤ ᠪᠠᠶᠢᠯᠳᠤᠬᠤ ᠪᠤᠳᠤᠯᠭ᠎ᠠ ᠶᠢᠨ ᠬᠡᠷᠡᠭᠵᠢᠬᠦᠯᠦᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃      ︵ᠬᠤᠶᠠᠷ︶ ᠵᠠᠩᠬᠢᠯᠠᠭ᠎ᠠ ᠶᠢᠨ ᠬᠦᠢᠴᠡᠳᠬᠡᠯ ᠲᠤᠭ᠎ᠠ᠃      2019 ᠣᠨ ᠤ ᠡᠴᠤᠰ ᠪᠤᠯᠳᠠᠯ᠎ᠠ ᠡᠷᠡᠬᠦᠯ ᠡᠩᠬᠡ ᠶᠢᠨ ᠦᠢᠯᠡᠰ ᠢ ᠠᠬᠢᠭᠤᠯᠬᠤ ᠬᠤᠰᠢᠭᠤ ᠭᠤᠤᠯᠳᠠᠭᠤ ᠲᠤᠤᠷᠠᠬᠢ ᠬᠦᠢᠴᠡᠳᠬᠡᠯ ᠲᠤᠭ᠎ᠠ ᠶᠢ ᠪᠡᠶᠡᠯᠡᠬᠦᠯᠦᠨ᠎ᠡ᠄      ⒈ᠡᠷᠡᠬᠦᠯ ᠡᠩᠬᠡ ᠶᠢ ᠪᠦᠬᠦᠶᠢᠯᠡ ᠲᠦᠷᠦ ᠶᠢᠨ ᠪᠤᠳᠤᠯᠭ᠎ᠠ ᠳᠤ ᠠᠭᠤᠰᠤᠯᠴᠠᠭᠤᠯᠬᠤ ᠠᠵᠢᠯ ᠤᠨ ᠲᠤᠭᠲᠠᠴᠠ  ᠶᠢ ᠪᠠᠶᠢᠭᠤᠯᠤᠨ᠎ᠠ᠃ ᠡᠷᠡᠬᠦᠯ ᠡᠩᠬᠡ ᠶᠢ ᠠᠬᠢᠭᠤᠯᠬᠤ ᠨᠡᠶᠢᠲᠡ ᠶᠢᠨ ᠲᠦᠷᠦ ᠶᠢᠨ ᠪᠤᠳᠤᠯᠭ᠎ᠠ ᠶᠢ ᠨᠡᠶᠢᠲᠡᠯᠡᠵᠦ ᠡᠯ᠎ᠡ ᠰᠠᠯᠠᠭ᠎ᠠ ᠮᠦᠴᠢᠷ ᠬᠠᠮᠲᠤᠷᠠᠨ ᠡᠷᠡᠬᠦᠯ ᠡᠩᠬᠡ ᠶᠢᠨ ᠠᠵᠢᠯᠯᠠᠭ᠎ᠠ ᠶᠢ ᠦᠷᠨᠢᠬᠦᠯᠦᠨ᠎ᠡ᠃      ⒉ ᠪᠦᠬᠦ ᠬᠤᠰᠢᠭᠤᠨ ᠤ 20% ᠶᠢᠨ ᠨᠡᠶᠢᠬᠡᠮ ᠲᠤᠭᠤᠷᠢᠭ᠂ ᠭᠠᠴᠠᠭ᠎ᠠ ᠲᠤᠰᠬᠤᠨ ᠢ ᠡᠷᠡᠬᠦᠯ ᠡᠩᠬᠡ ᠨᠡᠶᠢᠬᠡᠮ ᠲᠤᠭᠤᠷᠢᠭ᠂ ᠡᠷᠡᠬᠦᠯ ᠡᠩᠬᠡ ᠭᠠᠴᠠᠭ᠎ᠠ ᠲᠤᠰᠬᠤᠨ ᠤ ᠪᠠᠷᠢᠮᠵᠢᠶᠠᠨ ᠳᠤ ᠨᠡᠶᠢᠴᠡᠬᠦᠯᠬᠦ ᠬᠡᠷᠡᠭᠲᠡᠢ᠃      ⒊ᠪᠦᠬᠦ ᠬᠤᠰᠢᠭᠤᠨ ᠤ 20% ᠶᠢᠨ ᠭᠡᠷ ᠪᠦᠯᠢ ᠨᠢ ᠡᠷᠡᠬᠦᠯ ᠡᠩᠬᠡ ᠭᠡᠷ ᠪᠦᠯᠢ ᠶᠢᠨ ᠪᠠᠷᠢᠮᠵᠢᠶᠠᠨ ᠳᠤ ᠨᠡᠶᠢᠴᠡᠬᠦ ᠶᠢ ᠪᠡᠶᠡᠯᠡᠬᠦᠯᠵᠦ 100 ᠡᠷᠡᠬᠦᠯ ᠡᠩᠬᠡ ᠭᠡᠷ ᠪᠦᠯᠢ ᠶᠢ ᠰᠢᠯᠭᠠᠷᠠᠭᠤᠯᠤᠨ ᠰᠤᠩᠭᠤᠨ᠎ᠠ᠃      ⒋ ᠪᠦᠬᠦ ᠬᠤᠰᠢᠭᠤᠨ ᠤ 40% ᠶᠢᠨ ᠡᠮ ᠡᠮᠨᠡᠯᠬᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ︵ᠶᠡᠷᠦᠩᠬᠡᠶᠢᠯᠡᠭᠰᠡᠨ ᠡᠮᠨᠡᠯᠬᠡ ᠶᠢᠨ ᠬᠤᠷᠢᠶ᠎ᠠ᠂ ᠲᠤᠰᠬᠠᠢ ᠡᠮᠨᠡᠯᠬᠡ ᠶᠢᠨ ᠬᠤᠷᠢᠶ᠎ᠠ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠦᠨᠳᠦᠰᠦᠨ ᠱᠠᠲᠤᠨ ᠤ ᠡᠮᠨᠡᠯᠬᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠲᠦᠯᠦᠪᠯᠡᠬᠡᠲᠤ ᠬᠦᠩᠬᠡᠵᠢᠯ ᠤᠨ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠵᠢᠴᠢ ᠬᠤᠪᠢ ᠶᠢᠨ ᠡᠮᠨᠡᠯᠬᠡ ᠶᠢᠨ ᠬᠤᠷᠢᠶ᠎ᠠ ᠵᠡᠷᠭᠡ ᠶᠢ ᠪᠠᠭᠳᠠᠭᠠᠨ᠎ᠠ︶ ᠶᠢ ᠡᠷᠡᠬᠦᠯ ᠡᠩᠬᠡ ᠶᠢᠨ ᠦᠢᠯᠡᠰ ᠢ ᠠᠬᠢᠭᠤᠯᠬᠤ ᠡᠮᠨᠡᠯᠬᠡ ᠶᠢᠨ ᠬᠤᠷᠢᠶᠠᠨ ᠤ ᠪᠠᠷᠢᠮᠵᠢᠶᠠᠨ ᠳᠤ ᠨᠡᠶᠢᠴᠡᠬᠦᠯᠬᠦ ᠬᠡᠷᠡᠭᠲᠡᠢ᠃      ⒌ ᠪᠦᠬᠦ ᠬᠤᠰᠢᠭᠤᠨ ᠤ 50% ᠶᠢᠨ ᠲᠤᠮᠳᠠᠳᠤ ᠪᠠᠭ᠎ᠠ ᠰᠤᠷᠭᠠᠭᠤᠯᠢ ᠢ ᠡᠷᠡᠬᠦᠯ ᠡᠩᠬᠡ ᠶᠢᠨ ᠦᠢᠯᠡᠰ ᠢ ᠠᠬᠢᠭᠤᠯᠬᠤ ᠰᠤᠷᠭᠠᠭᠤᠯᠢ ᠶᠢᠨ ᠪᠠᠷᠢᠮᠵᠢᠶᠠᠨ ᠳᠤ ᠨᠡᠶᠢᠴᠡᠬᠦᠯᠬᠦ ᠬᠡᠷᠡᠭᠲᠡᠢ᠃ ︵ᠬᠤᠪᠢ ᠶᠢᠨ ᠰᠤᠷᠭᠠᠭᠤᠯᠢ ᠶᠢ ᠪᠠᠭᠳᠠᠭᠠᠨ᠎ᠠ︶      ⒍ ᠪᠦᠬᠦ ᠬᠤᠰᠢᠭᠤᠨ ᠤ 50% ᠶᠢᠨ ᠠᠯᠪᠠᠨ ᠪᠠᠶᠢᠭᠤᠯᠭ᠎ᠠ ᠪᠤᠯᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠢ ᠡᠷᠡᠬᠦᠯ ᠡᠩᠬᠡ ᠶᠢᠨ ᠦᠢᠯᠡᠰ ᠢ ᠠᠬᠢᠭᠤᠯᠬᠤ ᠠᠯᠪᠠᠨ ᠪᠠᠶᠢᠭᠤᠯᠭ᠎ᠠ ᠶᠢᠨ ᠪᠠᠷᠢᠮᠵᠢᠶᠠᠨ ᠳᠤ ᠨᠡᠶᠢᠴᠡᠬᠦᠯᠬᠦ ᠬᠡᠷᠡᠭᠲᠡᠢ᠃      ⒎ᠪᠦᠬᠦ ᠬᠤᠰᠢᠭᠤᠨ ᠤ 20% ᠶᠢᠨ ᠲᠤᠮᠤ ᠳᠤᠮᠳᠠ ᠠᠵᠤ ᠠᠬᠤᠶᠢᠯᠠᠯ ᠢ ᠡᠷᠡᠬᠦᠯ ᠡᠩᠬᠡ ᠶᠢᠨ ᠦᠢᠯᠡᠰ ᠢ ᠠᠬᠢᠭᠤᠯᠬᠤ ᠠᠵᠤ ᠠᠬᠤᠶᠢᠯᠠᠯ ᠤᠨ ᠪᠠᠷᠢᠮᠵᠢᠶᠠᠨ ᠳᠤ ᠨᠡᠶᠢᠴᠡᠬᠦᠯᠬᠦ ᠬᠡᠷᠡᠭᠲᠡᠢ᠃      ⒏ ᠰᠠᠭᠤᠭᠠᠯᠢ ᠠᠷᠠᠳ ᠤᠨ ᠡᠷᠡᠬᠦᠯ ᠡᠩᠬᠡ ᠶᠢᠨ ᠬᠡᠪ ᠪᠤᠯᠪᠠᠰᠤᠷᠠᠯ ᠢ 2018 ᠤᠨ ᠤ ᠡᠬᠢᠨ ᠤ ᠰᠠᠭᠤᠷᠢᠨ ᠳᠡᠭᠡᠷ᠎ᠡ 20% ᠳᠡᠭᠡᠭᠰᠢᠯᠡᠬᠦᠯᠬᠦ ᠪᠤᠶᠤ ᠲᠤᠰ ᠵᠢᠯ ᠤᠨ ᠪᠦᠬᠦ ᠤᠷᠤᠨ ᠤ ᠳᠤᠮᠳᠠᠴᠢ ᠬᠢᠷᠢ ᠲᠦᠪᠰᠢᠨ  ᠠᠴᠠ ᠦᠨᠳᠦᠷ ᠪᠠᠶᠢᠯᠭᠠᠬᠤ ᠬᠡᠷᠡᠭᠲᠡᠢ᠃      ⒐ ᠨᠠᠰᠤᠨ ᠳᠤ ᠬᠦᠷᠦᠭᠰᠡᠳ ᠤᠨ ᠲᠠᠮᠠᠬᠢ ᠳᠠᠳᠠᠬᠤ ᠨᠤᠷᠮ᠎ᠠ ᠶᠢ 2018 ᠤᠨ ᠤ ᠡᠬᠢᠨ ᠤ ᠰᠠᠭᠤᠷᠢᠨ ᠳᠡᠭᠡᠷ᠎ᠡ 20% ᠲᠤᠷᠤᠭᠰᠢᠯᠠᠭᠤᠯᠬᠤ ᠪᠤᠶᠤ ᠲᠤᠰ ᠵᠢᠯ ᠤᠨ ᠪᠦᠬᠦ ᠤᠷᠤᠨ ᠤ ᠳᠤᠮᠳᠠᠴᠢ ᠬᠢᠷᠢ ᠲᠦᠪᠰᠢᠨ ᠠᠴᠠ ᠲᠤᠤᠷ᠎ᠠ ᠪᠠᠶᠢᠯᠭᠠᠬᠤ ᠬᠡᠷᠡᠭᠲᠡᠢ᠃      ᠬᠤᠶᠠᠷ᠂ ᠭᠤᠤᠯᠳᠠᠯᠭᠠᠲᠤ ᠪᠦᠲᠦᠭᠡᠨ ᠪᠠᠶᠢᠭᠤᠯᠤᠯᠲᠠ ᠶᠢᠨ ᠠᠭᠤᠯᠭ᠎ᠠ      ︵ᠨᠢᠭᠡ︶ ᠡᠷᠡᠬᠦᠯ ᠡᠩᠬᠡ ᠶᠢᠨ ᠦᠢᠯᠡᠰ ᠢ ᠠᠬᠢᠭᠤᠯᠬᠤ ᠠᠵᠢᠯ ᠤᠨ ᠲᠤᠭᠳᠠᠯᠴᠠᠭ᠎ᠠ      ⒈ ᠵᠤᠬᠢᠶᠠᠨ ᠪᠠᠶᠢᠭᠤᠯᠤᠯᠲᠠ ᠶᠢᠨ ᠪᠠᠲᠤᠯᠠᠭ᠎ᠠ᠃ ᠬᠤᠰᠢᠭᠤ ᠠᠷᠠᠳ ᠤᠨ ᠵᠠᠰᠠᠭ ᠤᠨ ᠣᠷᠳᠣᠨ ᠡᠷᠡᠬᠦᠯ ᠡᠩᠬᠡ ᠶᠢᠨ ᠦᠢᠯᠡᠰ ᠢ ᠠᠬᠢᠭᠤᠯᠬᠤ ᠬᠤᠰᠢᠭᠤ ᠶᠢ ᠪᠦᠲᠦᠭᠡᠨ ᠪᠠᠶᠢᠭᠤᠯᠬᠤ ᠶᠢ ᠵᠠᠰᠠᠭ ᠤᠨ ᠣᠷᠳᠣᠨ ᠤ ᠴᠢᠬᠤᠯᠠ ᠶᠡᠭᠡ ᠠᠵᠢᠯ ᠳᠤ ᠣᠷᠣᠭᠤᠯᠵᠦ ᠡᠷᠡᠬᠦᠯ ᠡᠩᠬᠡ ᠶᠢᠨ ᠦᠢᠯᠡᠰ ᠢ ᠠᠬᠢᠭᠤᠯᠬᠤ ᠬᠤᠰᠢᠭᠤ ᠶᠢ ᠡᠭᠦᠳᠦᠨ ᠪᠠᠶᠢᠭᠤᠯᠬᠤ ᠠᠵᠢᠯ ᠤᠨ ᠲᠦᠰᠦᠯ ᠢ ᠲᠤᠭᠳᠠᠭᠠᠨ᠎ᠠ᠃ ᠬᠤᠰᠢᠭᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠲᠤᠭᠤᠶᠢᠯᠠᠩ ᠤᠨ ᠳᠠᠷᠤᠭ᠎ᠠ ᠤᠨ ᠲᠤᠰᠢᠶᠠᠯ ᠬᠠᠪᠰᠤᠷᠭᠠᠵᠦ ᠡᠯ᠎ᠡ ᠰᠤᠮᠤ ᠪᠠᠯᠭᠠᠰᠤ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠢᠶᠠᠷ ᠪᠦᠷᠢᠯᠳᠤᠭᠦᠨ ᠬᠡᠰᠢᠬᠦᠨ ᠪᠤᠯᠭᠠᠭᠰᠠᠨ ᠡᠷᠡᠬᠦᠯ ᠡᠩᠬᠡ ᠶᠢᠨ ᠦᠢᠯᠡᠰ ᠢ ᠠᠬᠢᠭᠤᠯᠬᠤ ᠬᠤᠰᠢᠭᠤ ᠶᠢᠨ ᠡᠭᠦᠳᠦᠨ ᠪᠠᠶᠢᠭᠤᠯᠤᠯᠲᠠ ᠶᠢᠨ ᠠᠵᠢᠯ ᠤᠨ ᠣᠳᠣᠷᠢᠳᠬᠤ ᠪᠠᠭ᠎ᠠ ᠲᠤᠭᠤᠶᠢᠯᠠᠩ ᠢ ᠪᠠᠶᠢᠭᠤᠯᠵᠦ ᠲᠤᠭᠳᠠᠭᠰᠠᠨ ᠬᠤᠭᠤᠴᠠᠭ᠎ᠠ ᠲᠠᠢ ᠪᠠᠷ ᠵᠤᠬᠢᠴᠠᠭᠤᠯᠤᠯᠲᠠ ᠶᠢᠨ ᠬᠤᠷᠠᠯ ᠬᠤᠷᠠᠯᠳᠤᠭᠤᠯᠤᠨ ᠠᠵᠢᠯ ᠤᠨ ᠠᠬᠢᠴᠠ ᠶᠢ ᠮᠡᠳᠡᠭᠡᠯᠡᠨ᠎ᠡ᠃ ᠡᠯ᠎ᠡ ᠰᠤᠮᠤ ᠪᠠᠯᠭᠠᠰᠤ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠴᠤ ᠬᠠᠷᠠᠭᠠᠯᠵᠠᠭᠰᠠᠨ ᠠᠵᠢᠯ ᠤᠨ ᠣᠳᠣᠷᠢᠳᠬᠤ ᠪᠠᠭ᠎ᠠ ᠲᠤᠭᠤᠶᠢᠯᠠᠩ ᠢ ᠪᠠᠶᠢᠭᠤᠯᠬᠤ ᠶᠢᠨ ᠬᠠᠮᠲᠤ ᠲᠤᠭᠳᠠᠭᠰᠠᠨ ᠬᠤᠭᠤᠴᠠᠭ᠎ᠠ ᠲᠠᠢ ᠪᠠᠷ ᠬᠤᠷᠠᠯ ᠬᠤᠷᠠᠯᠳᠤᠭᠤᠯᠵᠦ ᠡᠷᠡᠬᠦᠯ ᠡᠩᠬᠡ ᠶᠢᠨ ᠦᠢᠯᠡᠰ ᠢ ᠠᠬᠢᠭᠤᠯᠬᠤ ᠠᠵᠢᠯ ᠢ ᠰᠣᠳᠣᠯᠵᠦ ᠪᠠᠶᠢᠷᠢᠯᠠᠭᠤᠯᠤᠨ᠎ᠠ᠃      ⒉ ᠠᠵᠢᠯ ᠤᠨ ᠪᠠᠲᠤᠯᠠᠭ᠎ᠠ᠃ ᠮᠡᠷᠭᠡᠵᠢᠯ ᠤᠨ ᠲᠤᠤᠷ ᠰᠦᠯᠵᠢᠶᠠᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠡᠷᠡᠬᠦᠯ ᠡᠩᠬᠡ ᠶᠢᠨ ᠬᠦᠮᠦᠵᠢᠯ ᠤᠨ ᠮᠡᠷᠭᠡᠵᠢᠯ ᠤᠨ ᠪᠠᠶᠢᠭᠤᠯᠤᠮᠵᠢ ᠪᠠᠷ ᠭᠤᠤᠯᠳᠠᠯᠭ᠎ᠠ ᠪᠣᠯᠭᠠᠵᠦ ᠬᠠᠷᠢᠶᠠᠲᠤ ᠣᠷᠣᠨ ᠤ ᠲᠤᠳᠤᠷᠠᠭᠢ ᠪᠦᠬᠦᠶᠢᠯᠡ ᠡᠮᠨᠡᠯᠬᠡ ᠶᠢᠨ ᠬᠤᠷᠢᠶ᠎ᠠ᠂ ᠣᠯᠠᠨ ᠨᠡᠶᠢᠳᠡ ᠶᠢᠨ ᠡᠷᠡᠭᠦᠯ ᠬᠠᠮᠠᠭᠠᠯᠠᠯ  ᠤᠨ ᠪᠠᠶᠢᠭᠤᠯᠤᠮᠵᠢ᠂ ᠲᠦᠯᠦᠪᠯᠡᠭᠡᠲᠤ ᠬᠦᠩᠬᠡᠵᠢᠯ ᠤᠨ ᠦᠢᠯᠡᠴᠢᠯᠡᠬᠡᠨ ᠤ ᠪᠠᠶᠢᠭᠤᠯᠤᠮᠵᠢ᠂ ᠦᠨᠳᠦᠰᠦᠨ ᠱᠠᠲᠤᠨ ᠤ ᠡᠮᠨᠡᠯᠬᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠨᠠᠶᠢᠳᠠᠮᠵᠢᠭ᠍ᠰᠡᠨ ᠡᠷᠡᠬᠦᠯ ᠡᠩᠬᠡ ᠶᠢᠨ ᠦᠢᠯᠡᠰ ᠢ ᠠᠬᠢᠭᠤᠯᠬᠤ ᠮᠡᠷᠭᠡᠵᠢᠯ ᠤᠨ ᠲᠤᠤᠷ ᠰᠦᠯᠵᠢᠶ᠎ᠡ ᠶᠢ ᠪᠠᠶᠢᠭᠤᠯᠤᠨ᠎ᠠ᠃ ᠠᠵᠢᠯ ᠤᠨ ᠲᠤᠤᠷ ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠰᠤᠮᠤ ᠪᠠᠯᠭᠠᠰᠤ᠂ ᠰᠠᠯᠠᠭ᠎ᠠ ᠮᠦᠴᠢᠷ᠂ ᠰᠣᠷᠭᠠᠭᠤᠯᠢ᠂ ᠠᠵᠦ ᠠᠬᠤᠶᠢᠯᠠᠯ᠂ ᠭᠠᠴᠠᠭ᠎ᠠ ᠲᠤᠰᠬᠤᠨ ︵ᠨᠡᠶᠢᠬᠡᠮ ᠲᠤᠭᠤᠷᠢᠭ︶ ᠳᠤ ᠨᠠᠶᠢᠳᠠᠮᠵᠢᠭ᠍ᠰᠡᠨ ᠡᠷᠡᠬᠦᠯ ᠡᠩᠬᠡ ᠶᠢᠨ ᠦᠢᠯᠡᠰ ᠢ ᠠᠬᠢᠭᠤᠯᠬᠤ ᠠᠵᠢᠯ ᠤᠨ ᠲᠤᠤᠷ ᠰᠦᠯᠵᠢᠶ᠎ᠡ ᠶᠢ ᠪᠠᠶᠢᠭᠤᠯᠤᠨ᠎ᠠ᠃ ᠡᠯ᠎ᠡ ᠪᠠᠶᠢᠭᠤᠯᠭ᠎ᠠ ᠨᠢᠭᠡᠴᠢ ᠲᠤᠬᠠᠶᠢᠯᠠᠭᠰᠠᠨ ᠠᠵᠢᠯ ᠤᠨ ᠠᠵᠢᠯᠳᠠᠨ ᠢ ᠲᠤᠬᠢᠷᠠᠭᠤᠯᠵᠦ ᠡᠷᠡᠬᠦᠯ ᠡᠩᠬᠡ ᠶᠢᠨ ᠦᠢᠯᠡᠰ ᠢ ᠠᠬᠢᠭᠤᠯᠬᠤ ᠬᠤᠰᠢᠭᠤ ᠪᠤᠯᠤᠨ ᠡᠷᠡᠬᠦᠯ ᠡᠩᠬᠡ ᠶᠢᠨ ᠬᠦᠮᠦᠵᠢᠯ ᠤᠨ ᠬᠠᠮᠢᠶ᠎ᠠ ᠪᠦᠬᠦᠢ ᠠᠵᠢᠯ ᠢ ᠢᠳᠡᠪᠬᠢᠲᠡᠢ ᠵᠤᠬᠢᠶᠠᠨ ᠪᠠᠶᠢᠭᠤᠯᠵᠦ ᠦᠷᠨᠢᠬᠦᠯᠦᠨ᠎ᠡ᠃      ⒊ ᠵᠠᠷᠤᠳᠠᠯ ᠤᠨ ᠪᠠᠲᠤᠯᠠᠭ᠎ᠠ᠃ ᠲᠦᠪ ᠠᠴᠠ ᠨᠦᠬᠦᠪᠦᠷᠢᠯᠡᠭᠰᠡᠨ ᠡᠯ᠎ᠡ ᠲᠦᠷᠦᠯ ᠤᠨ ᠡᠷᠡᠬᠦᠯ ᠡᠩᠬᠡ ᠶᠢᠨ ᠬᠡᠪ ᠪᠤᠯᠪᠠᠰᠤᠷᠠᠯ ᠢ ᠠᠬᠢᠭᠤᠯᠬᠤ ᠵᠠᠷᠣᠳᠠᠯ᠂ ᠡᠷᠡᠬᠦᠯ ᠡᠩᠬᠡ ᠶᠢᠨ ᠦᠢᠯᠡᠰ ᠢ ᠠᠬᠢᠭᠤᠯᠬᠤ ᠬᠤᠰᠢᠭᠤ ᠶᠢᠨ ᠲᠦᠷᠦᠯ ᠵᠦᠢᠯ ᠤᠨ ᠪᠡᠯᠡ ᠮᠦᠩᠬᠦᠨ ᠤ ᠲᠤᠰᠬᠠᠢ ᠮᠦᠩᠬᠦ ᠶᠢ ᠲᠣᠰᠬᠠᠢ ᠲᠦᠷᠦᠯ ᠳᠤ ᠵᠠᠷᠤᠬᠤ ᠶᠢ ᠪᠡᠶᠡᠯᠡᠬᠦᠯᠵᠦ ᠬᠠᠮᠢᠶᠠᠷᠤᠯᠲᠠ ᠪᠠᠨ ᠲᠦᠷᠢᠮᠵᠢᠬᠦᠯᠦᠨ᠎ᠡ᠃ ᠡᠷᠡᠬᠦᠯ ᠡᠩᠬᠡ ᠶᠢᠨ ᠦᠢᠯᠡᠰ ᠢ ᠠᠬᠢᠭᠤᠯᠬᠤ ᠬᠤᠰᠢᠭᠤ ᠶᠢᠨ ᠠᠵᠢᠯ ᠢ ᠬᠤᠰᠢᠭᠤ ᠵᠠᠰᠠᠭ ᠤᠨ ᠣᠷᠳᠣᠨ ᠤ ᠲᠦᠰᠦᠪ ᠲᠤ ᠣᠷᠣᠭᠤᠯᠤᠨ ᠳᠡᠮᠵᠢᠯᠭᠡ ᠦᠵᠡᠬᠦᠯᠬᠦ ᠶᠢᠨ ᠬᠠᠮᠲᠤ ᠠᠵᠦ ᠠᠬᠤᠢ  ᠶᠢᠨ ᠬᠦᠭᠵᠢᠯᠲᠡ ᠪᠤᠯᠤᠨ ᠡᠳ᠋ ᠤᠨ ᠵᠠᠰᠠᠭ ᠤᠨ ᠨᠡᠮᠡᠭᠳᠡᠯ ᠤᠨ ᠪᠠᠶᠢᠳᠠᠯ ᠢ ᠦᠨᠳᠦᠰᠦᠯᠡᠨ ᠵᠢᠯ ᠳᠠᠷᠠᠭᠠᠯᠠᠨ ᠨᠡᠮᠡᠭᠳᠡᠬᠦᠯᠦᠨ᠎ᠡ᠃      ⒋ ᠲᠦᠰᠦᠯ ᠢᠶᠠᠨ ᠨᠠᠷᠢᠯᠢᠭᠵᠢᠭᠤᠯᠤᠨ᠎ᠠ᠃ ᠰᠠᠭᠤᠷᠢ ᠱᠤᠭᠤᠮ ᠤᠨ ᠪᠠᠶᠢᠴᠠᠭᠠᠯᠲᠠ ᠪᠠ ᠬᠡᠷᠡᠭᠴᠡᠭᠡ ᠱᠠᠭᠠᠷᠳᠠᠯᠭ᠎ᠠ ᠶᠢ ᠦᠨᠡᠯᠡᠨ ᠵᠢᠱᠢᠬᠦ ᠠᠵᠢᠯ ᠤᠨ ᠲᠦᠰᠦᠯ ᠢ ᠲᠤᠭᠲᠠᠭᠠᠵᠦ  ᠬᠤᠰᠢᠭᠤᠨ ᠤ ᠬᠦᠮᠦᠨ ᠠᠮᠠ᠂ ᠡᠭᠢ ᠪᠠᠶᠠᠯᠢᠭ᠂ ᠣᠷᠴᠢᠨ ᠲᠤᠭᠤᠷᠢᠨ᠂ ᠠᠵᠤ ᠠᠬᠤᠢ ᠪᠠ ᠨᠡᠶᠢᠬᠡᠮ ᠤᠨ ᠬᠦᠭᠵᠢᠯᠲᠡ ᠶᠢᠨ ᠦᠨᠳᠦᠰᠦᠨ ᠪᠠᠶᠢᠳᠠᠯ᠂ ᠠᠷᠠᠳ ᠣᠯᠠᠨ ᠤ ᠡᠷᠡᠭᠦᠯ ᠡᠩᠬᠡ ᠶᠢᠨ ᠭᠡᠪ ᠪᠤᠯᠪᠠᠰᠣᠷᠠᠯ᠂ ᠡᠷᠡᠭᠦᠯ ᠡᠩᠭᠡ ᠶᠢᠨ ᠪᠠᠶᠢᠳᠠᠯ᠂ ᠡᠪᠡᠳᠴᠢᠨ ᠡᠮᠭᠡᠭ ᠤᠨ ᠳᠠᠷᠤᠭᠠᠰᠤ᠂ ᠡᠷᠡᠭᠦᠯ ᠡᠩᠬᠡ ᠶᠢᠨ ᠬᠡᠷᠡᠭᠴᠡᠭᠡ ᠱᠠᠭᠠᠷᠳᠠᠯᠭ᠎ᠠ᠂ ᠡᠷᠡᠬᠦᠯ ᠡᠩᠬᠡ ᠶᠢᠨ ᠦᠢᠯᠡᠰ ᠢ ᠠᠬᠢᠭᠤᠯᠬᠤ ᠡᠬᠢ ᠪᠠᠶᠠᠯᠢᠭ ᠪᠠ ᠬᠦᠰᠡᠯ ᠡᠷᠡᠮᠡᠯᠵᠡᠯ ᠵᠡᠷᠭᠡ ᠦᠨᠳᠦᠰᠦᠨ ᠪᠠᠶᠢᠳᠠᠯ ᠢ ᠪᠦᠬᠦ ᠲᠠᠯ᠎ᠠ ᠪᠠᠷ ᠤᠶᠢᠯᠠᠭᠠᠨ ᠤᠷᠤᠰᠢᠵᠦ ᠪᠠᠶᠢᠭ᠎ᠠ ᠡᠷᠡᠭᠦᠯ ᠡᠩᠬᠡ ᠶᠢᠨ ᠭᠤᠤᠯ ᠠᠰᠠᠭᠤᠳᠠᠯ ᠢ ᠵᠠᠳᠠᠯᠵᠦ ᠭᠤᠤᠯᠳᠠᠯᠭ᠎ᠠ ᠲᠠᠢ ᠬᠦᠮᠦᠰ ᠪᠤᠯᠤᠨ ᠤᠷᠢᠳᠠᠪᠡᠷ ᠬᠠᠮᠢᠶᠠᠷᠬᠤ ᠡᠷᠡᠭᠦᠯ ᠡᠩᠬᠡ ᠶᠢᠨ ᠠᠰᠠᠭᠤᠳᠠᠯ ᠢ ᠰᠢᠨᠵᠢᠯᠡᠬᠦ ᠤᠬᠠᠭᠠᠨᠴᠢ ᠪᠠᠷ ᠲᠤᠭᠳᠠᠭᠠᠨ᠎ᠠ᠃ ᠬᠤᠰᠢᠭᠤ ᠡᠷᠡᠭᠦᠯ ᠬᠠᠮᠠᠭᠠᠯᠠᠯ ᠲᠦᠯᠦᠪᠯᠡᠭᠡᠲᠤ ᠬᠦᠩᠬᠡᠵᠢᠯ ᠤᠨ ᠲᠤᠪᠴᠢᠶ᠎ᠠ ᠪᠦᠬᠦ ᠤᠯᠤᠰ ᠤᠨ ᠡᠷᠡᠬᠦᠯ ᠡᠩᠬᠡ ᠶᠢᠨ ᠦᠢᠯᠡᠰ ᠢ ᠠᠬᠢᠭᠤᠯᠬᠤ ᠬᠤᠰᠢᠭᠤ ᠰᠢᠶᠠᠨ ︵ᠲᠤᠭᠤᠷᠢᠭ︶ ᠤ ᠦᠨᠡᠯᠡᠬᠦ ᠪᠠᠷᠢᠮᠵᠢᠶ᠎ᠠ ᠲᠠᠢ ᠤᠶᠠᠯᠳᠤᠭᠤᠯᠤᠨ ᠮᠠᠨ ᠤ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠲᠡ ᠪᠠ ᠡᠷᠡᠭᠦᠯ ᠬᠠᠮᠠᠭᠠᠯᠠᠯ ᠡᠷᠡᠬᠦᠯ ᠡᠩᠬᠡ ᠶᠢᠨ ᠠᠵᠢᠯ ᠤᠨ ᠴᠢᠳᠠᠪᠤᠷᠢ ᠳᠤ ᠲᠤᠬᠢᠷᠠᠭᠰᠠᠨ ᠡᠷᠡᠬᠦᠯ ᠡᠩᠬᠡ ᠶᠢᠨ ᠦᠢᠯᠡᠰ ᠢ ᠠᠬᠢᠭᠤᠯᠬᠤ ᠠᠷᠭ᠎ᠠ ᠪᠤᠳᠤᠯᠭ᠎ᠠ ᠪᠠ ᠠᠷᠭ᠎ᠠ ᠬᠡᠮᠵᠢᠶ᠎ᠡ ᠶᠢ ᠰᠣᠳᠣᠯᠣᠨ ᠲᠤᠭᠳᠠᠭᠠᠵᠦ ᠲᠤᠳᠤᠷᠬᠠᠢ ᠠᠵᠢᠯ ᠤᠨ ᠲᠦᠯᠦᠪᠯᠡᠭᠡ ᠶᠢ ᠲᠤᠭᠳᠠᠭᠠᠨ ᠬᠠᠷᠢᠭᠤᠴᠠᠯᠭᠠᠲᠤ ᠰᠠᠯᠠᠭ᠎ᠠ ᠮᠦᠴᠢᠷ ᠪᠠ ᠪᠡᠶᠡᠯᠡᠬᠦᠯᠬᠦ ᠴᠠᠭ ᠤᠨ ᠬᠢᠵᠠᠭᠠᠷ ᠢ ᠲᠤᠳᠤᠷᠬᠠᠶᠢᠯᠠᠨ᠎ᠠ᠃      ⒌ ᠪᠤᠯᠪᠠᠰᠤᠷᠠᠯ ᠦᠷᠨᠢᠬᠦᠯᠦᠨ᠎ᠡ᠃ ᠤᠯᠠᠨ ᠵᠦᠢᠯ ᠤᠨ ᠬᠡᠯᠪᠡᠷᠢ ᠶᠢ ᠬᠡᠷᠡᠭᠯᠡᠵᠦ ᠵᠠᠰᠠᠭ ᠤᠨ ᠣᠷᠳᠣᠨ᠂ ᠬᠤᠯᠪᠤᠭᠳᠠᠯ ᠪᠦᠬᠦᠢ ᠰᠠᠯᠠᠭ᠎ᠠ ᠮᠦᠴᠢᠷ᠂ ᠲᠤᠰᠬᠠᠢ ᠠᠵᠢᠯ ᠤᠨ ᠪᠠᠶᠢᠭᠤᠯᠤᠮᠵᠢ ᠶᠢᠨ ᠡᠷᠡᠬᠦᠯ ᠡᠩᠬᠡ ᠶᠢᠨ ᠦᠢᠯᠡᠰ ᠢ ᠠᠬᠢᠭᠤᠯᠬᠤ ᠬᠤᠰᠢᠭᠤ ᠶᠢ ᠡᠭᠦᠳᠦᠨ ᠪᠠᠶᠢᠭᠤᠯᠬᠤ ᠲᠠᠨᠢᠯᠲᠠ ᠶᠢ ᠳᠡᠭᠡᠭᠰᠢᠯᠡᠬᠦᠯᠤᠨ ᠡᠷᠡᠬᠦᠯ ᠡᠩᠬᠡ ᠶᠢᠨ ᠦᠢᠯᠡᠰ ᠢ ᠠᠬᠢᠭᠤᠯᠬᠤ ᠠᠵᠢᠯ ᠤᠨ ᠴᠢᠳᠠᠪᠤᠷᠢ ᠶᠢ ᠳᠡᠭᠡᠭᠰᠢᠯᠡᠬᠦᠯᠦᠨ᠎ᠡ᠃ ᠵᠠᠰᠠᠭ ᠤᠨ ᠤᠷᠳᠤᠨ᠂ ᠡᠯ᠎ᠡ ᠰᠠᠯᠠᠭ᠎ᠠ ᠮᠦᠴᠢᠷ ᠪᠠ ᠡᠷᠡᠬᠦᠯ ᠡᠩᠬᠡ ᠶᠢᠨ ᠦᠢᠯᠡᠰ ᠢ ᠠᠬᠢᠭᠤᠯᠬᠤ ᠲᠤᠤᠷ ᠰᠦᠯᠵᠢᠶᠠᠨ ᠤ ᠠᠵᠢᠯᠳᠠᠨ ᠳᠤ ᠴᠢᠭᠯᠡᠬᠦᠯᠦᠨ ᠠᠵᠢᠯ ᠤᠨ ᠬᠤᠷᠠᠯ᠂ ᠲᠤᠰᠬᠠᠢ ᠰᠡᠲᠤᠪᠲᠤ ᠰᠠᠭᠤᠳᠠᠯ ᠤᠨ ᠬᠤᠷᠠᠯ᠂ ᠶᠠᠷᠢᠯᠴᠠᠨ ᠰᠤᠳᠤᠯᠬᠤ ᠬᠤᠷᠠᠯ ᠵᠡᠷᠭᠡ ᠬᠡᠯᠪᠡᠷᠢ ᠪᠠᠷ ᠳᠠᠮᠵᠢᠨ ᠡᠷᠡᠬᠦᠯ ᠡᠩᠬᠡ ᠶᠢᠨ ᠦᠢᠯᠡᠰ ᠢ ᠠᠬᠢᠭᠤᠯᠬᠤ ᠬᠤᠰᠢᠭᠤ ᠶᠢ ᠡᠭᠦᠳᠦᠨ ᠪᠠᠶᠢᠭᠤᠯᠬᠤ ᠤᠶᠢᠯᠠᠭᠠᠭᠳᠠᠬᠤᠨ᠂ ᠡᠷᠡᠬᠦᠯ ᠡᠩᠬᠡ ᠶᠢ ᠪᠦᠬᠦᠶᠢᠯᠡ ᠲᠦᠷᠦ ᠶᠢᠨ ᠪᠤᠳᠤᠯᠭ᠎ᠠ ᠴᠢᠭᠯᠡᠯᠲᠡ ᠳᠤ ᠠᠭᠤᠰᠣᠯᠴᠠᠭᠤᠯᠬᠤ ᠲᠠᠨᠢᠯᠲᠠ ᠶᠢ ᠳᠡᠭᠡᠭᠰᠢᠯᠡᠬᠦᠯᠵᠦ ᠰᠠᠯᠠᠭ᠎ᠠ ᠮᠦᠴᠢᠷ ᠤᠨ ᠳᠠᠪᠠᠭᠤᠯᠢᠭ ᠢᠶᠠᠨ ᠪᠠᠳᠠᠷᠠᠭᠤᠯᠤᠨ ᠰᠠᠭᠤᠭᠠᠯᠢ ᠠᠷᠠᠳ ᠤᠨ ᠡᠷᠡᠬᠦᠯ ᠡᠩᠬᠡ ᠠᠮᠢᠳᠤᠷᠠᠬᠤ ᠴᠢᠳᠠᠪᠤᠷᠢ ᠶᠢ ᠳᠡᠭᠡᠭᠰᠢᠯᠡᠬᠦᠯᠦᠨ᠎ᠡ᠃ ᠡᠷᠡᠭᠦᠯ ᠬᠠᠮᠠᠭᠠᠯᠠᠯ ᠲᠦᠯᠦᠪᠯᠡᠭᠡᠲᠤ ᠬᠦᠩᠬᠡᠵᠢᠯ ᠤᠨ ᠰᠠᠯᠠᠭ᠎ᠠ ᠮᠦᠴᠢᠷ ᠪᠤᠯᠤᠨ ᠡᠷᠡᠬᠦᠯ ᠡᠩᠬᠡ ᠶᠢᠨ ᠦᠢᠯᠡᠰ ᠢ ᠠᠬᠢᠭᠤᠯᠬᠤ ᠪᠠ ᠰᠤᠷᠭᠠᠨ ᠬᠦᠮᠦᠵᠢᠯ ᠤᠨ ᠲᠤᠰᠬᠠᠢ ᠮᠡᠷᠭᠡᠵᠢᠯ ᠤᠨ ᠠᠵᠢᠯᠳᠠᠨ ᠳᠤ ᠴᠢᠭᠯᠡᠬᠦᠯᠦᠨ ᠱᠠᠲᠤ ᠳᠠᠷᠠᠭᠠᠯᠠᠨ ᠪᠤᠯᠪᠠᠰᠤᠷᠠᠭᠤᠯᠬᠤ᠂ ᠬᠡᠷᠡᠭ ᠤᠨ ᠵᠢᠱᠢᠶ᠎ᠡ ᠶᠢᠨ ᠵᠠᠳᠠᠯᠤᠯᠲᠠ ᠬᠢᠬᠦ᠂ ᠲᠠᠭᠤᠷᠢᠶᠠᠮᠠᠯ ᠰᠤᠷᠢᠯᠲᠠ ᠬᠢᠬᠦ ᠵᠡᠷᠭᠡ ᠬᠡᠯᠪᠡᠷᠢ ᠶᠢ ᠬᠡᠷᠡᠭᠯᠡᠨ ᠡᠷᠡᠭᠦᠯ ᠬᠠᠮᠠᠭᠠᠯᠠᠯ ᠲᠦᠯᠦᠪᠯᠡᠭᠡᠲᠤ ᠬᠦᠩᠬᠡᠵᠢᠯ ᠤᠨ ᠰᠠᠯᠠᠭ᠎ᠠ ᠮᠦᠴᠢᠷ ᠪᠤᠯᠤᠨ ᠲᠤᠰᠬᠠᠢ ᠪᠠᠶᠢᠭᠤᠯᠤᠮᠵᠢ ᠶᠢᠨ ᠡᠷᠡᠬᠦᠯ ᠡᠩᠬᠡ ᠶᠢᠨ ᠦᠢᠯᠡᠰ ᠢ ᠠᠬᠢᠭᠤᠯᠬᠤ ᠬᠤᠰᠢᠭᠤ ᠶᠢ ᠡᠭᠦᠳᠦᠨ ᠪᠠᠶᠢᠭᠤᠯᠬᠤ ᠲᠠᠨᠢᠯᠲᠠ᠂ ᠠᠷᠭ᠎ᠠ ᠬᠡᠯᠪᠡᠷᠢ ᠪᠠ ᠪᠦᠲᠦᠭᠡᠨ ᠪᠠᠶᠢᠭᠤᠯᠬᠤ ᠠᠭᠤᠯᠭ᠎ᠠ ᠶᠢᠨ ᠣᠶᠢᠯᠠᠭᠠᠯᠲᠠ ᠶᠢ ᠳᠡᠭᠡᠭᠰᠢᠯᠡᠬᠦᠯᠵᠦ ᠡᠷᠡᠬᠦᠯ ᠡᠩᠬᠡ ᠶᠢᠨ ᠰᠣᠷᠭᠠᠨ ᠬᠦᠮᠦᠵᠢᠯ ᠤᠨ ᠣᠨᠤᠯ ᠠᠷᠭ᠎ᠠ ᠶᠢ ᠡᠵᠡᠮᠰᠢᠨ ᠡᠷᠡᠬᠦᠯ ᠡᠩᠬᠡ ᠶᠢᠨ ᠬᠡᠪ ᠪᠤᠯᠪᠠᠰᠣᠷᠠᠯ᠂ ᠲᠠᠮᠠᠬᠢ ᠶᠢ ᠬᠢᠵᠠᠭᠠᠷᠯᠠᠬᠤ᠂ ᠴᠢᠬᠢᠷᠠᠭ ᠲᠦᠷᠦᠵᠦ ᠲᠤᠷᠨᠢᠭᠤᠨ ᠦᠰᠬᠡᠬᠦ ᠵᠡᠷᠭᠡ ᠦᠨᠳᠦᠰᠦᠨ ᠠᠭᠤᠯᠭ᠎ᠠ ᠶᠢ ᠮᠡᠳᠡᠵᠦ ᠡᠷᠡᠬᠦᠯ ᠡᠩᠬᠡ ᠶᠢᠨ ᠰᠣᠷᠭᠠᠨ ᠬᠦᠮᠦᠵᠢᠯ ᠤᠨ ᠲᠦᠯᠦᠪᠯᠡᠭᠡ ᠶᠢ ᠲᠤᠭᠲᠠᠭᠠᠬᠤ ᠪᠤᠯᠤᠨ ᠬᠡᠷᠡᠭᠵᠢᠬᠦᠯᠬᠦ᠂ ᠡᠷᠡᠬᠦᠯ ᠡᠩᠬᠡ ᠶᠢ ᠳᠡᠯᠭᠡᠷᠡᠬᠦᠯᠬᠦ ᠮᠠᠲ᠋ᠧᠷᠢᠶᠠᠯ ᠢ ᠲᠦᠰᠦᠪᠯᠡᠨ ᠦᠢᠯᠡᠳᠬᠦ᠂ ᠡᠷᠡᠭᠦᠯ ᠡᠩᠭᠡ ᠶᠢᠨ ᠰᠠᠭᠤᠳᠠᠯ ᠤᠨ ᠬᠤᠷᠠᠯ ᠪᠤᠯᠤᠨ ᠡᠷᠡᠭᠦᠯ ᠡᠩᠭᠡ ᠶᠢᠨ ᠯᠠᠪᠯᠠᠯᠲᠠ᠂ ᠨᠡᠶᠢᠬᠡᠮ ᠲᠤᠭᠤᠷᠢᠭ ᠤᠨ ᠣᠨᠣᠰᠢᠯᠠᠬᠤ ᠪᠤᠯᠤᠨ ᠲᠤᠬᠠᠢ ᠶᠢᠨ ᠲᠠᠯᠠᠪᠠᠢ ᠶᠢᠨ ᠪᠠᠶᠢᠴᠠᠭᠠᠯᠲᠠ ᠵᠡᠷᠭᠡ  ᠲᠤᠰᠬᠠᠢ ᠮᠡᠷᠭᠡᠵᠢᠯ ᠤᠨ ᠦᠨᠳᠦᠰᠦᠨ ᠴᠢᠳᠠᠪᠤᠷᠢ ᠶᠢ ᠡᠵᠡᠮᠰᠢᠨ᠎ᠡ      ⒍ ᠬᠢᠨᠠᠨ ᠵᠢᠯᠤᠭᠤᠳᠴᠤ ᠪᠠᠶᠢᠴᠠᠭᠠᠨ᠎ᠠ᠃ ᠬᠢᠨᠠᠨ ᠵᠢᠯᠤᠭᠤᠳᠴᠤ ᠪᠠᠶᠢᠴᠠᠭᠠᠬᠤ᠂ ᠰᠢᠯᠭᠠᠨ ᠬᠢᠨᠠᠵᠦ ᠦᠨᠡᠯᠡᠯᠲᠡ ᠬᠢᠬᠦ ᠠᠵᠢᠯ ᠤᠨ ᠲᠤᠭᠲᠠᠯᠴᠠᠭ᠎ᠠ ᠶᠢ ᠪᠦᠲᠦᠭᠡᠨ ᠪᠠᠶᠢᠭᠤᠯᠵᠦ ᠡᠯ᠎ᠡ ᠲᠦᠷᠦᠯ ᠤᠨ ᠠᠵᠢᠯ ᠤᠨ ᠠᠬᠢᠴᠠ  ᠶᠢ ᠲᠤᠭᠳᠠᠭᠰᠠᠨ ᠴᠠᠭ ᠲᠠᠢ ᠦᠢᠯᠠᠭᠠᠨ ᠬᠤᠯᠪᠤᠭᠳᠠᠯ ᠪᠦᠬᠦᠢ ᠰᠠᠯᠠᠭ᠎ᠠ ᠮᠦᠴᠢᠷ ᠪᠤᠯᠤᠨ ᠰᠠᠭᠤᠭᠠᠯᠢ ᠠᠷᠠᠳ ᠤᠨ ᠠᠵᠢᠯ ᠤᠨ ᠰᠠᠨᠠᠭᠤᠯᠭ᠎ᠠ ᠶᠢ ᠴᠠᠭ ᠳᠠᠷᠤᠢ ᠳᠤᠨᠢ ᠰᠤᠨᠤᠰᠤᠨ᠎ᠠ᠃ ᠬᠤᠰᠢᠭᠤ ᠡᠷᠡᠭᠦᠯ ᠬᠠᠮᠠᠭᠠᠯᠠᠯ ᠲᠦᠯᠦᠪᠯᠡᠭᠡᠲᠤ ᠬᠦᠩᠬᠡᠵᠢᠯ ᠤᠨ ᠰᠠᠯᠠᠭ᠎ᠠ ᠮᠦᠴᠢᠷ ᠲᠦᠷᠦᠯ ᠵᠦᠢᠯ ᠢ ᠵᠤᠬᠢᠶᠠᠨ ᠪᠠᠶᠢᠭᠤᠯᠵᠦ ᠬᠡᠷᠡᠭᠵᠢᠬᠦᠯᠦᠭᠰᠡᠨ ᠪᠠᠶᠢᠳᠠᠯ ᠢ ᠲᠤᠭᠳᠠᠭᠰᠠᠨ ᠴᠠᠭ ᠲᠠᠢ ᠬᠢᠨᠠᠨ ᠰᠢᠯᠭᠠᠵᠦ ᠲᠦᠷᠦᠯ ᠵᠦᠢᠯ ᠤᠨ ᠮᠡᠷᠭᠡᠵᠢᠯ ᠤᠨ ᠦᠨᠡᠯᠡᠯᠲᠡ ᠶᠢ ᠦᠷᠨᠢᠬᠦᠯᠦᠨ᠎ᠡ᠃ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠱᠠᠭᠠᠷᠳᠠᠨ ᠪᠠᠶᠢᠴᠠᠭᠠᠬᠤ ᠳᠠᠰᠤᠭ ᠲᠤᠭᠲᠠᠮᠠᠯ ᠪᠤᠰᠤ ᠬᠤᠭᠤᠴᠠᠭ᠎ᠠ ᠲᠠᠢ ᠪᠠᠷ ᠡᠷᠡᠬᠦᠯ ᠡᠩᠬᠡ ᠶᠢᠨ ᠦᠢᠯᠡᠰ ᠢ ᠠᠬᠢᠭᠤᠯᠬᠤ ᠬᠤᠰᠢᠭᠤ ᠶᠢ ᠡᠭᠦᠳᠤᠨ ᠪᠠᠶᠢᠭᠤᠯᠬᠤ ᠠᠵᠢᠯ  ᠳᠤ ᠬᠢᠨᠠᠨ ᠪᠠᠶᠢᠴᠠᠭᠠᠯᠲᠠ ᠦᠷᠨᠢᠬᠦᠯᠬᠦ ᠶᠢᠨ ᠬᠠᠮᠲᠤ ᠠᠵᠢᠯ ᠤᠨ ᠠᠬᠢᠴᠠ ᠶᠢᠨ ᠪᠠᠶᠢᠳᠠᠯ ᠢ ᠨᠡᠶᠢᠲᠡᠯᠡᠨ᠎ᠡ᠃      ︵ᠬᠤᠶᠠᠷ︶ ᠡᠷᠡᠭᠦᠯ ᠡᠩᠬᠡ ᠶᠢᠨ ᠲᠦᠷᠦ ᠶᠢᠨ ᠪᠤᠳᠤᠯᠭ᠎ᠠ ᠶᠢ ᠲᠤᠭᠳᠠᠭᠠᠨ᠎ᠠ᠃ ︽ᠡᠷᠡᠬᠦᠯ ᠡᠩᠬᠡ ᠶᠢ ᠪᠦᠬᠦᠶᠢᠯᠡ ᠲᠦᠷᠦ ᠶᠢᠨ ᠪᠤᠳᠤᠯᠭ᠎ᠠ ᠳᠤ ᠠᠭᠤᠰᠣᠯᠴᠠᠭᠤᠯᠬᠤ︾ ᠴᠢᠭᠯᠡᠯᠲᠡ ᠶᠢ ᠨᠠᠶᠢᠳᠠᠪᠤᠷᠢᠵᠢᠭᠤᠯᠤᠨ᠎ᠠ᠃ ᠬᠤᠰᠢᠭᠤ ᠡᠷᠡᠭᠦᠯ ᠬᠠᠮᠠᠭᠠᠯᠠᠯ ᠲᠦᠯᠦᠪᠯᠡᠭᠡᠲᠤ ᠬᠦᠩᠬᠡᠵᠢᠯ ᠤᠨ ᠰᠠᠯᠠᠭ᠎ᠠ ᠮᠦᠴᠢᠷ ᠨᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠣᠳᠣᠷᠢᠳᠣᠯᠭ᠎ᠠ ᠪᠤᠯᠤᠨ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠳᠤ ︽ᠡᠷᠡᠬᠦᠯ ᠡᠩᠬᠡ  ᠶᠢ ᠪᠦᠬᠦᠶᠢᠯᠡ ᠲᠦᠷᠦ ᠶᠢᠨ ᠪᠤᠳᠤᠯᠭ᠎ᠠ ᠳᠤ ᠠᠭᠤᠰᠣᠯᠴᠠᠭᠤᠯᠬᠤ︾ ᠶᠢᠨ ᠤᠶᠢᠯᠠᠭᠠᠭᠳᠠᠬᠤᠨ ᠪᠠ ᠠᠴᠢ ᠬᠤᠯᠪᠤᠭᠳᠠᠯ  ᠢ ᠰᠠᠨᠠᠭᠠᠴᠢᠯᠠᠭ᠎ᠠ ᠲᠠᠢ ᠪᠠᠷ ᠤᠬᠠᠭᠤᠯᠤᠨ ᠲᠠᠶᠢᠯᠪᠤᠷᠢᠯᠠᠨ᠎ᠠ᠃ ᠨᠡᠶᠢᠲᠡ ᠶᠢᠨ ᠲᠦᠷᠦ ᠶᠢᠨ ᠪᠤᠳᠤᠯᠭ᠎ᠠ ᠶᠢᠨ ᠡᠷᠡᠬᠦᠯ ᠡᠩᠬᠡ ᠳᠤ ᠦᠵᠡᠬᠦᠯᠬᠦ ᠨᠦᠯᠦᠬᠡ ᠶᠢ ᠦᠨᠡᠯᠡᠬᠦ ᠲᠦᠷᠢᠮ ᠢ ᠢᠳᠡᠪᠬᠢᠲᠡᠢ ᠪᠦᠲᠦᠭᠡᠨ ᠪᠠᠶᠢᠭᠤᠯᠵᠦ ᠡᠷᠡᠬᠦᠯ ᠡᠩᠬᠡ ᠶᠢᠨ ᠲᠤᠰᠬᠠᠢ ᠮᠡᠷᠭᠡᠵᠢᠯᠲᠡᠨ ᠤ ᠵᠦᠪᠯᠡᠯ ᠢ ᠪᠠᠶᠢᠭᠤᠯᠤᠨ ᠰᠢᠨ᠎ᠡ ᠲᠦᠷᠦ ᠶᠢᠨ ᠪᠤᠳᠤᠯᠭ᠎ᠠ ᠶᠢ ᠲᠤᠭᠲᠠᠭᠠᠬᠤ ᠳᠤ ᠡᠷᠡᠬᠦᠯ ᠡᠩᠬᠡ ᠶᠢᠨ ᠦᠵᠡᠬᠦᠯᠬᠦ ᠨᠦᠯᠦᠬᠡ ᠶᠢ ᠦᠨᠡᠯᠡᠬᠦ ᠫᠷᠤᠭ᠍ᠷᠠᠮ ᠢ ᠨᠡᠮᠡᠭᠳᠡᠭᠦᠯᠵᠦ ᠳᠤᠷᠠᠳᠴᠣ ᠭᠠᠷᠭᠠᠬᠤ᠂ ᠡᠭᠡ ᠨᠤᠤᠷᠠᠭᠯᠠᠬᠤ᠂ ᠵᠠᠰᠠᠪᠤᠷᠢ ᠤᠷᠤᠭᠤᠯᠬᠤ᠂ ᠨᠡᠶᠢᠲᠡᠯᠡᠬᠦ ᠵᠡᠷᠭᠡ ᠲᠦᠷᠦ ᠶᠢᠨ ᠪᠤᠳᠤᠯᠭ᠎ᠠ ᠶᠢ ᠲᠤᠭᠳᠠᠭᠠᠬᠤ ᠶᠠᠪᠤᠴᠠ ᠳᠣᠮᠳᠠ ᠡᠷᠡᠬᠦᠯ ᠡᠩᠬᠡ ᠶᠢᠨ ᠲᠤᠰᠬᠠᠢ ᠮᠡᠷᠭᠡᠵᠢᠯᠲᠡᠨ ᠤ ᠵᠦᠪᠯᠡᠯ ᠤᠨ ᠰᠠᠨᠠᠯ ᠢ ᠬᠤᠷᠢᠶᠠᠨ᠎ᠠ᠃ ᠡᠷᠡᠭᠦᠯ ᠡᠩᠬᠡ ᠶᠢ ᠠᠬᠢᠭᠤᠯᠬᠤ ᠨᠡᠶᠢᠲᠡ ᠶᠢᠨ ᠲᠦᠷᠦ ᠶᠢᠨ ᠪᠤᠳᠤᠯᠭ᠎ᠠ ᠶᠢ ᠬᠦᠨᠵᠡᠭᠡᠢ ᠨᠠᠶᠢᠳᠠᠪᠤᠷᠢᠵᠢᠭᠤᠯᠤᠨ ᠡᠯ᠎ᠡ ᠰᠣᠮᠤ ᠪᠠᠯᠭᠠᠰᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠳᠡᠭᠡᠷ᠎ᠡ ᠱᠠᠲᠤᠨ ᠤ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠲᠤᠰ ᠰᠠᠯᠠᠭ᠎ᠠ ᠮᠦᠴᠢᠷ ᠤᠨ ᠡᠷᠡᠭᠦᠯ ᠡᠩᠬᠡ ᠲᠠᠢ ᠬᠠᠮᠢᠶ᠎ᠠ ᠪᠦᠬᠦᠢ ᠨᠡᠶᠢᠳᠡ ᠶᠢᠨ ᠲᠦᠷᠦ ᠶᠢᠨ ᠪᠤᠳᠣᠯᠭ᠎ᠠ ᠶᠢ ᠨᠠᠷᠢᠨ ᠬᠢᠨᠠᠮᠠᠭᠠᠢ ᠡᠮᠬᠢᠳᠬᠡᠵᠦ ᠡᠷᠡᠭᠦᠯ ᠡᠩᠬᠡ ᠶᠢ ᠠᠬᠢᠭᠤᠯᠬᠤ ᠨᠡᠶᠢᠲᠡ ᠶᠢᠨ ᠲᠦᠷᠦ  ᠶᠢᠨ ᠪᠤᠳᠤᠯᠭ᠎ᠠ ᠶᠢ ᠨᠦᠬᠦᠬᠦ᠂ ᠵᠠᠰᠠᠪᠤᠷᠢᠯᠠᠬᠤ ᠪᠤᠶᠤ ᠰᠢᠨ᠎ᠡ ᠪᠠᠷ ᠲᠤᠭᠳᠠᠭᠠᠨ᠎ᠠ᠃      ᠡᠩ ᠲᠡᠷᠢᠬᠦᠨ ᠳᠤ ᠰᠶᠢᠳᠪᠤᠷᠢᠯᠡᠬᠦ ᠴᠢᠬᠤᠯᠠᠲᠠᠢ ᠡᠷᠡᠬᠦᠯ ᠡᠩᠭᠡ ᠶᠢᠨ ᠠᠰᠠᠭᠤᠳᠠᠯ ᠳᠤ ᠴᠢᠭᠯᠡᠬᠦᠯᠦᠨ ᠣᠳᠠᠭᠠᠨ ᠴᠢᠨᠠᠷᠲᠠᠢ ᠡᠪᠡᠳᠴᠢᠨ ᠢ ᠰᠡᠷᠭᠡᠶᠢᠯᠡᠨ ᠡᠵᠡᠮᠳᠡᠬᠦ᠂ ᠬᠠᠯᠳᠠᠪᠤᠷᠢᠲᠤ ᠡᠪᠡᠳᠴᠢᠨ ᠢ ᠰᠡᠷᠬᠡᠶᠢᠯᠡᠨ ᠡᠵᠡᠮᠳᠡᠬᠦ᠂ ᠡᠷᠡᠭᠦᠯ ᠡᠩᠬᠡ ᠠᠮᠢᠳᠤᠷᠠᠯ ᠤᠨ ᠠᠷᠭ᠎ᠠ ᠮᠠᠶ᠋ᠢᠭ᠂ ᠡᠬᠡ ᠨᠢᠯᠬᠠᠰ ᠤᠨ ᠡᠷᠡᠭᠦᠯ ᠮᠡᠨᠲᠤ᠂ ᠡᠷᠡᠬᠦᠯ ᠡᠩᠬᠡ ᠨᠠᠰᠤᠵᠢᠯ᠂ ᠣᠷᠴᠢᠨ ᠲᠤᠭᠤᠷᠢᠨ ᠪᠠ ᠡᠷᠡᠭᠦᠯ ᠡᠩᠬᠡ ᠵᠡᠷᠭᠡ ᠭᠤᠤᠯᠳᠠᠯᠭ᠎ᠠ ᠲᠠᠢ ᠡᠷᠡᠭᠦᠯ ᠡᠩᠬᠡ ᠶᠢᠨ ᠠᠰᠠᠭᠤᠳᠠᠯ ᠳᠤ ᠴᠢᠭᠯᠡᠭᠦᠯᠦᠭᠰᠡᠨ ᠰᠠᠯᠠᠭ᠎ᠠ ᠮᠦᠴᠢᠷ ᠠᠯᠤᠰᠯᠠᠭᠰᠠᠨ ᠡᠷᠡᠬᠦᠯ ᠡᠩᠬᠡ ᠶᠢᠨ ᠠᠵᠢᠯᠯᠠᠭ᠎ᠠ ᠶᠢ ᠦᠷᠨᠢᠬᠦᠯᠦᠨ᠎ᠡ᠃ ᠤᠯᠠᠨ ᠰᠠᠯᠠᠭ᠎ᠠ ᠮᠦᠴᠢᠷ ᠤᠨ ᠬᠠᠮᠵᠢᠯᠴᠠᠭ᠎ᠠ᠂ ᠡᠬᠢ ᠪᠠᠶᠠᠯᠢᠭ ᠤᠨ ᠨᠢᠭᠡᠳᠦᠯᠲᠡᠢ ᠲᠦᠯᠦᠪᠵᠢᠬᠦᠯᠬᠡ᠂ ᠨᠡᠶᠢᠬᠡᠮ ᠤᠨ ᠳᠠᠶᠢᠴᠢᠯᠠᠯᠲᠠ᠂ ᠡᠷᠡᠬᠦᠯ ᠡᠩᠬᠡ ᠶᠢᠨ ᠬᠠᠮᠢᠶᠠᠷᠤᠯᠲᠠ᠂ ᠡᠷᠡᠭᠦᠯ ᠡᠩᠬᠡ ᠶᠢᠨ ᠠᠵᠤ ᠦᠢᠯᠡᠰ ᠵᠡᠷᠭᠡ ᠲᠠᠯ᠎ᠠ ᠪᠠᠷ ᠰᠢᠨ᠎ᠡ ᠶᠢ ᠡᠬᠦᠳᠦᠨ᠎ᠡ᠃      ︵ᠭᠤᠷᠪᠠ︶ ᠡᠷᠡᠭᠦᠯ ᠡᠩᠬᠡ ᠶᠢ ᠠᠬᠢᠭᠤᠯᠬᠤ ᠲᠠᠯᠠᠪᠤᠷ ᠢ ᠪᠦᠲᠦᠭᠡᠨ ᠪᠠᠶᠢᠭᠤᠯᠤᠨ᠎ᠠ᠃      ⒈ᠡᠷᠡᠭᠦᠯ ᠡᠩᠬᠡ ᠶᠢ ᠠᠬᠢᠭᠤᠯᠬᠤ ᠲᠠᠯᠠᠪᠤᠷ ᠢ ᠪᠦᠲᠦᠭᠡᠨ ᠪᠠᠶᠢᠭᠤᠯᠬᠤ ᠠᠵᠢᠯ ᠤᠨ ᠲᠤᠭᠲᠠᠯᠴᠠᠭ᠎ᠠ ᠶᠢ ᠪᠠᠶᠢᠭᠤᠯᠤᠨ᠎ᠠ᠃ ᠪᠦᠬᠦ ᠬᠤᠰᠢᠭᠤᠨ ᠤ ᠬᠡᠪᠴᠢᠶᠠᠨ ᠳᠤ 20% ᠶᠢᠨ ᠡᠷᠡᠬᠦᠯ ᠡᠩᠬᠡ ᠨᠡᠶᠢᠬᠡᠮ ᠲᠤᠭᠤᠷᠢᠭ/ ᠡᠷᠡᠭᠦᠯ ᠡᠩᠬᠡ ᠭᠠᠴᠠᠭ᠎ᠠ ᠲᠤᠰᠬᠤᠨ ᠢ ᠪᠦᠲᠦᠭᠡᠨ ᠪᠠᠶᠢᠭᠤᠯᠤᠨ᠎ᠠ᠃ 20% ᠶᠢᠨ ᠡᠷᠡᠬᠦᠯ ᠡᠩᠬᠡ ᠭᠡᠷ ᠪᠦᠯᠢ ᠶᠢ ᠪᠦᠲᠦᠭᠡᠨ ᠪᠠᠶᠢᠭᠤᠯᠵᠦ 100 ᠵᠢᠱᠢᠶ᠎ᠡ ᠦᠵᠡᠬᠦᠯᠬᠦ ᠡᠷᠡᠬᠦᠯ ᠡᠩᠬᠡ ᠭᠡᠷ ᠪᠦᠯᠢ ᠶᠢ ᠰᠢᠯᠭᠠᠷᠠᠭᠤᠯᠤᠨ ᠭᠠᠷᠭᠠᠨ᠎ᠠ᠃ 40% ᠶᠢᠨ ᠡᠷᠡᠬᠦᠯ ᠡᠩᠬᠡ ᠶᠢ ᠠᠬᠢᠭᠤᠯᠬᠤ ᠡᠮᠨᠡᠯᠬᠡ ᠶᠢᠨ ᠬᠤᠷᠢᠶ᠎ᠠ ︵ᠶᠡᠷᠦᠩᠬᠡᠶᠢᠯᠡᠭᠰᠡᠨ ᠡᠮᠨᠡᠯᠬᠡ ᠶᠢᠨ ᠬᠤᠷᠢᠶ᠎ᠠ᠂ ᠲᠤᠰᠬᠠᠢ ᠡᠮᠨᠡᠯᠬᠡ ᠶᠢᠨ ᠬᠤᠷᠢᠶ᠎ᠠ᠂ ᠦᠨᠳᠦᠰᠦᠨ ᠱᠠᠲᠤᠨ ᠤ ᠡᠮᠨᠡᠯᠬᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠲᠦᠯᠦᠪᠯᠡᠬᠡᠲᠤ ᠬᠦᠩᠬᠡᠵᠢᠯ ᠤᠨ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠶᠢ ᠪᠠᠭᠳᠠᠭᠠᠨ᠎ᠠ︶ ᠶᠢ ᠪᠦᠲᠦᠭᠡᠨ ᠪᠠᠶᠢᠭᠤᠯᠤᠨ᠎ᠠ᠃ 50% ᠶᠢᠨ ᠡᠷᠡᠬᠦᠯ ᠡᠩᠬᠡ ᠶᠢ ᠠᠬᠢᠭᠤᠯᠬᠤ ᠰᠣᠷᠭᠠᠭᠤᠯᠢ ︵ᠳᠡᠭᠡᠲᠤ ᠲᠤᠮᠳᠠᠳᠤ᠂ ᠳᠤᠮᠳᠠᠳᠤ᠂ ᠪᠠᠭ᠎ᠠ ᠰᠤᠷᠭᠠᠭᠤᠯᠢ ᠶᠢ ᠪᠠᠭᠲᠠᠭᠠᠨ᠎ᠠ︶᠂ 50% ᠶᠢᠨ ᠡᠷᠡᠬᠦᠯ ᠡᠩᠬᠡ ᠶᠢ ᠠᠬᠢᠭᠤᠯᠬᠤ ᠠᠯᠪᠠᠨ ᠪᠠᠶᠢᠭᠤᠯᠭ᠎ᠠ ︵ᠠᠯᠪᠠᠨ ᠪᠠᠶᠢᠭᠤᠯᠭ᠎ᠠ ᠪᠤᠯᠤᠨ ᠠᠵᠢᠯ ᠦᠢᠯᠡᠰ ᠤᠨ ᠨᠢᠭᠡᠴᠢ ᠶᠢ ᠪᠠᠭᠲᠠᠭᠠᠨ᠎ᠠ︶᠂ 20% ᠶᠢᠨ ᠡᠷᠡᠬᠦᠯ ᠡᠩᠬᠡ ᠶᠢ ᠠᠬᠢᠭᠤᠯᠬᠤ ᠠᠵᠤ ᠠᠬᠤᠶᠢᠯᠠᠯ ᠢ ᠪᠦᠲᠦᠭᠡᠨ ᠪᠠᠶᠢᠭᠤᠯᠤᠨ᠎ᠠ᠃ ᠲᠠᠯᠠᠪᠤᠷ ᠤᠨ ᠲᠤᠳᠤᠷᠠᠬᠢ ᠰᠠᠭᠤᠭᠠᠯᠢ ᠠᠷᠠᠳ ᠪᠤᠯᠤᠨ ᠠᠵᠢᠯᠲᠠᠳ ᠤᠨ ᠡᠷᠡᠬᠦᠯ ᠡᠩᠬᠡ ᠶᠢᠨ ᠭᠡᠪ ᠪᠤᠯᠪᠠᠰᠣᠷᠠᠯ ᠢ ᠳᠡᠭᠡᠭᠰᠢᠯᠡᠬᠦᠯᠵᠦ ᠡᠷᠡᠬᠦᠯ ᠡᠩᠬᠡ ᠶᠢ ᠠᠬᠢᠭᠤᠯᠬᠤ ᠲᠠᠯᠠᠪᠤᠷ ᠤᠨ ᠵᠢᠱᠢᠶ᠎ᠡ ᠦᠵᠡᠬᠦᠯᠬᠦ ᠪᠠ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠎ᠠ᠃      ⒉ᠡᠷᠡᠭᠦᠯ ᠡᠩᠬᠡ ᠶᠢ ᠠᠬᠢᠭᠤᠯᠬᠤ ᠨᠡᠶᠢᠲᠡ ᠶᠢᠨ ᠣᠷᠴᠢᠨ ᠲᠤᠭᠤᠷᠢᠨ ᠢ ᠪᠦᠲᠦᠭᠡᠨ ᠪᠠᠶᠢᠭᠤᠯᠤᠨ᠎ᠠ᠃ ᠡᠷᠡᠬᠦᠯ ᠡᠩᠬᠡ ᠶᠢ ᠠᠬᠢᠭᠤᠯᠬᠤ ᠶᠠᠪᠠᠭᠠᠨ ᠠᠯᠬᠤᠬᠤ ᠵᠠᠮ᠂ ᠡᠷᠡᠬᠦᠯ ᠡᠩᠬᠡ ᠶᠢ ᠠᠬᠢᠭᠤᠯᠬᠤ ᠰᠡᠲᠤᠪᠲᠤ ᠴᠡᠴᠡᠷᠯᠢᠭ ᠵᠡᠷᠭᠡ ᠨᠡᠶᠢᠲᠡ ᠶᠢᠨ ᠲᠦᠬᠦᠭᠡᠷᠤᠮᠵᠢ ᠶᠢ ᠪᠦᠲᠦᠭᠡᠨ ᠪᠠᠶᠢᠭᠤᠯᠤᠨ᠎ᠠ᠃ ᠳᠠᠮᠠᠬᠢ ᠳᠠᠳᠠᠬᠤ ᠦᠬᠡᠢ ᠤᠷᠴᠢᠨ ᠲᠤᠭᠤᠷᠢᠨ  ᠢ ᠪᠦᠲᠦᠭᠡᠨ ᠪᠠᠶᠢᠭᠤᠯᠵᠦ ᠪᠦᠬᠦᠶᠢᠯᠡ ᠭᠡᠷ ᠲᠤᠲᠤᠷᠠᠬᠢ ᠨᠡᠶᠢᠲᠡ ᠶᠢᠨ ᠲᠠᠯᠠᠪᠤᠷ᠂ ᠠᠵᠢᠯ ᠤᠨ ᠲᠠᠯᠠᠪᠤᠷ᠂ ᠨᠡᠶᠢᠲᠡ  ᠶᠢᠨ ᠵᠠᠮ ᠬᠠᠷᠢᠯᠴᠠᠭᠠᠨ ᠤ ᠪᠠᠭᠠᠵᠢ ᠪᠠ ᠭᠡᠷ ᠤᠨ ᠭᠠᠳᠠᠨᠠᠬᠢ ᠴᠢᠬᠤᠯᠠ ᠲᠠᠯᠠᠪᠤᠷ ᠲᠤ ᠲᠠᠮᠠᠬᠢ ᠲᠠᠳᠠᠬᠤ ᠶᠢ ᠪᠦᠭᠦ ᠲᠠᠯ᠎ᠠ ᠪᠠᠷ ᠴᠠᠭᠠᠵᠠᠯᠠᠨ ᠡᠷᠡᠬᠦᠯ ᠡᠩᠬᠡ ᠶᠢ ᠠᠬᠢᠭᠤᠯᠬᠤ ᠨᠡᠶᠢᠳᠡ ᠶᠢᠨ ᠣᠷᠴᠢᠨ ᠲᠤᠭᠤᠷᠢᠨ ᠢ ᠪᠦᠷᠢᠯᠳᠦᠬᠦᠯᠦᠨ᠎ᠡ᠃      ︵ᠲᠦᠷᠪᠡ︶ ᠡᠷᠡᠬᠦᠯ ᠡᠩᠬᠡ ᠰᠤᠶᠤᠯ ᠢ ᠪᠦᠲᠦᠭᠡᠨ ᠪᠠᠶᠢᠭᠤᠯᠤᠨ᠎ᠠ᠃      ⒈ ᠵᠠᠭᠤᠴᠢᠯᠠᠭᠤᠷ ᠤᠨ ᠬᠠᠮᠲᠤᠷᠠᠯᠴᠠᠭ᠎ᠠ ᠶᠢ ᠴᠢᠩᠭᠠᠳᠬᠠᠨ᠎ᠠ᠃ ᠬᠤᠰᠢᠭᠤᠨ ᠤ ᠲᠤᠳᠤᠷᠠᠬᠢ ᠡᠯ᠎ᠡ ᠭᠤᠤᠯ ᠪᠤᠯᠬᠤ ᠰᠤᠨᠢᠨ ᠮᠡᠳᠡᠭᠡᠨ ᠤ ᠵᠠᠭᠤᠴᠢᠯᠠᠭᠤᠷ ᠪᠠ ᠵᠠᠰᠠᠭ ᠤᠨ ᠣᠷᠳᠣᠨ ᠤ ᠰᠦᠯᠵᠢᠶ᠎ᠡ ᠡᠷᠡᠭᠦᠯ ᠡᠩᠬᠡ ᠰᠤᠷᠭᠠᠨ ᠬᠦᠮᠦᠵᠢᠯ ᠤᠨ ᠲᠦᠷᠦᠯ ᠤᠨ ᠲᠤᠰᠬᠠᠢ ᠰᠡᠲᠤᠪᠲᠤ ᠫᠷᠤᠭ᠍ᠷᠠᠮ ᠪᠤᠶᠤ ᠪᠤᠯᠤᠩ ᠨᠡᠭᠡᠭᠡᠬᠦ ᠶᠢᠨ ᠬᠠᠮᠲᠤ ᠬᠢᠨᠠᠨ ᠬᠠᠮᠢᠶᠠᠷᠤᠯᠲᠠ ᠪᠠᠨ ᠴᠢᠩᠭᠠᠳᠬᠠᠵᠦ ᠲᠧᠯᠸᠢᠰ᠂ ᠰᠤᠨᠢᠨ᠂ ᠲᠤᠤᠷ ᠰᠦᠯᠵᠢᠶ᠎ᠡ ᠵᠡᠷᠭᠡ ᠵᠠᠭᠤᠴᠢᠯᠠᠭᠤᠷ ᠤᠨ ᠳᠠᠪᠴᠠᠩ  ᠢ ᠬᠦᠢᠴᠡᠳ ᠠᠰᠢᠭᠯᠠᠨ ᠡᠷᠡᠬᠦᠯ ᠡᠩᠬᠡ ᠶᠢᠨ ᠦᠢᠯᠡᠰ ᠢ ᠠᠬᠢᠭᠤᠯᠬᠤ ᠬᠤᠰᠢᠭᠤ ᠶᠢ ᠪᠦᠲᠦᠭᠡᠨ ᠪᠠᠶᠢᠭᠤᠯᠬᠤ ᠤᠶᠢᠯᠠᠭᠠᠭᠳᠠᠬᠤᠨ᠂ ᠠᠵᠢᠯ ᠵᠢᠴᠢ ᠠᠵᠢᠯᠯᠠᠭᠠᠨ ᠤ ᠠᠮᠵᠢᠯᠲᠠ ᠪᠦᠲᠦᠮᠵᠢ ᠶᠢ ᠢᠳᠡᠪᠬᠢᠲᠠᠢ ᠤᠬᠠᠭᠤᠯᠵᠦ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠤᠯᠭᠠᠨ ᠨᠡᠶᠢᠬᠡᠮ ᠤᠨ ᠨᠦᠯᠦᠬᠡᠯᠡᠬᠦ ᠬᠦᠴᠦᠨ ᠢ ᠳᠡᠭᠡᠭᠰᠢᠯᠡᠬᠦᠯᠦᠨ᠎ᠡ᠃ ᠡᠷᠡᠬᠦᠯ ᠡᠩᠬᠡ ᠶᠢᠨ ᠲᠦᠷᠦᠯ ᠤᠨ ᠪᠢᠴᠢᠯ ᠪᠦᠷᠭᠡ᠂ ᠸᠢᠴᠠᠲ ᠵᠡᠷᠭᠡ ᠰᠢᠨ᠎ᠠ ᠵᠠᠭᠤᠴᠢᠯᠠᠭᠤᠷ  ᠤᠨ ᠳᠠᠪᠴᠠᠩ ᠢ ᠪᠠᠶᠢᠭᠤᠯᠵᠦ ᠡᠷᠡᠭᠦᠯ ᠡᠩᠬᠡ ᠶᠢᠨ ᠰᠢᠨᠵᠢᠯᠡᠬᠦ ᠤᠬᠠᠭᠠᠨ ᠤ ᠲᠦᠭᠡᠮᠡᠯᠵᠢᠬᠦᠯᠦᠯᠲᠡ ᠶᠢ ᠦᠷᠨᠢᠬᠦᠯᠦᠨ᠎ᠡ᠃ ᠡᠷᠡᠭᠦᠯ ᠬᠠᠮᠠᠭᠠᠯᠠᠯ ᠤᠨ ᠡᠳᠦᠷ ᠤᠨ ᠭᠤᠤᠯ ᠰᠡᠲᠤᠪᠲᠤ ᠬᠦᠳᠡᠯᠭᠡᠭᠡᠨ ᠢ ᠢᠳᠡᠪᠬᠢᠲᠡᠢ ᠵᠤᠬᠢᠶᠠᠨ ᠪᠠᠶᠢᠭᠤᠯᠤᠨ ᠦᠷᠨᠢᠬᠦᠯᠵᠦ ᠳᠡᠯᠡᠬᠡᠢ ᠶᠢᠨ ᠡᠷᠡᠭᠦᠯ ᠬᠠᠮᠠᠭᠠᠯᠠᠯ ᠤᠨ ᠡᠳᠦᠷ᠂ ᠲᠡᠮᠠᠬᠢ ᠳᠠᠳᠠᠬᠤ ᠦᠬᠡᠢ ᠡᠳᠦᠷ᠂ ᠴᠢᠰᠣᠨ ᠳᠠᠷᠤᠯᠲᠠ ᠦᠨᠳᠦᠷ ᠢ ᠰᠡᠷᠬᠡᠶᠢᠯᠡᠬᠦ ᠡᠳᠦᠷ᠂ ᠰᠢᠬᠢᠷ ᠰᠢᠵᠢᠩ ᠡᠪᠡᠳᠴᠢᠨ ᠢ ᠰᠡᠷᠬᠡᠶᠢᠯᠡᠬᠦ ᠡᠳᠦᠷ᠂ ᠰᠦᠷᠢᠶ᠎ᠠ ᠡᠪᠡᠳᠴᠢᠨ ᠢ ᠰᠡᠷᠬᠡᠶᠢᠯᠡᠬᠦ ᠡᠳᠤᠷ᠂ ᠠᠶᠢᠽᠢ ᠡᠪᠡᠳᠴᠢᠨ ᠢ ᠰᠡᠷᠭᠡᠶᠢᠯᠡᠬᠦ ᠡᠳᠦᠷ ᠵᠡᠷᠭᠡ ᠡᠷᠡᠭᠦᠯ ᠬᠠᠮᠠᠭᠠᠯᠠᠯ  ᠤᠨ ᠡᠳᠦᠷ ᠤᠨ ᠬᠤᠭᠤᠴᠠᠭᠠᠨ ᠳᠤ ᠤᠯᠠᠨ ᠰᠠᠯᠠᠭ᠎ᠠ ᠮᠦᠴᠢᠷ ᠬᠠᠮᠵᠢᠯᠴᠠᠬᠤ ᠵᠡᠷᠭᠡ ᠠᠵᠢᠯ ᠤᠨ ᠠᠷᠭ᠎ᠠ ᠠᠪᠴᠠᠯ ᠢ ᠠᠪᠴᠣ ᠰᠣᠮᠣ ᠪᠠᠯᠭᠠᠰᠣ᠂ ᠭᠠᠴᠠᠭ᠎ᠠ ᠲᠤᠰᠬᠤᠨ ᠳᠤ ᠬᠦᠨᠵᠡᠭᠡᠶᠢᠷᠡᠨ ᠡᠷᠡᠭᠦᠯ ᠡᠩᠬᠡ ᠶᠢᠨ ᠭᠤᠤᠯ ᠰᠡᠲᠤᠪᠲᠤ ᠠᠵᠢᠯᠯᠠᠭᠠᠨ ᠢ ᠦᠷᠨᠢᠬᠦᠯᠵᠦ ᠡᠷᠡᠭᠦᠯ ᠡᠩᠬᠡ ᠶᠢᠨ ᠮᠡᠳᠡᠯᠭᠡ ᠶᠢ ᠲᠦᠭᠡᠮᠡᠯᠵᠢᠬᠦᠯᠦᠨ ᠣᠯᠠᠨ ᠲᠦᠮᠡᠨ ᠤ ᠣᠷᠣᠯᠴᠠᠬᠤ ᠬᠡᠮᠵᠢᠶ᠎ᠡ ᠶᠢ ᠳᠡᠭᠡᠭᠰᠢᠯᠡᠬᠦᠯᠵᠦ ᠤᠬᠠᠭᠤᠯᠤᠨ ᠬᠦᠮᠦᠵᠢᠬᠦᠯᠬᠦ ᠦᠷ᠎ᠡ ᠪᠦᠲᠦᠮᠵᠢ ᠶᠢ ᠴᠢᠩᠭᠠᠳᠬᠠᠨ᠎ᠠ᠃      ⒉ ᠡᠷᠡᠭᠦᠯ ᠡᠩᠬᠡ ᠶᠢᠨ ᠠᠵᠢᠯᠯᠠᠭᠠᠨ ᠢ ᠦᠷᠨᠢᠬᠦᠯᠦᠨ᠎ᠡ᠃ ᠡᠷᠡᠭᠦᠯ ᠡᠩᠬᠡ ᠶᠢᠨ ᠬᠦᠮᠦᠵᠢᠯ ᠤᠨ ᠲᠦᠷᠦᠯ ᠵᠦᠢᠯ᠂ ᠡᠷᠡᠭᠦᠯ ᠡᠩᠬᠡ ᠶᠢᠨ ᠬᠡᠪ ᠪᠤᠯᠪᠠᠰᠤᠷᠠᠯ ᠢ ᠠᠬᠢᠭᠤᠯᠬᠤ ᠠᠵᠢᠯᠯᠠᠭᠠᠨ᠂ ᠣᠯᠤᠰ ᠠᠷᠠᠳ ᠤᠨ ᠰᠢᠮ᠎ᠡ ᠲᠡᠵᠢᠬᠡᠯ  ᠤᠨ ᠲᠦᠯᠦᠪᠯᠡᠭᠡ ᠵᠡᠷᠭᠡ ᠤᠯᠤᠰ ᠤᠨ ᠦᠨᠳᠦᠰᠦᠨ ᠣᠯᠠᠨ ᠨᠡᠶᠢᠲᠡ ᠶᠢᠨ ᠡᠷᠡᠬᠦᠯ ᠬᠠᠮᠠᠭᠠᠯᠠᠯ ᠤᠨ ᠦᠢᠯᠡᠴᠢᠯᠡᠭᠡ ᠪᠠᠷ ᠴᠢᠬᠤᠯᠠ ᠭᠠᠷᠳᠠᠴᠠ ᠪᠤᠯᠭᠠᠨ ᠡᠷᠡᠭᠦᠯ ᠬᠠᠮᠠᠭᠠᠯᠠᠯ ᠲᠦᠯᠦᠪᠯᠡᠭᠡᠲᠤ ᠬᠦᠩᠭᠡᠵᠢᠯ ᠤᠨ ᠰᠢᠰᠲ᠋ᠧᠮ ᠤᠨ ᠡᠷᠡᠭᠦᠯ ᠡᠩᠬᠡ  ᠶᠢ ᠠᠬᠢᠭᠤᠯᠬᠤ ᠪᠠ ᠰᠤᠷᠭᠠᠨ ᠬᠦᠮᠦᠵᠢᠯ ᠤᠨ ᠡᠬᠢ ᠪᠠᠶᠠᠯᠢᠭ ᠢ ᠬᠦᠢᠴᠡᠳ ᠡᠮᠬᠢᠯᠡᠨ ᠨᠡᠶᠢᠯᠡᠬᠦᠯᠵᠦ ᠡᠷᠡᠭᠦᠯ ᠡᠩᠬᠡ ᠳᠤᠮᠳᠠᠳᠤ ᠤᠯᠤᠰ ᠤᠨ ᠠᠶᠠᠯᠠᠯ᠂ ᠪᠦᠬᠦ ᠠᠷᠠᠳ ᠤᠨ ᠡᠷᠡᠭᠦᠯ ᠡᠩᠬᠡ ᠠᠮᠢᠳᠤᠷᠠᠯ ᠤᠨ ᠠᠷᠭ᠎ᠠ ᠮᠠᠶ᠋ᠢᠭ᠂ ᠣᠷᠤᠭ ᠦᠷᠡᠵᠢᠯ ᠤᠨ ᠰᠢᠨ᠎ᠡ ᠰᠣᠷᠲᠠᠯ ᠢ ᠠᠶᠢᠯ ᠡᠷᠤᠬᠡ ᠳᠤ ᠤᠷᠤᠭᠤᠯᠬᠤ᠂ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠰᠢᠢᠳᠪᠣᠷᠢᠯᠡᠬᠦ ︽ᠳᠠᠪᠤ ᠳᠤ ᠣᠷᠣᠭᠤᠯᠬᠤ︾ ᠠᠵᠢᠯᠯᠠᠭ᠎ᠠ ᠵᠡᠷᠭᠡ ᠲᠠᠪᠴᠠᠩ ᠢ ᠰᠠᠶᠢᠲᠤᠷ ᠠᠰᠢᠭᠯᠠᠨ ᠡᠷᠡᠭᠦᠯ ᠡᠩᠭᠡ  ᠶᠢᠨ ᠤᠬᠠᠭᠤᠯᠭ᠎ᠠ ᠶᠢ ᠴᠢᠩᠭᠠᠳᠬᠠᠵᠦ ᠡᠷᠡᠭᠦᠯ ᠡᠩᠬᠡ ᠶᠢᠨ ᠬᠡᠪ ᠪᠤᠯᠪᠠᠰᠤᠷᠠᠯ ᠤᠨ ᠦᠨᠳᠦᠰᠦᠨ ᠮᠡᠳᠡᠯᠭᠡ ᠪᠠ ᠮᠡᠷᠭᠡᠵᠢᠯ ᠢ ᠲᠦᠬᠡᠮᠡᠯᠵᠢᠬᠦᠯᠤᠨ ᠡᠷᠡᠭᠦᠯ ᠡᠩᠬᠡ ᠠᠮᠢᠳᠤᠷᠠᠯ ᠤᠨ ᠠᠷᠭ᠎ᠠ ᠮᠠᠶ᠋ᠢᠭ ᠢ ᠪᠤᠢ ᠪᠤᠯᠭᠠᠬᠤ ᠶᠢ ᠠᠬᠢᠭᠤᠯᠤᠨ᠎ᠠ᠃      ︵ᠲᠠᠪᠤ︶ ᠡᠷᠡᠬᠦᠯ ᠡᠩᠬᠡ ᠤᠷᠴᠢᠨ ᠲᠤᠭᠤᠷᠢᠨ ᠢ ᠪᠦᠲᠦᠬᠡᠨ ᠪᠠᠶᠢᠭᠤᠯᠤᠨ᠎ᠠ᠃      ᠬᠤᠳᠠ ᠬᠦᠳᠡᠭᠡ ᠶᠢᠨ ᠪᠠᠶᠢᠷᠢᠰᠢᠯ ᠢ ᠢᠳᠡᠭ ᠢᠳᠡᠭ ᠢᠶᠠᠷ ᠰᠢᠯᠢᠳᠡᠭᠵᠢᠬᠦᠯᠵᠦ ᠪᠤᠬᠢᠷ ᠤᠰᠤᠨ ᠤ ᠠᠷᠢᠭᠤᠳᠬᠠᠯ᠂ ᠬᠤᠭ ᠨᠤᠪᠰᠢ ᠶᠢ ᠬᠤᠤᠷ ᠦᠬᠡᠶᠢᠳᠡᠭᠦᠯᠦᠨ ᠰᠶᠢᠳᠪᠤᠷᠢᠯᠡᠬᠦ᠂ ᠨᠡᠶᠢᠳᠡ ᠶᠢᠨ ᠵᠤᠷᠯᠤᠩ ᠵᠡᠷᠭᠡ ᠡᠷᠡᠭᠦᠯ ᠬᠠᠮᠠᠭᠠᠯᠠᠯ ᠤᠨ ᠲᠦᠬᠦᠬᠡᠷᠤᠮᠵᠢ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠲᠦᠯᠬᠢᠨ ᠠᠬᠢᠭᠤᠯᠤᠨ ᠠᠷᠢᠭᠤᠨ ᠴᠡᠪᠡᠷ ᠲᠤᠬᠢᠯᠢᠭ ᠰᠠᠶᠢᠬᠠᠨ ᠠᠮᠢᠳᠤᠷᠠᠯ ᠤᠨ ᠤᠷᠴᠢᠨ ᠲᠤᠭᠤᠷᠢᠨ ᠢ ᠪᠦᠲᠦᠭᠡᠨ ᠪᠠᠶᠢᠭᠤᠯᠵᠦ ᠠᠭᠤᠷ ᠠᠮᠢᠰᠬᠤᠯ᠂ ᠤᠤᠭᠤᠬᠤ ᠤᠰᠤ᠂ ᠢᠳᠡᠭᠡᠨ ᠤᠮᠳᠠᠭᠠᠨ ᠤ ᠠᠮᠤᠷ ᠲᠦᠪᠰᠢᠨ᠂ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠵᠡᠷᠭᠡ ᠨᠦᠯᠦᠬᠡᠯᠡᠬᠦ ᠡᠯᠧᠮᠧᠨ᠋ᠲ ᠢ ᠰᠠᠶᠢᠵᠢᠷᠠᠭᠤᠯᠬᠤ ᠪᠤᠶᠤ ᠵᠤᠬᠢᠬᠤ ᠬᠢᠷᠢ ᠲᠦᠪᠰᠢᠨ ᠳᠤ ᠬᠦᠷᠭᠡᠨ ᠰᠠᠭᠤᠭᠠᠯᠢ ᠠᠷᠠᠳ ᠤᠨ ᠰᠤᠷᠭᠠᠨ ᠬᠦᠮᠦᠵᠢᠯ᠂ ᠡᠮ ᠡᠮᠨᠡᠯᠭᠡ᠂ ᠣᠷᠣᠨ ᠰᠠᠭᠤᠴᠠ᠂ ᠠᠵᠢᠯ ᠤᠯᠭᠤᠯᠲᠠ᠂ ᠠᠮᠤᠷ ᠲᠦᠪᠰᠢᠨ ᠵᠡᠷᠭᠡ ᠲᠠᠯ᠎ᠠ ᠶᠢᠨ ᠦᠨᠳᠦᠰᠦᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠵᠦ ᠠᠷᠠᠳ ᠣᠯᠠᠨ ᠤ ᠠᠮᠢᠳᠤᠷᠠᠯ  ᠤᠨ ᠬᠢᠷᠢ ᠲᠦᠪᠰᠢᠨ ᠢ ᠳᠠᠰᠣᠷᠠᠯᠲᠠ ᠦᠬᠡᠢ ᠳᠡᠭᠡᠭᠰᠢᠯᠡᠬᠦᠯᠦᠨ᠎ᠡ᠃ ᠡᠷᠭᠡ ᠳᠡᠭᠰᠢ ᠦᠷᠭᠦᠯᠵᠢᠯᠡᠭᠦᠶᠢᠴᠡ ᠨᠡᠶᠢᠬᠡᠮ  ᠤᠨ ᠪᠠᠲᠤᠯᠠᠭ᠎ᠠ ᠶᠢᠨ ᠲᠤᠭᠲᠠᠯᠴᠠᠭ᠎ᠠ ᠶᠢ ᠪᠠᠶᠢᠭᠤᠯᠵᠦ ᠨᠠᠰᠤᠵᠢᠯ ᠤᠨ ᠠᠵᠢᠯ ᠢ ᠢᠳᠡᠪᠬᠢᠲᠡᠢ ᠵᠤᠬᠢᠴᠠᠭᠤᠯᠤᠨ᠎ᠠ᠃ ᠴᠡᠪᠡᠷ ᠲᠤᠬᠢᠯᠢᠭ ᠡᠮᠬᠢ ᠵᠢᠷᠦᠮ ᠲᠠᠢ᠂ ᠡᠷᠡᠭᠦᠯ ᠡᠩᠬᠡ ᠤᠷᠤᠰᠢᠨ ᠰᠠᠭᠤᠷᠢᠰᠢᠬᠤ ᠳᠤ ᠲᠤᠬᠢᠷᠠᠮᠵᠢᠲᠠᠢ ᠠᠵᠢᠯ᠂ ᠠᠮᠢᠳᠤᠷᠠᠯ ᠪᠠ ᠨᠡᠶᠢᠬᠡᠮ ᠤᠨ ᠣᠷᠴᠢᠨ ᠲᠤᠭᠤᠷᠢᠨ ᠢ ᠪᠦᠲᠦᠭᠡᠨ ᠪᠠᠶᠢᠭᠤᠯᠤᠨ᠎ᠠ᠃      ︵ᠵᠢᠷᠭᠤᠭ᠎ᠠ︶ ᠡᠷᠡᠬᠦᠯ ᠡᠩᠭᠡ ᠬᠦᠮᠦᠰ ᠢ ᠬᠦᠮᠦᠵᠢᠬᠦᠯᠦᠨ᠎ᠡ      ᠪᠦᠬᠦ ᠬᠤᠰᠢᠭᠤᠨ ᠤ ᠰᠠᠭᠤᠭᠠᠯᠢ ᠠᠷᠠᠳ ᠤᠨ ᠡᠷᠡᠬᠦᠯ ᠡᠩᠭᠡ ᠶᠢᠨ ᠬᠡᠪ ᠪᠤᠯᠪᠠᠰᠤᠷᠠᠯ ᠤᠨ ᠬᠢᠷᠢ ᠳᠦᠪᠰᠢᠨ ᠳᠤᠤᠷ᠎ᠠ ᠪᠠ ᠠᠵᠢᠯᠯᠠᠬᠤ ᠳᠤᠮᠳᠠ ᠤᠷᠤᠰᠢᠵᠤ ᠪᠠᠶᠢᠭ᠎ᠠ ᠡᠮᠵᠡᠭ ᠲᠠᠯ᠎ᠠ ᠳᠤ ᠴᠢᠭᠯᠡᠬᠦᠯᠦᠨ ᠬᠤᠰᠢᠭᠤ ᠡᠷᠡᠭᠦᠯ ᠬᠠᠮᠠᠭᠠᠯᠠᠯ ᠪᠠ ᠲᠦᠯᠦᠪᠯᠡᠭᠡᠲᠦ ᠬᠦᠩᠭᠡᠵᠢᠯ ᠤᠨ ᠰᠠᠯᠠᠭ᠎ᠠ ᠮᠦᠴᠢᠷ ᠡᠷᠡᠭᠦᠯ ᠡᠩᠭᠡ ᠶᠢᠨ ᠬᠡᠪ ᠪᠤᠯᠪᠠᠰᠤᠷᠠᠯ ᠤᠨ ᠠᠬᠢᠭᠤᠯᠤᠯᠲᠠ ᠶᠢᠨ ᠠᠵᠢᠯ ᠤᠨ ᠲᠦᠯᠦᠪᠵᠢᠬᠦᠯᠭᠡ ᠪᠤᠶᠤ ᠲᠦᠯᠦᠪᠯᠡᠭᠡ ᠶᠢ ᠲᠤᠭᠲᠠᠭᠠᠵᠤ ᠬᠠᠨᠳᠤᠯᠭᠠᠲᠤ ᠴᠢᠨᠠᠷ ᠲᠠᠢ ᠶᠡᠷᠦᠩᠭᠡᠶᠢᠯᠡᠭᠰᠡᠨ ᠬᠠᠮᠢᠶᠠᠷᠤᠯᠲᠠ ᠶᠢ ᠦᠷᠨᠢᠬᠦᠯᠦᠨ ᠰᠠᠭᠤᠭᠠᠯᠢ ᠠᠷᠠᠳ ᠤᠨ ᠡᠷᠡᠬᠦᠯ ᠡᠩᠭᠡ ᠶᠢᠨ ᠬᠡᠪ ᠪᠤᠯᠪᠠᠰᠤᠷᠠᠯ  ᠤᠨ ᠬᠢᠷᠢ ᠳᠦᠪᠰᠢᠨ᠂ ᠭᠤᠤᠯᠳᠠᠯᠭ᠎ᠠ ᠲᠠᠢ ᠬᠦᠮᠦᠰ ᠤᠨ ᠡᠷᠡᠬᠦᠯ ᠡᠩᠭᠡ ᠶᠢᠨ ᠬᠡᠪ ᠪᠤᠯᠪᠠᠰᠤᠷᠠᠯ ᠢ ᠳᠡᠭᠡᠭᠰᠢᠯᠡᠬᠦᠯᠦᠨ᠎ᠡ᠃ ᠰᠠᠭᠤᠭᠠᠯᠢ ᠠᠷᠠᠳ ᠤᠨ ᠡᠷᠡᠬᠦᠯ ᠡᠩᠭᠡ ᠶᠢᠨ ᠬᠡᠪ ᠪᠤᠯᠪᠠᠰᠤᠷᠠᠯ ᠤᠨ ᠪᠠᠶᠢᠴᠠᠭᠠᠯᠲᠠ ᠶᠢ ᠲᠤᠭᠲᠠᠮᠠᠯ ᠬᠤᠭᠤᠴᠠᠭ᠎ᠠ ᠲᠠᠢ ᠦᠷᠨᠢᠬᠦᠯᠵᠤ ᠪᠦᠬᠦ ᠬᠤᠰᠢᠭᠤᠨ ᠤ ᠤᠯᠠᠨ ᠲᠦᠮᠡᠨ ᠤ ᠡᠷᠡᠬᠦᠯ ᠡᠩᠭᠡ ᠶᠢᠨ ᠦᠨᠳᠦᠰᠦᠨ ᠪᠠᠶᠢᠳᠠᠯ ᠢ ᠤᠶᠢᠯᠠᠭᠠᠨ᠎ᠠ᠃ ᠡᠬᠦᠳᠦᠨ ᠪᠠᠶᠢᠭᠤᠯᠤᠯᠲᠠ ᠶᠢ ᠦᠷᠨᠢᠬᠦᠯᠬᠦ ᠪᠠᠷ ᠳᠠᠮᠵᠢᠭᠤᠯᠤᠨ ᠪᠦᠬᠦ ᠬᠤᠰᠢᠭᠤᠨ ᠤ ᠰᠠᠭᠤᠭᠠᠯᠢ ᠠᠷᠠᠳ ᠤᠨ ᠡᠷᠡᠬᠦᠯ ᠡᠩᠭᠡ ᠶᠢᠨ ᠬᠡᠪ ᠪᠤᠯᠪᠠᠰᠤᠷᠠᠯ ᠤᠨ ᠬᠢᠷᠢ ᠬᠡᠮᠵᠢᠶ᠎ᠡ᠂ ᠲᠠᠮᠠᠬᠢ ᠲᠠᠲᠠᠬᠤ ᠪᠠᠶᠢᠳᠠᠯ᠂ ᠪᠡᠶ᠎ᠡ ᠶᠢᠨ ᠲᠠᠮᠢᠷ ᠤᠨ ᠪᠤᠯᠪᠠᠰᠤᠷᠠᠯ ᠳᠤ ᠤᠷᠤᠯᠴᠠᠵᠤ ᠪᠠᠶᠢᠭ᠎ᠠ ᠪᠠᠶᠢᠳᠠᠯ ᠵᠡᠷᠭᠡ ᠰᠠᠭᠤᠭᠠᠯᠢ ᠠᠷᠠᠳ ᠤᠨ ᠡᠷᠡᠬᠦᠯ ᠡᠩᠭᠡ ᠶᠢᠨ ᠪᠠᠶᠢᠳᠠᠯ ᠢ ᠨᠦᠯᠦᠭᠡᠯᠡᠵᠤ ᠪᠠᠶᠢᠭ᠎ᠠ ᠭᠦᠢᠴᠡᠳᠬᠡᠬᠦ ᠲᠤᠭ᠎ᠠ ᠶᠢ ᠰᠠᠶᠢᠵᠢᠷᠠᠭᠤᠯᠤᠨ ᠳᠡᠭᠡᠭᠰᠢᠯᠡᠬᠦᠯᠵᠤ ᠰᠤᠷᠤᠭᠴᠢ ᠶᠢᠨ ᠪᠡᠶ᠎ᠡ ᠮᠠᠬᠠᠪᠤᠳ ᠢ ᠰᠤᠷᠭᠠᠨ ᠬᠦᠮᠦᠵᠢᠯ ᠤᠨ ᠶᠠᠮᠤᠨ ᠤ ︽ᠰᠤᠷᠤᠭᠴᠢ ᠶᠢᠨ ᠪᠡᠶ᠎ᠡ ᠮᠠᠬᠠᠪᠤᠳ ᠤᠨ ᠡᠷᠡᠬᠦᠯ ᠡᠩᠭᠡ ᠶᠢᠨ ᠤᠯᠤᠰ ᠤᠨ ᠪᠠᠷᠢᠮᠵᠢᠶ᠎ᠠ︾ ᠶᠢᠨ ᠬᠤᠯᠪᠤᠭᠳᠠᠯ ᠪᠦᠬᠦᠢ ᠪᠠᠷᠢᠮᠵᠢᠶᠠᠨ ᠳᠤ ᠬᠦᠷᠭᠡᠬᠦ ᠬᠡᠷᠡᠭᠲᠠᠢ᠃      ᠭᠤᠷᠪᠠ᠂ ᠴᠠᠭ ᠤᠨ ᠠᠬᠢᠴᠠ      ᠲᠦᠷᠦᠯ ᠵᠦᠢᠯ ᠤᠨ ᠦᠶᠡᠯᠡᠯ ᠤᠨ ᠬᠤᠭᠤᠴᠠᠭ᠎ᠠ ᠨᠢ ᠬᠤᠶᠠᠷ ᠵᠢᠯ ᠪᠠᠶᠢᠵᠤ ᠲᠦᠷᠪᠡᠨ ᠱᠠᠲᠤ ᠬᠤᠪᠢᠶᠠᠨ᠎ᠠ᠃      ᠨᠢᠭᠡᠳᠦᠭᠡᠷ ᠱᠠᠲᠤ᠄ 2018 ᠤᠨ ᠤ 8 ᠰᠠᠷ᠎ᠠ ᠶᠢᠨ 1 ᠤ ᠡᠳᠦᠷ  — 2018 ᠤᠨ ᠤ 10 ᠰᠠᠷ᠎ᠠ  ᠶᠢᠨ 31 ᠤ ᠡᠳᠦᠷ᠃ ᠡᠷᠡᠬᠦᠯ ᠡᠩᠭᠡ ᠤᠨ ᠦᠢᠯᠡᠰ ᠢ ᠠᠬᠢᠭᠤᠯᠬᠤ ᠬᠤᠰᠢᠭᠤ ᠶᠢ ᠡᠭᠦᠳᠦᠨ ᠪᠠᠶᠢᠭᠤᠯᠬᠤ ᠠᠵᠢᠯ  ᠤᠨ ᠡᠬᠢᠯᠡᠯᠲᠡ ᠶᠢᠨ ᠬᠤᠷᠠᠯ ᠢ ᠡᠷᠬᠢᠯᠡᠨ ᠶᠠᠪᠤᠭᠳᠠᠭᠤᠯᠵᠤ ᠡᠷᠡᠬᠦᠯ ᠡᠩᠭᠡ ᠶᠢᠨ ᠦᠢᠯᠡᠰ ᠢ ᠠᠬᠢᠭᠤᠯᠬᠤ ᠬᠤᠰᠢᠭᠤ  ᠶᠢ ᠡᠭᠦᠳᠦᠨ ᠪᠠᠶᠢᠭᠤᠯᠬᠤ ᠠᠵᠢᠯ ᠤᠨ ᠲᠦᠰᠦᠯ ᠢ ᠪᠠᠶᠢᠭᠤᠯᠤᠨ ᠡᠷᠡᠬᠦᠯ ᠡᠩᠭᠡ ᠤᠨ ᠦᠢᠯᠡᠰ ᠢ ᠠᠬᠢᠭᠤᠯᠬᠤ ᠠᠵᠢᠯ  ᠤᠨ ᠲᠤᠤᠷ ᠰᠦᠯᠵᠢᠶ᠎ᠡ ᠶᠢ ᠲᠡᠭᠦᠯᠳᠡᠷᠵᠢᠬᠦᠯᠦᠨ᠎ᠡ᠃ ᠡᠷᠡᠭᠦᠯ ᠡᠩᠭᠡ ᠤᠨ ᠦᠢᠯᠡᠰ ᠢ ᠠᠬᠢᠭᠤᠯᠬᠤ ᠲᠠᠯᠠᠪᠤᠷ ᠢ ᠪᠦᠲᠦᠭᠡᠨ ᠪᠠᠶᠢᠭᠤᠯᠵᠤ ᠤᠯᠠᠨ ᠰᠠᠯᠠᠭ᠎ᠠ ᠮᠦᠴᠢᠷ ᠡᠷᠡᠭᠦᠯ ᠡᠩᠭᠡ ᠤᠨ ᠦᠢᠯᠡᠰ ᠢ ᠠᠬᠢᠭᠤᠯᠬᠤ ᠨᠡᠶᠢᠲᠡ ᠶᠢᠨ ᠲᠦᠷᠦ  ᠶᠢᠨ ᠪᠤᠳᠤᠯᠭ᠎ᠠ ᠶᠢ ᠲᠤᠭᠲᠠᠭᠠᠨ ᠳᠡᠮᠵᠢᠯᠭᠡ ᠶᠢᠨ ᠴᠢᠨᠠᠷ ᠲᠠᠢ ᠤᠷᠴᠢᠨ ᠲᠤᠭᠤᠷᠢᠨ ᠢ ᠡᠭᠦᠳᠦᠨ ᠪᠠᠶᠢᠭᠤᠯᠵᠤ ᠡᠷᠡᠭᠦᠯ ᠡᠩᠭᠡ ᠤᠨ ᠦᠢᠯᠡᠰ ᠢ ᠠᠬᠢᠭᠤᠯᠬᠤ ᠲᠦᠷᠦ ᠶᠢᠨ ᠪᠤᠳᠤᠯᠭ᠎ᠠ ᠶᠢ ᠲᠤᠭᠲᠠᠭᠠᠨ ᠬᠢᠨᠠᠨ ᠵᠢᠯᠤᠭᠤᠳᠴᠤ ᠪᠠᠶᠢᠴᠠᠭᠠᠬᠤ ᠪᠠ ᠬᠢᠨᠠᠨ ᠰᠢᠯᠭᠠᠵᠤ ᠦᠨᠡᠯᠡᠨ ᠵᠢᠱᠢᠬᠦ ᠠᠵᠢᠯ ᠤᠨ ᠲᠤᠭᠲᠠᠯᠴᠠᠭ᠎ᠠ ᠶᠢ ᠪᠠᠶᠢᠭᠤᠯᠤᠨ᠎ᠠ᠃      ᠬᠤᠶᠠᠳᠤᠭᠠᠷ ᠱᠠᠲᠤ᠄ 2018 ᠤᠨ ᠤ 11 ᠰᠠᠷ᠎ᠠ ᠶᠢᠨ 1 ᠤ ᠡᠳᠦᠷ — 2019 ᠣᠨ ᠤ 1 ᠰᠠᠷ᠎ᠠ  ᠶᠢᠨ 31 ᠤ ᠡᠳᠦᠷ᠃ ᠡᠷᠡᠭᠦᠯ ᠡᠩᠭᠡ ᠤᠨ ᠦᠢᠯᠡᠰ ᠢ ᠠᠬᠢᠭᠤᠯᠬᠤ ᠵᠤᠬᠢᠴᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠭᠤᠤᠯᠳᠠᠯᠭ᠎ᠠ ᠲᠠᠢ ᠠᠰᠠᠭᠤᠳᠠᠯ ᠪᠤᠯᠤᠨ ᠭᠤᠤᠯᠳᠠᠯᠭ᠎ᠠ ᠲᠠᠢ ᠬᠦᠮᠦᠰ ᠲᠤ ᠴᠢᠭᠯᠡᠭᠦᠯᠦᠨ ᠤᠯᠠᠨ ᠰᠠᠯᠠᠭ᠎ᠠ ᠮᠦᠴᠢᠷ ᠬᠠᠮᠲᠤᠷᠠᠭᠰᠠᠨ ᠡᠷᠡᠬᠦᠯ ᠡᠩᠭᠡ ᠶᠢᠨ ᠦᠢᠯᠡᠰ ᠤᠨ ᠠᠵᠢᠯᠯᠠᠭ᠎ᠠ ᠶᠢ ᠦᠷᠨᠢᠬᠦᠯᠦᠨ ᠬᠠᠨᠳᠤᠯᠭᠠᠲᠤ ᠴᠢᠨᠠᠷ ᠲᠠᠢ ᠶᠡᠷᠦᠩᠭᠡᠶᠢᠯᠡᠭᠰᠡᠨ ᠬᠠᠮᠢᠶᠠᠷᠤᠯᠲᠠ ᠶᠢ ᠶᠠᠪᠤᠭᠳᠠᠭᠤᠯᠤᠨ ᠡᠷᠡᠭᠦᠯ ᠡᠩᠭᠡ ᠶᠢᠨ ᠲᠠᠯᠠᠪᠤᠷ ᠢ ᠡᠬᠦᠳᠦᠨ ᠪᠠᠶᠢᠭᠤᠯᠤᠭᠰᠠᠨ ᠪᠠᠶᠢᠳᠠᠯ ᠳᠤ ᠬᠢᠨᠠᠨ ᠵᠢᠯᠤᠭᠤᠳᠤᠯᠭ᠎ᠠ ᠬᠢᠵᠤ ᠡᠷᠡᠭᠦᠯ ᠡᠩᠭᠡ ᠰᠤᠶᠤᠯ᠂ ᠤᠷᠴᠢᠨ ᠲᠤᠭᠤᠷᠢᠨ ᠤ ᠪᠦᠲᠦᠭᠡᠨ ᠪᠠᠶᠢᠭᠤᠯᠤᠯᠲᠠ ᠶᠢ ᠢᠳᠡᠪᠬᠢᠲᠠᠢ ᠦᠷᠨᠢᠬᠦᠯᠦᠨ ᠨᠢᠭᠡ ᠵᠤᠷᠪᠤᠰ ᠡᠷᠡᠬᠦᠯ ᠡᠩᠭᠡ ᠶᠢᠨ ᠶᠠᠪᠠᠭᠠᠨ ᠠᠯᠬᠤᠬᠤ ᠵᠠᠮ ᠢ ᠪᠦᠲᠦᠭᠡᠨ ᠪᠠᠶᠢᠭᠤᠯᠤᠨ᠎ᠠ᠃      ᠭᠤᠷᠪᠠᠳᠤᠭᠠᠷ ᠱᠠᠲᠤ᠄ 2019 ᠤᠨ ᠤ 2 ᠰᠠᠷ᠎ᠠ ᠶᠢᠨ 1 ᠤ ᠡᠳᠦᠷ — 2019 ᠤᠨ ᠤ 4 ᠰᠠᠷ᠎ᠠ ᠶᠢᠨ 30 ᠤ ᠡᠳᠦᠷ᠃ ᠡᠷᠡᠭᠦᠯ ᠡᠩᠭᠡ ᠶᠢ ᠠᠬᠢᠭᠤᠯᠬᠤ ᠠᠬᠢᠭᠤᠯᠤᠯᠲᠠ ᠶᠢᠨ ᠬᠤᠷᠠᠯ ᠬᠤᠷᠠᠯᠳᠤᠭᠤᠯᠵᠤ ᠭᠤᠤᠯᠳᠠᠯᠭ᠎ᠠ  ᠲᠠᠢ ᠠᠰᠠᠭᠤᠳᠠᠯ ᠪᠤᠯᠤᠨ ᠭᠤᠤᠯᠳᠠᠯᠭ᠎ᠠ ᠲᠠᠢ ᠬᠦᠮᠦᠰ ᠲᠤ ᠴᠢᠭᠯᠡᠬᠦᠯᠦᠨ ᠤᠯᠠᠨ ᠰᠠᠯᠠᠭ᠎ᠠ ᠮᠦᠴᠢᠷ ᠬᠠᠮᠲᠤᠷᠠᠭᠰᠠᠨ ᠡᠷᠡᠭᠦᠯ ᠡᠩᠭᠡ ᠶᠢᠨ ᠦᠢᠯᠡᠰ ᠤᠨ ᠠᠵᠢᠯᠯᠠᠭ᠎ᠠ ᠶᠢ ᠦᠷᠨᠢᠬᠦᠯᠦᠨ ᠡᠷᠡᠭᠦᠯ ᠡᠩᠭᠡ ᠶᠢᠨ ᠲᠠᠯᠠᠪᠤᠷ ᠢ ᠡᠬᠦᠳᠦᠨ ᠪᠠᠶᠢᠭᠤᠯᠤᠭᠰᠠᠨ ᠪᠠᠶᠢᠳᠠᠯ ᠳᠤ ᠬᠢᠨᠠᠨ ᠵᠢᠯᠤᠭᠤᠳᠤᠯᠭ᠎ᠠ ᠬᠢᠵᠤ ᠡᠷᠡᠭᠦᠯ ᠡᠩᠭᠡ ᠰᠤᠶᠤᠯ᠂ ᠤᠷᠴᠢᠨ ᠲᠤᠭᠤᠷᠢᠨ ᠤ ᠪᠦᠲᠦᠭᠡᠨ ᠪᠠᠶᠢᠭᠤᠯᠤᠯᠲᠠ ᠶᠢ ᠦᠷᠬᠦᠯᠵᠢᠯᠡᠨ ᠶᠠᠪᠤᠭᠳᠠᠭᠤᠯᠵᠤ ᠡᠷᠡᠬᠦᠯ ᠡᠩᠭᠡ ᠶᠢᠨ ᠭᠤᠤᠯ ᠰᠡᠲᠦᠪᠲᠦ ᠴᠡᠴᠡᠷᠯᠢᠭ ᠢ 1 ᠪᠠᠶᠢᠭᠤᠯᠤᠨ᠎ᠠ᠃      ᠲᠦᠷᠪᠡᠲᠦᠭᠡᠷ ᠱᠠᠲᠤ᠄ 2019 ᠤᠨ ᠤ 5 ᠰᠠᠷ᠎ᠠ ᠶᠢᠨ 1 ᠤ ᠡᠳᠦᠷ — 2019 ᠤᠨ ᠤ 7 ᠰᠠᠷ᠎ᠠ ᠶᠢᠨ 31 ᠤ ᠡᠳᠦᠷ᠃ ᠡᠷᠡᠭᠦᠯ ᠡᠩᠭᠡ ᠶᠢᠨ ᠦᠢᠯᠡᠰ ᠢ ᠠᠬᠢᠭᠤᠯᠬᠤ ᠦᠪᠡᠷᠳᠡᠭᠡᠨ ᠪᠠᠶᠢᠴᠠᠭᠠᠨ ᠦᠨᠡᠯᠡᠯᠲᠡ ᠬᠢᠬᠦ ᠬᠤᠷᠠᠯ  ᠢ ᠡᠷᠬᠢᠯᠡᠨ ᠬᠤᠷᠠᠯᠳᠤᠭᠤᠯᠵᠤ ᠡᠯ᠎ᠡ ᠰᠠᠯᠠᠭ᠎ᠠ ᠮᠦᠴᠢᠷ ᠢ ᠵᠤᠬᠢᠶᠠᠨ ᠪᠠᠶᠢᠭᠤᠯᠤᠨ ︽ᠡᠷᠬᠢᠵᠤ ᠬᠠᠷᠠᠬᠤ︾ ᠪᠠ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠦᠨᠡᠯᠡᠯᠲᠡ ᠶᠢᠨ ᠠᠵᠢᠯ ᠢ ᠦᠷᠨᠢᠬᠦᠯᠦᠨ ᠳᠤᠲᠠᠭᠤᠳᠠᠯ ᠢ ᠨᠦᠬᠦᠪᠦᠷᠢᠯᠡᠬᠦ ᠬᠡᠷᠡᠭᠲᠠᠢ᠃ ᠡᠷᠡᠭᠦᠯ ᠡᠩᠭᠡ ᠤᠷᠴᠢᠨ ᠲᠤᠭᠤᠷᠢᠨ ᠤ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠪᠡᠶᠡᠯᠡᠬᠦᠯᠵᠤ ᠡᠷᠡᠭᠦᠯ ᠡᠩᠭᠡ ᠬᠦᠮᠦᠰ ᠤᠨ ᠡᠯ᠎ᠡ ᠲᠦᠷᠦᠯ ᠤᠨ ᠬᠦᠢᠴᠡᠳᠬᠡᠬᠦ ᠲᠤᠭ᠎ᠠ ᠪᠠᠷᠢᠮᠵᠢᠶᠠᠨ ᠳᠤ ᠬᠦᠷᠬᠦ ᠶᠢ ᠪᠠᠲᠤᠯᠠᠬᠤ ᠬᠡᠷᠡᠭᠲᠠᠢ᠃ ᠡᠬᠦᠨ ᠤ ᠬᠠᠮᠲᠤ᠂ ᠡᠯ᠎ᠡ ᠲᠦᠷᠦᠯ ᠤᠨ ᠠᠵᠢᠯ ᠤᠨ ᠲᠦᠷᠦᠯ ᠵᠦᠢᠯ ᠵᠢᠴᠢ ᠬᠤᠯᠪᠤᠭᠳᠠᠯ ᠪᠦᠬᠦᠢ ᠮᠠᠲ᠋ᠧᠷᠢᠶᠠᠯ ᠢ ᠡᠮᠬᠢᠯᠡᠨ ᠳᠠᠩᠰᠠᠯᠠᠬᠤ ᠶᠢ ᠲᠡᠬᠦᠯᠳᠡᠷᠵᠢᠬᠦᠯᠦᠨ ᠡᠯ᠎ᠡ ᠲᠦᠷᠦᠯ ᠤᠨ ᠠᠵᠢᠯ ᠤᠨ ᠬᠦᠢᠴᠡᠳᠬᠡᠬᠦ ᠲᠤᠭ᠎ᠠ ᠤᠯᠤᠰ ᠤᠨ ᠡᠷᠡᠭᠦᠯ ᠡᠩᠭᠡ ᠶᠢ ᠠᠬᠢᠭᠤᠯᠬᠤ ᠬᠤᠰᠢᠭᠤᠨ ᠤ ᠪᠠᠷᠢᠮᠵᠢᠶᠠᠨ ᠳᠤ ᠬᠦᠷᠬᠦ ᠶᠢ ᠪᠠᠲᠤᠯᠠᠵᠤ ᠡᠯ᠎ᠡ ᠱᠠᠲᠤᠨ ᠤ ᠬᠢᠨᠠᠨ ᠪᠠᠶᠢᠴᠠᠭᠠᠯᠲᠠ ᠶᠢ ᠤᠭᠲᠤᠨ ᠠᠪᠬᠤ ᠬᠡᠷᠡᠭᠲᠠᠢ᠃      ᠲᠦᠷᠪᠡ᠂ ᠠᠵᠢᠯᠯᠠᠬᠤ ᠱᠠᠭᠠᠷᠳᠠᠯᠭ᠎ᠠ      ︵ᠨᠢᠭᠡ︶ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃ ᠡᠷᠡᠭᠦᠯ ᠡᠩᠭᠡ ᠶᠢᠨ ᠦᠢᠯᠡᠰ ᠢ ᠠᠬᠢᠭᠤᠯᠬᠤ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠤᠯᠠᠮ ᠨᠢᠭᠡ ᠠᠯᠬᠤᠮ ᠲᠦᠯᠬᠢᠨ ᠠᠬᠢᠭᠤᠯᠵᠤ ᠡᠷᠡᠭᠦᠯ ᠡᠩᠭᠡ ᠶᠢᠨ ᠦᠢᠯᠡᠰ ᠢ ᠠᠬᠢᠭᠤᠯᠬᠤ ᠠᠵᠢᠯ ᠤᠨ ᠬᠠᠷᠠᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ ᠰᠠᠭᠤᠭᠠᠯᠢ ᠠᠷᠠᠳ ᠤᠨ ᠡᠷᠡᠬᠦᠯ ᠡᠩᠭᠡ ᠶᠢᠨ ᠬᠢᠷᠢ ᠲᠦᠪᠰᠢᠨ ᠢ ᠳᠡᠭᠡᠭᠰᠢᠯᠡᠬᠦᠯᠬᠦ ᠶᠢᠨ ᠲᠦᠯᠦᠭᠡ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠵᠦᠪᠰᠢᠶᠡᠷᠡᠯ ᠢᠶᠠᠷ ᠦᠦᠰᠢᠨ ᠬᠤᠰᠢᠭᠤᠨ ᠤ ᠪᠦᠬᠦ ᠤᠯᠤᠰ ᠤᠨ ᠡᠷᠡᠬᠦᠯ ᠡᠩᠭᠡ ᠶᠢᠨ ᠦᠢᠯᠡᠰ ᠢ ᠠᠬᠢᠭᠤᠯᠬᠤ ᠬᠤᠰᠢᠭᠤ ᠶᠢ ᠡᠭᠦᠳᠤᠨ ᠪᠠᠶᠢᠭᠤᠯᠬᠤ ᠠᠵᠢᠯ ᠤᠨ ᠤᠳᠤᠷᠢᠳᠬᠤ ᠪᠠᠭ᠎ᠠ ᠳᠤᠭᠤᠶᠢᠯᠠᠩ ᠢ ᠪᠠᠶᠢᠭᠤᠯᠬᠤ ᠪᠠᠷ ᠲᠤᠭᠲᠠᠵᠤ᠂ ᠳᠤᠭᠤᠶᠢᠯᠠᠩ ᠤᠨ ᠭᠡᠰᠢᠬᠦᠳ ᠳᠤᠤᠷᠠᠬᠢ ᠮᠡᠳᠦ      ᠲᠤᠭᠤᠶᠢᠯᠠᠩ ᠤᠨ ᠳᠠᠷᠤᠭ᠎ᠠ᠄      ᠵᠤᠤ ᠹᠧᠢ ᠯᠤ᠋          ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ ᠤ ᠬᠤᠰᠢᠭᠤ ᠤᠷᠤᠯᠠᠭᠴᠢ ᠳᠠᠷᠤᠭ᠎ᠠ      ᠳᠡᠳ᠋ ᠲᠤᠭᠤᠶᠢᠯᠠᠩ ᠤᠨ ᠳᠠᠷᠤᠭ᠎ᠠ᠄ ᠹᠧᠩ ᡁᠢ ᠮᠢᠩ        ᠬᠤᠰᠢᠭᠤ ᠨᠠᠮ ᠤᠨ ᠬᠤᠷᠢᠶᠠᠨ ᠤ ᠪᠠᠶᠢᠩᠭᠤ  ᠶᠢᠨ ᠭᠡᠰᠢᠬᠦᠨ᠂ ᠤᠬᠠᠭᠤᠯᠬᠤ ᠬᠡᠯᠲᠡᠰ ᠤᠨ ᠳᠠᠷᠤᠭ᠎ᠠ                                     ᠪᠠᠶᠠᠨᠴᠡᠩᠭᠡᠯ          ᠬᠤᠰᠢᠭᠤ ᠵᠠᠰᠠᠭ ᠤᠨ ᠤᠷᠳᠤᠨ ᠤ ᠬᠤᠰᠢᠭᠤ ᠳᠡᠳ᠋ ᠳᠠᠷᠤᠭ᠎ᠠ᠂ ᠡᠳ᠋ ᠤᠨ ᠵᠠᠰᠠᠭ ᠤᠨ ᠳᠤᠪᠴᠢᠶᠠᠨ ᠤ ᠲᠤᠪᠴᠢᠶᠠᠨ ᠳᠠᠷᠤᠭ᠎ᠠ                                     ᠪᠠᠶᠠᠨᠴᠢᠮᠡᠭ           ᠬᠤᠰᠢᠭᠤ ᠵᠠᠰᠠᠭ ᠤᠨ ᠤᠷᠳᠤᠨ ᠤ ᠬᠤᠰᠢᠭᠤ ᠳᠡᠳ᠋ ᠳᠠᠷᠤᠭ᠎ᠠ      ᠬᠡᠰᠢᠬᠦᠨ᠄                      ᠮᠠ ᠶᠠ ᠳ᠋ᠦᠩ        ᠬᠤᠰᠢᠭᠤ ᠵᠠᠰᠠᠭ ᠤᠨ ᠤᠷᠳᠤᠨ ᠤ ᠠᠯᠪᠠᠨ ᠭᠡᠷ ᠤᠨ ᠡᠷᠬᠢᠯᠡᠭᠴᠢ                                     ᠵᠠᠩ ᠵᠢᠶᠠᠨ ᠰᠢᠦ᠋ᠩ    ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠳᠡᠳ᠋ ᠡᠷᠬᠢᠯᠡᠭᠴᠢ                                     ᠭᠦ᠋ ᠽᠢ ᠵᠧᠩ         ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ ᠱᠦᠵᠢ᠂ ᠬᠢᠨᠠᠨ ᠪᠠᠶᠢᠴᠠᠭᠠᠬᠤ ᠵᠦᠪᠯᠡᠯ ᠤᠨ ᠳᠡᠳ᠋ ᠡᠷᠬᠢᠯᠡᠭᠴᠢ                                     ᠵᠠᠩ ᠷᠦᠢ ᠹᠧᠩ       ᠬᠤᠰᠢᠭᠤ ᠵᠠᠰᠠᠭ ᠤᠨ ᠤᠷᠳᠤᠨ ᠤ ᠱᠠᠭᠠᠷᠳᠠᠨ ᠪᠠᠶᠢᠴᠠᠭᠠᠬᠤ ᠳᠠᠰᠤᠭ ᠤᠨ ᠡᠷᠬᠢᠯᠡᠭᠴᠢ                                     ᠨᠤᠷᠪᠤ               ᠬᠤᠰᠢᠭᠤ ᠨᠠᠮ ᠤᠨ ᠬᠤᠷᠢᠶᠠᠨ ᠤ ᠱᠠᠭᠠᠷᠳᠠᠨ ᠪᠠᠶᠢᠴᠠᠭᠠᠬᠤ ᠳᠠᠰᠤᠭ ᠤᠨ ᠬᠠᠷᠢᠭᠤᠴᠠᠯᠭᠠᠲᠠᠨ                                     ᠰᠢᠶᠧ ᠹᠧᠢ ᠵᠢᠶᠦ᠋ᠨ    ᠬᠤᠰᠢᠭᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ                                ᠯᠦᠸᠧ ᠶᠦᠸᠧ ᠹᠧᠢ      ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠤᠶᠤᠨ ᠤ ᠪᠤᠯᠪᠠᠰᠤᠨ ᠪᠠᠶᠢᠭᠤᠯᠤᠯᠲᠠ ᠶᠢᠨ ᠠᠯᠪᠠᠨ ᠭᠡᠷ ᠤᠨ ᠡᠷᠬᠢᠯᠡᠭᠴᠢ                                     ᠤᠶᠤᠨᠪᠠᠲᠤ           ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠤᠨᠲ ᠤᠨ ᠬᠡᠯᠲᠡᠰ ᠤᠨ ᠳᠡᠳ᠋ ᠳᠠᠷᠤᠭ᠎ᠠ                                     ᠪᠤᠯᠤᠳ             ᠬᠤᠰᠢᠭᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠡᠯᠲᠡᠰ ᠤᠨ ᠳᠡᠳ᠋ ᠳᠠᠷᠤᠭ᠎ᠠ                                     ᠯᠢ ᠱᠤ᠋ ᠸᠧᠨ         ᠬᠤᠰᠢᠭᠤ ᠪᠠᠶᠢᠭᠤᠯᠤᠮᠵᠢ ᠶᠢᠨ ᠣᠷᠣᠨ ᠲᠤᠭᠠᠨ ᠤ ᠵᠦᠪᠯᠡᠯ ᠤᠨ ᠠᠯᠪᠠᠨ ᠭᠡᠷ ᠤᠨ ᠡᠷᠬᠢᠯᠡᠭᠴᠢ                                     ᠭᠤᠤ ᠴᠢᠶᠠᠩ ᠢᠩ    ᠬᠤᠰᠢᠭᠤ ᠠᠵᠢᠯᠴᠢᠨ ᠤ ᠶᠡᠷᠦᠩᠭᠡᠢ ᠡᠪᠯᠡᠯ  ᠤᠨ ᠲᠡᠷᠢᠬᠦᠯᠡᠭᠴᠢ                                     ᠺᠦᠢ ᠬᠤᠸᠠ          ᠬᠤᠰᠢᠭᠤ ᠡᠮᠡᠭᠲᠡᠶᠢᠴᠤᠳ ᠤᠨ ᠬᠤᠯᠪᠤᠭᠠᠲᠤ ᠬᠤᠷᠠᠯ ᠤᠨ ᠡᠷᠬᠢᠯᠡᠭᠴᠢ                                     ᠸᠠᠩ ᠵᠠᠨ ᠶᠦᠩ      ᠬᠤᠰᠢᠭᠤ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ                                     ᠶᠠᠩ ᠰᠢᠶᠤᠤ ᠮᠢᠩ     ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠦᠦᠰᠢᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ                                       ᠤᠯᠠᠭᠠᠨᠪᠠᠭᠠᠲᠤᠷ      ᠬᠤᠰᠢᠭᠤ ᠬᠦᠭᠵᠢᠬᠦᠯᠦᠯᠲᠡ ᠦᠭᠡᠷᠡᠴᠢᠯᠡᠯᠲᠡ ᠶᠢᠨ ᠲᠤᠪᠴᠢᠶᠠᠨ ᠤ ᠲᠤᠪᠴᠢᠶᠠᠨ ᠳᠠᠷᠤᠭ᠎ᠠ                                     ᠭᠦᠸᠧ ᠱᠧᠩ        ᠬᠤᠰᠢᠭᠤ ᠲᠤᠭ᠎ᠠ ᠪᠦᠷᠢᠳᠬᠡᠯ ᠤᠨ ᠲᠤᠪᠴᠢᠶᠠᠨ ᠤ ᠲᠤᠪᠴᠢᠶᠠᠨ ᠳᠠᠷᠤᠭ᠎ᠠ                                     ᠹᠠᠨ ᠳ᠋ᠦᠩ         ᠬᠤᠰᠢᠭᠤ ᠬᠢᠨᠠᠨ ᠪᠤᠳᠤᠯᠲᠠ ᠶᠢᠨ ᠲᠤᠪᠴᠢᠶᠠᠨ ᠤ ᠲᠤᠪᠴᠢᠶᠠᠨ ᠳᠠᠷᠤᠭ᠎ᠠ                                     ᠯᠢ ᠸᠧᠢ            ᠬᠤᠰᠢᠭᠤ ᠬᠠᠤᠯᠢ ᠴᠠᠭᠠᠵᠠ ᠶᠢᠨ ᠲᠤᠪᠴᠢᠶᠠᠨ ᠤ ᠲᠤᠪᠴᠢᠶᠠᠨ ᠳᠠᠷᠤᠭ᠎ᠠ                                     ᠸᠠᠩ ᠭᠤᠸᠠᠩ ᠫᠢᠩ   ᠬᠤᠰᠢᠭᠤ ᠠᠵᠤ ᠠᠬᠤᠢ ᠠᠷᠠᠯᠵᠢᠶᠠᠨ ᠤ ᠶᠠᠪᠤᠳᠠᠯ ᠪᠠ ᠴᠢᠮᠡᠭᠡ ᠵᠠᠩᠭᠢᠴᠢᠯᠠᠯᠲᠠ ᠶᠢᠨ ᠲᠤᠪᠴᠢᠶᠠᠨ ᠤ ᠲᠤᠪᠴᠢᠶᠠᠨ ᠳᠠᠷᠤᠭ᠎ᠠ                                     ᠶᠠᠩ ᡁᠢ ᠶᠤᠸᠠᠨ     ᠬᠤᠰᠢᠭᠤ ᠠᠶᠦᠯᠬᠦᠢ ᠶᠢᠨ ᠬᠢᠨᠠᠨ ᠬᠠᠮᠢᠶᠠᠷᠤᠯᠲᠠ ᠶᠢᠨ ᠲᠤᠪᠴᠢᠶᠠᠨ ᠤ ᠲᠤᠪᠴᠢᠶᠠᠨ ᠳᠠᠷᠤᠭ᠎ᠠ                                     ᠸᠠᠩ ᠮᠤᠤ ᠷᠦᠩ       ᠬᠤᠰᠢᠭᠤ ᠤᠷᠤᠨ ᠰᠠᠭᠤᠴᠠ ᠪᠠ ᠬᠤᠲᠠ ᠬᠦᠳᠡᠭᠡ ᠶᠢᠨ ᠲᠦᠯᠦᠪᠵᠢᠬᠦᠯᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶᠠᠨ ᠤ ᠲᠤᠪᠴᠢᠶᠠᠨ ᠳᠠᠷᠤᠭ᠎ᠠ                                     ᠵᠤᠤ ᠸᠧᠨ ᠪᠢᠨ      ᠬᠤᠰᠢᠭᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠤᠪᠴᠢᠶᠠᠨ ᠤ ᠲᠤᠪᠴᠢᠶᠠᠨ ᠳᠠᠷᠤᠭ᠎ᠠ                                    ᠤᠳᠬᠤᠨ            ᠬᠤᠰᠢᠭᠤ ᠬᠤᠲᠠ ᠶᠢᠨ ᠬᠠᠮᠢᠶᠠᠷᠤᠯᠲᠠ  ᠶᠢᠨ ᠵᠠᠰᠠᠭ ᠵᠠᠬᠢᠷᠭᠠᠨ ᠤ ᠬᠠᠦᠯᠢ ᠬᠡᠷᠡᠭᠵᠢᠬᠦᠯᠬᠦ ᠲᠤᠪᠴᠢᠶᠠᠨ ᠤ ᠲᠤᠪᠴᠢᠶᠠᠨ ᠳᠠᠷᠤᠭ᠎ᠠ                                     ᠪᠢᠶᠠᠨ ᠬᠤᠩ ᠶᠤᠤ    ᠬᠤᠰᠢᠭᠤ ᠤᠷᠴᠢᠨ ᠲᠤᠭᠤᠷᠢᠨ ᠤ ᠬᠠᠮᠠᠭᠠᠯᠠᠯᠲᠠ ᠶᠢᠨ ᠲᠤᠪᠴᠢᠶᠠᠨ ᠤ ᠲᠤᠪᠴᠢᠶᠠᠨ ᠳᠠᠷᠤᠭ᠎ᠠ                                     ᠳᠠᠪᠰᠢᠭᠴᠢ      ᠬᠤᠰᠢᠭᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠲᠤᠯᠠᠭ᠎ᠠ  ᠶᠢᠨ ᠲᠤᠪᠴᠢᠶᠠᠨ ᠤ ᠲᠤᠪᠴᠢᠶᠠᠨ ᠳᠠᠷᠤᠭ᠎ᠠ                                    ᠴᠢᠯᠠᠭᠤᠨᠪᠠᠭᠠᠲᠤᠷ     ᠬᠤᠰᠢᠭᠤ ᠠᠷᠠᠳ ᠤᠨ ᠶᠠᠪᠤᠳᠠᠯ ᠤᠨ ᠲᠤᠪᠴᠢᠶᠠᠨ ᠤ ᠲᠤᠪᠴᠢᠶᠠᠨ ᠳᠠᠷᠤᠭ᠎ᠠ                                    ᠵᠢᠷᠭᠠᠯ           ᠬᠤᠰᠢᠭᠤ ᠦᠨᠳᠦᠰᠦᠲᠡᠨ ᠱᠠᠰᠢᠨ ᠰᠤᠷᠲᠠᠬᠤᠨ  ᠤ ᠬᠡᠷᠡᠭ ᠡᠷᠬᠢᠯᠡᠬᠦ ᠲᠤᠪᠴᠢᠶᠠᠨ ᠤ ᠲᠤᠪᠴᠢᠶᠠᠨ ᠳᠠᠷᠤᠭ᠎ᠠ                                   ᠰᠤᠶᠤᠯᠲᠤᠭᠲᠠᠬᠤ      ᠬᠤᠰᠢᠭᠤ ᠰᠤᠶᠤᠯ ᠲᠠᠮᠢᠷ ᠷᠠᠳᠢᠤ᠋ ᠺᠢᠨᠤ᠋ ᠲᠧᠯᠧᠢᠰ ᠤᠨ ᠲᠤᠪᠴᠢᠶᠠᠨ ᠤ ᠲᠤᠪᠴᠢᠶᠠᠨ ᠳᠠᠷᠤᠭ᠎ᠠ                                     ᠰᠢᠶᠤᠤ ᠬᠠᠢ ᠹᠦ᠋      ᠬᠤᠰᠢᠭᠤ ᠰᠤᠷᠭᠠᠨ ᠬᠦᠮᠦᠵᠢᠯ ᠤᠨ ᠲᠤᠪᠴᠢᠶᠠᠨ ᠤ ᠲᠤᠪᠴᠢᠶᠠᠨ ᠳᠠᠷᠤᠭ᠎ᠠ                                   ᠵᠤᠤ ᠽᠢ ᠯᠤ᠋         ᠬᠤᠰᠢᠭᠤ ᠡᠷᠡᠭᠦᠯ ᠬᠠᠮᠠᠭᠠᠯᠠᠯ ᠪᠠ ᠲᠦᠯᠦᠪᠯᠡᠭᠡᠲᠦ ᠬᠦᠩᠭᠡᠵᠢᠯ ᠤᠨ ᠲᠤᠪᠴᠢᠶᠠᠨ ᠤ ᠲᠤᠪᠴᠢᠶᠠᠨ ᠳᠠᠷᠤᠭ᠎ᠠ                                   ᠵᠤᠤ ᠰᠢᠦ᠋ᠩ ᠸᠧᠢ    ᠬᠤᠰᠢᠭᠤ ᠰᠢᠨᠵᠢᠯᠡᠬᠦ ᠤᠬᠠᠭᠠᠨ ᠮᠡᠷᠭᠡᠵᠢᠯ  ᠤᠨ ᠲᠤᠪᠴᠢᠶᠠᠨ ᠤ ᠲᠤᠪᠴᠢᠶᠠᠨ ᠳᠠᠷᠤᠭ᠎ᠠ                                     ᠯᠢᠦ ᠽᠢ ᠪᠢᠨ       ᠬᠤᠰᠢᠭᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠤᠪᠴᠢᠶᠠᠨ ᠤ ᠲᠤᠪᠴᠢᠶᠠᠨ ᠳᠠᠷᠤᠭ᠎ᠠ                                   ᠰᠠᠶᠢᠨᠴᠤᠭᠲᠤ        ᠬᠤᠰᠢᠭᠤ ᠲᠠᠷᠢᠶᠠᠯᠠᠩ ᠮᠠᠯ ᠠᠵᠤ ᠠᠬᠤᠢ  ᠶᠢᠨ ᠲᠤᠪᠴᠢᠶᠠᠨ ᠤ ᠲᠤᠪᠴᠢᠶᠠᠨ ᠳᠠᠷᠤᠭ᠎ᠠ                                   ᠹᠠᠨ ᠺᠦᠨ          ᠬᠤᠰᠢᠭᠤ ᠤᠢ ᠰᠢᠭᠤᠢ ᠶᠢᠨ ᠲᠤᠪᠴᠢᠶᠠᠨ ᠤ ᠲᠤᠪᠴᠢᠶᠠᠨ ᠳᠠᠷᠤᠭ᠎ᠠ                                   ᠱᠢ ᠬᠠᠢ ᠵᠢᠶᠦ᠋ᠨ     ᠬᠤᠰᠢᠭᠤ ᠤᠰᠤᠨ ᠤ ᠶᠠᠪᠤᠳᠠᠯ ᠪᠠ ᠬᠦᠷᠦᠰᠦ ᠰᠢᠷᠤᠢ ᠶᠢ ᠬᠠᠮᠠᠭᠠᠯᠠᠬᠤ ᠠᠵᠢᠯ ᠤᠨ ᠳᠤᠪᠴᠢᠶᠠᠨ ᠤ ᠲᠤᠪᠴᠢᠶᠠᠨ ᠳᠠᠷᠤᠭ᠎ᠠ                                   ᠵᠢᠷᠠᠨᠪᠠᠶᠠᠷ          ᠬᠤᠰᠢᠭᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠪᠴᠢᠶᠠᠨ ᠤ ᠲᠤᠪᠴᠢᠶᠠᠨ ᠳᠠᠷᠤᠭ᠎ᠠ                                  ᠯᠢᠦ ᠰᠢᠦ ᠵᠧᠨ      ᠬᠤᠰᠢᠭᠤ ᠡᠳ᠋ ᠤᠨ ᠵᠠᠰᠠᠭ ᠤᠨ ᠲᠤᠪᠴᠢᠶᠠᠨ ᠤ ᠲᠤᠪᠴᠢᠶᠠᠨ ᠳᠡᠳ᠋ ᠳᠠᠷᠤᠭ᠎ᠠ                                  ᠸᠠᠩ ᠵᠢᠶᠦ᠋ᠨ       ᠬᠤᠰᠢᠭᠤ ᠲᠤᠲᠤᠭᠠᠲᠤ ᠶᠢ ᠬᠠᠮᠠᠭᠠᠯᠠᠬᠤ ᠲᠤᠪᠴᠢᠶᠠᠨ ᠤ ᠲᠤᠪᠴᠢᠶᠠᠨ ᠳᠡᠳ᠋ ᠳᠠᠷᠤᠭ᠎ᠠ                                  ᠡᠦ ᠵᠢᠶᠠᠨ ᠭᠦᠸᠧ    ᠬᠤᠰᠢᠭᠤ ᠨᠡᠭᠦᠷᠡᠰᠦᠨ ᠲᠤᠪᠴᠢᠶᠠᠨ ᠤ ᠲᠤᠪᠴᠢᠶᠠᠨ ᠳᠠᠷᠤᠭ᠎ᠠ                                  ᠪᠢᠶᠠᠨ ᠯᠢᠶᠠᠩ       ᠦᠪᠦᠷ ᠮᠤᠩᠭᠤᠯ ᠤᠨ ᠰᠢᠷᠬᠤᠰᠤ ᠤᠯᠤᠰ ᠤᠨ ᠨᠤᠭᠤ ᠭᠠᠵᠠᠷ ᠤᠨ ᠴᠡᠴᠡᠷᠯᠢᠭ ᠤᠨ ᠬᠠᠮᠢᠶᠠᠷᠤᠯᠲᠠ ᠶᠢᠨ ᠲᠤᠪᠴᠢᠶᠠᠨ ᠤ ᠲᠤᠪᠴᠢᠶᠠᠨ ᠳᠠᠷᠤᠭ᠎ᠠ                                  ᠮᠢ ᠭᠦᠢ ᠰᠢ        ᠬᠤᠰᠢᠭᠤ ᠠᠮᠤ ᠪᠤᠳᠠᠭᠠᠨ ᠤ ᠭᠦᠢᠯᠭᠡᠭᠡ ᠦᠢᠯᠡᠴᠢᠯᠡᠭᠡᠨ ᠤ ᠲᠦᠪ ᠤᠨ ᠡᠷᠬᠢᠯᠡᠭᠴᠢ                                  ᠵᠸᠤ ᠽᠢ ᠭᠦᠸᠧ     ᠬᠤᠰᠢᠭᠤ ᠬᠤᠲᠠ ᠬᠦᠳᠡᠭᠡ ᠶᠢᠨ ᠲᠦᠯᠦᠪᠵᠢᠬᠦᠯᠭᠡ ᠶᠢᠨ ᠬᠢᠨᠠᠨ ᠰᠢᠯᠭᠠᠬᠤ ᠲᠦᠪ ᠤᠨ ᠡᠷᠬᠢᠯᠡᠭᠴᠢ                                  ᠪᠠᠢ ᠯᠢ ᠫᠢᠩ       ᠬᠤᠰᠢᠭᠤ ᠨᠡᠶᠢᠲᠡ ᠶᠢᠨ ᠠᠵᠢᠯ ᠦᠢᠯᠡᠰ ᠤᠨ ᠬᠠᠮᠢᠶᠠᠷᠤᠯᠲᠠ ᠶᠢᠨ ᠲᠤᠪᠴᠢᠶᠠᠨ ᠤ ᠲᠤᠪᠴᠢᠶᠠᠨ ᠳᠠᠷᠤᠭ᠎ᠠ                                  ᠵᠠᠩ ᠵᠢᠶᠦ᠋ᠨ       ᠬᠤᠰᠢᠭᠤ ᠵᠤᠭᠠᠴᠠᠯ ᠤᠨ ᠦᠢᠯᠡᠰ ᠤᠨ ᠦᠢᠯᠡᠴᠢᠯᠡᠭᠡᠨ ᠤ ᠲᠦᠪ ᠤᠨ ᠡᠷᠬᠢᠯᠡᠭᠴᠢ                                  ᠨᠠᠷᠠᠨᠮᠦ᠋ᠩᠭᠡ       ᠬᠤᠰᠢᠭᠤ ᠪᠡᠶ᠎ᠡ ᠶᠢᠨ ᠲᠠᠮᠢᠷ ᠤᠨ ᠠᠵᠢᠯ ᠦᠢᠯᠡᠰ  ᠤᠨ ᠬᠦᠭᠵᠢᠯᠲᠡ ᠶᠢᠨ ᠲᠦᠪ ᠤᠨ ᠡᠷᠬᠢᠯᠡᠭᠴᠢ                                  ᠰᠡᠴᠡᠨᠪᠢᠯᠢᠭ        ᠬᠤᠰᠢᠭᠤ ᠶᠠᠳᠠᠭᠤ ᠶᠢ ᠳᠡᠳᠬᠦᠬᠦ ᠨᠡᠭᠡᠭᠡᠯᠲᠡ  ᠶᠢᠨ ᠶᠡᠷᠦᠩᠭᠡᠶᠢᠯᠡᠭᠰᠡᠨ ᠦᠢᠯᠡᠴᠢᠯᠡᠭᠡᠨ ᠤ ᠲᠦᠪ ᠤᠨ ᠡᠷᠬᠢᠯᠡᠭᠴᠢ                                  ᠸᠠᠩ ᠬᠠᠢ ᠵᠢᠶᠦ᠋ᠨ   ᠬᠤᠰᠢᠭᠤ ᠴᠡᠴᠡᠷᠯᠢᠭᠵᠢᠬᠦᠯᠦᠯᠲᠡ ᠨᠤᠭᠤᠭᠠᠷᠠᠭᠤᠯᠤᠯᠲᠠ ᠶᠢᠨ ᠲᠤᠪᠴᠢᠶᠠᠨ ᠤ ᠲᠤᠪᠴᠢᠶᠠᠨ ᠳᠡᠳ᠋ ᠳᠠᠷᠤᠭ᠎ᠠ                                  ᠶᠠᠨ ᠭᠤᠸᠠᠨ ᠽᠧᠩ  ᠬᠤᠰᠢᠭᠤ ᠵᠠᠮ ᠬᠠᠷᠢᠯᠴᠠᠭᠠᠨ ᠤ ᠬᠠᠮᠢᠶᠠᠷᠤᠯᠲᠠ  ᠶᠢᠨ ᠶᠡᠭᠡ ᠠᠩᠭᠢ ᠶᠢᠨ ᠬᠠᠷᠢᠭᠤᠴᠠᠯᠭᠠᠲᠠᠨ                                  ᠱᠠ ᠵᠢᠶᠠᠨ         ᠲᠤᠭ ᠠᠵᠤ ᠦᠢᠯᠡᠳᠪᠦᠷᠢ ᠶᠢᠨ ᠲᠦᠷᠦᠯ ᠵᠦᠢᠯ  ᠤᠨ ᠲᠤᠭᠤᠷᠢᠭ ᠤᠨ ᠬᠠᠮᠢᠶᠠᠷᠤᠯᠲᠠ ᠶᠢᠨ ᠲᠦᠪ ᠤᠨ ᠡᠷᠬᠢᠯᠡᠭᠴᠢ                                  ᠼᠤᠤ ᠱᠧᠩ ᠫᠢᠩ   ᠨᠠᠷᠢᠨᠭᠤᠤᠯ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠬᠠᠮᠢᠶᠠᠷᠤᠯᠲᠠ ᠶᠢᠨ ᠵᠦᠪᠯᠡᠯ ᠤᠨ ᠳᠡᠳ᠋ ᠡᠷᠬᠢᠯᠡᠭᠴᠢ                                  ᠨᠠᠷᠠᠰᠤ            ᠭᠠᠯᠠᠭᠤᠲᠤ ᠪᠠᠯᠭᠠᠰᠤᠨ ᠤ ᠪᠠᠯᠭᠠᠰᠤᠨ ᠳᠠᠷᠤᠭ᠎ᠠ                                  ᠹᠠᠨ ᠵᠠᠨ ᠵᠢᠶᠦ᠋ᠨ    ᠰᠢᠷᠬᠤᠰᠤᠨ ᠪᠠᠯᠭᠠᠰᠤᠨ ᠤ ᠪᠠᠯᠭᠠᠰᠤᠨ ᠳᠠᠷᠤᠭ᠎ᠠ                                  ᠵᠢᠷᠠᠨᠪᠠᠶᠠᠷ          ᠰᠦᠯᠳᠡ ᠰᠤᠮᠤᠨ ᠤ ᠰᠤᠮᠤᠨ ᠳᠠᠷᠤᠭ᠎ᠠ                                  ᠪᠠᠢ ᠰᠢᠦᠸᠧ ᠹᠧᠩ   ᠤᠯᠠᠭᠠᠨᠲᠤᠯᠤᠭᠠᠢ ᠪᠠᠯᠭᠠᠰᠤᠨ ᠤ ᠪᠠᠯᠭᠠᠰᠤᠨ ᠳᠠᠷᠤᠭ᠎ᠠ                                  ᠬᠠᠰᠴᠢᠮᠡᠭ         ᠲᠤᠭ ᠪᠠᠯᠭᠠᠰᠤᠨ ᠤ ᠪᠠᠯᠭᠠᠰᠤᠨ ᠳᠠᠷᠤᠭ᠎ᠠ                                  ᠺᠠᠩ ᠷᠦᠢ         ᠦᠦᠰᠢᠨᠵᠤᠤ ᠪᠠᠯᠭᠠᠰᠤᠨ ᠤ ᠪᠠᠯᠭᠠᠰᠤᠨ ᠳᠠᠷᠤᠭ᠎ᠠ                                  ᠰᠤ᠋ ᠶᠦᠩ ᠹᠧᠩ   ᠳᠤᠮᠳᠠᠳᠤ ᠤᠯᠤᠰ ᠤᠨ ᠬᠠᠮᠲᠤᠷᠠᠯ ᠲᠤᠤᠷ ᠰᠦᠯᠵᠢᠶ᠎ᠡ ᠶᠢᠨ ᠬᠤᠯᠪᠤᠭᠠᠨ ᠤ ᠬᠢᠵᠠᠭᠠᠷᠲᠤ ᠺᠤᠮᠫᠠᠨᠢ ᠶᠢᠨ ᠦᠦᠰᠢᠨ ᠬᠤᠰᠢᠭᠤᠨ ᠳᠠᠬᠢ ᠬᠤᠪᠢᠶᠠᠷᠢ ᠺᠤᠮᠫᠠᠨᠢ ᠶᠢᠨ ᠶᠡᠷᠦᠩᠭᠡᠢ ᠳᠠᠭᠠᠭᠠᠮᠠᠯ                                  ᠸᠠᠩ ᠵᠢᠶᠦ᠋ᠨ      ᠦᠦᠰᠢᠨ ᠬᠤᠰᠢᠭᠤᠨ ᠤ ᠰᠢᠯᠵᠢᠮᠡᠯ ᠬᠤᠯᠪᠤᠭᠠᠨ  ᠤ ᠬᠤᠪᠢᠶᠠᠷᠢ ᠺᠤᠮᠫᠠᠨᠢ ᠶᠢᠨ ᠶᠡᠷᠦᠩᠭᠡᠢ ᠳᠠᠭᠠᠭᠠᠮᠠᠯ                                  ᠬᠠᠨ ᠰᠢᠨ        ᠲᠤᠮᠳᠠᠳᠤ ᠤᠯᠤᠰ ᠤᠨ ᠴᠠᠬᠢᠯᠭᠠᠨ ᠬᠤᠯᠪᠤᠭ᠎ᠠ  ᠶᠢᠨ ᠬᠤᠪᠢ ᠤᠷᠤᠭᠤᠯᠤᠯᠲᠠ ᠶᠢᠨ ᠬᠢᠵᠠᠭᠠᠷᠲᠤ ᠺᠤᠮᠫᠠᠨᠢ ᠶᠢᠨ ᠦᠦᠰᠢᠨ ᠬᠤᠰᠢᠭᠤᠨ ᠳᠠᠬᠢ ᠬᠤᠪᠢᠶᠠᠷᠢ ᠺᠤᠮᠫᠠᠨᠢ  ᠶᠢᠨ ᠶᠡᠷᠦᠩᠭᠡᠢ ᠳᠠᠭᠠᠭᠠᠮᠠᠯ                                  ᠸᠠᠩ ᠱᠤ᠋ ᠬᠤᠸᠠᠢ  ᠬᠤᠲᠠ ᠶᠢᠨ ᠮᠠᠰᠢᠨ ᠲᠡᠷᠭᠡᠨ ᠤ ᠲᠡᠭᠡᠭᠡᠪᠦᠷᠢ ᠶᠢᠨ ᠪᠦᠯᠦᠭᠯᠡᠯ ᠤᠨ ᠬᠢᠵᠠᠭᠠᠷᠲᠤ ᠺᠤᠮᠫᠠᠨᠢ ᠶᠢᠨ ᠭᠠᠯᠠᠭᠤᠲᠤ ᠮᠠᠰᠢᠨ ᠲᠡᠷᠭᠡᠨ ᠤ ᠦᠷᠲᠡᠭᠡ ᠶᠢᠨ ᠦᠷᠲᠡᠭᠡᠨ ᠳᠠᠷᠤᠭ᠎ᠠ      ᠤᠳᠤᠷᠢᠳᠬᠤ ᠪᠠᠭ᠎ᠠ ᠳᠤᠭᠤᠶᠢᠯᠠᠩ ᠨᠢ ᠪᠦᠬᠦ ᠤᠯᠤᠰ ᠤᠨ ᠡᠷᠡᠬᠦᠯ ᠡᠩᠭᠡ ᠶᠢᠨ ᠦᠢᠯᠡᠰ ᠢ ᠠᠬᠢᠭᠤᠯᠬᠤ ᠬᠤᠰᠢᠭᠤ ᠶᠢ ᠡᠭᠦᠳᠦᠨ ᠪᠠᠶᠢᠭᠤᠯᠬᠤ ᠠᠵᠢᠯ ᠤᠨ ᠲᠦᠷᠦ ᠶᠢᠨ ᠪᠤᠳᠤᠯᠭ᠎ᠠ ᠶᠢᠨ ᠠᠷᠭ᠎ᠠ ᠪᠠᠷᠢᠯ᠂ ᠵᠢᠯᠤᠭᠤᠳᠤᠯᠭ᠎ᠠ᠂ ᠵᠤᠬᠢᠴᠠᠭᠤᠯᠭ᠎ᠠ ᠶᠢ ᠵᠤᠬᠢᠶᠠᠨ ᠪᠠᠶᠢᠭᠤᠯᠵᠤ ᠲᠤᠭᠲᠠᠭᠠᠨ ᠡᠭᠦᠳᠦᠨ ᠪᠠᠶᠢᠭᠤᠯᠬᠤ ᠠᠵᠢᠯ ᠤᠨ ᠴᠢᠬᠤᠯᠠ ᠶᠡᠭᠡ ᠠᠰᠠᠭᠤᠳᠠᠯ ᠢ ᠰᠢᠢᠳᠪᠦᠷᠢᠯᠡᠵᠤ ᠠᠵᠢᠯ ᠤᠨ ᠮᠡᠳᠡᠭᠡ ᠴᠢᠮᠡᠭᠡ ᠶᠢ ᠨᠡᠶᠢᠲᠡᠯᠡᠨ ᠡᠭᠦᠳᠦᠨ ᠪᠠᠶᠢᠭᠤᠯᠬᠤ ᠠᠵᠢᠯ ᠤᠨ ᠨᠡᠶᠢᠲᠡᠯᠢᠭ ᠲᠤᠷᠰᠢᠯᠭ᠎ᠠ ᠶᠢ ᠳᠡᠯᠭᠡᠷᠡᠭᠦᠯᠵᠤ ᠬᠤᠰᠢᠭᠤ ᠰᠢᠭᠤᠳ ᠬᠠᠷᠢᠶ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠵᠢᠴᠢ ᠰᠤᠮᠤ ᠪᠠᠯᠭᠠᠰᠤᠨ ᠤ ᠪᠢᠴᠢᠭ ᠮᠠᠲ᠋ᠧᠷᠢᠶᠠᠯ ᠤᠨ ᠲᠦᠰᠦᠯ ᠤᠨ ᠨᠠᠶᠢᠳᠠᠪᠤᠷᠢᠵᠢᠭᠤᠯᠤᠯᠲᠠ ᠪᠠ ᠡᠭᠦᠷᠭᠡ ᠪᠠᠨ ᠪᠡᠶᠡᠯᠡᠬᠦᠯᠵᠤ ᠪᠠᠶᠢᠭ᠎ᠠ ᠪᠠᠶᠢᠳᠠᠯ ᠢ ᠱᠠᠭᠠᠷᠳᠠᠨ ᠪᠠᠶᠢᠴᠠᠭᠠᠨ᠎ᠠ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠦᠵᠡᠯ ᠰᠠᠨᠠᠭᠠᠨ ᠤ ᠲᠠᠨᠢᠯᠲᠠ ᠪᠠᠨ ᠦᠨᠡᠨᠬᠦ ᠳᠡᠭᠡᠭᠰᠢᠯᠡᠬᠦᠯᠵᠤ ᠲᠦᠰᠦᠯ ᠤᠨ ᠡᠭᠦᠷᠭᠡ ᠶᠢᠨ ᠬᠤᠪᠢᠶᠠᠷᠢᠯᠠᠯᠲᠠ ᠶᠢᠨ ᠱᠠᠭᠠᠷᠳᠠᠯᠭ᠎ᠠ ᠶᠤᠰᠤᠭᠠᠷ ᠠᠵᠢᠯ ᠤᠨ ᠡᠬᠦᠷᠭᠡ ᠪᠠᠨ ᠤᠯᠠᠮ ᠨᠢᠭᠡ ᠠᠯᠬᠤᠮ ᠨᠠᠷᠢᠯᠢᠭᠵᠢᠭᠤᠯᠤᠨ ᠠᠵᠢᠯ ᠤᠨ ᠬᠠᠷᠢᠭᠤᠴᠠᠯᠭᠠᠲᠠᠨ ᠢᠶᠠᠨ ᠲᠤᠲᠤᠷᠬᠠᠶᠢᠯᠠᠵᠤ ᠡᠬᠦᠳᠦᠨ ᠪᠠᠶᠢᠭᠤᠯᠬᠤ ᠠᠭᠤᠷ ᠠᠮᠢᠰᠬᠤᠯ ᠢ ᠶᠡᠭᠡ ᠬᠦᠴᠦᠨ ᠢᠶᠠᠷ ᠦᠷᠭᠡᠳᠭᠡᠨ ᠬᠦᠴᠦᠯᠡᠴᠡ ᠪᠠᠨ ᠴᠢᠩᠭᠠᠳᠬᠠᠵᠤ ᠡᠷᠡᠭᠦᠯ ᠬᠠᠮᠠᠭᠠᠯᠠᠯ ᠪᠠ ᠲᠦᠯᠦᠪᠯᠡᠭᠡᠲᠦ ᠦᠷᠡᠵᠢᠯ ᠵᠡᠷᠭᠡ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠠᠢ ᠢᠳᠡᠪᠬᠢᠲᠠᠢ ᠬᠠᠪᠰᠤᠷᠤᠯᠴᠠᠨ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠦᠷᠨᠢᠬᠦᠯᠵᠤ ᠬᠢᠨᠠᠨ ᠰᠢᠯᠭᠠᠯᠲᠠ ᠶᠢ ᠠᠮᠵᠢᠯᠲᠠ ᠲᠠᠢ ᠦᠩᠭᠡᠷᠡᠬᠦᠯᠬᠦ ᠶᠢ ᠪᠠᠲᠤᠯᠠᠬᠤ ᠬᠡᠷᠡᠭᠲᠠᠢ᠃      ᠤᠳᠤᠷᠢᠳᠬᠤ ᠪᠠᠭ᠎ᠠ ᠳᠤᠭᠤᠶᠢᠯᠠᠩ ᠤᠨ ᠳᠤᠤᠷ᠎ᠠ ᠠᠯᠪᠠᠨ ᠭᠡᠷ ᠭᠠᠷᠭᠠᠵᠤ ᠠᠯᠪᠠᠨ ᠭᠡᠷ ᠢ ᠬᠤᠰᠢᠭᠤ ᠡᠷᠡᠭᠦᠯ ᠬᠠᠮᠠᠭᠠᠯᠠᠯ ᠪᠠ ᠲᠦᠯᠦᠪᠯᠡᠭᠡᠲᠦ ᠬᠦᠩᠭᠡᠵᠢᠯ ᠤᠨ ᠲᠤᠪᠴᠢᠶᠠᠨ ᠳᠤ ᠲᠤᠬᠢᠷᠠᠭᠤᠯᠤᠨ ᠠᠯᠪᠠᠨ ᠭᠡᠷ ᠤᠨ ᠡᠷᠬᠢᠯᠡᠭᠴᠢ ᠶᠢ ᠵᠤᠤ ᠽᠢ ᠯᠤ᠋ ᠨᠦᠬᠦᠷ ᠲᠤᠰᠢᠶᠠᠯ ᠬᠠᠪᠰᠤᠷᠭᠠᠨ᠎ᠠ᠃ ᠡᠬᠦᠳᠦᠨ ᠪᠠᠶᠢᠭᠤᠯᠬᠤ ᠠᠵᠢᠯ ᠢ ᠦᠷᠨᠢᠬᠦᠯᠬᠦ ᠳᠤ ᠵᠤᠬᠢᠶᠠᠨ ᠪᠠᠶᠢᠭᠤᠯᠤᠨ ᠵᠤᠬᠢᠴᠠᠭᠤᠯᠬᠤ᠂ ᠠᠵᠢᠯ ᠤᠨ ᠲᠦᠯᠦᠪᠯᠡᠭᠡ ᠪᠠ ᠳ᠋ᠦᠩᠨᠡᠯᠲᠡ ᠶᠢ ᠬᠢᠬᠦ᠂ ᠬᠢᠨᠠᠯᠲᠠ ᠲᠠᠯᠪᠢᠬᠤ᠂ ᠪᠠᠶᠢᠴᠠᠭᠠᠬᠤ᠂ ᠬᠢᠨᠠᠨ ᠰᠢᠯᠭᠠᠵᠤ ᠬᠤᠷᠢᠶᠠᠬᠤ ᠠᠵᠢᠯ ᠢ ᠵᠤᠬᠢᠶᠠᠨ ᠪᠠᠶᠢᠭᠤᠯᠬᠤ᠂ ᠲᠦᠷᠦᠯ ᠵᠦᠢᠯ ᠢ ᠦᠨᠡᠯᠡᠬᠦ ᠵᠡᠷᠭᠡ ᠠᠵᠢᠯ ᠢ ᠪᠤᠳᠠᠲᠠᠢ ᠬᠠᠷᠢᠭᠤᠴᠠᠨ ᠲᠤᠭᠲᠠᠭᠰᠠᠨ ᠬᠤᠭᠤᠴᠠᠭ᠎ᠠ ᠲᠠᠢ ᠪᠠᠷ ᠤᠳᠤᠷᠢᠳᠤᠯᠭ᠎ᠠ ᠶᠢᠨ ᠵᠤᠬᠢᠴᠠᠭᠤᠯᠬᠤ ᠬᠤᠷᠠᠯ ᠢ ᠵᠤᠬᠢᠶᠠᠨ ᠪᠠᠶᠢᠭᠤᠯᠤᠨ ᠡᠷᠬᠢᠯᠡᠵᠤ ᠠᠵᠢᠯ ᠤᠨ ᠠᠬᠢᠴᠠ ᠶᠢᠨ ᠪᠠᠶᠢᠳᠠᠯ ᠢ ᠨᠡᠶᠢᠲᠡᠯᠡᠨ᠎ᠡ᠃      ︵ᠬᠤᠶᠠᠷ︶ ᠠᠵᠢᠯ ᠤᠨ ᠲᠤᠤᠷ ᠰᠦᠯᠵᠢᠶ᠎ᠡ ᠶᠢ ᠪᠠᠶᠢᠭᠤᠯᠤᠨ᠎ᠠ᠃      ᠡᠯ᠎ᠡ ᠰᠤᠮᠤ ᠪᠠᠯᠭᠠᠰᠤ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠡᠷᠡᠬᠦᠯ ᠡᠩᠭᠡ ᠶᠢᠨ ᠬᠦᠮᠦᠵᠢᠯ ᠪᠤᠯᠤᠨ ᠡᠷᠡᠭᠦᠯ ᠡᠩᠭᠡ ᠶᠢᠨ ᠦᠢᠯᠡᠰ ᠢ ᠠᠬᠢᠭᠤᠯᠬᠤ ᠠᠵᠢᠯ ᠤᠨ ᠲᠤᠰᠬᠠᠶᠢᠯᠠᠭᠰᠠᠨ ᠠᠵᠢᠯᠲᠠᠨ ᠢ ᠲᠤᠭᠲᠠᠭᠠᠵᠤ ᠡᠷᠡᠭᠦᠯ ᠡᠩᠭᠡ ᠶᠢᠨ ᠦᠢᠯᠡᠰ ᠢ ᠠᠬᠢᠭᠤᠯᠬᠤ ᠠᠵᠢᠯ ᠤᠨ ᠠᠵᠢᠯᠲᠠᠨ ᠤ ᠡᠩᠨᠡᠭᠡ ᠵᠢᠴᠢ ᠬᠤᠯᠪᠤᠭᠳᠠᠬᠤ ᠠᠵᠢᠯ ᠤᠨ ᠲᠦᠷᠢᠮ  ᠢ ᠪᠠᠶᠢᠭᠤᠯᠤᠨ᠎ᠠ᠃ ᠡᠯ᠎ᠡ ᠪᠦᠷᠢᠯᠳᠦᠬᠦᠨ ᠪᠠᠶᠢᠭᠤᠯᠭ᠎ᠠ 9 ᠰᠠᠷ᠎ᠠ ᠶᠢᠨ 29 ᠤ ᠡᠳᠦᠷ ᠠᠴᠠ ᠡᠮᠦᠨ᠎ᠡ ᠲᠤᠰ ᠪᠠᠶᠢᠭᠤᠯᠭ᠎ᠠ ᠶᠢᠨ ᠡᠬᠦᠳᠦᠨ ᠪᠠᠶᠢᠭᠤᠯᠬᠤ ᠠᠵᠢᠯ ᠢ ᠬᠠᠷᠢᠭᠤᠴᠠᠵᠤ ᠪᠠᠶᠢᠭ᠎ᠠ ᠤᠳᠤᠷᠢᠳᠤᠯᠭ᠎ᠠ ᠪᠠ ᠠᠵᠢᠯᠲᠠᠨ ᠤ ᠬᠤᠯᠪᠤᠭᠳᠠᠯ ᠪᠦᠬᠦᠢ ᠮᠡᠳᠡᠭᠡ ᠵᠠᠩᠭᠢ ᠶᠢ ᠬᠤᠰᠢᠭᠤ ᠡᠷᠡᠭᠦᠯ ᠬᠠᠮᠠᠭᠠᠯᠠᠯ ᠪᠠ ᠲᠦᠯᠦᠪᠯᠡᠭᠡᠲᠦ ᠬᠦᠩᠭᠡᠵᠢᠯ ᠤᠨ ᠲᠤᠪᠴᠢᠶᠠᠨ ᠤ ᠡᠷᠡᠭᠦᠯ ᠡᠩᠭᠡ ᠶᠢᠨ ᠬᠦᠮᠦᠵᠢᠯ ᠤᠨ ᠥᠷᠳᠡᠭᠡ ᠳᠤ ᠮᠡᠳᠡᠬᠦᠯᠦᠨ ᠬᠦᠷᠭᠡᠬᠦ ᠬᠡᠷᠡᠭᠲᠠᠢ᠃      ︵ᠭᠤᠷᠪᠠ︶ ᠮᠠᠲ᠋ᠧᠷᠢᠶᠠᠯ ᠢ ᠬᠤᠷᠢᠶᠠᠨ ᠴᠤᠭᠯᠠᠭᠤᠯᠬᠤ ᠶᠢ ᠴᠢᠩᠭᠠᠳᠬᠠᠨ᠎ᠠ᠃ᠡᠯ᠎ᠡ ᠰᠤᠮᠤ ᠪᠠᠯᠭᠠᠰᠤ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠱᠠᠲᠤ ᠦᠶ᠎ᠡ ᠶᠢᠨ ᠠᠵᠢᠯ ᠤᠨ ᠱᠠᠭᠠᠷᠳᠠᠯᠭ᠎ᠠ ᠶᠤᠰᠤᠭᠠᠷ ᠲᠦᠷᠦᠯ ᠵᠦᠢᠯ ᠤᠨ ᠠᠬᠢᠴᠠ ᠶᠢᠨ ᠪᠠᠶᠢᠳᠠᠯ ᠵᠢᠴᠢ ᠬᠤᠯᠪᠤᠭᠳᠠᠬᠤ ᠮᠠᠲ᠋ᠧᠷᠢᠶᠠᠯ ᠢ ᠴᠠᠭ ᠳᠠᠷᠤᠢ ᠳᠤ ᠨᠢ ᠳᠡᠭᠡᠭᠰᠢ ᠮᠡᠳᠡᠬᠦᠯᠦᠨ᠂ ᠱᠠᠲᠤ ᠪᠤᠯᠭᠠᠨ ᠤ ᠠᠵᠢᠯ ᠢ ᠬᠢᠵᠤ ᠳᠠᠭᠤᠰᠬᠠᠭᠰᠠᠨ ᠤ ᠳᠠᠷᠠᠭ᠎ᠠ ᠨᠢᠭᠡ ᠭᠠᠷᠠᠭ ᠤᠨ ᠲᠤᠲᠤᠷ᠎ᠠ ᠮᠡᠳᠡᠬᠦᠯᠦᠭᠰᠡᠨ ᠪᠠᠶᠢᠬᠤ ᠬᠡᠷᠡᠭᠲᠠᠢ᠃ ᠭᠤᠤᠯᠳᠠᠭᠤ ᠠᠵᠢᠯ ᠤᠨ ᠦᠷᠨᠢᠬᠦᠯᠦᠭᠳᠡᠵᠣ ᠪᠠᠶᠢᠭ᠎ᠠ ᠪᠠᠶᠢᠳᠠᠯ᠂ ᠲᠤᠷᠰᠢᠯᠭ᠎ᠠ ᠶᠢᠨ ᠬᠢᠯᠠᠰ ᠴᠡᠭ ᠪᠠ ᠤᠷᠤᠰᠢᠵᠤ ᠪᠠᠶᠢᠭ᠎ᠠ ᠠᠰᠠᠭᠤᠳᠠᠯ ᠢ ᠪᠠᠭᠲᠠᠭᠠᠵᠤ ᠦᠰᠦᠭ ᠤᠨ ᠲᠤᠭ᠎ᠠ ᠶᠢ 1000 ᠶᠢᠨ ᠲᠤᠲᠤᠷ᠎ᠠ ᠬᠢᠵᠠᠭᠠᠷᠯᠠᠬᠤ ᠶᠢᠨ ᠬᠠᠮᠲᠤ ᠬᠠᠮᠢᠶ᠎ᠠ ᠪᠦᠬᠦᠢ ᠠᠵᠢᠯᠯᠠᠭᠠᠨ ᠤ ᠲᠦᠷᠰᠦ ᠰᠢᠩᠭᠡᠭᠡᠯᠲᠡ ᠵᠢᠴᠢ ᠵᠢᠷᠤᠭ ᠰᠡᠭᠦᠳᠡᠷ ᠵᠡᠷᠭᠡ ᠵᠦᠭᠡᠯᠡᠨ ᠲᠤᠨᠤᠭ ᠤᠨ ᠮᠠᠲ᠋ᠧᠷᠢᠶᠠᠯ ᠢ ᠴᠠᠭ ᠳᠠᠷᠤᠢ ᠳᠤ ᠨᠢ ᠴᠤᠭᠯᠠᠭᠤᠯᠤᠨ ᠲᠤᠰᠢᠶᠠᠨ᠎ᠠ᠃      ︵ᠲᠦᠷᠪᠡ︶ ᠬᠢᠨᠠᠨ ᠵᠢᠯᠤᠭᠤᠳᠴᠤ ᠪᠠᠶᠢᠴᠠᠭᠠᠬᠤ ᠪᠠᠨ ᠴᠢᠩᠭᠠᠷᠠᠭᠤᠯᠤᠨ᠎ᠠ᠃ᠬᠤᠰᠢᠭᠤ ᠨᠠᠮ ᠤᠨ ᠬᠤᠷᠢᠶ᠎ᠠ ᠪᠠ ᠵᠠᠰᠠᠭ ᠤᠨ ᠤᠷᠳᠤᠨ ᠤ ᠬᠤᠶᠠᠷ ᠠᠯᠪᠠᠨ ᠭᠡᠷ ᠤᠨ ᠱᠠᠭᠠᠷᠳᠠᠨ ᠪᠠᠶᠢᠴᠠᠭᠠᠬᠤ ᠳᠠᠰᠤᠭ᠂ ᠡᠷᠡᠭᠦᠯ ᠬᠠᠮᠠᠭᠠᠯᠠᠯ ᠪᠠ ᠲᠦᠯᠦᠪᠯᠡᠭᠡᠲᠦ ᠦᠷᠡᠵᠢᠯ ᠤᠨ ᠳᠤᠪᠴᠢᠶ᠎ᠠ ᠡᠭᠦᠳᠦᠨ ᠪᠠᠶᠢᠭᠤᠯᠬᠤ ᠠᠵᠢᠯ ᠢ ᠬᠢᠨᠠᠨ ᠵᠢᠯᠤᠭᠤᠳᠴᠤ ᠪᠠᠶᠢᠴᠠᠭᠠᠬᠤ ᠬᠦᠴᠦᠯᠡᠴᠡ ᠪᠠᠨ ᠴᠢᠩᠭᠠᠳᠬᠠᠨ ᠲᠤᠭᠲᠠᠭᠰᠠᠨ ᠬᠤᠭᠤᠴᠠᠭ᠎ᠠ ᠲᠠᠢ ᠪᠠᠷ ᠪᠠᠶᠢᠳᠠᠯ  ᠢ ᠨᠡᠶᠢᠲᠡᠯᠡᠵᠤ ᠡᠬᠦᠳᠦᠨ ᠪᠠᠶᠢᠭᠤᠯᠬᠤ ᠠᠵᠢᠯ ᠤᠨ ᠤᠳᠤᠷᠢᠳᠬᠤ ᠪᠠᠭ᠎ᠠ ᠳᠤᠭᠤᠶᠢᠯᠠᠩ ᠤᠨ ᠡᠯ᠎ᠡ ᠪᠦᠷᠢᠯᠳᠦᠬᠦᠨ ᠪᠠᠶᠢᠭᠤᠯᠭ᠎ᠠ ᠢᠳᠡᠪᠬᠢᠲᠠᠢ ᠬᠠᠪᠰᠤᠷᠤᠯᠴᠠᠨ ᠡᠭᠦᠳᠦᠨ ᠪᠠᠶᠢᠭᠤᠯᠬᠤ ᠠᠵᠢᠯ ᠤᠨ ᠦᠪᠡᠷᠳᠡᠭᠡᠨ ᠵᠠᠰᠠᠬᠤ ᠤᠷᠤᠨ ᠪᠠ ᠤᠯᠤᠰ ᠤᠨ ᠬᠢᠨᠠᠨ ᠰᠢᠯᠭᠠᠯᠲᠠ ᠶᠢ ᠠᠮᠵᠢᠯᠲᠠ ᠲᠠᠢ ᠦᠩᠭᠡᠷᠡᠭᠦᠯᠬᠦ ᠶᠢ ᠪᠠᠲᠤᠯᠠᠬᠤ ᠬᠡᠷᠡᠭᠲᠠᠢ᠃      
 
ᠢᠷᠡᠯᠲᠡ᠄ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号