ᠤᠶᠢᠷ᠎ᠠ ᠶᠢᠨ ᠡᠳᠦᠷ ᠦᠤᠰᠢᠨᠵᠤᠤ ᠪᠠᠯᠭᠠᠰᠤᠨ ᠤ ᠴᠠᠭᠠᠠᠰᠦ᠋ᠮ᠎ᠡ ᠭᠠᠴᠠᠭ᠎ᠠ ᠮᠠᠯ ᠠᠵᠤ ᠠᠬᠤᠢ ᠶᠢᠨ | ᠮᠡᠷᠭᠡᠵᠢᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠠᠩᠬᠢ ᠶᠢ ᠪᠠᠶᠢᠭᠤᠯᠵᠤ ᠮᠠᠯᠴᠢᠨ ᠲᠦᠮᠡᠨ ᠳᠤ ᠦᠢᠯᠡᠴᠢᠯᠡᠵᠦ | ᠡᠬᠢᠯᠡᠭᠰᠡᠨ ᠪᠠᠶᠢᠨ᠎ᠠ᠃ ᠡᠨᠡ ᠪᠤᠯ ᠮᠠᠨ ᠤ ᠬᠤᠰᠢᠭᠤᠨ ᠤ ᠠᠩᠬᠠᠳᠠᠭᠴᠢ ᠮᠠᠯᠵᠢᠬᠤ ᠲᠠᠷᠢᠶᠠᠯᠠᠬᠤ ᠤᠷᠤᠨ ᠤ ᠮᠠᠯ | ᠠᠵᠤ ᠠᠬᠤᠢ ᠶᠢᠨ ᠮᠡᠷᠭᠡᠵᠢᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠠᠩᠭᠢ ᠪᠤᠯᠬᠤ ᠶᠤᠮ᠃ | ᠴᠠᠭᠠᠠᠰᠦ᠋ᠮ᠎ᠡ ᠭᠠᠴᠠᠭᠠᠨ ᠳᠤ 3000 ᠭᠠᠷᠤᠢ ᠦᠬᠡᠷ᠂ 2 ᠲᠦᠮᠡ ᠢᠯᠡᠬᠦᠦ ᠬᠤᠨᠢ ᠲᠠᠢ ᠪᠠᠶᠢᠵᠦ | ᠮᠠᠯᠵᠢᠬᠤ ᠦᠢᠯᠡᠰ ᠢᠶᠠᠷ ᠭᠤᠤᠯᠯᠠᠭᠤᠯᠵᠦ ᠪᠠᠶᠢᠳᠠᠭ᠃ ᠤᠶᠢᠷ᠎ᠠ ᠶᠢᠨ ᠵᠢᠯ ᠠᠴᠠ ᠨᠤᠳᠤᠭ ᠲᠤ ᠪᠠᠨ ᠰᠠᠭᠤᠭ᠎ᠠ | ᠬᠦᠮᠦᠰ ᠤᠨ ᠲᠤᠮᠲᠠᠴᠢ ᠨᠠᠰᠤ ᠵᠢᠯ ᠢᠷᠡᠬᠦᠶ᠎ᠡ ᠦᠨᠳᠦᠷᠵᠢᠵᠦ ᠬᠦᠳᠡᠯᠮᠦᠷᠢ ᠬᠦᠴᠦ ᠲᠤᠲᠠᠭᠳᠠᠨ ᠲᠡᠵᠢᠬᠡᠪᠦᠷᠢ ᠶᠢᠨ | ᠦᠢᠯᠡᠰ ᠤᠨ ᠬᠦᠭᠵᠢᠯᠳᠡ ᠶᠢ ᠨᠦᠯᠦᠭᠡᠯᠡᠭᠰᠡᠨ ᠪᠠᠶᠢᠳᠠᠯ ᠳᠤ ᠴᠢᠭᠯᠡᠬᠦᠯᠦᠨ ᠭᠠᠴᠠᠭᠠᠨ ᠤ ︽ᠭᠤᠷᠪᠠᠨ ᠵᠦᠪᠯᠡᠯ︾ | ᠤᠨ ᠬᠢᠨ ᠲᠤᠬᠠᠢ ᠤᠨ ᠭᠠᠵᠠᠷ ᠤᠨ ᠪᠤᠳᠠᠲᠤ ᠪᠠᠶᠢᠳᠠᠯ ᠢ ᠦᠨᠳᠦᠰᠦᠯᠡᠨ ᠮᠠᠯ ᠠᠵᠤ ᠠᠬᠤᠢ ᠶᠢᠨ ᠮᠡᠷᠭᠡᠵᠢᠯ ᠤᠨ | ᠶᠡᠷᠦᠩᠬᠡᠶᠢᠯᠡᠭᠰᠡᠨ ᠦᠢᠯᠡᠴᠢᠯᠡᠭᠡᠨ ᠤ ᠠᠩᠬᠢ ᠶᠢ ᠡᠭᠦᠰᠬᠡᠨ ᠪᠠᠶᠢᠭᠤᠯᠵᠤ ᠠᠰᠢᠭᠯᠠᠯᠳᠠ ᠳᠤ ᠤᠷᠤᠭᠤᠯᠪᠠ᠃ | ᠤᠳᠤᠬᠠᠨ ᠳᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠩᠬᠢ ᠨᠢ ᠭᠤᠤᠯᠳᠠᠭᠤ ᠮᠠᠯ ᠤᠨ ᠬᠢᠵᠢᠭ ᠢ | ᠰᠡᠷᠭᠡᠶᠢᠯᠡᠵᠦ ᠪᠠᠶᠢᠴᠠᠭᠠᠬᠤ᠂ ᠬᠢᠵᠢᠭ ᠢ ᠰᠡᠷᠭᠡᠶᠢᠯᠡᠬᠦ ᠡᠮ ᠲᠠᠷᠢᠬᠤ᠂ ᠡᠪᠡᠳᠴᠢᠨ ᠢ ᠤᠨᠤᠰᠢᠯᠠᠬᠤ᠂ ᠡᠮᠨᠡᠬᠦ ᠵᠡᠷᠭᠡ | ᠦᠢᠯᠡᠴᠢᠯᠡᠭᠡ ᠶᠢ ᠬᠠᠩᠭᠠᠵᠤ ᠪᠠᠶᠢᠨ᠎ᠠ᠃ ᠶᠡᠷᠦᠩᠬᠡᠶᠢᠯᠡᠭᠰᠡᠨ ᠦᠢᠯᠡᠴᠢᠯᠡᠭᠡᠨ ᠤ ᠠᠩᠬᠢ ᠨᠢ ᠦᠷᠬᠦᠯᠵᠢᠯᠡᠨ ᠮᠡᠷᠬᠡᠵᠢᠯ | ᠢᠶᠠᠨ ᠳᠡᠭᠡᠭᠰᠢᠯᠡᠬᠦᠯᠤᠨ ᠦᠢᠯᠡᠴᠢᠯᠡᠭᠡ ᠪᠠᠨ ᠦᠷᠭᠡᠳᠬᠡᠵᠦ ᠮᠠᠯ ᠤᠨ ᠡᠪᠡᠳᠴᠢᠯᠡᠬᠦ ᠨᠤᠷᠮ᠎ᠠ ᠶᠢ ᠲᠤᠷᠤᠭᠰᠢᠯᠠᠭᠤᠯᠤᠨ | ᠬᠤᠷᠤᠭᠳᠠᠯ ᠢ ᠪᠠᠭᠠᠰᠬᠠᠨ ᠮᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠤᠨ ᠮᠠᠯᠴᠢᠳ ᠤᠨ ᠦᠷ᠎ᠡ ᠠᠰᠢᠭ ᠢ | ᠨᠡᠮᠡᠭᠳᠡᠬᠦᠯᠬᠦ ᠪᠠᠷ ᠴᠢᠷᠮᠠᠶᠢᠵᠤ ᠪᠠᠶᠢᠨ᠎ᠠ᠃ | |