ᠦᠤᠰᠢᠨ ᠬᠤᠰᠢᠭᠤᠨ ᠤ ᠡᠮᠡᠭᠳᠡᠶᠢᠴᠤᠳ ᠤᠨ ᠬᠤᠯᠪᠤᠭᠠᠳᠤ ᠬᠤᠷᠠᠯ ᠨᠠᠮ ᠤᠨ ᠪᠠᠶᠢᠭᠤᠯᠤᠯᠳᠠ ᠶᠢ ᠰᠠᠶᠢᠳᠤᠷ  ᠠᠳᠬᠤᠨ ᠰᠢᠨ᠎ᠠ ᠬᠠᠭᠤᠳᠠᠰᠤ ᠶᠢ ᠪᠢᠴᠢᠭᠯᠡᠨ᠎ᠠ
ᠨᠡᠶᠢᠲᠡᠯᠡᠭᠰᠡᠨ ᠴᠠᠭ᠄
2018-12-11
     ︽ᠨᠢᠭᠡᠨ ᠨᠠᠮ ᠤᠨ ᠭᠡᠰᠢᠬᠦᠨ ᠪᠤᠯᠤᠬᠰᠠᠨ ᠤ ᠬᠤᠪᠢ ᠳᠤ᠂ ᠤᠳᠤᠬᠠᠨ ᠳᠤ ᠰᠦᠷ ᠳᠠᠯᠠᠶᠢᠴᠠᠳᠠᠢ  ᠶᠠᠪᠤᠬᠳᠠᠭᠤᠯᠵᠤ ᠪᠠᠶᠢᠭ᠎ᠠ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠳᠤ ᠦᠪᠡᠷ ᠤᠨ  ᠭᠡᠰᠡᠨ ᠬᠤᠪᠢ ᠵᠢᠳᠬᠦᠯ ᠢᠶᠠᠨ ᠡᠷᠬᠦᠵᠤ ᠶᠠᠪᠤᠬᠤ ᠨᠢ ᠵᠦᠢ ᠶᠤᠰᠤᠨ ᠤ ᠤᠴᠢᠷ ᠭᠡᠰᠡᠨ ᠪᠤᠳᠤᠯ ᠢᠶᠠᠷ᠂ ᠪᠢ  ᠵᠡᠷᠭᠡᠯᠡᠳᠡᠭᠡ ᠪᠠᠶᠢᠭ᠎ᠠ ᠪᠠᠶᠠᠨᠳᠤᠯᠤᠭᠠᠢ ᠭᠠᠴᠠᠭᠠᠨ ᠤ 2 ᠶᠠᠳᠠᠭᠤ ᠡᠷᠤᠭᠡ ᠶᠢ ᠳᠤᠰᠪᠤᠷᠢ 10 ᠦᠷᠡᠵᠢᠯ ᠤᠨ  ᠬᠤᠨᠢ ᠪᠠᠷ ᠳᠡᠳᠬᠦᠯ᠎ᠠ᠃ ᠮᠠᠯᠴᠢᠨ ᠵᠠᠶᠠᠭ᠎ᠠ ᠲᠠᠢ ᠪᠢᠳᠠ ᠮᠠᠯ ᠠᠵᠤ ᠠᠬᠤᠢ ᠪᠠᠷ ᠢᠶᠠᠨ ᠳᠡᠩᠭᠡᠷᠡᠵᠤ ᠳᠡᠭᠵᠢᠷᠡᠬᠦ ᠯᠠ  ᠤᠴᠢᠷ ᠲᠠᠢ︾ ᠭᠡᠵᠤ ᠦᠤᠰᠢᠨ ᠬᠤᠰᠢᠭᠤᠨ ᠤ ᠦᠤᠰᠢᠨᠵᠤᠤ ᠪᠠᠯᠭᠠᠰᠤᠨ ᠤ ᠴᠠᠭᠠᠨᠰᠦ᠋ᠮ᠎ᠠ ᠭᠠᠴᠠᠭᠠᠨ ᠤ ᠮᠠᠯᠴᠢᠨ  ᠠᠯᠳ᠋ᠬᠠᠤᠳᠤ ᠰᠤᠷᠪᠤᠯᠵᠢᠯᠠᠬᠴᠢ ᠳᠤ ᠶᠠᠷᠢᠨ᠎ᠠ᠃ ᠠᠯᠢ ᠡᠷᠳᠡ 1996 ᠤᠨ ᠳᠤ SPPA ᠳᠦᠷᠤᠯ ᠵᠦᠢᠯ ᠳᠤ  ᠤᠷᠤᠵᠤ ᠠᠵᠤ ᠠᠮᠢᠳᠤᠷᠠᠯ ᠢᠶᠠᠨ ᠳᠡᠭᠵᠢᠷᠡᠬᠦᠯᠵᠤ ᠴᠢᠨᠡᠭᠡᠯᠢᠭᠵᠢᠬᠦᠯᠦᠭᠰᠡᠨ ᠠᠯᠳ᠋ᠬᠠᠤᠳᠤ ᠢᠡᠭᠬᠢᠵᠤ ᠦᠪᠡᠷ ᠤᠨ  ᠤᠢᠢᠯᠡ ᠠᠵᠢᠯᠯᠠᠭ᠎ᠠ ᠪᠠᠷ ᠢᠶᠠᠨ ᠨᠠᠮ ᠪᠤᠯᠤᠨ ᠨᠡᠶᠢᠭᠡᠮ ᠳᠤ ᠨᠢᠭᠡᠨ ᠰᠡᠳᠬᠢᠯ ᠬᠠᠨᠤᠮᠵᠢᠳᠠᠢ ᠬᠠᠷᠢᠭᠤᠯᠳᠠ ᠶᠢ ᠦᠭᠴᠤ᠂ ᠦᠤᠰᠢᠨ ᠬᠤᠰᠢᠭᠤᠨ ᠤ ᠡᠮᠡᠭᠳᠡᠶᠢᠴᠤᠳ ᠤᠨ ᠬᠤᠯᠪᠤᠭᠠᠳᠤ ᠬᠤᠷᠠᠯ ᠤᠨ ᠳᠡᠤᠭᠡᠨ ᠳᠠᠬᠢ ᠰᠢᠨ᠎ᠠ ᠨᠢᠭᠡᠨ  ᠬᠠᠭᠤᠳᠠᠰᠤ ᠶᠢ ᠪᠢᠴᠢᠭᠯᠡᠬᠦ ᠳᠤ ᠦᠪᠡᠷ ᠤᠨ ᠭᠡᠰᠡᠨ ᠨᠢᠭᠡᠨ ᠳᠦᠷᠢ ᠪᠠᠨ ᠠᠮᠵᠢᠯᠳᠠ ᠲᠠᠢ ︽ᠳᠤᠬᠯᠠᠬᠰᠠᠨ︾ ᠪᠠᠶᠢᠨ᠎ᠠ  ᠃             — ᠨᠠᠮ ᠤᠨ ᠪᠠᠶᠢᠭᠤᠯᠤᠯᠳᠠ ᠪᠠᠷ ᠡᠮᠡᠭᠳᠡᠶᠢᠴᠤᠳ ᠤᠨ ᠬᠤᠯᠪᠤᠭᠠᠳᠤ ᠬᠤᠷᠠᠯ ᠤᠨ ᠠᠵᠢᠯ ᠢ ᠵᠢᠯᠤᠭᠤᠳᠤᠨ  ᠳᠠᠭᠠᠭᠤᠯᠵᠤ᠂ ᠨᠠᠮ ᠤᠨ ᠪᠠᠶᠢᠭᠤᠯᠤᠯᠳᠠ ᠶᠢᠨ ᠴᠤᠪᠤᠭᠤᠯᠢᠭ ᠬᠦᠴᠤᠨ ᠢ ᠬᠦᠭᠵᠢᠭᠡᠪᠡ᠃ ᠳᠡᠳᠡ ᠨᠠᠮ ᠤᠨ  ᠪᠠᠶᠢᠭᠤᠯᠤᠯᠳᠠ ᠶᠢᠨ ᠠᠵᠢᠯ ᠢ ᠳᠤᠬᠠᠢᠢᠯᠠᠬᠰᠠᠨ ᠠᠵᠢᠯ ᠲᠠᠢ ᠪᠠᠨ ᠵᠡᠷᠭᠡᠪᠡᠷ ᠪᠠᠶᠢᠷᠢᠯᠠᠭᠤᠯᠤᠨ᠂ ᠵᠡᠷᠭᠡᠪᠠᠷ  ᠭᠡᠷᠡᠭᠵᠢᠬᠦᠯᠵᠤ᠂ ᠵᠡᠷᠭᠡᠪᠠᠷ ᠳ᠋ᠦᠡᠭᠨᠡᠨ ᠬᠤᠷᠢᠶᠠᠩᠭᠤᠢᠢᠯᠠᠵᠤ᠂ ᠳᠦᠪᠯᠡᠷᠡᠩᠭᠦᠢ ᠰᠤᠷᠤᠯᠴᠠᠯᠭ᠎ᠠ ᠬᠢᠬᠦ᠂ ᠬᠤᠯᠪᠤᠭᠠᠳᠤ  ᠬᠤᠷᠠᠯ ᠤᠨ ᠳᠡᠷᠢᠬᠦᠯᠡᠭᠴᠢ ᠨᠠᠮ ᠤᠨ ᠬᠢᠴᠢᠶᠡᠯ ᠶᠠᠷᠢᠬᠤ᠂ ᠳᠤᠬᠳᠠᠮᠠᠯ ᠬᠤᠭᠤᠴᠠᠭ᠎ᠠ ᠲᠠᠢ ᠪᠠᠷ ᠨᠠᠮ ᠤᠨ ᠰᠦᠢᠳᠭᠡᠯ  ᠳᠤᠰᠢᠶᠠᠬᠤ ᠵᠡᠷᠭᠡ ᠠᠷᠭ᠎ᠠ ᠭᠡᠯᠪᠡᠷᠢ ᠶᠢ ᠠᠪᠴᠤ ᠠᠯᠪᠠᠨ ᠪᠠᠶᠢᠭᠤᠯᠭ᠎ᠠ ᠶᠢᠨ ᠨᠠᠮ ᠤᠨ ᠭᠡᠰᠢᠬᠦᠨ ᠤ ᠡᠳᠤᠷ  ᠳᠤᠳᠤᠮ ᠤᠨ ᠬᠠᠮᠢᠶᠠᠷᠤᠯᠳᠠ ᠶᠢ ᠴᠢᠩᠭᠠᠳᠬᠠᠵᠠᠢ᠃ ︽7 · 1︾ ᠤ ᠨᠠᠮ ᠪᠠᠶᠢᠭᠤᠯᠤᠬᠳᠠᠬᠰᠠᠨ ᠡᠳᠤᠷ ᠢ  ᠳᠤᠬᠢᠶᠠᠯᠳᠤᠭᠤᠯᠤᠨ᠂ ︽ᠳᠤᠰᠬᠤᠨ ᠤ ᠳᠠᠷᠤᠭ᠎ᠠ ᠶᠢᠨ ᠦᠯᠢᠭᠡᠷ ᠢ ᠰᠤᠨᠤᠰᠴᠤ᠂ ᠨᠠᠮ ᠤᠨ ᠭᠡᠰᠢᠬᠦᠨ ᠤ ᠵᠤᠷᠢᠭ  ᠰᠠᠨᠠᠭ᠎ᠠ ᠶᠢ ᠪᠠᠳᠠᠷᠠᠭᠤᠯᠬᠤ︾᠂ ︽ᠨᠠᠮ ᠤᠨ ᠪᠠᠶᠢᠭᠤᠯᠤᠯᠳᠠ ᠪᠠᠷ ᠵᠠᠮᠴᠢᠯᠠᠭᠤᠯᠤᠨ ᠴᠤᠪᠤᠭᠤᠯᠢᠭ ᠬᠦᠴᠤᠨ ᠢ  ᠬᠦᠭᠵᠢᠭᠡᠵᠤ᠂ ᠬᠦᠴᠤᠨ ᠴᠢᠳᠠᠯ ᠢᠶᠠᠨ ᠨᠢᠬᠳᠠᠷᠠᠭᠤᠯᠤᠨ ᠡᠶ᠎ᠡ ᠵᠤᠬᠢᠴᠠᠯ ᠢ ᠠᠬᠢᠭᠤᠯᠬᠤ︾ ᠵᠡᠷᠭᠡ ᠭᠤᠤᠯ ᠰᠡᠳᠤᠪᠳᠤ  ᠨᠠᠮ ᠤᠨ ᠡᠳᠦᠷᠯᠢᠭ ᠤᠨ ᠠᠵᠢᠯᠯᠠᠭ᠎ᠠ ᠦᠷᠨᠢᠬᠦᠯᠵᠤ᠂ ᠨᠠᠮ ᠤᠨ ᠭᠡᠰᠢᠬᠦᠨ ᠤ ᠡᠬᠦᠷᠭᠡ ᠬᠠᠷᠢᠭᠤᠴᠠᠯᠭᠠᠳᠤ  ᠰᠡᠳᠬᠢᠯᠭᠡ ᠶᠢ ᠨᠡᠮᠡᠭᠳᠡᠬᠦᠯᠤᠨ᠂ ᠠᠯᠪᠠᠨ ᠪᠠᠶᠢᠭᠤᠯᠭ᠎ᠠ ᠶᠢᠨ ᠨᠠᠮ ᠤᠨ ᠪᠠᠶᠢᠭᠤᠯᠤᠯᠳᠠ ᠶᠢᠨ ᠴᠤᠪᠤᠭᠤᠯᠢᠭ ᠬᠦᠴᠤᠨ ᠢ  ᠴᠢᠨᠠᠬᠰᠢᠳᠠ ᠬᠦᠭᠵᠢᠭᠡᠵᠤ ᠪᠤᠢ᠃            — ᠡᠮᠡᠭᠳᠡᠶᠢᠴᠤᠳ ᠤᠨ ᠬᠤᠯᠪᠤᠭᠠᠳᠤ ᠬᠤᠷᠠᠯ ᠤᠨ ᠠᠵᠢᠯ ᠢ ᠨᠠᠮ ᠤᠨ ᠪᠠᠶᠢᠭᠤᠯᠤᠯᠳᠠ ᠳᠤ  ᠤᠢᠢᠯᠡᠴᠢᠯᠡᠬᠦᠯᠤᠨ᠂ ᠨᠠᠮ ᠤᠨ ᠪᠠᠶᠢᠭᠤᠯᠤᠯᠳᠠ ᠶᠢᠨ ᠬᠠᠪᠰᠤᠷᠤᠬᠴᠢ ᠪᠤᠯᠭᠠᠪᠠ᠃ ᠳᠡᠳᠡ ︽ᠬᠤᠯᠪᠤᠭ᠎ᠠ︾  ᠰᠦᠯᠵᠢᠶᠡᠨ ᠳᠡᠭᠡᠷᠡᠬᠢ ᠡᠮᠡᠭᠳᠡᠶᠢᠴᠤᠳ ᠤᠨ ᠭᠡᠷ ᠪᠦᠯᠢ ᠶᠢᠨ ᠵᠠᠭᠤᠴᠢ ᠶᠢᠨ ᠰᠠᠭᠤᠷᠢᠨ ᠭᠠᠵᠠᠷ ᠢ ᠰᠠᠶᠢᠳᠤᠷ  ᠪᠠᠶᠢᠭᠤᠯᠤᠨ᠂ ᠠᠯᠪᠠᠨ ᠪᠠᠶᠢᠭᠤᠯᠭ᠎ᠠ ᠶᠢᠨ ᠨᠠᠮ ᠤᠨ ᠪᠠᠶᠢᠭᠤᠯᠤᠯᠳᠠ ᠶᠢᠨ ᠰᠢᠨ᠎ᠠ ᠰᠠᠭᠤᠷᠢᠨ ᠭᠠᠵᠠᠷ ᠢ ᠭᠠᠷᠭᠠᠵᠤ᠂  ᠪᠦᠬᠦ ᠬᠤᠰᠢᠭᠤᠨ ᠤ ᠡᠯ᠎ᠠ ᠱᠠᠳᠤᠨ ᠤ ᠡᠮᠡᠭᠳᠡᠶᠢᠴᠤᠳ ᠢ ᠳᠠᠶᠢᠴᠢᠯᠠᠨ ︽ᠦᠤᠰᠢᠨ ᠬᠤᠰᠢᠭᠤᠨ ᠤ ᠬᠠᠭᠠᠰ  ᠳᠤᠯᠭᠠᠭᠤᠷᠢ︾ ᠵᠢᠷᠬᠢᠶ᠎ᠠ ᠶᠢᠨ ᠤᠯᠠᠨ ᠨᠡᠶᠢᠳᠡ ᠶᠢᠨ ᠳᠠᠪᠴᠠᠩ ᠪᠤᠯᠤᠨ ︽ᠰᠡᠳᠬᠢᠯ ᠨᠢᠭᠡᠳᠤᠨ ᠬᠦᠴᠤ ᠬᠠᠮᠵᠢᠯᠴᠠᠬᠤ  ︾ ᠵᠢᠷᠬᠢᠶ᠎ᠠ ᠬᠤᠯᠪᠤᠭ᠎ᠠ ᠶᠢ ᠠᠰᠢᠬᠯᠠᠵᠤ᠂ ︽ᠡᠮᠡᠭᠳᠡᠶᠢᠴᠤᠳ ᠨᠠᠮ ᠢᠶᠠᠨ ᠳᠠᠭᠠᠵᠤ ᠠᠷᠪᠠ ᠶᠢᠰᠦᠳᠦᠭᠡᠷ ᠶᠡᠭᠡ  ᠬᠤᠷᠠᠯ ᠤᠨ ᠵᠤᠷᠢᠭ ᠰᠠᠨᠠᠭ᠎ᠠ ᠶᠢ ᠳᠤᠭᠤᠰᠢᠯᠠᠭᠤᠯᠬᠤ︾᠂ ︽ᠡᠮᠡᠭᠳᠡᠶᠢᠴᠤᠳ ᠨᠠᠮ ᠢᠶᠠᠨ ᠳᠠᠭᠠᠵᠤ ᠰᠢᠨ᠎ᠠ ᠴᠠᠭ  ᠦᠶ᠎ᠠ ᠳᠤ ᠵᠢᠳᠬᠦᠯ ᠢᠶᠠᠨ ᠭᠠᠷᠭᠠᠬᠤ︾ ᠭᠤᠤᠯ ᠰᠡᠳᠤᠪ ᠢᠶᠠᠷ ᠦᠨᠳᠤᠰᠤᠨ ᠱᠠᠳᠤᠨ ᠤ ᠮᠠᠯᠴᠢᠨ ᠳᠠᠷᠢᠶᠠᠴᠢᠨ  ᠡᠮᠡᠭᠳᠡᠶᠢᠴᠤᠳ ᠲᠤ ᠨᠠᠮ ᠤᠨ ᠴᠢᠭᠯᠡᠯᠳᠡ ᠳᠦᠷᠦ ᠶᠢᠨ ᠪᠤᠳᠤᠯᠭ᠎ᠠ ᠶᠢ ᠤᠬᠠᠭᠤᠯᠤᠨ ᠶᠠᠷᠢᠵᠤ᠂ ᠳᠡᠳᠡᠨ ᠢ  ᠵᠤᠷᠢᠬᠵᠢᠭᠤᠯᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠳᠤ ᠬᠠᠭᠠᠰ ᠳᠤᠯᠭᠠᠭᠤᠷᠢ ᠤᠢᠢᠯᠡᠳᠤᠯ ᠢ ᠨᠢ  ᠬᠦᠢᠴᠡᠳ ᠪᠠᠳᠠᠷᠠᠭᠤᠯᠵᠤ ᠪᠠᠶᠢᠨ᠎ᠠ᠃ ᠬᠤᠰᠢᠭᠤᠨ ᠤ ᠡᠮᠡᠭᠳᠡᠶᠢᠴᠤᠳ ᠤᠨ ᠬᠤᠯᠪᠤᠭᠠᠳᠤ ᠬᠤᠷᠠᠯ ᠨᠢ ᠪᠦᠬᠦ ᠺᠠᠳ᠋ᠷ  ᠠᠵᠢᠯᠳᠠᠨ᠂ ᠡᠯ᠎ᠠ ᠰᠤᠮᠤ ᠰᠢᠶᠠᠩ ᠪᠠᠯᠭᠠᠰᠤᠨ ᠤ SPPA ᠳᠦᠷᠤᠯ ᠵᠦᠢᠯ ᠤᠨ ᠠᠵᠢᠯᠳᠠᠳ ᠢ ᠵᠤᠬᠢᠶᠠᠨ  ᠪᠠᠶᠢᠭᠤᠯᠤᠨ ᠪᠤᠷᠤᠪᠠᠯᠭᠠᠰᠤ ᠪᠠᠯᠭᠠᠰᠤᠨ ᠤ ᠸᠠᠩ ᠵᠧᠨ ᠬᠤᠳᠳᠤᠭ ᠤᠨ ᠳᠤᠷᠠᠰᠬᠠᠯ ᠤᠨ ᠤᠷᠳᠤᠨ᠂ ᠶᠠᠨ ᠠᠨ ᠤ  ᠦᠨᠳᠤᠰᠤᠳᠡᠨ ᠤ ᠳᠡᠭᠡᠳᠤ ᠰᠤᠷᠭᠠᠭᠤᠯᠢ ᠶᠢᠨ ᠪᠤᠷᠤᠪᠠᠯᠭᠠᠰᠤᠨ ᠳᠠᠬᠢ ᠳᠤᠷᠠᠰᠬᠠᠯ ᠤᠨ ᠤᠷᠳᠤᠨ ᠳᠤ ᠬᠦᠷᠴᠤ ︽ ᠨᠠᠮ ᠤᠨ ᠦᠭᠡ ᠶᠢ ᠰᠤᠨᠤᠰᠴᠤ ᠨᠠᠮ ᠢᠶᠠᠨ ᠳᠠᠭᠠᠵᠤ ᠨᠠᠮ ᠤᠨ ᠰᠠᠶᠢᠨ ᠦᠬᠢᠨ ᠪᠤᠯᠬᠤ︾ ᠭᠤᠤᠯ ᠰᠡᠳᠤᠪᠳᠤ  ᠬᠦᠮᠤᠵᠢᠯ ᠪᠤᠯᠪᠠᠰᠤᠷᠠᠯ ᠤᠨ ᠠᠵᠢᠯᠯᠠᠭ᠎ᠠ ᠦᠷᠨᠢᠬᠦᠯᠪᠡ︔ ᠰᠦᠯᠳᠡ ᠰᠤᠮᠤᠨ ᠤ ᠱᠠᠷᠯᠢᠭ ᠭᠠᠴᠠᠭᠠᠨ ᠳᠤ ︽ ᠦᠨᠳᠤᠰᠤᠨ ᠱᠠᠳᠤᠨ ᠳᠤ ᠬᠦᠨᠵᠡᠭᠡᠶᠢᠷᠡᠨ ᠨᠠᠮ ᠢᠶᠠᠨ ᠮᠠᠬᠳᠠᠨ ᠳᠠᠭᠤᠯᠠᠬᠤ︾ ᠬᠤᠯᠪᠤᠭᠠᠳᠤ ᠬᠤᠷᠠᠯ ᠤᠨ  ᠳᠡᠷᠢᠬᠦᠯᠡᠭᠴᠢ ᠳᠤᠭᠤᠷᠢᠨ ᠶᠠᠷᠢᠬᠤ ᠠᠵᠢᠯᠯᠠᠭ᠎ᠠ ᠶᠢ ᠦᠷᠨᠢᠬᠦᠯᠤᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ  ᠵᠤᠷᠢᠭ ᠰᠠᠨᠠᠭ᠎ᠠ᠂ ᠨᠠᠮ ᠤᠨ ᠳᠦᠷᠢᠮ ᠵᠢᠴᠢ ᠰᠢᠨ᠎ᠠ ᠴᠠᠭ ᠦᠶ᠎ᠠ ᠶᠢᠨ ᠨᠠᠮ ᠤᠨ ᠡᠯ᠎ᠠ ᠳᠦᠷᠤᠯ ᠤᠨ ᠴᠢᠭᠯᠡᠯᠳᠡ  ᠳᠦᠷᠦ ᠶᠢᠨ ᠪᠤᠳᠤᠯᠭ᠎ᠠ ᠶᠢ ᠤᠬᠠᠭᠤᠯᠵᠠᠢ᠃            — ᠦᠨᠳᠤᠰᠤᠨ ᠱᠠᠳᠤᠨ ᠳᠤ ᠬᠦᠨᠵᠡᠭᠡᠶᠢᠷᠡᠨ᠂ ᠦᠷᠭᠡᠨ ᠤᠯᠠᠨ ᠮᠠᠯᠴᠢᠨ ᠳᠠᠷᠢᠶᠠᠴᠢᠨ  ᠡᠮᠡᠭᠳᠡᠶᠢᠴᠤᠳ ᠤᠨ ᠰᠡᠳᠬᠢᠯ ᠤᠨ ᠳᠠᠭᠤᠨ ᠢ ᠰᠤᠨᠤᠰᠴᠤ ᠰᠠᠶᠢᠨ ︽ᠳᠦᠷᠬᠦᠮ︾ ᠨᠢ ᠪᠤᠯᠪᠠ᠃ ︽ᠦᠨᠳᠤᠰᠤᠨ  ᠱᠠᠳᠤᠨ ᠳᠤ ᠪᠠᠭᠤᠵᠤ᠂ ᠡᠮᠡᠭᠳᠡᠶᠢᠴᠤᠳ ᠤᠨ ᠪᠠᠶᠢᠳᠠᠯ ᠢ ᠰᠤᠷᠪᠤᠯᠵᠢᠯᠠᠬᠤ︾ ᠠᠵᠢᠯ ᠤᠨ ᠠᠷᠭ᠎ᠠ ᠶᠢ ᠭᠡᠷᠡᠭᠵᠢᠬᠦᠯᠤᠨ᠂ ᠬᠤᠰᠢᠭᠤᠨ ᠤ ᠡᠮᠡᠭᠳᠡᠶᠢᠴᠤᠳ ᠤᠨ ᠬᠤᠯᠪᠤᠭᠠᠳᠤ ᠬᠤᠷᠠᠯ ᠤᠨ ᠺᠠᠳ᠋ᠷᠴᠤᠳ ᠭᠠᠷᠠᠭ ᠪᠤᠯᠭᠠᠨ 1 ᠤᠳᠠᠭ᠎ᠠ  ᠦᠨᠳᠤᠰᠤᠨ ᠱᠠᠳᠤᠨ ᠳᠤ ᠬᠦᠨᠵᠡᠭᠡᠶᠢᠷᠡᠵᠤ᠂ ᠮᠠᠯᠵᠢᠬᠤ ᠳᠠᠷᠢᠶᠠᠯᠠᠬᠤ ᠤᠷᠤᠨ ᠤ ᠡᠮᠡᠭᠳᠡᠶᠢᠴᠤᠳ ᠤᠨ ᠬᠦᠰᠡᠯ  ᠱᠠᠭᠠᠷᠳᠠᠯᠭ᠎ᠠ ᠶᠢ ᠤᠢᠢᠯᠠᠭᠠᠨ ᠮᠡᠳᠡᠵᠤ᠂ ︽ᠡᠴᠤᠰ ᠤᠨ ᠨᠢᠭᠡ ᠺᠢᠯᠤᠮᠧᠲᠷ︾ ᠵᠠᠢ ᠶᠢ ᠨᠡᠪᠳᠡᠷᠡᠬᠦᠯᠵᠤ ᠪᠤᠢ᠃  ᠤᠳᠤᠬᠠᠨ ᠪᠤᠯᠳᠠᠯ᠎ᠠ ᠶᠠᠳᠠᠭᠤ ᠶᠢ ᠬᠠᠪᠰᠤᠷᠤᠨ ᠳᠡᠳᠬᠦᠬᠦ ᠠᠵᠢᠯᠯᠠᠭ᠎ᠠ ᠶᠢ 5 ᠤᠳᠠᠭ᠎ᠠ ᠦᠷᠨᠢᠬᠦᠯᠵᠤ᠂  ᠡᠮᠡᠭᠳᠡᠶᠢᠴᠤᠳ ᠤᠨ ᠬᠤᠯᠪᠤᠭᠠᠳᠤ ᠬᠤᠷᠠᠯ ᠨᠢ ︽ᠬᠦᠬᠦᠷᠭᠡ ᠬᠤᠯᠪᠤᠭᠠᠰᠤ︾ ᠶᠢᠨ ᠤᠢᠢᠯᠡᠳᠤᠯ ᠢ ᠰᠠᠶᠢᠳᠤᠷ  ᠪᠠᠳᠠᠷᠠᠭᠤᠯᠤᠨ ᠡᠮᠡᠭᠳᠡᠶᠢᠴᠤᠳ ᠤᠨ ︽ᠰᠠᠶᠢᠨ ᠳᠦᠷᠬᠦᠮ︾ ᠨᠢ ᠪᠤᠯᠤᠭᠰᠠᠨ ᠪᠠᠶᠢᠨ᠎ᠠ᠃ ᠳᠡᠳᠡ ᠴᠠᠭ ᠦᠷᠬᠦᠯᠵᠢ  ᠶᠠᠳᠠᠭᠤ ᠬᠦᠴᠢᠷᠳᠡᠯᠳᠡᠢ ᠡᠷᠤᠭᠡ ᠪᠠᠷ ᠬᠦᠨᠵᠡᠭᠡᠶᠢᠷᠡᠨ ᠤᠢᠢᠯᠡᠳᠪᠤᠷᠢᠯᠡᠯ ᠠᠮᠢᠳᠤᠷᠠᠯ ᠤᠨ ᠪᠠᠶᠢᠳᠠᠯ ᠢ ᠨᠢ ᠤᠢᠢᠯᠠᠭᠠᠵᠤ᠂  ᠬᠠᠪᠤᠷ ᠤᠨ ᠳᠠᠷᠢᠶᠠᠯᠠᠭ᠎ᠠ ᠳᠤ ᠭᠡᠷᠡᠭᠰᠡᠬᠦ ᠬᠢᠮᠢ ᠶᠢᠨ ᠪᠤᠷᠳᠤᠭᠤᠷ ᠪᠤᠯᠤᠨ ᠵᠤᠭᠤᠰ ᠮᠦᠡᠭᠬᠦ ᠪᠠᠷ ᠳᠤᠰᠠᠯᠠᠵᠠᠢ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号