ᠦᠤᠰᠢᠨ ᠬᠤᠰᠢᠭᠤᠨ ᠤ ︽ᠲᠠᠯ᠎ᠠ ᠨᠤᠲᠤᠭ ᠤᠨ ᠶᠡᠷᠦᠩᠭᠡᠶᠢᠯᠡᠭᠰᠡᠨ ᠦᠢᠯᠡᠴᠢᠯᠡᠭᠡᠨ ᠤ ᠬᠦᠡᠭᠭᠡᠨ  ᠮᠤᠷᠢᠲᠤ ᠴᠡᠷᠢᠭ︾ ᠠᠶᠢᠰᠦᠢ
ᠨᠡᠶᠢᠲᠡᠯᠡᠭᠰᠡᠨ ᠴᠠᠭ᠄
2018-12-11
     ᠤᠢᠢᠷ᠎ᠠ ᠳᠤ᠂ ᠨᠠᠮ ᠤᠨ ᠠᠷᠪᠠ ᠶᠢᠰᠦᠳᠦᠭᠡᠷ ᠬᠤᠷᠠᠯ ᠤᠨ ᠵᠤᠷᠢᠭ ᠰᠠᠨᠠᠭ᠎ᠠ ᠪᠤᠯᠤᠨ ᠰᠢ ᠶᠢᠨ ᠫᠢᠡᠭ ᠶᠡᠷᠦᠩᠭᠡᠢ  ᠱᠦᠵᠢ ᠶᠢᠨ ᠤᠯᠠᠭᠠᠨᠮᠦ᠋ᠴᠢᠷ ᠤᠨ ᠦᠢᠯᠡᠰ ᠤᠨ ᠬᠦᠭᠵᠢᠯᠲᠡ ᠶᠢᠨ ᠲᠤᠬᠠᠢ ᠴᠢᠬᠤᠯᠠ ᠵᠢᠭᠠᠪᠤᠷᠢ ᠶᠢᠨ ᠵᠤᠷᠢᠭ  ᠰᠠᠨᠠᠭ᠎ᠠ ᠶᠢ ᠬᠦᠨᠵᠡᠭᠡᠢ ᠨᠠᠶᠢᠳᠠᠪᠤᠷᠢᠵᠢᠭᠤᠯᠤᠨ ᠲᠤᠭᠤᠰᠢᠯᠠᠭᠤᠯᠵᠤ᠂ ᠤᠯᠠᠭᠠᠨᠮᠦ᠋ᠴᠢᠷ ᠤᠨ ᠵᠤᠷᠢᠭ ᠰᠠᠨᠠᠭ᠎ᠠ ᠶᠢ  ᠪᠠᠳᠠᠷᠠᠭᠤᠯᠤᠨ ᠠᠷᠠᠳ ᠲᠦᠮᠡᠨ ᠢ ᠵᠢᠯᠤᠭᠤᠳᠴᠤ᠂ ᠠᠷᠠᠳ ᠲᠦᠮᠡᠨ ᠳᠤ ᠦᠢᠯᠡᠴᠢᠯᠡᠬᠦ ᠵᠤᠷᠢᠯᠭ᠎ᠠ ᠠᠴᠠ ᠦᠤᠰᠢᠨ  ᠬᠤᠰᠢᠭᠤᠨ ᠤ ᠨᠠᠮ ᠤᠨ ᠬᠤᠷᠢᠶ ᠎ᠠ ᠶᠢᠨ ᠤᠬᠠᠭᠤᠯᠬᠤ ᠬᠡᠯᠲᠡᠰ ᠠᠴᠠ ᠲᠤᠯᠤᠭᠠᠢᠢᠯᠠᠵᠤ᠂ ᠬᠤᠰᠢᠭᠤᠨ ᠤ ᠰᠤᠶᠤᠯ ᠤᠨ  ᠲᠤᠪᠴᠢᠶ ᠎ᠠ ᠠᠴᠠ ᠪᠤᠳᠠᠲᠠᠢ ᠬᠡᠷᠡᠭᠵᠢᠭᠦᠯᠦᠭᠰᠡᠨ ᠤᠯᠠᠭᠠᠨᠮᠦ᠋ᠴᠢᠷ᠂ ᠰᠤᠶᠤᠯ᠂ ᠰᠢᠨᠵᠢᠯᠡᠬᠦ ᠤᠬᠠᠭᠠᠨ ᠵᠡᠷᠭᠡ ᠡᠯ᠎ᠡ  ᠠᠵᠢᠯ ᠲᠦᠷᠦᠯ ᠤᠨ ᠡᠬᠢ ᠪᠠᠶᠠᠯᠢᠭ ᠢ ᠨᠢᠬᠡᠳᠦᠭᠦᠯᠦᠭᠰᠡᠨ ︽ᠤᠯᠠᠭᠠᠨᠮᠦ᠋ᠴᠢᠷ ᠤᠨ ᠵᠤᠷᠢᠭ ᠰᠠᠨᠠᠭ᠎ᠠ ᠶᠢ ᠪᠠᠳᠠᠷᠠᠭᠤᠯᠵᠤ  ᠂ ᠤᠯᠠᠨ ᠲᠦᠮᠡᠨ ᠤ ᠲᠤᠮᠳᠠ ᠤᠴᠢᠬᠤ︾ ᠦᠨᠳᠦᠰᠦᠨ ᠱᠠᠲᠤᠨ ᠤ ᠶᠡᠷᠦᠩᠭᠡᠶᠢᠯᠡᠭᠰᠡᠨ ᠦᠢᠯᠡᠴᠢᠯᠡᠭᠡᠨ ᠤ  ᠠᠵᠢᠯᠯᠠᠭ᠎ᠠ ᠶᠢ ᠰᠦᠷ ᠲᠡᠯᠡᠶᠢᠴᠡ ᠲᠠᠢ ᠦᠷᠨᠢᠭᠦᠯᠤᠯ᠎ᠡ᠃ ᠲᠤᠰ ᠤᠳᠠᠭᠠᠨ ᠤ ᠠᠵᠢᠯᠯᠠᠭ᠎ᠠ ᠨᠢ ︽ᠤᠯᠠᠭᠠᠨᠮᠦ᠋ᠴᠢᠷ +  ︾ ᠵᠠᠬᠪᠤᠷ ᠢᠶᠠᠷ ᠶᠡᠷᠦᠩᠭᠡᠶᠢᠯᠡᠭᠰᠡᠨ ᠦᠢᠯᠡᠴᠢᠯᠡᠭᠡᠨ ᠤ ᠡ᠊ᠡᠭᠨᠡᠭᠡ ᠶᠢ ᠪᠠᠶᠢᠭᠤᠯᠵᠤ᠂ ︽ᠲᠠᠯ᠎ᠠ ᠨᠤᠲᠤᠭ ᠤᠨ  ᠶᠡᠷᠦᠩᠭᠡᠶᠢᠯᠡᠭᠰᠡᠨ ᠦᠢᠯᠡᠴᠢᠯᠡᠭᠡᠨ ᠤ ᠬᠦᠡᠭᠭᠡᠨ ᠮᠤᠷᠢᠲᠤ ᠴᠡᠷᠢᠭ︾ ᠦᠨᠳᠦᠰᠦᠨ ᠱᠠᠲᠤᠨ ᠳᠤ ᠬᠦᠷᠴᠦ ᠤᠯᠠᠨ  ᠲᠦᠮᠡᠨ ᠳᠤ ᠤᠷᠠᠨ ᠰᠠᠶᠢᠬᠠᠨ ᠤ ᠲᠤᠬᠯᠠᠯᠲᠠ᠂ ᠰᠤᠶᠤᠯ ᠤᠨ ᠦᠢᠯᠡᠴᠢᠯᠡᠭᠡ ᠵᠡᠷᠭᠡ ᠠᠷᠠᠳ ᠲᠤ ᠬᠠᠷᠠᠭᠠᠯᠵᠠᠯ  ᠦᠵᠡᠭᠦᠯᠭᠦ ᠶᠡᠷᠦᠩᠭᠡᠶᠢᠯᠡᠭᠰᠡᠨ ᠦᠢᠯᠡᠴᠢᠯᠡᠭᠡ ᠶᠢᠨ ᠠᠵᠢᠯᠯᠠᠭ᠎ᠠ ᠶᠢ ᠶᠠᠪᠤᠬᠳᠠᠭᠤᠯᠪᠠ᠃
    ᠦᠤᠰᠢᠨ ᠬᠤᠰᠢᠭᠤᠨ ᠤ ᠤᠯᠠᠭᠠᠨᠮᠦ᠋ᠴᠢᠷ᠂ ᠮᠤᠷᠢᠨ ᠬᠤᠭᠤᠷ ᠤᠨ ᠨᠠᠶᠢᠷᠠᠯ ᠬᠦᠭᠵᠢᠮ ᠤᠨ ᠪᠦᠯᠬᠦᠮ ᠪᠤᠯᠤᠨ  ᠠᠷᠠᠳ ᠤᠨ ᠰᠤᠶᠤᠯ ᠤᠨ ᠲᠤᠭᠤᠢᠢᠯᠠᠩ ᠤᠨ ᠬᠡᠰᠢᠭᠦᠨ ᠠᠴᠠ ᠰᠤᠩᠭᠤᠨ ᠤᠳᠬ᠎ᠠ ᠤᠷᠠᠯᠢᠭ ᠤᠨ ᠦᠢᠯᠡᠴᠢᠯᠡᠭᠡᠨ ᠤ  ᠠᠩᠭᠢ ᠪᠠᠶᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠠᠬᠢᠯᠡᠯᠲᠡ ᠶᠢ ᠰᠢᠪᠲᠤᠯᠬᠤ ᠵᠢᠴᠢ ᠲᠤᠰᠬᠤᠨ ᠤ ᠬᠡᠪ  ᠰᠤᠷᠲᠠᠯ ᠰᠤᠶᠤᠯ ᠪᠤᠯᠪᠠᠰᠤᠨ ᠤ ᠪᠦᠲᠦᠭᠡᠨ ᠪᠠᠶᠢᠭᠤᠯᠤᠯᠲᠠ ᠵᠡᠷᠭᠡ ᠪᠠᠷ ᠭᠤᠤᠯ ᠰᠡᠳᠦᠪ ᠪᠤᠯᠭᠠᠬᠰᠠᠨ ᠲᠠᠭᠤᠤ᠂  ᠪᠦᠵᠢᠭ᠂ ᠱᠤᠭ ᠵᠦᠴᠦᠭᠡ ᠶᠢᠨ ᠲᠤᠬᠯᠠᠯᠲᠠ ᠪᠠᠷ ᠦᠷᠭᠡᠨ ᠤᠯᠠᠨ ᠮᠠᠯᠴᠢᠨ ᠲᠠᠷᠢᠶᠠᠴᠢᠨ ᠢᠶᠠᠨ ᠪᠠᠶᠠᠰᠬᠠᠬᠰᠠᠨ  ᠪᠠᠶᠢᠨ᠎ᠠ᠃ ᠲᠡᠤᠬᠡ ᠶᠢᠨ ᠲᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠬᠠᠮᠢᠶᠠᠷᠤᠯᠲᠠ ᠶᠢᠨ ᠭᠠᠵᠠᠷ᠂ ᠪᠤᠳᠠᠰ ᠤᠨ  ᠪᠤᠰᠤ ᠰᠤᠶᠤᠯ ᠤᠨ ᠦᠪ ᠤᠨ ᠬᠠᠮᠠᠭᠠᠯᠠᠯᠲᠠ ᠶᠢᠨ ᠲᠦᠪ ᠪᠤᠯᠤᠨ ᠮᠦᠽᠸᠢ ᠶᠢᠨ ᠠᠵᠢᠯᠲᠠᠨ ᠠᠴᠠ ᠰᠤᠩᠭᠤᠨ  ᠰᠤᠶᠤᠯ ᠤᠨ ᠦᠪ ᠤᠬᠠᠭᠤᠯᠬᠤ ᠪᠠᠭ ᠢ ᠵᠤᠬᠢᠶᠠᠨ ᠪᠠᠶᠢᠭᠤᠯᠵᠤ᠂ ᠲᠡᠤᠬᠡ ᠶᠢᠨ ᠲᠤᠷᠠᠰᠬᠠᠯᠲᠤ ᠵᠦᠢᠯ ᠤᠨ ᠠᠶᠤᠯᠭᠦᠢ  ᠬᠠᠮᠠᠭᠠᠯᠠᠯᠲᠠ ᠶᠢᠨ ᠬᠠᠤᠯᠢ ᠴᠠᠭᠠᠵᠠ ᠶᠢ ᠤᠬᠠᠭᠤᠯᠤᠨ ᠲᠠᠶᠢᠯᠪᠤᠷᠢᠯᠠᠬᠤ᠂ ᠰᠤᠶᠤᠯ ᠤᠨ ᠦᠪ ᠢ ᠤᠯᠠᠮᠵᠢᠯᠠᠨ  ᠵᠠᠯᠭᠠᠮᠵᠢᠯᠠᠵᠤ ᠬᠠᠮᠠᠭᠠᠯᠠᠬᠤ ᠲᠦᠷᠦ ᠶᠢᠨ ᠪᠤᠳᠤᠯᠭ᠎ᠠ ᠶᠢ ᠵᠠᠳᠠᠯᠤᠨ ᠤᠡᠭᠰᠢᠬᠤ ᠪᠠ ᠰᠤᠶᠤᠯ ᠤᠨ ᠠᠵᠤ ᠦᠢᠯᠡᠰ ᠤᠨ  ᠲᠡᠯᠭᠡᠨ ᠪᠤᠷᠤᠯᠠᠭᠤᠯᠤᠯᠲᠠ ᠵᠡᠷᠭᠡ ᠠᠵᠢᠯᠯᠠᠭ᠎ᠠ ᠶᠢ ᠬᠢᠵᠡᠢ᠃ ᠨᠤᠮ ᠤᠨ ᠰᠠᠩ᠂ ᠰᠤᠶᠤᠯ ᠤᠨ ᠤᠷᠳᠤᠨ ᠤ ᠠᠵᠢᠯᠲᠠᠨ  ᠰᠤᠩᠭᠤᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠠᠩᠭᠢ ᠪᠠᠶᠢᠭᠤᠯᠵᠤ᠂ ᠰᠤᠶᠤᠯ ᠤᠨ ᠬᠠᠪᠰᠤᠷᠤᠨ  ᠵᠢᠯᠤᠭᠤᠳᠤᠯᠭ᠎ᠠ ᠪᠠ ᠨᠤᠮ ᠪᠢᠴᠢᠭ ᠤᠨ ᠲᠡᠯᠭᠡᠨ ᠦᠵᠡᠭᠦᠯᠭᠡ ᠵᠡᠷᠭᠡ ᠠᠵᠢᠯᠯᠠᠭ᠎ᠠ ᠶᠢ ᠦᠷᠨᠢᠭᠦᠯᠤᠯ᠎ᠠ᠃ ᠦᠤᠰᠢᠨ  ᠬᠤᠰᠢᠭᠤᠨ ᠤ ᠰᠤᠶᠤᠯ ᠵᠢᠭᠤᠯᠴᠢᠯᠠᠯ ᠤᠨ ᠶᠡᠷᠦᠩᠭᠡᠶᠢᠯᠡᠭᠰᠡᠨ ᠬᠠᠤᠯᠢ ᠬᠡᠷᠡᠭᠵᠢᠭᠦᠯᠭᠦ ᠲᠤᠪᠴᠢᠶ᠎ᠠ ᠠᠴᠠ ᠠᠵᠢᠯᠲᠠᠨ  ᠰᠤᠩᠭᠤᠵᠤ᠂ ᠰᠤᠶᠤᠯ ᠵᠢᠭᠤᠯᠴᠢᠯᠠᠯ ᠤᠨ ᠬᠦᠷᠢᠶ ᠎ᠡ ᠬᠡᠪᠴᠢᠶᠡᠨ ᠤ ᠶᠡᠷᠦᠩᠭᠡᠶᠢᠯᠡᠭᠰᠡᠨ ᠬᠠᠤᠯᠢ ᠶᠢᠨ  ᠬᠡᠷᠡᠭᠵᠢᠭᠦᠯᠦᠯᠲᠡ ᠶᠢ ᠤᠬᠠᠭᠤᠯᠤᠨ ᠲᠠᠶᠢᠯᠪᠤᠷᠢᠯᠠᠬᠤ ᠠᠩᠭᠢ ᠪᠠᠶᠢᠭᠤᠯᠵᠤ᠂ ᠬᠠᠤᠯᠢ ᠴᠠᠭᠠᠵᠠ ᠶᠢᠨ ᠲᠦᠷᠦ ᠶᠢᠨ  ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠶᠠᠪᠤᠬᠳᠠᠭᠤᠯᠪᠠ᠃ ᠺᠢᠨᠣ᠋ ᠭᠠᠷᠭᠠᠬᠤ ᠦᠷᠲᠡᠭᠡ ᠶᠢᠨ  ᠠᠵᠢᠯᠲᠠᠨ ᠠᠴᠠ ᠰᠤᠩᠭᠤᠨ ᠺᠢᠨᠣ᠋ ᠭᠠᠷᠭᠠᠬᠤ ᠠᠩᠭᠢ ᠶᠢ ᠪᠠᠶᠢᠭᠤᠯᠵᠤ᠂ ᠺᠢᠨᠣ᠋ ᠭᠠᠷᠭᠠᠬᠤ ᠠᠵᠢᠯᠯᠠᠭ᠎ᠠ ᠦᠷᠨᠢᠭᠦᠯᠦᠭᠰᠡᠨ  ᠪᠠᠶᠢᠨ᠎ᠠ᠃                      ᠤᠢᠢᠯᠠᠭᠠᠬᠰᠠᠨ ᠢᠶᠠᠷ᠂ ᠦᠤᠰᠢᠨ ᠬᠤᠰᠢᠭᠤᠨ ᠤ ︽ᠲᠠᠯ᠎ᠠ ᠨᠤᠲᠤᠭ ᠤᠨ ᠶᠡᠷᠦᠩᠭᠡᠶᠢᠯᠡᠭᠰᠡᠨ ᠦᠢᠯᠡᠴᠢᠯᠡᠭᠡᠨ ᠤ  ᠬᠦᠡᠭᠭᠡᠨ ᠮᠤᠷᠢᠲᠤ ᠴᠡᠷᠢᠭ︾ ᠨᠢ ᠦᠨᠦ ᠵᠢᠯ ᠤᠨ 10 ᠰᠠᠷ ᠎ᠠ ᠶᠢᠨ ᠰᠡᠭᠦᠯᠴᠢ ᠠᠴᠠ ᠲᠠᠷᠠᠭ᠎ᠠ ᠵᠢᠯ ᠤᠨ 1 ᠰᠠᠷ  ᠎ᠠ ᠶᠢᠨ ᠰᠡᠭᠦᠯᠴᠢ ᠪᠤᠯᠲᠠᠯ᠎ᠠ ᠪᠦᠬᠦ ᠬᠤᠰᠢᠭᠤᠨ ᠤ ᠡᠯ᠎ᠡ ᠰᠤᠮᠤ ᠪᠠᠯᠭᠠᠰᠤ᠂ ᠭᠠᠴᠠᠭ᠎ᠠ ᠲᠤᠰᠬᠤᠨ᠂ ᠨᠡᠶᠢᠬᠡᠮ  ᠲᠤᠭᠤᠷᠢᠭ᠂ ᠰᠤᠷᠭᠠᠭᠤᠯᠢ ᠪᠠᠷ ᠲᠦᠪᠯᠡᠷᠡᠩᠭᠦᠢ ᠦᠢᠯᠡᠴᠢᠯᠡᠭᠡ ᠬᠠᠨᠭ᠍ᠭᠠᠬᠤ ᠠᠵᠢᠯᠯᠠᠭ᠎ᠠ ᠶᠢ ᠶᠠᠪᠤᠬᠳᠠᠭᠤᠯᠬᠤ ᠪᠠᠷ ᠪᠤᠢ᠃ ᠤᠳᠤᠬᠠᠨ ᠪᠤᠯᠲᠠᠯ᠎ᠠ᠂ ᠭᠠᠯᠠᠭᠤᠳᠤ ᠪᠠᠯᠭᠠᠰᠤ ᠶᠢᠨ ᠬᠤᠷᠠᠬᠤ ᠨᠡᠶᠢᠬᠡᠮ ᠲᠤᠭᠤᠷᠢᠭ᠂ ᠲᠤᠭᠤᠢᠢᠯᠠᠩ ᠨᠡᠶᠢᠬᠡᠮ  ᠲᠤᠭᠤᠷᠢᠭ᠂ ᠷᠠᠰᠢᠶᠠᠨ ᠲᠤᠬᠤᠢ ᠲᠤᠰᠬᠤᠨ᠂ ᠤᠯᠠᠭᠠᠨᠲᠤᠯᠤᠭᠠᠢ ᠪᠠᠯᠭᠠᠰᠤ ᠶᠢᠨ ᠴᠢᠶᠡᠨ ᠶᠢᠨ ᠲᠤᠰᠬᠤᠨ᠂ ᠱᠸᠡᠭᠯᠢ  ᠲᠤᠰᠬᠤᠨ᠂ ᠲᠤᠭ ᠪᠠᠯᠭᠠᠰᠤ ᠶᠢᠨ ᠯᠧ ᠴᠸᠡᠭ ᠬᠡᠤᠬᠡᠳ ᠤᠨ ᠴᠡᠴᠡᠷᠯᠢᠭ᠂ ᠰᠦᠯᠳᠡ ᠰᠤᠮᠤᠨ ᠤ ᠲᠠᠯ ᠎ᠠ ᠶᠢᠨ ᠤᠰᠤ  ᠭᠠᠴᠠᠭ᠎ᠠ᠂ ᠴᠤᠤᠳᠠᠢ ᠭᠠᠴᠠᠭ᠎ᠠ᠂ ᠱᠠᠷᠯᠢᠭ ᠨᠡᠶᠢᠬᠡᠮ ᠲᠤᠭᠤᠷᠢᠭ᠂ ᠦᠤᠰᠢᠨᠵᠤᠤ ᠪᠠᠯᠭᠠᠰᠤ ᠶᠢᠨ ᠦᠤᠰᠢᠨᠵᠤᠤ  ᠭᠠᠴᠠᠭ᠎ᠠ᠂ ᠴᠠᠭᠠᠨᠰᠦ᠋ᠮ᠎ᠠ ᠭᠠᠴᠠᠭ᠎ᠠ ᠵᠡᠷᠭᠡ ᠭᠠᠵᠠᠷ ᠤᠳ ᠲᠤ ᠨᠢᠭᠡᠨᠲᠡ ᠬᠤᠷᠢ ᠤᠳᠠᠭᠠᠨ ᠤ ᠦᠢᠯᠡᠴᠢᠯᠡᠭᠡ  ᠬᠠᠨᠭ᠍ᠭᠠᠬᠤ ᠠᠵᠢᠯᠯᠠᠭ᠎ᠠ ᠶᠠᠪᠤᠬᠳᠠᠭᠤᠯᠵᠤ᠂ ᠨᠡᠶᠢᠳᠡ ᠲᠦᠴᠢ ᠭᠠᠷᠤᠢ ᠤᠳᠠᠭ᠎ᠠ ᠦᠷᠨᠢᠭᠦᠯᠬᠦ ᠪᠠᠷ ᠪᠠᠶᠢᠨ᠎ᠠ᠃  
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号